ᠪᠠᠷᠢᠯᠭ᠎ᠠ ᠶᠢᠨ ᠦᠢᠯᠡᠰ ᠤᠨ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠲᠦᠷᠭᠡᠪᠴᠢᠯᠡᠨ ᠪᠤᠢ ᠪᠤᠯᠭᠠᠶ᠎ᠠ
ᠨᠡᠶᠢᠲᠡᠯᠡᠭᠰᠡᠨ ᠴᠠᠭ᠄
2024/6/14
      ᠶᠡᠷᠦᠩᠬᠡᠢ ᠱᠦᠵᠢ ᠰᠢ ᠶᠢᠨ ᠫᠢᠩ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠪᠣᠯ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠣᠲᠣᠭᠠᠳᠤ ᠱᠠᠭᠠᠷᠳᠠᠯᠭ᠎ᠠ ᠪᠠ ᠴᠢᠬᠤᠯᠠ ᠬᠦᠴᠦᠯᠡᠬᠦ ᠴᠡᠭ ᠮᠥᠨ᠃ ᠪᠠᠷᠢᠯᠭ᠎ᠠ ᠶᠢᠨ ᠦᠢᠯᠡᠰ ᠨᠢ ᠤᠯᠤᠰ ᠠᠷᠠᠳ ᠤᠨ ᠠᠵᠤ ᠠᠬᠤᠢ ᠶᠢᠨ ᠤᠯᠠᠮᠵᠢᠯᠠᠯᠲᠤ ᠲᠤᠯᠭᠠᠭᠤᠷᠢ ᠠᠵᠤ ᠦᠢᠯᠡᠰ ᠪᠣᠯᠤᠭᠰᠠᠨ ᠤ ᠬᠤᠪᠢ ᠳᠤ᠂ ᠨᠡᠮᠡᠭᠳᠡᠯ ᠢ ᠲᠣᠭᠲᠠᠪᠤᠷᠢᠵᠢᠭᠤᠯᠬᠤ᠂ ᠳᠣᠲᠣᠭᠠᠳᠤ ᠬᠡᠷᠡᠭᠴᠡᠭᠡ ᠶᠢ ᠥᠷᠭᠡᠳᠬᠡᠬᠦ ᠴᠢᠬᠤᠯᠠ ᠬᠦᠷᠢᠶ᠎ᠡ ᠪᠣᠯᠤᠨ᠎ᠠ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠴᠢᠬᠤᠯᠠ ᠲᠠᠯᠠᠪᠤᠷ ᠪᠣᠯᠤᠨ᠎ᠠ ᠭᠡᠵᠦ ᠵᠢᠭᠠᠨ ᠭᠠᠷᠭᠠᠪᠠ᠃ ᠤᠶᠢᠷ᠎ᠠ ᠳᠤ᠂ ᠬᠤᠪᠧᠢ ᠮᠣᠵᠢ ᠶᠢᠨ ᠪᠠᠷᠢᠯᠭ᠎ᠠ ᠶᠢᠨ ᠠᠵᠤ ᠦᠢᠯᠡᠰ ᠤᠨ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠤ ᠬᠥᠭᠵᠢᠯᠲᠡ ᠶᠢᠨ ᠶᠡᠭᠡ ᠬᠤᠷᠠᠯ ᠦᠬᠠᠨ ᠳᠤ ᠶᠠᠪᠤᠭᠳᠠᠪᠠ᠃ ᠶᠡᠭᠡ ᠬᠤᠷᠠᠯ ᠨᠢ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠡᠨᠧᠷᠭᠢ ᠣᠯᠭᠤᠬᠤ᠂ ᠬᠤᠪᠧᠢ ᠮᠣᠵᠢ ᠶᠢ ᠣᠶᠤᠨᠴᠢ ᠪᠦᠳᠦᠭᠡᠨ ᠪᠠᠶᠢᠭᠤᠯᠤᠶ᠎ᠠ︾ ᠪᠠᠷ ᠭᠤᠣᠯ ᠰᠡᠳᠦᠪ ᠪᠣᠯᠭᠠᠵᠤ᠂ ᠶᠡᠷᠦᠩᠬᠡᠢ ᠱᠦᠵᠢ ᠰᠢ ᠶᠢᠨ ᠫᠢᠩ ᠤᠨ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠳᠦᠭᠡᠨ ᠪᠠᠶᠢᠭᠤᠯᠤᠯᠲᠠ ᠶᠢᠨ ᠶᠠᠮᠤᠨ᠂ ᠬᠤᠪᠸᠢ ᠮᠤᠵᠢ ᠶᠢᠨ ᠨᠠᠮ ᠤᠨ ᠬᠤᠷᠢᠶ᠎ᠠ ᠮᠤᠵᠢ ᠶᠢᠨ ᠵᠠᠰᠠᠭ ᠤᠨ ᠣᠷᠳᠣᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠤᠪᠸᠢ ᠮᠤᠵᠢ ᠶᠢᠨ ᠪᠠᠷᠢᠯᠭ᠎ᠠ ᠶᠢᠨ ᠦᠢᠯᠡᠰ ᠤᠨ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠤ ᠬᠠᠷᠠᠯᠲᠠ ᠡᠭᠦᠷᠭᠡ᠂ ᠬᠡᠷᠡᠭᠵᠢᠭᠦᠯᠬᠦ ᠠᠷᠭ᠎ᠠ ᠵᠠᠮ ᠪᠣᠯᠤᠨ ᠭᠤᠣᠯ ᠠᠷᠭ᠎ᠠ ᠬᠡᠮᠵᠢᠶ᠎ᠡ ᠶᠢ ᠲᠣᠳᠣᠷᠬᠠᠢ ᠲᠤᠷᠠᠳᠴᠠᠢ᠂ ᠤᠢᠢᠷ᠎ᠠ ᠶᠢᠨ ᠵᠢᠯ ᠤᠳ ᠲᠤ ᠬᠤᠪᠸᠢ ᠮᠤᠵᠢ ᠶᠢᠨ ᠪᠠᠷᠢᠯᠭ᠎ᠠ ᠶᠢᠨ ᠦᠢᠯᠡᠰ᠂ ᠣᠨᠴᠠᠭᠠᠶᠢᠯᠠᠨ ᠣᠶᠤᠨᠴᠢ ᠪᠠᠶᠢᠭᠤᠯᠤᠯᠲᠠ ᠶᠢ ᠠᠬᠢᠭᠤᠯᠬᠤ ᠳᠤ ᠣᠯᠤᠭᠰᠠᠨ ᠭᠤᠣᠯ ᠠᠮᠵᠢᠯᠲᠠ ᠂ ᠤᠶᠤᠨᠴᠢ ᠪᠠᠶᠢᠭᠤᠯᠤᠯᠳᠠ ᠶᠢᠨ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠳᠤ ᠡᠨᠧᠷᠭᠢ ᠤᠯᠭᠤᠬᠤ ᠪᠠᠷᠢᠯᠭ᠎ᠠ ᠶᠢᠨ ᠦᠢᠯᠡᠰ ᠤᠨ ᠬᠡᠯᠪᠡᠷᠢ ᠬᠤᠪᠢᠷᠠᠭᠤᠯᠤᠨ ᠲᠡᠰ ᠳᠡᠪᠰᠢᠬᠦ ᠪᠠ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠭᠰᠠᠨ ᠵᠡᠷᠭᠡ ᠪᠠᠶᠢᠳᠠᠯ ᠢ ᠲᠥᠪᠯᠡᠷᠡᠭᠦᠯᠦᠨ ᠳᠡᠯᠭᠡᠨ ᠦᠵᠡᠭᠦᠯᠵᠡᠢ᠃    ᠠᠵᠤ ᠦᠢᠯᠡᠳᠪᠦᠷᠢᠵᠢᠯᠲᠡ ᠶᠢ ︽ᠪᠣᠬᠢᠷᠳᠠᠯ ᠦᠭᠡᠢ ᠬᠠᠮᠵᠢᠯᠴᠠᠭ᠎ᠠ︾ ᠲᠡᠰᠢ ᠬᠤᠪᠢᠷᠠᠭᠠᠵᠤ ᠰᠢᠨ᠎ᠡ ᠠᠵᠤ ᠦᠢᠯᠡᠰ ᠢ ᠪᠣᠢ ᠪᠤᠯᠬᠤ ᠶᠢ ᠲᠦᠷᠭᠡᠳᠭᠡᠨ᠎ᠡ᠃ ᠨᠢᠭᠡ ᠲᠠᠯ᠎ᠠ ᠪᠠᠷ᠂ ᠪᠠᠷᠢᠯᠭ᠎ᠠ ᠶᠢᠨ ᠠᠵᠤ ᠦᠢᠯᠡᠳᠪᠦᠷᠢᠵᠢᠯᠲᠡ ᠪᠣᠯ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ᠂ ᠠᠵᠤ ᠦᠢᠯᠡᠰ ᠤᠨ ᠬᠥᠭᠵᠢᠯᠲᠡ ᠶᠢ ᠪᠡᠶᠡᠯᠡᠭᠦᠯᠬᠦ ᠶᠢᠨ ᠵᠠᠩᠭᠢᠯᠠᠭ᠎ᠠ ᠮᠥᠨ᠃ ᠪᠣᠬᠢᠷᠲᠤᠯ ᠦᠭᠡᠢ ᠬᠥᠭᠵᠢᠯᠲᠡ ᠪᠣᠯ ᠴᠢᠨᠠᠷ ᠰᠠᠶᠢᠲᠠᠢ ᠬᠥᠭᠵᠢᠯᠲᠡ ᠶᠢᠨ ᠰᠠᠭᠤᠷᠢ ᠪᠣᠯᠤᠨ᠎ᠠ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠪᠤᠯ ᠳᠠᠷᠤᠢ ᠪᠣᠬᠢᠷᠲᠤᠯ ᠦᠭᠡᠢ ᠦᠢᠯᠡᠳᠪᠦᠷᠢᠯᠡᠯ ᠤᠨ ᠬᠦᠴᠦᠨ ᠪᠣᠯᠤᠨ᠎ᠠ ᠃ ᠪᠠᠷᠢᠯᠭ᠎ᠠ ᠶᠢᠨ ᠠᠵᠤ ᠦᠢᠯᠡᠳᠪᠦᠷᠢᠵᠢᠯᠲᠡ ᠪᠠᠷ ᠪᠣᠬᠢᠷᠲᠤᠯ ᠦᠭᠡᠢ ᠠᠮᠢ ᠠᠬᠤᠢ ᠶᠢ ᠬᠦᠳᠦᠯᠦᠨ ᠳᠠᠭᠠᠭᠤᠯᠵᠤ᠂ ᠰᠢᠨ᠎ᠡ ᠮᠡᠷᠭᠡᠵᠢᠯ᠂ ᠰᠢᠨ᠎ᠡ ᠮᠠᠲ᠋ᠧᠷᠢᠶᠠᠯ᠂ ᠰᠢᠨ᠎ᠡ ᠠᠷᠭ᠎ᠠ ᠶᠢ ᠬᠡᠷᠡᠭᠯᠡᠵᠦ᠂ ᠪᠠᠷᠢᠯᠭ᠎ᠠ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃ ᠨᠥᠭᠦᠭᠡ ᠲᠠᠯ᠎ᠠ ᠪᠠᠷ᠂ ᠠᠵᠤ ᠦᠢᠯᠡᠳᠪᠦᠷᠢᠵᠢᠯᠲᠡ ᠶᠢᠨ ᠰᠡᠳᠬᠢᠬᠦᠢ ᠪᠣᠯᠤᠨ ᠵᠣᠬᠢᠶᠠᠨ ᠪᠠᠶᠢᠭᠤᠯᠤᠯᠲᠠ ᠶᠢᠨ ᠠᠷᠭ᠎ᠠ ᠬᠡᠯᠪᠡᠷᠢ ᠪᠠᠷ ᠤᠯᠠᠮᠵᠢᠯᠠᠯᠲᠤ ᠪᠠᠷᠢᠯᠭ᠎ᠠ ᠶᠢᠨ ᠦᠢᠯᠡᠰ ᠢ ᠦᠭᠡᠷᠡᠴᠢᠯᠡᠨ᠎ᠡ᠃ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠤ ᠭᠤᠣᠯ ᠠᠴᠢᠶᠠᠯᠠᠪᠤᠷᠢ ᠨᠢ ᠠᠵᠤ ᠦᠢᠯᠡᠰ ᠲᠤ ᠪᠠᠶᠢᠨ᠎ᠠ᠂ ᠪᠠᠷᠢᠯᠭ᠎ᠠ ᠶᠢᠨ ᠠᠵᠤ ᠦᠢᠯᠡᠰ ᠤᠨ ᠠᠮᠢ ᠠᠬᠤᠢ ᠶᠢ ᠪᠠᠶᠢᠭᠤᠯᠵᠤ᠂ ᠦᠢᠯᠡᠳᠪᠦᠷᠢᠯᠡᠯ ᠤᠨ ᠪᠠᠷᠢᠯᠭ᠎ᠠ ᠪᠠᠷᠢᠬᠤ ᠶᠢ ᠨᠢᠭᠡ ᠴᠤᠬᠴᠠᠵᠢᠭᠤᠯᠤᠨ ᠠᠵᠢᠯᠯᠠᠬᠤ ᠠᠴᠠ ᠵᠠᠰᠠᠯ ᠴᠢᠮᠡᠭᠯᠡᠯ ᠢ ᠨᠢᠭᠡ ᠴᠤᠬᠴᠠᠵᠢᠭᠤᠯᠤᠨ ᠬᠡᠷᠡᠭᠵᠢᠭᠦᠯᠬᠦ ᠠᠴᠠ ᠠᠳᠠᠯ ᠠᠬᠤᠢ ᠶᠢᠨ ᠠᠵᠢᠯᠯᠠᠭᠠᠨ ᠤ ᠬᠠᠮᠢᠶᠠᠷᠤᠯᠲᠠ ᠶᠢ ᠨᠢᠭᠡ ᠴᠤᠬᠴᠠᠵᠢᠭᠤᠯᠤᠬᠰᠠᠨ ᠦᠢᠯᠡᠴᠢᠯᠡᠭᠡ ᠬᠦᠷᠲᠡᠯ᠎ᠡ᠂ ᠣᠶᠤᠨᠴᠢ ᠪᠦᠳᠦᠭᠡᠨ ᠪᠠᠶᠢᠭᠤᠯᠤᠯᠲᠠ ᠶᠢᠨ ᠠᠵᠤ ᠦᠢᠯᠡᠰ ᠤᠨ ᠬᠡᠯᠬᠢᠶ᠎ᠡ ᠶᠢ ᠬᠦᠴᠦᠲᠡᠢ ᠨᠡᠪᠲᠡᠷᠡᠭᠦᠯᠵᠦ᠂ ᠰᠢᠨ᠎ᠡ ᠠᠵᠤ ᠦᠢᠯᠡᠰ ᠰᠢᠨ᠎ᠡ ᠡᠵᠡᠩᠨᠡᠯᠲᠡ ᠶᠢᠨ ᠬᠡᠯᠪᠡᠷᠢ ᠶᠢ ᠡᠭᠦᠳᠬᠦ ᠳᠤ ᠬᠦᠴᠦᠲᠡᠢ ᠳᠡᠮᠵᠢᠯᠭᠡ ᠬᠠᠩᠭᠠᠨ᠎ᠠ᠃ ᠣᠶᠢᠯᠠᠭᠠᠭᠰᠠᠨ ᠢᠶᠠᠷ᠂ ᠬᠤᠪᠸᠢ ᠮᠤᠵᠢ ᠶᠠᠭ ᠰᠠᠶᠢᠬᠠᠨ ᠣᠷᠣᠨ ᠰᠠᠭᠤᠴᠠ ᠶᠢᠨ ᠬᠠᠩᠭᠠᠯᠭ᠎ᠠ ᠶᠢᠨ ᠬᠡᠯᠬᠢᠶ᠎ᠡ᠂ ᠣᠶᠤᠨᠴᠢ ᠪᠦᠳᠦᠭᠡᠨ ᠪᠠᠶᠢᠭᠤᠯᠤᠯᠳᠠ ᠶᠢᠨ ᠬᠠᠩᠭᠠᠯᠭ᠎ᠠ ᠶᠢᠨ ᠬᠡᠯᠬᠢᠶ᠎ᠡ᠂ ᠪᠣᠬᠢᠷᠲᠤᠯ ᠥᠬᠡᠶ ᠪᠠᠷᠢᠯᠭ᠎ᠠ ᠶᠢᠨ ᠮᠠᠲ᠋ᠧᠷᠢᠶᠠᠯ ᠤᠨ ᠬᠠᠩᠭᠠᠯᠭ᠎ᠠ ᠶᠢᠨ ᠬᠡᠯᠬᠢᠶ᠎ᠡ ᠵᠡᠷᠭᠡ ᠭᠤᠷᠪᠠᠨ ᠬᠠᠩᠭᠠᠯᠭ᠎ᠠ ᠶᠢᠨ ᠬᠡᠯᠬᠢᠶ᠎ᠡ ᠶᠢᠨ ᠰᠢᠰᠲ᠋ᠧᠮ ᠢ ᠪᠠᠶᠢᠭᠤᠯᠵᠤ᠂ ᠭᠤᠷᠪᠠᠨ ᠲᠠᠪᠴᠠᠩ ᠪᠠᠶᠢᠭᠤᠯᠬᠤ ᠪᠠᠷ ᠳᠠᠮᠵᠢᠭᠤᠯᠤᠨ᠂ ᠪᠠᠷᠢᠯᠭ᠎ᠠ ᠶᠢᠨ ᠮᠠᠲ᠋ᠧᠷᠢᠶᠠᠯ ᠤᠨ ᠦᠢᠯᠡᠳᠪᠦᠷᠢᠯᠡᠯ ᠠᠴᠠ ᠲᠥᠯᠥᠪᠵᠢᠭᠦᠯᠭᠡ ᠂ ᠵᠢᠷᠤᠵᠤ ᠲᠥᠯᠥᠪᠯᠡᠬᠦ᠂ PC ᠦᠢᠯᠡᠳᠬᠦ ᠠᠴᠠ ᠲᠤᠬᠠᠶ ᠶᠢᠨ ᠲᠠᠯᠠᠪᠤᠷ ᠲᠤ ᠳᠡᠭᠦᠵᠢᠯᠡᠨ ᠤᠭᠰᠠᠷᠠᠬᠤ᠂ ᠣᠶᠤᠨᠴᠢ ᠪᠠᠶᠢᠭᠤᠯᠤᠯᠳᠠ ᠬᠦᠷᠲᠡᠯ᠎ᠡ᠂ ᠳᠠᠬᠢᠨ ᠰᠡᠭᠦᠯᠴᠢ ᠶᠢᠨ ᠬᠤᠭᠤᠴᠠᠭᠠᠨ ᠤ ᠡᠵᠡᠩᠨᠡᠯᠳᠡ ᠪᠥᠬᠦ ᠠᠵᠤ ᠦᠢᠯᠡᠰ ᠤᠨ ᠬᠡᠯᠬᠢᠶ᠎ᠡ ᠪᠥᠬᠦ ᠠᠮᠢ ᠨᠠᠰᠤᠨ ᠤ ᠦᠶᠡᠯᠡᠯ ᠤᠨ ᠬᠤᠭᠤᠴᠠᠭ᠎ᠠ ᠪᠣᠯᠲᠠᠯ᠎ᠠ᠂ BIM ᠳᠤ ᠰᠠᠭᠤᠷᠢᠯᠠᠭᠰᠠᠨ ᠲᠣᠭᠠᠴᠢᠯᠠᠭᠰᠠᠨ ᠬᠥᠳᠡᠯᠭᠡᠭᠦᠷ᠂ ᠬᠡᠷᠡᠭᠴᠡᠭᠡ ᠪᠠᠷ ᠬᠠᠩᠭᠠᠯᠭ᠎ᠠ ᠶᠢ ᠲᠤᠭᠳᠠᠭᠠᠬᠤ᠂ ᠥᠪᠡᠷᠮᠢᠴᠡ ᠦᠢᠯᠡᠳᠬᠦ᠂ ᠤᠶᠠᠨ ᠬᠠᠲᠠᠨ ᠦᠢᠯᠡᠳᠪᠦᠷᠢᠯᠡᠯ ᠢ ᠪᠡᠶᠡᠯᠡᠭᠦᠯᠵᠦ᠂ ᠮᠠᠰᠢᠨ ᠲᠡᠷᠭᠡ ᠦᠢᠯᠡᠳᠬᠦ ᠲᠠᠢ ᠠᠳᠠᠯᠢ ᠪᠠᠷ ᠬᠡᠷ ᠪᠠᠶᠢᠰᠢᠩ ᠵᠣᠬᠢᠶᠠᠵᠤ᠂ ᠮᠠᠰᠢᠨ ᠲᠡᠷᠭᠡᠨ ᠤ 4S ᠳᠡᠯᠭᠡᠭᠦᠷ ᠰᠢᠭ ᠰᠠᠶᠢᠨ ᠦᠢᠯᠡᠴᠢᠯᠡᠭᠡ ᠬᠠᠩᠭᠠᠬᠤ ᠬᠡᠷᠡᠭᠳᠡᠢ᠃    ᠪᠠᠷᠢᠮᠵᠢᠶᠠᠵᠢᠭᠤᠯᠤᠯᠳᠠ ᠪᠠᠷ ︽ᠶᠠᠰᠤ ᠴᠢᠨᠠᠷ ᠤᠨ ᠦᠢᠯᠡᠳᠪᠦᠷᠢᠯᠡᠯ ᠤᠨ ᠬᠦᠴᠦᠨ︾ ᠢ ᠬᠦᠳᠦᠯᠦᠨ ᠲᠠᠭᠠᠭᠤᠯᠵᠦ᠂ ᠴᠢᠨᠠᠷ ᠰᠠᠶᠢᠳᠠᠢ ᠬᠦᠭᠵᠢᠭᠦᠯᠦᠨ᠎ᠡ᠃ ᠨᠢᠭᠡ ᠳᠤ᠂ ᠣᠶᠤᠨᠴᠢ ᠪᠠᠶᠢᠭᠤᠯᠤᠯᠳᠠ ᠶᠢᠨ ᠪᠠᠷᠢᠮᠵᠢᠶᠠᠳᠦ ᠬᠠᠩᠭᠠᠯᠭ᠎ᠠ ᠶᠢ ᠨᠡᠮᠡᠭᠳᠡᠭᠦᠯᠬᠦ ᠬᠡᠷᠡᠭᠲᠡᠶ᠃ ᠣᠳᠣᠬᠠᠨ ᠳᠤ᠂ ᠣᠶᠤᠨᠴᠢ ᠪᠠᠶᠢᠭᠤᠯᠤᠯᠲᠠ ᠮᠠᠨ ᠤ ᠤᠯᠤᠰ ᠲᠤ ᠪᠠᠰᠠ ᠠᠩᠬᠠᠨ ᠤ ᠱᠠᠲᠤᠨ ᠳᠤ ᠣᠷᠣᠰᠢᠵᠤ᠂ ᠬᠤᠯᠪᠣᠭᠳᠠᠯ ᠪᠦᠬᠦᠢ ᠪᠠᠷᠢᠮᠵᠢᠶ᠎ᠠ ᠪᠣᠯᠤᠨ ᠵᠢᠷᠤᠮᠵᠢᠯ ᠤᠨ ᠰᠢᠰᠲ᠋ᠧᠮ ᠮᠥᠨ ᠬᠦ ᠲᠡᠭᠦᠯᠳᠡᠷᠵᠢᠭᠡᠳᠦᠢ ᠪᠠᠶᠢᠨ᠎ᠠ᠃ ᠨᠢᠭᠡᠳᠦᠯᠲᠡᠶ ᠪᠠᠷᠢᠮᠵᠢᠶ᠎ᠠ ᠪᠠ ᠵᠢᠷᠤᠮᠵᠢᠯ ᠢᠶᠠᠷ ᠳᠤᠲᠠᠮᠠᠭ ᠪᠤᠯᠬᠤᠷ᠂ ᠮᠡᠷᠭᠡᠵᠢᠯ ᠤᠨ ᠬᠡᠷᠡᠭᠯᠡᠯᠲᠡ ᠶᠢ ᠰᠠᠮᠠᠭᠤᠷᠠᠭᠤᠯᠵᠤ᠂ ᠪᠠᠷᠢᠯᠭ᠎ᠠ ᠶᠢᠨ ᠦᠢᠯᠡᠰ ᠤᠨ ᠦᠷᠭᠦᠯᠵᠢᠯᠡᠨ ᠬᠥᠭᠵᠢᠬᠦ ᠶᠢ ᠬᠠᠷᠰᠢᠯᠠᠵᠤ ᠮᠡᠳᠡᠨ᠎ᠡ ᠃ ᠣᠶᠤᠨᠴᠢ ᠪᠠᠶᠢᠭᠤᠯᠤᠯᠲᠠ ᠶᠢᠨ ᠪᠠᠷᠢᠮᠵᠢᠶ᠎ᠠ ᠶᠢᠨ ᠰᠤᠳᠤᠯᠭᠠᠨ ᠬᠡᠷᠡᠭᠯᠡᠯᠲᠡ ᠶᠢ ᠲᠦᠷᠭᠡᠳᠬᠡᠵᠦ᠂ ᠪᠠᠷᠢᠯᠭ᠎ᠠ ᠶᠢᠨ ᠦᠢᠯᠡᠰ ᠤᠨ ᠪᠦᠬᠦ ᠦᠶᠡᠯᠡᠯ ᠤᠨ ᠬᠤᠭᠤᠴᠠᠭᠠᠨ ᠤ ᠲᠣᠭᠤᠷᠢᠨ ᠳᠤ᠂ ᠮᠡᠳᠡᠭᠡ ᠵᠠᠩᠭᠢ ᠶᠢᠨ ᠮᠡᠷᠭᠡᠵᠢᠯ᠂ ᠰᠦᠯᠵᠢᠶᠡᠨ ᠤ ᠠᠮᠤᠷ ᠲᠦᠪᠰᠢᠨ᠂ ᠬᠡᠷᠡᠭᠵᠢᠭᠦᠯᠬᠦ ᠲᠠᠪᠴᠠᠩ ᠵᠡᠷᠭᠡ ᠤᠯᠠᠨ ᠬᠡᠷᠡᠭᠯᠡᠭᠡᠨ ᠤ ᠲᠠᠯᠠᠪᠤᠷ ᠲᠤ ᠬᠠᠨᠳᠤᠭᠤᠯᠵᠤ᠂ ᠤᠶᠤᠨᠴᠢ ᠪᠠᠶᠢᠭᠤᠯᠤᠯᠲᠠ ᠶᠢᠨ ᠪᠠᠷᠢᠮᠵᠢᠶ᠎ᠠ ᠶᠢᠨ ᠰᠤᠳᠤᠯᠭᠠᠨ ᠢ ᠥᠷᠨᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠶᠤᠨᠴᠢ ᠪᠠᠶᠢᠭᠤᠯᠤᠯᠲᠠ ᠶᠢᠨ ᠪᠠᠷᠢᠮᠵᠢᠶ᠎ᠠ ᠶᠢᠨ ᠤᠨᠳᠤᠤᠰᠢᠭᠤᠯᠬᠤ ᠪᠠ ᠬᠡᠷᠡᠭᠵᠢᠭᠦᠯᠬᠦ ᠶᠢ ᠠᠬᠢᠭᠤᠯᠬᠤ ᠬᠡᠷᠡᠭᠲᠡᠢ᠃ ᠬᠤᠶᠠᠷ ᠲᠤ᠂ ᠪᠠᠷᠢᠮᠵᠢᠶᠠᠵᠢᠭᠤᠯᠤᠯᠳᠠ ᠪᠠᠷ ᠪᠠᠷᠢᠯᠭ᠎ᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠬᠡᠷᠡᠭᠲᠡᠶ᠃ ᠰᠢᠨ᠎ᠡ ᠴᠠᠭ ᠦᠶ᠎ᠡ ᠳᠤ ᠤᠷᠤᠭᠰᠠᠨ ᠤ ᠳᠠᠷᠠᠭ᠎ᠠ᠂ ᠪᠠᠷᠢᠯᠭ᠎ᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠪᠣᠯ ᠠᠷᠠᠳ ᠣᠯᠠᠨ ᠤ ᠲᠤᠯᠭᠠᠮ᠎ᠠ ᠬᠡᠷᠡᠭᠴᠡᠭᠡ ᠮᠥᠨ᠃ ᠣᠶᠤᠨᠴᠢ ᠪᠦᠲᠦᠭᠡᠨ ᠪᠠᠢᠭᠤᠯᠤᠯᠲᠠ ᠶᠢ ᠠᠬᠢᠭᠤᠯᠬᠤ ᠪᠣᠯ ᠪᠠᠷᠢᠯᠭ᠎ᠠ ᠶᠢᠨ ᠶᠠᠰᠤ ᠴᠢᠨᠠᠷ ᠢ ᠲᠡᠭᠡᠭᠰᠢᠯᠡᠭᠦᠯᠬᠦ ᠴᠢᠬᠤᠯᠠ ᠠᠷᠭ᠎ᠠ ᠮᠥᠨ᠃ ᠪᠠᠷᠢᠮᠵᠢᠶᠠᠵᠢᠭᠤᠯᠤᠯᠳᠠ ᠶᠢᠨ ᠬᠥᠲᠥᠯᠥᠨ ᠵᠢᠯᠣᠭᠤᠳᠬᠤ ᠲᠠᠯ᠎ᠠ ᠪᠠᠷ᠂ ᠬᠤᠪᠸᠢ ᠮᠤᠵᠢ ᠣᠶᠤᠨᠴᠢ ᠠᠵᠤ ᠦᠢᠯᠡᠰ ᠤᠨ ᠬᠠᠮᠵᠢᠯᠴᠠᠭᠠᠨ ᠤ ᠬᠤᠯᠪᠣᠭ᠎ᠠ ᠶᠢ ᠪᠠᠶᠢᠭᠤᠯᠵᠤ᠂ ᠣᠶᠤᠨᠴᠢ ᠪᠠᠶᠢᠭᠤᠯᠤᠯᠲᠠ ᠶᠢᠨ ᠪᠠᠷᠢᠮᠵᠢᠶ᠎ᠠ ᠶᠢᠨ ᠰᠢᠰᠲ᠋ᠧᠮ ᠢ ᠲᠠᠰᠤᠷᠠᠯᠲᠠ ᠦᠭᠡᠢ ᠲᠡᠭᠦᠯᠳᠡᠷᠵᠢᠭᠦᠯᠬᠦ ᠶᠢ ᠠᠬᠢᠭᠤᠯᠵᠤ᠂ ︽ᠣᠶᠤᠨᠴᠢ ᠪᠠᠶᠢᠭᠤᠯᠤᠯᠲᠠ ᠶᠢᠨ ᠦᠨᠡᠯᠡᠬᠦ ᠪᠠᠷᠢᠮᠵᠢᠶ᠎ᠠ︾᠂ ︽ᠣᠷᠣᠨ ᠰᠠᠭᠤᠴᠠ ᠶᠢᠨ ᠪᠠᠷᠢᠯᠭ᠎ᠠ ᠶᠢᠨ ᠵᠠᠭᠪᠤᠷᠴᠢᠯᠠᠭᠰᠠᠨ ᠵᠢᠷᠤᠭ ᠲᠥᠯᠥᠪᠯᠡᠭᠡ ᠶᠢᠨ ᠵᠢᠯᠣᠭᠤᠳᠬᠤ ᠳᠦᠷᠢᠮ︾ ᠢ ᠨᠡᠶᠢᠲᠡᠯᠡᠵᠦ᠂ ᠪᠠᠷᠢᠮᠵᠢᠶᠠᠵᠢᠭᠤᠯᠤᠯᠳᠠ ᠪᠠᠷ ᠳᠠᠮᠵᠢᠭᠤᠯᠵᠤ᠂ ᠦᠢᠯᠡᠳᠪᠦᠷᠢᠯᠡᠯ ᠤᠨ ᠦᠷ᠎ᠡ ᠪᠦᠲᠦᠮᠵᠢ ᠪᠣᠯᠤᠨ ᠦᠢᠯᠡᠳᠬᠦᠨ ᠤ ᠶᠠᠰᠤ ᠴᠢᠨᠠᠷ ᠢ ᠳᠡᠭᠡᠭᠰᠢᠯᠡᠭᠦᠯᠬᠦ ᠳᠤ ᠬᠦᠴᠦᠨ ᠨᠡᠮᠡᠷᠢᠯᠡᠪᠡ᠃ᠲᠤᠭᠠᠴᠢᠯᠠᠯᠳᠠ ᠪᠠᠷ ᠲᠤᠭ᠎ᠠ ᠪᠠᠷᠢᠮᠳᠠ ᠶᠢᠨ ᠦᠢᠯᠡᠳᠪᠦᠷᠢᠯᠡᠯ ᠤᠨ ᠬᠦᠴᠦᠨ ᠤ ᠬᠦᠳᠡᠯᠭᠡᠭᠦᠷ ᠪᠤᠯᠭᠠᠵᠤ ᠰᠢᠨ᠎ᠡ ᠵᠠᠭᠪᠤᠷ ᠢ ᠡᠭᠦᠳᠦᠨ᠎ᠡ᠃ ᠲᠣᠭᠠᠴᠢᠯᠠᠯᠲᠠ ᠪᠤᠯ ᠲᠤᠭ᠎ᠠ ᠪᠠᠷᠢᠮᠳᠡ ᠪᠠᠷ ᠰᠠᠭᠤᠷᠢ ᠪᠣᠯᠭᠠᠵᠤ᠂ ᠲᠣᠭᠠᠴᠢᠯᠠᠭᠰᠠᠨ ᠮᠡᠷᠭᠡᠵᠢᠯ ᠢᠶᠠᠷ ᠤᠳᠤᠷᠢᠳᠤᠮᠵᠢ ᠪᠣᠯᠭᠠᠵᠤ᠂ ᠲᠣᠭᠠᠴᠢᠯᠠᠭᠰᠠᠨ ᠠᠵᠤ ᠦᠢᠯᠡᠰ ᠢᠶᠠᠷ ᠳᠠᠭᠠᠭᠠᠴᠠ ᠪᠣᠯᠭᠠᠵᠤ᠂ ᠪᠤᠰᠤᠳ ᠦᠢᠯᠡᠳᠪᠦᠷᠢᠯᠡᠯ ᠤᠨ ᠬᠦᠴᠦᠨ ᠵᠦᠢᠯ ᠳᠤ ᠲᠣᠭᠠᠴᠢᠯᠠᠭᠰᠠᠨ ᠬᠡᠯᠪᠡᠷᠢ ᠬᠤᠪᠢᠷᠠᠭᠤᠯᠬᠤ᠂ ᠦᠢᠯᠡᠳᠪᠦᠷᠢᠯᠡᠯ ᠤᠨ ᠮᠡᠷᠭᠡᠵᠢᠯ ᠳᠤ ᠲᠣᠭᠠᠴᠢᠯᠠᠭᠰᠠᠨ ᠠᠭᠤᠰᠤᠯᠴᠠᠯ ᠬᠢᠵᠦ᠂ ᠦᠢᠯᠡᠳᠪᠦᠷᠢᠯᠡᠯ ᠤᠨ ᠠᠷᠭ᠎ᠠ ᠮᠠᠶ᠋ᠢᠭ ᠲᠤ ᠲᠤᠭᠠᠴᠢᠯᠠᠯᠳᠠ ᠬᠢᠬᠦ ᠪᠠᠷ ᠳᠠᠮᠵᠢᠨ ᠨᠡᠶᠢᠭᠡᠮ ᠤᠨ ᠰᠢᠨ᠎ᠡ ᠬᠡᠷᠡᠭᠴᠡᠭᠡ ᠶᠢ ᠬᠠᠩᠭᠠᠬᠤ ᠪᠣᠳᠠᠰ ᠤᠨ ᠦᠢᠯᠡᠳᠬᠦᠨ ᠪᠠ ᠤᠶᠤᠨ ᠤ ᠪᠦᠲᠦᠭᠡᠭᠳᠡᠬᠦᠨ ᠤ ᠴᠢᠳᠠᠪᠤᠷᠢ ᠶᠢ ᠡᠭᠦᠳᠬᠦ ᠶᠢ ᠵᠢᠭᠠᠵᠤ ᠪᠠᠶᠢᠨ᠎ᠠ᠃ ᠣᠳᠣᠬᠠᠨ ᠳᠤ᠂ ᠪᠠᠷᠢᠯᠭ᠎ᠠ ᠶᠢᠨ ᠦᠢᠯᠡᠰ ᠶᠠᠭ BIM᠂ ᠡᠭᠦᠯᠡᠨ ᠪᠣᠳᠣᠯᠲᠠ᠂ ᠲᠣᠮᠣ ᠳ᠋ᠠᠶᠢᠲ᠋ᠠ᠂ ᠭᠦᠢᠯᠭᠡᠭᠡᠨ ᠤ ᠮᠡᠳᠡᠭᠡ ᠵᠠᠩᠭᠢ᠂ ᠰᠢᠯᠵᠢᠮᠡᠯ ᠢᠨᠲ᠋ᠧᠷ ᠰᠦᠯᠵᠢᠶ᠎ᠡ ᠂ ᠵᠣᠬᠢᠶᠠᠮᠠᠯ ᠣᠶᠤᠨ ᠵᠡᠷᠭᠡ ᠮᠡᠷᠭᠡᠵᠢᠯ ᠢ ᠠᠰᠢᠭᠯᠠᠨ ᠲᠤᠭᠠᠴᠢᠯᠠᠯᠳᠠ ᠶᠢᠨ ᠠᠬᠢᠴᠠ ᠶᠢ ᠠᠬᠢᠭᠤᠯᠵᠤ ᠪᠠᠶᠢᠨ᠎ᠠ᠃ ᠲᠤᠭᠠᠴᠢᠯᠠᠯᠳᠠ ᠶᠢᠨ ᠴᠦᠮ᠎ᠡ ᠨᠢ ︽ᠲᠤᠭ᠎ᠠ ᠪᠠᠷᠢᠮᠲᠠ︾ ᠪᠣᠯᠤᠨ᠎ᠠ᠃ ᠨᠢᠭᠡ ᠲᠠᠯ᠎ᠠ ᠪᠠᠷ᠂ ︽ᠲᠤᠭ᠎ᠠ ᠪᠠᠷᠢᠮᠲᠠ︾ ᠨᠢ ᠰᠢᠨ᠎ᠡ ᠴᠢᠨᠠᠷ ᠤᠨ ᠦᠢᠯᠡᠳᠪᠦᠷᠢᠯᠡᠯ ᠤᠨ  ᠬᠦᠴᠦᠨ ᠵᠦᠢᠯ ᠪᠤᠯᠤᠨ᠎ᠠ᠃ ᠤᠯᠠᠮᠵᠢᠯᠠᠯᠲᠤ ᠪᠠᠶᠢᠭᠤᠯᠬᠤ ᠠᠷᠭ᠎ᠠ ᠬᠡᠯᠪᠡᠷᠢ ᠲᠠᠢ ᠬᠠᠷᠢᠴᠠᠭᠤᠯᠪᠠᠯ᠂ ᠣᠶᠤᠨᠴᠢ ᠪᠠᠶᠢᠭᠤᠯᠤᠯᠲᠠ ᠶᠢᠨ ᠬᠠᠮᠤᠭ ᠤᠨ ᠢᠯᠡᠷᠬᠡᠶ ᠣᠨᠴᠠᠯᠢᠭ ᠪᠣᠯ ᠳᠠᠷᠤᠶ ︽ᠲᠤᠭ᠎ᠠ ᠪᠠᠷᠢᠮᠲᠠ︾ ᠶᠢᠨ ᠦᠢᠯᠡᠳᠦᠯ ᠢ ᠳᠣᠪᠤᠶᠢᠯᠭᠠᠬᠤ ᠶᠠᠪᠤᠳᠠᠯ ᠪᠣᠯᠤᠨ᠎ᠠ᠃ ᠲᠣᠭᠠᠴᠢᠯᠠᠭᠰᠠᠨ ᠵᠢᠷᠤᠭ ᠲᠥᠯᠥᠪᠯᠡᠭᠡ᠂ ᠤᠶᠤᠨᠴᠢᠯᠠᠭᠰᠠᠨ ᠦᠢᠯᠡᠳᠪᠦᠷᠢᠯᠡᠯ ᠪᠠ ᠤᠭᠰᠠᠷᠠᠯᠲᠠ᠂ ᠣᠶᠤᠨᠴᠢ ᠠᠵᠢᠯᠯᠠᠭᠠᠨ ᠵᠡᠷᠭᠡ ᠨᠢ ᠴᠥᠮ ᠲᠤᠭ᠎ᠠ ᠪᠠᠷᠢᠮᠲᠠ ᠠᠴᠠ ᠰᠠᠯᠵᠤ ᠴᠢᠳᠠᠬᠤ ᠦᠭᠡᠢ᠂ ᠲᠤᠭ᠎ᠠ ᠪᠠᠷᠢᠮᠲᠠ ᠶᠢ ᠴᠤᠭᠯᠠᠭᠤᠯᠬᠤ᠂ ᠵᠠᠳᠠᠯᠬᠤ ᠪᠠ ᠰᠢᠢᠳᠪᠦᠷᠢᠯᠡᠬᠦ ᠨᠢ ᠰᠢᠢᠳᠪᠦᠷᠢᠳᠦ ᠪᠤᠳᠤᠯᠭ᠎ᠠ ᠪᠠ ᠪᠦᠳᠦᠭᠡᠨ ᠪᠠᠶᠢᠭᠤᠯᠤᠯᠳᠠ ᠳᠤ ᠴᠢᠬᠤᠯᠠ ᠨᠥᠯᠥᠭᠡ ᠲᠠᠢ ᠶᠤᠮ᠃ ᠨᠥᠭᠦᠭᠡ ᠲᠠᠯ᠎ᠠ ᠪᠠᠷ᠂ ︽ᠲᠤᠭ᠎ᠠ ᠪᠠᠷᠢᠮᠲᠠ ᠶᠢᠨ ᠬᠥᠳᠡᠯᠭᠡᠭᠦᠷ︾ ᠪᠣᠯ ᠣᠶᠤᠨᠴᠢ ᠪᠠᠶᠢᠭᠤᠯᠤᠯᠲᠠ ᠶᠢᠨ ᠴᠢᠬᠤᠯᠠ ᠣᠨᠴᠠᠯᠢᠭ ᠪᠣᠯᠤᠨ᠎ᠠ᠃ ᠦᠨ᠎ᠡ ᠥᠷᠲᠡᠭ ᠲᠠᠢ ᠮᠡᠳᠡᠭᠡ ᠵᠠᠩᠭᠢ ᠪᠠ ᠮᠡᠳᠡᠯᠭᠡ ᠬᠠᠩᠭᠠᠬᠤ ᠪᠠᠷ ᠳᠠᠮᠵᠢᠨ᠂ ᠪᠠᠷᠢᠯᠭ᠎ᠠ ᠶᠢᠨ ᠦᠢᠯᠡᠰ ᠤᠨ ᠦᠢᠯᠡᠳᠪᠦᠷᠢᠯᠡᠯ ᠤᠨ ᠦᠷ᠎ᠡ ᠠᠰᠢᠭ ᠪᠠ ᠦᠢᠯᠡᠳᠬᠦᠨ ᠤ ᠶᠠᠰᠤ ᠴᠢᠨᠠᠷ ᠨᠢ ᠳᠡᠭᠡᠭᠰᠢᠯᠡᠵᠦ᠂ ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ ᠤᠨ ᠵᠣᠬᠢᠶᠠᠨ ᠪᠠᠶᠢᠭᠤᠯᠤᠯᠲᠠ ᠶᠢᠨ ᠪᠦᠲᠦᠴᠡ᠂ ᠲᠤᠬᠠᠶᠢᠯᠠᠭᠰᠠᠨ ᠠᠵᠢᠯ ᠤᠨ ᠵᠠᠭᠪᠤᠷ ᠪᠠ ᠠᠵᠢᠯ ᠤᠨ ᠴᠤᠪᠤᠷᠠᠯ ᠨᠢ ᠲᠡᠭᠦᠯᠳᠡᠷᠵᠢᠪᠡ᠃ ᠡᠭᠦᠨ ᠠᠴᠠ ᠭᠠᠳᠠᠨ᠎ᠠ᠂ ᠣᠶᠤᠨᠴᠢ ᠪᠠᠶᠢᠭᠤᠯᠤᠯᠲᠠ ᠨᠢ ᠶᠡᠭᠡ ᠬᠡᠮᠵᠢᠶᠡᠨ ᠤ ᠲᠤᠭ᠎ᠠ ᠪᠠᠷᠢᠮᠲᠠ ᠴᠤᠭᠯᠠᠭᠤᠯᠬᠤ᠂ ᠬᠠᠳᠠᠭᠠᠯᠠᠬᠤ ᠪᠠ ᠬᠡᠷᠡᠭᠯᠡᠭᠡ ᠳᠤ ᠬᠤᠯᠪᠣᠭᠳᠠᠵᠤ᠂ ᠲᠤᠭ᠎ᠠ ᠪᠠᠷᠢᠮᠲᠠ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ ᠪᠣᠯ ᠪᠠᠰᠠ ᠴᠤ ᠴᠢᠬᠤᠯᠠ ᠥᠷᠢᠰᠥᠯᠳᠦᠭᠡᠨ ᠪᠣᠯᠤᠨ᠎ᠠ᠃ᠤᠶᠤᠨᠴᠢᠯᠠᠯᠳᠠ ᠨᠢ ︽ᠰᠢᠨᠵᠢᠯᠡᠭᠡ ᠮᠡᠷᠭᠡᠵᠢᠯ ᠤᠨ ᠦᠢᠯᠡᠳᠪᠦᠷᠢᠯᠡᠯ ᠤᠨ ᠬᠦᠴᠦᠨ︾ ᠳᠤ ᠡᠨᠧᠷᠭᠢ ᠤᠯᠭᠤᠵᠦ ᠰᠢᠨ᠎ᠡ ᠬᠥᠳᠡᠯᠭᠡᠬᠦ ᠬᠦᠴᠦᠨ ᠢ ᠬᠦᠭᠵᠢᠭᠡᠨ᠎ᠡ᠃ ᠤᠶᠤᠨᠴᠢᠯᠠᠯᠳᠠ ᠪᠣᠯ ᠲᠤᠭᠠᠴᠢᠯᠠᠯᠳᠠ ᠶᠢᠨ ᠰᠠᠭᠤᠷᠢᠨ ᠳᠡᠭᠡᠷ᠎ᠡ ᠤᠯᠠᠮ ᠨᠢᠭᠡ ᠠᠯᠬᠤᠮ ᠲᠡᠰ ᠳᠡᠪᠰᠢᠭᠦᠯᠵᠦ᠂ ᠪᠠᠶᠢᠭᠤᠯᠬᠤ ᠶᠠᠪᠤᠴᠠ ᠶᠢᠨ ᠤᠶᠤᠨᠴᠢᠯᠠᠭᠰᠠᠨ ᠡᠵᠡᠮᠳᠡᠯ᠂ ᠠᠦ᠋ᠲ᠋ᠣᠴᠢᠯᠠᠭᠰᠠᠨ ᠠᠵᠢᠯᠯᠠᠭ᠎ᠠ ᠪᠣᠯᠤᠨ ᠰᠢᠨᠵᠢᠯᠡᠬᠦ ᠤᠬᠠᠭᠠᠨᠴᠢ ᠰᠢᠢᠳᠪᠦᠷᠢᠲᠦ ᠪᠤᠳᠤᠯᠭ᠎ᠠ ᠶᠢ ᠪᠡᠶᠡᠯᠡᠭᠦᠯᠬᠦ ᠶᠠᠪᠤᠳᠠᠯ ᠪᠣᠯᠤᠨ᠎ᠠ᠃ ᠰᠢᠨᠵᠢᠯᠡᠭᠡ ᠮᠡᠷᠭᠡᠵᠢᠯ ᠪᠣᠯ ᠨᠢᠭᠡᠳᠦᠭᠡᠷ ᠦᠢᠯᠡᠳᠪᠦᠷᠢᠯᠡᠯ ᠤᠨ ᠬᠦᠴᠦᠨ ᠮᠥᠨ᠂ ᠪᠠᠷᠢᠯᠭ᠎ᠠ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠳᠤ ᠡᠷᠬᠡᠪᠰᠢ ᠤᠯᠤᠰ ᠤᠨ ᠴᠢᠬᠤᠯᠠ ᠶᠡᠭᠡ ᠪᠠᠶᠢᠯᠳᠤᠬᠤ ᠪᠤᠳᠤᠯᠭ᠎ᠠ ᠶᠢᠨ ᠬᠡᠷᠡᠭᠴᠡᠭᠡ ᠱᠠᠭᠠᠷᠳᠠᠯᠭ᠎ᠠ ᠪᠣᠯᠤᠨ ᠪᠠᠷᠢᠯᠭ᠎ᠠ ᠶᠢᠨ ᠠᠵᠢᠯ ᠲᠦᠷᠦᠯ ᠤᠨ ᠣᠨᠴᠠᠯᠢᠭ ᠲᠤ ᠰᠠᠭᠤᠷᠢᠯᠠᠵᠤ ᠂ ᠤᠤᠭᠠᠯ ᠡᠭᠦᠳᠦᠯᠲᠡ ᠶᠢᠨ ᠴᠢᠨᠠᠷᠲᠠᠢ᠂ ᠨᠤᠷᠠᠭᠠᠯᠲᠠ ᠶᠢᠨ ᠴᠢᠨᠠᠷᠲᠠᠢ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠰᠤᠳᠤᠯᠭᠠᠨ ᠢ ᠲᠠᠰᠤᠷᠠᠯᠳᠠ ᠦᠭᠡᠢ ᠥᠷᠨᠢᠭᠦᠯᠵᠦ᠂ ᠠᠵᠢᠯ ᠲᠦᠷᠦᠯ ᠤᠨ ᠴᠢᠨᠠᠷ ᠰᠠᠶᠢᠲᠠᠢ ᠬᠥᠭᠵᠢᠯᠲᠡ ᠳᠤ ᠬᠡᠮᠵᠢᠶᠡᠯᠡᠰᠢ ᠦᠭᠡᠢ ᠬᠥᠳᠡᠯᠭᠡᠬᠦ ᠬᠦᠴᠦᠨ ᠨᠡᠮᠡᠷᠢᠯᠡᠬᠦ ᠬᠡᠷᠡᠭᠲᠡᠢ᠃ ᠤᠶᠤᠨᠴᠢᠯᠠᠯᠳᠠ ᠪᠠᠷ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠡᠵᠦ᠂ ᠲᠥᠬᠦᠭᠡᠷᠦᠮᠵᠢ ᠶᠢᠨ ᠦᠢᠯᠡᠳᠪᠦᠷᠢᠯᠡᠯ ᠤᠨ ᠤᠶᠤᠨᠴᠢᠯᠠᠭᠰᠠᠨ ᠲᠡᠰ ᠳᠡᠪᠰᠢᠬᠦ ᠶᠢ ᠲᠦᠷᠭᠡᠳᠬᠡᠵᠦ᠂ ᠲᠡᠷᠢᠭᠦᠨ ᠤ ᠲᠥᠬᠦᠭᠡᠷᠦᠮᠵᠢ᠂ ᠤᠶᠤᠨᠴᠢᠯᠠᠭᠰᠠᠨ ᠲᠥᠬᠦᠭᠡᠷᠦᠮᠵᠢ ᠵᠢᠴᠢ ᠪᠠᠷᠢᠯᠭ᠎ᠠ ᠶᠢᠨ ᠮᠠᠰᠢᠨ ᠬᠥᠮᠦᠨ ᠢ ᠰᠤᠳᠤᠯᠤᠨ ᠨᠡᠭᠡᠭᠡᠵᠦ ᠦᠢᠯᠡᠳᠬᠦ ᠪᠠ ᠳᠡᠯᠭᠡᠷᠡᠭᠦᠯᠦᠨ ᠬᠡᠷᠡᠭᠯᠡᠬᠦ ᠡᠷᠴᠢᠮ ᠢ ᠴᠢᠩᠭᠠᠷᠠᠭᠤᠯᠵᠤ᠂ ᠲᠥᠪᠯᠡᠷᠡᠯ ᠤᠨ ᠬᠡᠮᠵᠢᠶ᠎ᠡ ᠪᠠᠷ ᠥᠨᠳᠥᠷ ᠤᠶᠤᠨᠴᠢᠯᠠᠭᠰᠠᠨ ᠲᠥᠬᠦᠭᠡᠷᠦᠮᠵᠢ ᠶᠢᠨ ᠬᠠᠮᠢᠶᠠᠷᠤᠯᠲᠠ ᠶᠢᠨ ᠲᠠᠪᠴᠠᠩ ᠢ ᠪᠠᠶᠢᠭᠤᠯᠵᠤ᠂ ᠲᠤᠬᠠᠢ ᠶᠢᠨ ᠲᠠᠯᠠᠪᠠᠢ ᠶᠢᠨ ᠤᠶᠤᠨᠴᠢᠯᠠᠭᠰᠠᠨ ᠲᠥᠬᠦᠭᠡᠷᠦᠮᠵᠢ ᠶᠢ ᠨᠢᠭᠡ ᠴᠤᠬᠴᠠᠵᠢᠭᠤᠯᠤᠬᠰᠠᠨ ᠬᠠᠮᠢᠶᠠᠷᠤᠨ ᠡᠵᠡᠮᠳᠡᠬᠦ ᠠᠦ᠋ᠲ᠋ᠣᠴᠢᠯᠠᠭᠰᠠᠨ ᠰᠢᠯᠢᠳᠡᠭᠵᠢᠭᠦᠯᠦᠯᠲᠡ ᠶᠢ ᠪᠡᠶᠡᠯᠡᠭᠦᠯᠦᠨ᠎ᠡ᠃ ᠬᠤᠪᠸᠢ ᠮᠤᠵᠢ ᠶᠢᠨ ᠪᠠᠷᠢᠯᠭ᠎ᠠ ᠶᠢᠨ ᠠᠵᠤ ᠦᠢᠯᠡᠰ ᠤᠨ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠤ ᠬᠥᠭᠵᠢᠯᠲᠡ ᠶᠢᠨ ᠶᠡᠭᠡ ᠬᠤᠷᠠᠯ ᠳᠡᠭᠡᠷ᠎ᠡ ᠨᠢᠳᠦ ᠭᠢᠯᠠᠰᠤᠮ᠎ᠠ ᠦᠷ᠎ᠡ ᠪᠦᠲᠦᠭᠡᠯ ᠠᠴᠠ ᠣᠶᠤᠨᠴᠢ ᠪᠦᠲᠦᠭᠡᠨ ᠪᠠᠶᠢᠭᠤᠯᠤᠯᠳᠠ ᠶᠢᠨ ᠮᠡᠷᠭᠡᠵᠢᠯ ᠨᠢ ᠪᠠᠷᠢᠯᠭ᠎ᠠ ᠶᠢᠨ ᠰᠢᠨ᠎ᠡ ᠶᠢ ᠡᠭᠦᠳᠬᠦ ᠵᠠᠭᠪᠤᠷ ᠪᠣᠯᠤᠭᠰᠠᠨ ᠤ ᠬᠤᠪᠢ ᠳᠤ ᠂ ᠰᠢᠨ᠎ᠡ ᠬᠤᠪᠢᠷᠠᠯᠳᠠ ᠭᠠᠷᠴᠦ᠂ ᠨᠡᠩ ᠤᠯᠠᠨ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠢᠯᠡᠷᠡᠭᠦᠯᠵᠦ᠂ ᠪᠠᠷᠢᠯᠭ᠎ᠠ ᠶᠢᠨ ᠦᠢᠯᠡᠰ ᠶᠠᠭ ︽ᠪᠦᠲᠦᠭᠡᠨ ᠪᠠᠶᠢᠭᠤᠯᠤᠯᠲᠠ︾ ᠠᠴᠠ ︽ᠣᠶᠤᠨᠴᠢ ᠦᠢᠯᠡᠳᠬᠡᠯ︾ ᠲᠡᠰᠢ ᠲᠦᠷᠭᠡᠨ ᠤᠷᠤᠭᠰᠢᠯᠠᠵᠤ ᠪᠠᠶᠢᠬᠤ ᠶᠢ ᠦᠵᠡᠵᠦ ᠭᠠᠷᠴᠦ ᠪᠤᠯᠤᠨ᠎ᠠ᠃ᠪᠠᠷᠢᠯᠭ᠎ᠠ ᠶᠢᠨ ᠦᠢᠯᠡᠰ ᠤᠨ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠤ ᠦᠢᠯᠡᠳᠦᠯᠭᠡ ᠶᠢᠨ ᠴᠢᠬᠤᠯᠠ ᠠᠷᠭ᠎ᠠ ᠵᠠᠮ ᠪᠣᠯ ᠣᠶᠤᠨᠴᠢ ᠪᠦᠲᠦᠭᠡᠨ ᠪᠠᠶᠢᠭᠤᠯᠤᠯᠳᠠ ᠪᠤᠯᠤᠨ᠎ᠠ᠃ ᠣᠳᠣᠬᠠᠨ ᠤ᠂ ᠬᠤᠪᠧᠶ ᠮᠤᠵᠢ ᠶᠠᠭ ᠪᠠᠷᠢᠯᠭ᠎ᠠ ᠶᠢᠨ ᠠᠵᠤ ᠦᠢᠯᠡᠳᠪᠦᠷᠢᠵᠢᠯᠲᠡ᠂ ᠪᠠᠷᠢᠮᠵᠢᠶᠠᠵᠢᠭᠤᠯᠤᠯᠲᠠ᠂ ᠲᠣᠭᠠᠴᠢᠯᠠᠯᠲᠠ᠂ ᠤᠶᠤᠨᠴᠢᠯᠠᠯᠲᠠ ᠵᠡᠷᠭᠡ ︽ᠳᠥᠷᠪᠡᠨ ᠣᠳᠣᠬᠢᠴᠢᠯᠠᠯᠲᠠ ᠶᠢ ᠵᠡᠷᠭᠡᠪᠡᠷ ᠠᠬᠢᠭᠤᠯᠵᠤ᠂ ᠨᠢᠭᠡ ᠴᠣᠭᠴᠠᠵᠢᠭᠤᠯᠤᠨ ᠠᠬᠢᠭᠤᠯᠬᠤ︾ ᠣᠶᠤᠨᠴᠢ ᠪᠠᠶᠢᠭᠤᠯᠤᠯᠲᠠ ᠶᠢᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠬᠦᠴᠦᠯᠡᠨ ᠬᠡᠷᠡᠭᠵᠢᠭᠦᠯᠵᠦ᠂ ᠡᠯ᠎ᠡ ᠭᠠᠵᠠᠷ ᠤᠨ ᠪᠣᠳᠠᠲᠤ ᠪᠠᠶᠢᠳᠠᠯ ᠠᠴᠠ ᠡᠭᠦᠰᠬᠦ ᠶᠢ ᠪᠠᠷᠢᠮᠲᠠᠯᠠᠨ᠂ ᠤᠷᠢᠳᠠᠪᠠᠷ ᠪᠠᠶᠢᠭᠤᠯᠵᠤ ᠳᠠᠷᠠᠭ᠎ᠠ ᠨᠢ ᠡᠪᠳᠡᠵᠦ᠂ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠳᠣᠭᠢᠷᠠᠭᠤᠯᠤᠨ᠂ ᠲᠥᠷᠥᠯ ᠬᠤᠪᠢᠶᠠᠨ ᠵᠢᠯᠣᠭᠤᠳᠴᠤ᠂ ᠰᠢᠨᠵᠢᠯᠡᠬᠦ ᠤᠬᠠᠭᠠᠨ ᠮᠡᠷᠭᠡᠵᠢᠯ ᠤᠨ ᠡᠨᠧᠷᠭᠢ ᠣᠯᠭᠤᠬᠤ ᠶᠢ ᠴᠢᠩᠭᠠᠳᠬᠠᠨ᠂ ᠣᠶᠤᠨᠴᠢ ᠪᠠᠶᠢᠭᠤᠯᠤᠯᠲᠠ ᠶᠢ ᠬᠥᠭᠵᠢᠭᠦᠯᠵᠦ᠂ ᠪᠠᠷᠢᠯᠭ᠎ᠠ ᠶᠢᠨ ᠦᠢᠯᠡᠰ ᠤᠨ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠲᠠᠰᠤᠷᠠᠯᠲᠠ ᠦᠭᠡᠢ ᠪᠣᠶ ᠪᠣᠯᠭᠠᠬᠤ ᠪᠠ ᠬᠥᠭᠵᠢᠭᠦᠯᠬᠦ ᠶᠢ ᠠᠬᠢᠭᠤᠯᠬᠤ ᠳᠤ ᠲᠤᠷᠰᠢᠯᠭ᠎ᠠ ᠲᠤᠯᠢᠳᠠᠭᠤᠯᠵᠠᠢ᠃             ᠢᠷᠡᠯᠲᠡ᠄ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠰᠣᠨᠢᠨ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1