ᠲᠣᠭᠲᠠᠬᠤ ᠴᠠᠬᠢᠯᠭᠠᠨ ᠬᠠᠩᠭᠠᠬᠤ ᠺᠣᠮᠫᠠᠨᠢ᠄ ᠴᠠᠬᠢᠯᠭᠠᠨ ᠬᠦᠴᠦᠨ ᠢ ᠤᠷᠢᠳ ᠢᠶᠠᠷ ᠬᠡᠷᠡᠭᠵᠢᠭᠦᠯᠵᠦ ᠰᠢᠨ᠎ᠡ ᠡᠨᠧᠷᠭᠢ ᠶᠢᠨ ᠪᠣᠬᠢᠷᠲᠤᠯ ᠦᠭᠡᠢ ᠠᠶᠠᠯᠠᠯ ᠳᠤ ᠬᠦᠴᠦᠨ ᠨᠡᠮᠡᠷᠢᠯᠡᠬᠦ ᠶᠢ ᠠᠬᠢᠭᠤᠯᠦᠶ᠎ᠠ
ᠨᠡᠶᠢᠲᠡᠯᠡᠭᠰᠡᠨ ᠴᠠᠭ᠄
2024/6/17
      ᠲᠤᠭᠳᠠᠬᠤ ᠰᠢᠶᠠᠨ ᠤ ᠡᠷᠬᠢᠨ ᠲᠣᠭᠤᠷᠢᠨ ᠤ ᠦᠵᠡᠮᠵᠢ ᠶᠢᠨ ᠣᠷᠣᠨ ᠵᠢᠴᠢ ᠰᠤᠷᠭᠠᠭᠤᠯᠢ ᠶᠢᠨ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠴᠠᠬᠢᠯᠭᠠᠨ ᠴᠡᠨᠡᠭᠯᠡᠬᠦ ᠬᠡᠷᠡᠭᠴᠡᠭᠡ ᠶᠢ ᠬᠠᠩᠭᠠᠬᠤ ᠶᠢᠨ ᠲᠥᠯᠥᠭᠡ᠂ ᠥᠪᠥᠷ ᠮᠣᠩᠭᠤᠯ ᠤᠨ ᠴᠠᠬᠢᠯᠭᠠᠨ ᠬᠦᠴᠦᠨ ᠤ ᠪᠦᠯᠦᠭᠯᠡᠯ ᠤᠨ ᠬᠥᠬᠡᠬᠤᠲᠠ ᠶᠢᠨ ᠲᠣᠭᠲᠠᠬᠤ ᠴᠠᠬᠢᠯᠭᠠᠨ ᠬᠠᠩᠭᠠᠬᠤ ᠺᠣᠮᠫᠠᠨᠢ ᠭᠤᠸᠠᠩ ᠶᠤᠸᠠᠨ ᠺᠣᠮᠫᠠᠨᠢ ᠲᠠᠢ ᠵᠥᠪᠳᠡᠯᠴᠡᠨ ᠬᠠᠮᠲᠤᠷᠠᠯᠴᠠᠵᠤ᠂ ᠵᠥᠩ ᠲᠠᠨ ᠴᠠᠬᠢᠯᠭᠠᠨ ᠬᠠᠩᠭᠠᠬᠤ ᠭᠠᠵᠠᠷ ᠤᠨ ᠴᠠᠬᠢᠯᠭᠠᠨ ᠬᠡᠯᠬᠢᠶ᠎ᠡ ᠶᠢᠨ ᠬᠠᠷᠢᠭᠤᠴᠠᠯᠭᠠᠲᠠᠨ ᠠᠴᠠ ᠪᠠᠷᠢᠯᠭ᠎ᠠ ᠶᠢᠨ ᠠᠩᠭᠢ ᠶᠢᠨ ᠠᠵᠢᠯ ᠲᠠᠢ ᠬᠠᠮᠵᠢᠯᠴᠠᠨ᠂ 6 ᠳ᠋ᠤᠭᠠᠷ ᠰᠠᠷ᠎ᠠ ᠶᠢᠨ 10 ᠤ ᠡᠳᠦᠷ ᠱᠧᠨ ᠴᠢᠤᠸᠠᠨ ᠦᠵᠡᠮᠵᠢ ᠶᠢᠨ ᠣᠷᠣᠨ ᠪᠠ ᠥᠪᠥᠷ ᠮᠣᠩᠭᠤᠯ ᠤᠨ ᠪᠤᠷᠬᠠᠨ ᠱᠠᠰᠢᠨ ᠤ ᠳᠡᠭᠡᠳᠦ ᠰᠤᠷᠭᠠᠭᠤᠯᠢ ᠳᠤ ᠨᠡᠶᠢᠲᠡ ᠠᠷᠪᠠᠨ ᠳᠥᠷᠪᠡᠳᠦᠭᠡᠷ ᠴᠠᠬᠢᠯᠭᠠᠨ ᠴᠡᠨᠡᠭᠯᠡᠬᠦ ᠪᠠᠭᠠᠨ᠎ᠠ ᠶᠢ ᠤᠭᠰᠠᠷᠠᠵᠤ ᠳᠠᠭᠤᠰᠬᠠᠪᠠ᠃      ᠱᠧᠨ ᠴᠢᠤᠸᠠᠨ ᠦᠵᠡᠮᠵᠢ ᠶᠢᠨ ᠣᠷᠣᠨ ᠪᠣᠯᠤᠨ ᠥᠪᠥᠷ ᠮᠣᠩᠭᠤᠯ ᠤᠨ ᠪᠤᠷᠬᠠᠨ ᠱᠠᠰᠢᠨ ᠤ ᠳᠡᠭᠡᠳᠦ ᠰᠤᠷᠭᠠᠭᠤᠯᠢ ᠵᠥᠩ ᠲᠠᠨ ᠴᠠᠬᠢᠯᠭᠠᠨ ᠬᠠᠩᠭᠠᠬᠤ ᠭᠠᠵᠠᠷ ᠤᠨ ᠬᠠᠮᠢᠶᠠᠷᠤᠯᠲᠠ ᠶᠢᠨ ᠭᠠᠵᠠᠷ ᠲᠤ ᠪᠠᠶᠢᠷᠢᠯᠠᠵᠤ᠂ ᠵᠥᠩ ᠲᠠᠨ ᠴᠠᠬᠢᠯᠭᠠᠨ ᠬᠠᠩᠭᠠᠬᠤ ᠭᠠᠵᠠᠷ ᠤᠨ ᠴᠠᠬᠢᠯᠭᠠᠨ ᠬᠠᠩᠭᠠᠬᠤ ᠭᠠᠵᠠᠷ ᠤᠨ ᠬᠠᠷᠢᠭᠤᠴᠠᠯᠭᠠᠲᠠᠨ ᠡᠮᠦᠨᠡᠬᠢ ᠬᠤᠭᠤᠴᠠᠭᠠᠨ ᠳᠤ ᠴᠠᠬᠢᠯᠭᠠᠨ ᠴᠡᠨᠡᠭᠯᠡᠬᠦ ᠪᠠᠭᠠᠨ᠎ᠠ ᠲᠠᠯᠪᠢᠬᠤ ᠭᠠᠵᠠᠷ ᠤᠨ ᠴᠠᠬᠢᠯᠭᠠᠨ ᠬᠦᠴᠦᠨ ᠤ ᠱᠤᠭᠤᠮ ᠤᠨ ᠲᠥᠬᠦᠭᠡᠷᠦᠮᠵᠢ ᠵᠢᠴᠢ ᠢᠷᠡᠭᠡᠳᠦᠶ ᠶᠢᠨ ᠲᠡᠷᠭᠡᠨ ᠤ ᠤᠷᠤᠰᠬᠠᠯ ᠤᠨ ᠬᠡᠮᠵᠢᠶ᠎ᠡ ᠳᠤ ᠵᠠᠬ᠎ᠠ ᠳᠡᠯᠭᠡᠭᠦᠷ ᠤᠨ ᠪᠠᠶᠢᠴᠠᠭᠠᠨ ᠰᠤᠳᠤᠯᠤᠯᠲᠠ ᠬᠢᠪᠠ᠃ ᠨᠠᠷᠢᠨ ᠨᠢᠭᠲᠠ ᠠᠵᠢᠯ ᠤᠨ ᠪᠠᠶᠢᠷᠢᠯᠠᠭᠤᠯᠤᠯᠲᠠ ᠪᠠᠷ ᠳᠡᠮᠵᠢᠨ᠂ ᠦᠵᠡᠮᠵᠢ ᠶᠢᠨ ᠣᠷᠣᠨ ᠳᠤ ᠴᠠᠬᠢᠯᠭᠠᠨ ᠴᠡᠨᠡᠭᠯᠡᠬᠦ ᠪᠠᠭᠠᠨ᠎ᠠ 120 ᠺᠢᠯᠣᠸᠠᠲ ᠤᠨ ᠠᠷᠪᠠᠨ ᠰᠠᠭᠤᠷᠢ ᠤᠭᠰᠠᠷᠠᠵᠤ᠂ 630 ᠺᠢᠯᠣᠸᠠᠲ ᠤᠨ ᠬᠤᠶᠠᠷ ᠬᠦᠴᠦᠳᠡᠯ ᠥᠭᠡᠷᠡᠴᠢᠯᠡᠭᠴᠢ ᠶᠢ ᠰᠢᠨ᠎ᠡ ᠪᠠᠷ ᠨᠡᠮᠡᠭᠳᠡᠭᠦᠯᠪᠡ︔ ᠥᠪᠥᠷ ᠮᠣᠩᠭᠤᠯ ᠤᠨ ᠪᠤᠳ᠋ᠳ᠋ᠾᠠ ᠶᠢᠨ ᠱᠠᠰᠢᠨ ᠤ ᠳᠡᠭᠡᠳᠦ ᠰᠤᠷᠭᠠᠭᠤᠯᠢ ᠳᠤ 120 ᠺᠢᠯᠣᠸᠠᠲ ᠤᠨ ᠳᠥᠷᠪᠡᠨ ᠰᠠᠭᠤᠷᠢ ᠤᠭᠰᠠᠷᠠᠵᠤ᠂ 630 ᠺᠢᠯᠣᠸᠠᠲ ᠤᠨ ᠨᠢᠭᠡ ᠬᠦᠴᠦᠳᠡᠯ ᠥᠭᠡᠷᠡᠴᠢᠯᠡᠭᠴᠢ ᠰᠢᠨ᠎ᠡ ᠪᠠᠷ ᠨᠡᠮᠡᠭᠳᠡᠵᠦ᠂ ᠴᠠᠬᠢᠯᠭᠠᠨ ᠴᠡᠨᠡᠭᠯᠡᠬᠦ ᠱᠣᠩ ᠤᠨ ᠴᠠᠬᠢᠯᠭᠠᠨ ᠬᠡᠷᠡᠭᠯᠡᠬᠦ ᠬᠡᠮᠵᠢᠶ᠎ᠡ ᠵᠢᠴᠢ ᠬᠡᠪ ᠤᠨ ᠡᠵᠡᠩᠨᠡᠯᠲᠡ ᠶᠢ ᠬᠠᠩᠭᠠᠬᠤ ᠶᠢ ᠪᠠᠲᠤᠯᠠᠪᠠ᠃      ᠡᠨᠡ ᠬᠦ ᠴᠠᠬᠢᠯᠭᠠᠨ ᠴᠡᠨᠡᠭᠯᠡᠬᠦ ᠪᠠᠭᠠᠨ᠎ᠠ ᠶᠢᠨ ᠣᠷᠣᠭᠤᠯᠤᠯᠲᠠ ᠨᠢ ᠰᠢᠨ᠎ᠡ ᠡᠨᠧᠷᠭᠢ ᠶᠢᠨ ᠲᠡᠷᠭᠡ ᠬᠥᠰᠬᠡ ᠳᠤ ᠴᠠᠬᠢᠯᠭᠠᠨ ᠴᠡᠨᠡᠭᠯᠡᠬᠦ ᠳᠤ ᠳᠥᠭᠦᠮ ᠳᠥᠲᠡ ᠪᠠ ᠥᠨᠳᠥᠷ ᠪᠦᠲᠦᠮᠵᠢᠲᠡᠶ ᠦᠢᠯᠡᠴᠢᠯᠡᠭᠡ ᠬᠠᠩᠭᠠᠵᠤ᠂ ᠣᠷᠣᠨ ᠨᠤᠲᠤᠭ ᠤᠨ ᠠᠵᠤ ᠠᠬᠤᠶ᠂ ᠵᠢᠭᠤᠯᠴᠢᠯᠠᠯ ᠤᠨ ᠦᠢᠯᠡᠰ ᠵᠡᠷᠭᠡ ᠶᠢᠨ ᠬᠥᠭᠵᠢᠯᠲᠡ ᠶᠢ ᠠᠬᠢᠭᠤᠯᠤᠨ᠂ ᠴᠠᠬᠢᠯᠭᠠᠨ ᠬᠦᠴᠦᠨ ᠢ ᠤᠷᠢᠳᠠᠪᠠᠷ ᠬᠡᠷᠡᠭᠵᠢᠭᠦᠯᠬᠦ ᠶᠢ ᠠᠬᠢᠭᠤᠯᠵᠤ᠂ ᠪᠣᠬᠢᠷᠲᠤᠯ ᠥᠬᠡᠶ ᠶᠠᠪᠤᠵᠤ ᠰᠠᠭᠤᠬᠤ ᠳᠤ ᠬᠦᠴᠦᠨ ᠨᠡᠮᠡᠷᠢᠯᠡᠪᠡ᠃ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠤᠨ ᠶᠦᠨ ᠵᠥᠩ ᠬᠠᠮ ᠵᠠᠭᠤᠴᠢᠯᠠᠭᠤᠷ    
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1