ᠲᠣᠭᠲᠠᠬᠤ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ 2024 ᠣᠨ ᠤ ᠣᠨᠴᠠ ᠲᠦᠷᠦᠯ ᠤᠨ ᠲᠤᠨᠤᠭ ᠲᠥᠬᠦᠭᠡᠷᠦᠮᠵᠢ ᠶᠢᠨ ᠠᠮᠤᠷ ᠲᠦᠪᠰᠢᠨ ᠤ ᠤᠬᠠᠭᠤᠯᠭ᠎ᠠ ᠶᠢ ᠨᠡᠶᠢᠭᠡᠮ ᠲᠣᠭᠤᠷᠢᠭ ᠲᠤ ᠣᠷᠣᠭᠤᠯᠬᠤ᠂ ᠭᠡᠷ ᠪᠦᠯᠢ ᠳᠤ ᠣᠷᠣᠭᠤᠯᠬᠤ︾ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/6/17
      ︽ᠠᠶᠤᠯᠭᠦᠢ ᠦᠢᠯᠡᠳᠪᠦᠷᠢᠯᠡᠯ ᠤᠨ ᠰᠠᠷ᠎ᠠ︾ ᠶᠢᠨ ᠰᠢᠷᠢᠰ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠬᠠᠷᠢᠶᠠᠲᠤ ᠣᠷᠣᠨ ᠤ ᠰᠠᠭᠤᠭᠠᠯᠢ ᠠᠷᠠᠳ ᠤᠨ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠮᠤᠷ ᠲᠦᠪᠰᠢᠨ ᠤ ᠮᠡᠳᠡᠯᠭᠡ ᠶᠢᠨ ᠲᠤᠬᠠᠶ ᠣᠶᠢᠯᠠᠭᠠᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠭᠡᠨᠡᠳᠲᠡ ᠶᠢᠨ ᠬᠡᠷᠡᠭ ᠢ ᠠᠷᠭᠠᠴᠠᠬᠤ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠥᠯᠥᠭᠡ᠂ 6 ᠳ᠋ᠤᠭᠠᠷ ᠰᠠᠷ᠎ᠠ ᠶᠢᠨ 11 ᠤ ᠡᠳᠦᠷ᠂ ᠲᠣᠭᠲᠠᠬᠤ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠡᠷᠡᠭᠦᠯ ᠮᠡᠨᠳᠦ ᠵᠠᠮ ᠤᠨ ᠨᠡᠶᠢᠭᠡᠮ ᠲᠣᠭᠤᠷᠢᠭ ᠤᠨ ᠢ ᠹᠦ᠋ ᠵᠢᠶᠠ ᠶᠤᠸᠠᠨ ᠰᠠᠭᠤᠭᠠᠯᠢ ᠠᠷᠠᠳ ᠤᠨ ᠲᠣᠭᠤᠷᠢᠭ ᠲᠤ ᠬᠦᠷᠴᠦ 2024 ᠣᠨ ᠤ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠮᠤᠷ ᠲᠦᠪᠰᠢᠨ ᠤ ᠤᠬᠠᠭᠤᠯᠭ᠎ᠠ ᠶᠢᠨ ︽ᠨᠡᠶᠢᠭᠡᠮ ᠲᠣᠭᠤᠷᠢᠭ ᠲᠤ ᠣᠷᠣᠵᠤ᠂ ᠬᠡᠷ ᠪᠦᠯᠢ ᠳᠤ ᠣᠷᠣᠭᠤᠯᠬᠤ︾ ᠠᠵᠢᠯᠯᠠᠭ᠎ᠠ ᠥᠷᠨᠢᠭᠦᠯᠪᠡ᠃
   ᠠᠵᠢᠯᠯᠠᠭ᠎ᠠ ᠶᠢᠨ ᠲᠤᠬᠠᠶ ᠶᠢᠨ ᠲᠠᠯᠠᠪᠤᠷ ᠲᠤ᠂ ᠠᠵᠢᠯᠲᠠᠳ ᠤᠬᠠᠭᠤᠯᠭ᠎ᠠ ᠶᠢᠨ ᠳᠡᠪᠲᠡᠷ ᠲᠠᠷᠬᠠᠭᠠᠬᠤ ᠪᠠ ᠲᠣᠭᠠᠴᠢᠨ ᠲᠠᠶᠢᠯᠪᠤᠷᠢᠯᠠᠬᠤ ᠬᠡᠯᠪᠡᠷᠢ ᠪᠠᠷ ᠳᠠᠮᠵᠢᠭᠤᠯᠤᠨ ᠰᠠᠭᠤᠭᠠᠯᠢ ᠠᠷᠠᠳ ᠲᠤ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠮᠤᠷ ᠲᠦᠪᠰᠢᠨ ᠤ ᠦᠨᠳᠦᠰᠦᠨ ᠮᠡᠳᠡᠯᠭᠡ ᠶᠢ ᠲᠦᠭᠡᠮᠡᠯᠵᠢᠭᠦᠯᠵᠦ᠂ ᠬᠡᠷᠬᠢᠨ ᠴᠠᠬᠢᠯᠭᠠᠨ ᠱᠠᠲᠤ ᠶᠢ ᠵᠥᠪ ᠬᠡᠷᠡᠭᠯᠡᠬᠦ᠂ ᠠᠮᠤᠷ ᠲᠦᠪᠰᠢᠨ ᠰᠠᠭᠤᠬᠤ ᠴᠢᠬᠤᠯᠠ ᠴᠢᠨᠠᠷ ᠢ ᠣᠶᠢᠯᠠᠭᠠᠵᠤ᠂ ᠡᠳᠦᠷ ᠲᠤᠲᠤᠮ ᠤᠨ ᠠᠮᠢᠳᠤᠷᠠᠯ ᠳᠤᠮᠳᠠ ᠰᠢᠲᠠᠮᠠᠬᠠᠶ ᠬᠡᠶ᠂ ᠰᠢᠲᠠᠮᠠᠬᠠᠶ ᠬᠡᠶ ᠶᠢᠨ ᠰᠠᠪᠠ ᠵᠡᠷᠭᠡ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠥᠪᠡᠷ ᠢ ᠪᠠᠨ ᠠᠪᠤᠷᠬᠠᠤ ᠮᠡᠳᠡᠯᠭᠡ ᠳᠤ ᠬᠤᠯᠪᠣᠭᠳᠠᠵᠤ᠂ ᠮᠠᠰᠢ ᠰᠠᠶᠢᠨ ᠤᠬᠠᠭᠤᠯᠭ᠎ᠠ ᠶᠢᠨ ᠦᠷ᠎ᠡ ᠪᠦᠲᠦᠮᠵᠢ ᠳᠤ ᠭᠦᠷᠦᠭᠰᠡᠨ ᠪᠠᠶᠢᠨ᠎ᠠ᠃ ᠲᠤᠬᠠᠶ ᠶᠢᠨ ᠲᠠᠯᠠᠪᠠᠶ ᠳᠤ ᠡᠯ᠎ᠡ ᠲᠥᠷᠥᠯ ᠤᠨ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠮᠤᠷ ᠲᠦᠪᠰᠢᠨ ᠤ ᠮᠡᠳᠡᠯᠭᠡ ᠶᠢᠨ ᠤᠬᠠᠭᠤᠯᠭ᠎ᠠ ᠶᠢᠨ ᠳᠡᠪᠲᠡᠷ ᠢ 140 ᠭᠠᠷᠤᠶ ᠬᠤᠪᠢ ᠲᠠᠷᠬᠠᠭᠠᠵᠤ᠂ ᠰᠠᠭᠤᠭᠠᠯᠢ ᠠᠷᠠᠳ ᠵᠢᠴᠢ ᠳᠡᠷᠭᠡᠳᠡᠬᠢ ᠲᠥᠷᠥᠯ ᠰᠠᠳᠤᠨ ᠤ ᠨᠠᠶᠢᠵᠠ ᠨᠠᠷ ᠲᠤ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠮᠤᠷ ᠲᠦᠪᠰᠢᠨ ᠤ ᠮᠡᠳᠡᠯᠭᠡ ᠶᠢ ᠮᠡᠳᠡᠭᠦᠯᠪᠡ᠃ ᠡᠭᠦᠨ ᠤ ᠬᠠᠮᠲᠤ᠂ ᠠᠵᠢᠯᠲᠠᠳ ᠰᠠᠭᠤᠭᠠᠯᠢ ᠠᠷᠠᠳ ᠤᠨ ᠲᠣᠭᠤᠷᠢᠭ ᠤᠨ ᠰᠠᠭᠤᠭᠠᠯᠢ ᠠᠷᠠᠳ ᠲᠤ ᠴᠠᠬᠢᠯᠭᠠᠨ ᠱᠠᠲᠤ ᠶᠢᠨ ᠠᠮᠤᠷ ᠲᠦᠪᠰᠢᠨ ᠤ ᠮᠡᠳᠡᠯᠭᠡ ᠶᠢ ᠤᠬᠠᠭᠤᠯᠵᠤ᠂ ᠠᠷᠠᠳ ᠤᠯᠠᠨ ᠤ ᠣᠨᠴᠠ ᠲᠦᠷᠦᠯ ᠤᠨ ᠲᠤᠨᠤᠭ ᠲᠥᠬᠦᠭᠡᠷᠦᠮᠵᠢ ᠶᠢ ᠠᠮᠤᠷ ᠲᠦᠪᠰᠢᠨ ᠢᠶᠠᠷ ᠬᠡᠷᠡᠭᠯᠡᠬᠦ ᠪᠠ ᠥᠪᠡᠷ ᠢ ᠪᠠᠨ ᠬᠠᠮᠠᠭᠠᠯᠠᠬᠤ ᠲᠠᠯ᠎ᠠ ᠪᠠᠷ ᠬᠢ ᠤᠬᠠᠮᠰᠠᠷ ᠢ ᠳᠡᠭᠡᠭᠰᠢᠯᠡᠭᠦᠯᠵᠦ᠂ ᠣᠨᠴᠠ ᠲᠦᠷᠦᠯ ᠤᠨ ᠲᠤᠨᠤᠭ ᠲᠥᠬᠦᠭᠡᠷᠦᠮᠵᠢ ᠶᠢᠨ ᠠᠮᠤᠷ ᠲᠦᠪᠰᠢᠨ ᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠬᠤ ᠳᠤ ᠢᠳᠡᠪᠬᠢᠲᠡᠢ ᠠᠬᠢᠭᠤᠯᠬᠤ ᠦᠢᠯᠡᠳᠦᠯ ᠦᠵᠡᠭᠦᠯᠪᠡ᠃
   ᠳᠠᠷᠠᠭᠠᠴᠢ ᠶᠢᠨ ᠠᠯᠬᠤᠮ ᠳᠤ᠂ ᠲᠣᠭᠲᠠᠬᠤ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠣᠨᠴᠠ ᠲᠦᠷᠦᠯ ᠤᠨ ᠲᠤᠨᠤᠭ ᠲᠥᠬᠦᠭᠡᠷᠦᠮᠵᠢ ᠶᠢᠨ ᠠᠮᠤᠷ ᠲᠦᠪᠰᠢᠨ ᠤ ᠬᠠᠤᠯᠢ ᠴᠠᠭᠠᠵᠠ ᠬᠠᠤᠯᠢ ᠲᠣᠭᠲᠠᠭᠠᠯ ᠤᠨ ᠮᠡᠳᠡᠯᠭᠡ ᠶᠢᠨ ᠤᠬᠠᠭᠤᠯᠭ᠎ᠠ ᠶᠢ ᠦᠷᠭᠦᠯᠵᠢᠯᠡᠨ ᠥᠷᠨᠢᠭᠦᠯᠵᠦ᠂ ᠰᠤᠷᠭᠠᠭᠤᠯᠢ᠂ ᠬᠥᠳᠡᠭᠡ ᠲᠣᠰᠬᠤᠨ ᠳᠤ ᠣᠷᠣᠬᠤ ᠵᠡᠷᠭᠡ ᠰᠢᠷᠢᠰ ᠠᠵᠢᠯᠯᠠᠭ᠎ᠠ ᠶᠢ ᠡᠷᠬᠢᠯᠡᠵᠦ᠂ ᠣᠨᠴᠠ ᠲᠦᠷᠦᠯ ᠤᠨ ᠲᠤᠨᠤᠭ ᠲᠥᠬᠦᠭᠡᠷᠦᠮᠵᠢ ᠶᠢᠨ ᠠᠮᠤᠷ ᠲᠦᠪᠰᠢᠨ ᠤ ᠮᠡᠳᠡᠯᠭᠡ ᠶᠢ ᠢᠳᠡᠪᠬᠢᠲᠡᠢ ᠤᠬᠠᠭᠤᠯᠵᠤ᠂ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠨᠡᠩ ᠤᠯᠠᠨ ᠤᠯᠠᠨ ᠲᠦᠮᠡᠨ ᠳᠤ ᠣᠨᠴᠠ ᠲᠦᠷᠦᠯ ᠤᠨ ᠲᠤᠨᠤᠭ ᠲᠥᠬᠦᠭᠡᠷᠦᠮᠵᠢ ᠶᠢᠨ ᠠᠮᠤᠷ ᠲᠦᠪᠰᠢᠨ ᠤ ᠬᠡᠷᠡᠭᠯᠡᠯᠲᠡ ᠶᠢᠨ ᠠᠩᠬᠠᠷᠬᠤ ᠵᠦᠢᠯᠡᠰ ᠢ ᠣᠶᠢᠯᠠᠭᠠᠭᠤᠯᠵᠤ᠂ ᠣᠨᠴᠠ ᠲᠦᠷᠦᠯ ᠤᠨ ᠲᠤᠨᠤᠭ ᠲᠥᠬᠦᠭᠡᠷᠦᠮᠵᠢ ᠶᠢᠨ ᠠᠮᠤᠷ ᠲᠦᠪᠰᠢᠨ ᠤ ᠨᠡᠶᠢᠭᠡᠮ ᠤᠨ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠨ᠎ᠠ᠃ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠤᠨ ᠶᠦᠨ ᠵᠥᠩ ᠬᠠᠮ ᠵᠠᠭᠤᠴᠢᠯᠠᠭᠤᠷ  
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1