ᠲᠣᠭᠲᠠᠬᠤ ᠰᠢᠶᠠᠨ ᠤ 2024 ᠣᠨ ᠤ ᠶᠦᠨ ᠵᠦᠩ ᠠᠷᠢᠬᠢᠨ ᠤ ᠰᠣᠶᠣᠯ ᠤᠨ ᠸᠢᠳᠢᠣ᠋ ᠶᠢᠨ ᠤᠷᠤᠯᠳᠤᠭᠠᠨ ᠤ ᠡᠬᠢᠯᠡᠯᠲᠡ ᠶᠢᠨ ᠶᠣᠰᠣᠯᠠᠯ ᠶᠠᠪᠤᠭᠳᠠᠪᠠ
ᠨᠡᠶᠢᠲᠡᠯᠡᠭᠰᠡᠨ ᠴᠠᠭ᠄
2024/6/17
      ᠲᠣᠭᠲᠠᠬᠤ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ︽ᠮᠠᠨ ᠤ ᠰᠢᠶᠠᠨ ᠤ ᠳᠠᠪᠠᠭᠤᠯᠢᠭ ᠡᠬᠢ ᠪᠠᠶᠠᠯᠢᠭ᠂ ᠳᠠᠪᠠᠭᠤᠯᠢᠭ ᠣᠷᠴᠢᠨ ᠲᠣᠭᠤᠷᠢᠨ ᠢ ᠥᠷᠭᠡᠨ ᠢᠶᠠᠷ ᠤᠬᠠᠭᠤᠯᠵᠤ᠂ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠶ᠎ᠠ︾ ᠤᠷᠢᠶᠠᠯᠠᠭ᠎ᠠ ᠶᠢ ᠢᠳᠡᠪᠬᠢᠲᠡᠶ ᠴᠤᠤᠷᠢᠶᠠᠲᠤᠨ ᠳᠠᠭᠠᠵᠤ᠂ ᠤᠮᠠᠷᠠᠲᠤ ᠬᠢᠯᠢ ᠶᠢᠨ ᠰᠣᠶᠣᠯ ᠤᠨ ᠨᠠᠷᠠᠲᠤ ᠲᠥᠷᠥᠯ ᠲᠡᠮᠳᠡᠭᠲᠦ ᠶᠢᠨ ᠪᠠᠶᠢᠭᠤᠯᠤᠯᠲᠠ ᠳᠤ ᠬᠦᠴᠦᠨ ᠨᠡᠮᠡᠷᠢᠯᠡᠵᠦ᠂ ᠶᠦᠨ ᠵᠥᠩ ᠠᠷᠢᠬᠢᠨ ᠤ ᠰᠣᠶᠣᠯ ᠤᠨ ᠷᠢᠳᠢ ᠰᠢᠳᠢ ᠪᠠ ᠴᠤᠭ ᠵᠢᠪᠬᠤᠭ᠎ᠠ ᠶᠢ ᠪᠥᠬᠦ ᠲᠠᠯ᠎ᠠ ᠪᠠᠷ ᠪᠠᠳᠠᠷᠠᠭᠤᠯᠬᠤ ᠶᠢᠨ ᠲᠥᠯᠥᠭᠡ᠂ 6 ᠳ᠋ᠤᠭᠠᠷ ᠰᠠᠷ᠎ᠠ ᠶᠢᠨ 14 ᠤ ᠡᠳᠦᠷ᠂ ᠲᠣᠭᠲᠠᠬᠤ ᠰᠢᠶᠠᠨ ᠤ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ᠂ ᠲᠣᠭᠲᠠᠬᠤ ᠰᠢᠶᠠᠨ ᠤ ᠠᠵᠢᠯᠴᠢᠨ ᠤ ᠶᠡᠷᠦᠩᠬᠡᠶ ᠡᠪᠯᠡᠯ᠂ ᠲᠣᠭᠲᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ᠂ ᠲᠣᠭᠲᠠᠬᠤ ᠰᠢᠶᠠᠨ ᠤ ᠠᠷᠠᠳ ᠤᠨ ᠰᠣᠶᠣᠯ ᠪᠡᠶ᠎ᠡ ᠶᠢᠨ ᠲᠠᠮᠢᠷ ᠤᠨ ᠣᠷᠳᠣᠨ ᠬᠠᠮᠲᠤᠷᠠᠨ ᠡᠷᠭᠢᠯᠡᠭᠰᠡᠨ ︽ᠨᠤᠲᠤᠭ ᠢᠶᠠᠨ ᠬᠠᠶᠢᠷᠠᠯᠠᠵᠤ ᠶᠦᠨ ᠵᠦᠩ ᠠᠷᠢᠬᠢ ᠶᠢᠨ ᠰᠣᠶᠣᠯ ᠤᠨ ᠸᠢᠳᠢᠣ᠋ ᠶᠢᠨ ᠤᠷᠤᠯᠳᠤᠭᠠᠨ ᠤ ᠡᠬᠢᠯᠡᠯᠲᠡ ᠶᠢᠨ ᠶᠣᠰᠣᠯᠠᠯ ᠶᠦᠨ ᠵᠥᠩ ᠠᠷᠢᠬᠢᠨ ᠤ ᠦᠢᠯᠡᠰ ᠲᠤ ᠶᠠᠪᠤᠭᠳᠠᠪᠠ᠃
     ᠡᠬᠢᠯᠡᠯᠲᠡ ᠶᠢᠨ ᠶᠣᠰᠣᠯᠠᠯ ᠤᠨ ᠲᠤᠬᠠᠢ ᠶᠢᠨ ᠲᠠᠯᠠᠪᠠᠢ ᠳᠤ᠂ ᠰᠡᠳᠬᠢᠯ ᠬᠥᠳᠡᠯᠭᠡᠮ᠎ᠡ ᠳᠠᠭᠤᠤ ᠪᠥᠵᠢᠭ᠂ ᠠᠮᠢᠵᠢᠷᠠᠯ ᠤᠨ ᠬᠦᠴᠦᠨ ᠢᠶᠠᠷ ᠪᠢᠯᠬᠠᠮ᠎ᠠ ᠲᠣᠭᠯᠠᠯᠲᠠ ᠪᠣᠯᠤᠨ ᠦᠵᠡᠵᠦ ᠰᠣᠨᠢᠷᠬᠠᠬᠤ ᠳᠤᠷᠠᠲᠠᠢ ᠲᠣᠭᠯᠠᠯᠲᠠ ᠨᠢ ᠮᠠᠰᠢ ᠤᠯᠠᠨ ᠬᠥᠮᠦᠰ ᠤᠨ ᠠᠩᠬᠠᠷᠤᠯ ᠢ ᠲᠠᠲᠠᠪᠠ᠃ ᠲᠤᠬᠠᠶ ᠶᠢᠨ ᠲᠠᠯᠠᠪᠤᠷ ᠤᠨ  ᠸᠢᠳᠢᠤ᠋ ᠶᠢᠨ ᠤᠷᠤᠯᠳᠤᠭᠠᠨ ᠳᠤ ᠣᠷᠣᠯᠴᠠᠭᠰᠠᠳ ᠪᠠᠰᠠ ᠳᠠᠪᠠᠭᠤᠯᠢᠭ ᠢᠶᠠᠨ ᠪᠠᠳᠠᠷᠠᠭᠤᠯᠵᠤ᠂ ᠵᠠᠯᠭᠠᠭ᠎ᠠ ᠪᠠᠷ ᠰᠡᠭᠦᠳᠡᠷᠯᠡᠬᠦ ᠮᠠᠰᠢᠨ ᠢᠶᠠᠷ ᠡᠨᠡᠬᠦ ᠭᠤᠶᠢᠳᠠ ᠰᠠᠶᠢᠬᠠᠨ ᠴᠠᠭ ᠮᠥᠴᠡ ᠶᠢ ᠲᠡᠮᠳᠡᠭᠯᠡᠪᠡ᠃
   ᠤᠷᠠᠨ ᠰᠠᠶᠢᠬᠠᠨ ᠤ ᠲᠣᠭᠯᠠᠯᠲᠠ ᠠᠴᠠ ᠭᠠᠳᠠᠨ᠎ᠠ᠂ ᠶᠦᠨ ᠵᠥᠩ ᠠᠷᠢᠬᠢᠨ ᠤ ᠦᠢᠯᠡᠰ ᠤᠨ ᠠᠵᠢᠯᠲᠠᠳ ᠪᠠᠰᠠ ᠤᠷᠤᠯᠳᠤᠭᠠᠨ ᠳᠤ ᠣᠷᠣᠯᠴᠠᠭᠰᠠᠳ ᠢ ᠳᠠᠭᠠᠭᠤᠯᠤᠨ ᠠᠷᠢᠬᠢ ᠦᠢᠯᠡᠳᠬᠦ ᠶᠠᠪᠤᠴᠠ᠂ ᠬᠠᠳᠠᠭᠠᠯᠠᠬᠤ ᠣᠷᠴᠢᠨ ᠲᠣᠭᠤᠷᠢᠨ ᠪᠠ ᠪᠦᠲᠦᠭᠡᠭᠳᠡᠬᠦᠨ ᠤ ᠦᠵᠡᠭᠦᠯᠦᠯᠭᠡ ᠶᠢ ᠲᠣᠭᠤᠷᠢᠨ ᠦᠵᠡᠪᠡ᠃ ᠲᠣᠭᠤᠷᠢᠨ ᠦᠵᠡᠬᠦ ᠶᠠᠪᠤᠴᠠ ᠳᠤ ᠠᠩᠬᠢᠯᠤᠮ᠎ᠠ ᠰᠠᠶᠢᠬᠠᠨ ᠦᠨᠦᠷ ᠬᠠᠩᠬᠤᠯᠤᠭᠰᠠᠨ ᠠᠷᠢᠬᠢᠨ ᠤ ᠦᠨᠦᠷ ᠬᠠᠩᠬᠤᠯᠵᠤ᠂ ᠣᠷᠣᠯᠴᠠᠭᠰᠠᠳ ᠢ ᠰᠣᠭᠲᠣᠭᠤᠷᠠᠭᠤᠯᠪᠠ᠃
     ᠮᠢᠩᠭᠠᠨ ᠣᠨ ᠤ ᠶᠦᠨ ᠵᠦᠩ ᠲᠡᠦᠬᠡ᠂ ᠵᠠᠭᠤᠨ ᠵᠢᠯ ᠤᠨ ᠠᠷᠢᠬᠢ ᠠᠩᠬᠢᠯᠤᠮ᠎ᠠ ᠦᠨᠦᠷ ᠬᠠᠩᠬᠤᠯᠤᠨ᠎ᠠ᠃ ᠶᠦᠨ ᠵᠦᠩ ᠠᠷᠢᠬᠢᠨ ᠤ ᠰᠣᠶᠣᠯ ᠨᠢ ᠬᠠᠲᠤᠨ ᠭᠤᠣᠯ ᠤᠨ ᠰᠣᠶᠣᠯ᠂ ᠲᠠᠯ᠎ᠠ ᠨᠤᠲᠤᠭ ᠤᠨ ᠰᠣᠶᠣᠯ ᠪᠣᠯᠤᠨ ᠳᠤᠮᠳᠠᠳᠤ ᠣᠷᠣᠨ ᠤ ᠰᠣᠶᠣᠯ ᠢ ᠨᠢᠭᠲᠠᠷᠠᠭᠤᠯᠵᠤ᠂ ᠥᠪᠡᠷᠮᠢᠴᠡ ᠰᠢᠨ᠎ᠡ ᠶᠢ ᠡᠭᠦᠳᠬᠦ ᠴᠢᠨᠠᠷ ᠪᠣᠯᠤᠨ ᠪᠠᠭᠲᠠᠭᠠᠮᠵᠢᠲᠤ ᠴᠢᠨᠠᠷ ᠨᠢ ᠤᠷᠤᠯᠳᠤᠭᠠᠨ ᠳᠤ ᠣᠷᠣᠯᠴᠠᠭᠰᠠᠳ ᠲᠤ ᠡᠯᠪᠡᠭ ᠪᠠᠶᠠᠯᠢᠭ ᠵᠣᠬᠢᠶᠠᠨ ᠪᠦᠲᠦᠭᠡᠬᠦ ᠪᠣᠷᠣ ᠮᠠᠲ᠋ᠧᠷᠢᠶᠠᠯ ᠬᠠᠩᠭᠠᠪᠠ᠃ ᠣᠶᠢᠯᠠᠭᠠᠭᠰᠠᠨ ᠢᠶᠠᠷ᠂ ᠸᠢᠳᠢᠣ᠋ ᠶᠢᠨ ᠡᠬᠡ ᠪᠢᠴᠢᠭ ᠥᠭᠬᠦ ᠴᠠᠭ ᠨᠢ 6 ᠳ᠋ᠤᠭᠠᠷ ᠰᠠᠷ᠎ᠠ ᠶᠢᠨ 28 ᠤ ᠡᠳᠦᠷ ᠪᠣᠯᠲᠠᠯ᠎ᠠ᠂ ᠤᠷᠤᠯᠳᠤᠭᠠᠨ ᠤ ᠱᠠᠩᠨᠠᠯ ᠣᠯᠭᠤᠬᠤ ᠦᠳᠡᠰᠢᠯᠡᠭᠡ 7 ᠳ᠋ᠤᠭᠠᠷ ᠰᠠᠷ᠎ᠠ ᠶᠢᠨ 5 ᠤ ᠡᠳᠦᠷ ᠶᠠᠪᠤᠭᠳᠠᠬᠤ ᠪᠣᠯᠤᠨ᠎ᠠ᠂ ᠲᠤᠬᠠᠶ ᠶᠢᠨ ᠦᠶ᠎ᠡ ᠳᠤ ᠤᠷᠤᠯᠳᠤᠭᠠᠨ ᠳᠤ ᠣᠷᠣᠯᠴᠠᠭᠰᠠᠳ ᠭᠦᠨ ᠭᠦᠨᠵᠡᠭᠡᠶ ᠤᠳᠬ᠎ᠠ ᠰᠠᠨᠠᠭ᠎ᠠ᠂ ᠥᠪᠡᠷᠮᠢᠴᠡ ᠬᠠᠷᠠᠭᠠᠰᠤ ᠪᠠ ᠠᠮᠢᠳᠤᠯᠢᠭ ᠵᠢᠷᠤᠭ ᠢᠶᠠᠷ ᠣᠯᠠᠨ ᠲᠦᠮᠡᠨ ᠳᠤ ᠭᠤᠶᠢᠳᠠ ᠰᠠᠶᠢᠬᠠᠨ ᠬᠠᠷᠠᠭ᠎ᠠ ᠰᠣᠨᠣᠷ ᠤᠨ ᠦᠪᠡᠳᠡᠭᠰᠢ ᠨᠠᠶᠢᠷ ᠢ ᠠᠪᠴᠢᠷᠠᠬᠤ ᠪᠣᠯᠤᠨ᠎ᠠ᠃  ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠤᠨ ᠶᠦᠨ ᠵᠥᠩ ᠬᠠᠮ ᠵᠠᠭᠤᠴᠢᠯᠠᠭᠤᠷ    
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1