ᠲᠣᠭᠲᠠᠬᠤ ᠰᠢᠶᠠᠨ ᠤ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠤᠬᠠᠭᠤᠯᠤᠨ ᠲᠠᠶᠢᠯᠪᠤᠷᠢᠯᠠᠬᠤ ᠪᠦᠯᠬᠦᠮ ᠶᠢᠨ ᠾᠧ ᠠᠮᠢᠳᠤ ᠪᠣᠳᠠᠰ ᠤᠨ ᠺᠣᠮᠫᠠᠨᠢ ᠳᠤ ᠦᠨᠡᠨᠴᠢ ᠢᠲᠡᠭᠡᠮᠵᠢ ᠶᠢᠨ ᠭᠤᠣᠯ ᠰᠡᠳᠦᠪᠲᠦ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/6/17
      ᠦᠨᠡᠨᠴᠢ ᠢᠲᠡᠭᠡᠮᠵᠢ ᠪᠠᠷ ᠦᠨᠳᠦᠰᠦ ᠪᠣᠯᠭᠠᠵᠤ ᠬᠠᠤᠯᠢ ᠪᠠᠷ ᠵᠠᠰᠠᠬᠤ ᠪᠠᠷ ᠬᠥᠲᠥᠯᠪᠦᠷᠢ ᠪᠤᠯᠭᠠᠶ᠎ᠠ      ᠰᠢᠶᠠᠨ ᠤ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠤᠬᠠᠭᠤᠯᠤᠨ ᠲᠠᠶᠢᠯᠪᠤᠷᠢᠯᠠᠬᠤ ᠪᠦᠯᠬᠦᠮ ᠶᠢᠨ ᠾᠧ ᠠᠮᠢᠳᠤ ᠪᠣᠳᠠᠰ ᠤᠨ ᠺᠣᠮᠫᠠᠨᠢ ᠳᠤ ᠦᠨᠡᠨᠴᠢ ᠢᠲᠡᠭᠡᠮᠵᠢ ᠶᠢᠨ ᠭᠤᠣᠯ ᠰᠡᠳᠦᠪᠲᠦ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ ᠦᠷᠨᠢᠭᠦᠯᠪᠡ᠃      ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠲᠤᠬᠠᠶ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠥᠭᠦᠯᠡᠯᠲᠡ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠦᠨᠡᠨᠴᠢ ᠢᠲᠡᠭᠡᠮᠵᠢ ᠶᠢᠨ ᠰᠣᠶᠣᠯ ᠢ ᠪᠠᠳᠠᠷᠠᠭᠤᠯᠤᠨ᠂ ᠦᠨᠡᠨᠴᠢ ᠢᠲᠡᠭᠡᠮᠵᠢ ᠶᠢᠨ ᠠᠵᠢᠯᠯᠠᠭ᠎ᠠ ᠶᠢ ᠰᠠᠨᠠᠭᠠᠴᠢᠯᠠᠵᠤ᠂ ᠦᠨᠡᠨᠴᠢ ᠢᠲᠡᠭᠡᠮᠵᠢ ᠶᠢᠨ ᠵᠠᠩ ᠴᠢᠨᠠᠷ ᠢ ᠬᠦᠮᠦᠵᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠭᠤᠣᠯ ᠱᠤᠭᠤᠮ ᠢ ᠪᠦᠬᠦ ᠲᠠᠯ᠎ᠠ ᠪᠠᠷ ᠲᠤᠤᠱᠯᠠᠭᠤᠯᠤᠨ ᠪᠠᠬᠢᠵᠢᠭᠦᠯᠵᠦ᠂ ᠦᠨᠡᠨᠴᠢ ᠢᠲᠡᠭᠡᠮᠵᠢᠲᠡᠶ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠤᠯᠠᠮ ᠨᠢᠭᠡ ᠠᠯᠬᠤᠮ ᠪᠤᠢ ᠪᠤᠯᠭᠠᠬᠤ ᠶᠢᠨ ᠲᠦᠯᠦᠭᠡ᠂ 6 ᠳ᠋ᠤᠭᠠᠷ ᠰᠠᠷ᠎ᠠ ᠶᠢᠨ 13 ᠤ ᠡᠳᠦᠷ᠂ ᠲᠣᠭᠲᠠᠬᠤ ᠰᠢᠶᠠᠨ ᠤ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠭᠡᠰᠢᠭᠦᠨ ᠯᠢ ᠰᠢ ᠴᠧᠨ ᠶᠢᠨ ᠾᠧ ᠠᠮᠢᠳᠤ ᠪᠣᠳᠠᠰ ᠤᠨ ᠺᠣᠮᠫᠠᠨᠢ ᠳᠤ ᠬᠦᠷᠴᠦ ︽ᠦᠨᠡᠨᠴᠢ ᠢᠲᠡᠭᠡᠮᠵᠢ ᠪᠠᠷ ᠦᠨᠳᠦᠰᠦ ᠪᠤᠯᠭᠠᠵᠤ ᠬᠠᠤᠯᠢ ᠪᠠᠷ ᠵᠠᠰᠠᠬᠤ ᠪᠠᠷ ᠬᠥᠲᠥᠯᠪᠦᠷᠢ ᠪᠤᠯᠭᠠᠶ᠎ᠠ︾ ᠦᠨᠡᠨᠴᠢ ᠢᠲᠡᠭᠡᠮᠵᠢ ᠶᠢᠨ ᠭᠤᠣᠯ ᠰᠡᠳᠦᠪᠲᠦ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠪᠡ᠃      ᠦᠨᠡᠨᠴᠢ ᠢᠲᠡᠭᠡᠮᠵᠢᠲᠡᠶ ᠪᠠᠶᠢᠬᠤ ᠪᠣᠯ ᠠᠵᠤ ᠠᠬᠤᠶᠢᠯᠠᠯ ᠤᠨ ᠦᠢᠯᠡᠰ ᠡᠷᠬᠢᠯᠡᠬᠦ ᠠᠷᠭ᠎ᠠ ᠵᠠᠮ᠂ ᠦᠢᠯᠡᠰ ᠢᠶᠠᠨ ᠮᠠᠨᠳᠤᠭᠤᠯᠬᠤ ᠶᠢᠨ ᠦᠨᠳᠦᠰᠦ ᠮᠥᠨ᠂ ᠪᠠᠰᠠ ᠴᠤ ᠠᠵᠤ ᠠᠬᠤᠶᠢᠯᠠᠯ ᠤᠨ ᠦᠷᠭᠦᠯᠵᠢᠯᠡᠨ ᠬᠥᠭᠵᠢᠬᠦ ᠪᠠ ᠵᠠᠬ᠎ᠠ ᠳᠡᠯᠭᠡᠭᠦᠷ ᠤᠨ ᠥᠷᠢᠰᠥᠯᠳᠦᠬᠦ ᠬᠦᠴᠦᠨ ᠢ ᠴᠢᠩᠭᠠᠳᠬᠠᠬᠤ ᠳᠠᠭᠤᠰᠤᠰᠢ ᠦᠭᠡᠢ ᠬᠥᠳᠡᠯᠭᠡᠬᠦ ᠬᠦᠴᠦᠨ ᠮᠥᠨ᠃ ᠠᠵᠢᠯᠯᠠᠭ᠎ᠠ ᠶᠢᠨ ᠳᠤᠮᠳᠠ᠂ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠪᠦᠷᠢᠯᠳᠦᠬᠦᠨ ᠭᠤᠤᠯᠳᠠᠭᠤ ᠤᠯᠤᠰ ᠤᠨ ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢᠨ ᠬᠠᠤᠯᠢ ᠴᠠᠭᠠᠵᠠ ᠬᠠᠤᠯᠢ ᠲᠣᠭᠲᠠᠭᠠᠯ᠂ ᠢᠲᠡᠭᠡᠮᠵᠢ ᠲᠠᠢ ᠪᠠᠶᠢᠬᠤ ᠶᠢ ᠬᠠᠮᠲᠤᠷᠠᠨ ᠤᠷᠮᠠᠰᠢᠭᠤᠯᠬᠤ ᠪᠠ ᠢᠲᠡᠭᠡᠯ ᠠᠯᠳᠠᠭᠰᠠᠳ ᠢ ᠬᠤᠯᠪᠣᠭᠠᠯᠠᠨ ᠵᠠᠯᠬᠠᠭᠠᠨ ᠴᠡᠭᠡᠷᠯᠡᠭᠦᠯᠬᠦ ᠠᠷᠭ᠎ᠠ ᠬᠡᠮᠵᠢᠶ᠎ᠡ ᠵᠢᠴᠢ ᠡᠯ᠎ᠡ ᠲᠥᠷᠥᠯ ᠤᠨ ᠭᠤᠤᠯ ᠴᠣᠭᠴᠠ ᠶᠢᠨ ᠨᠥᠯᠥᠭᠡ ᠵᠡᠷᠭᠡ ᠲᠠᠯ᠎ᠠ ᠪᠠᠷ ᠭᠤᠤᠯᠳᠠᠯᠭ᠎ᠠ ᠲᠠᠢ ᠲᠠᠶᠢᠯᠤᠮᠵᠢ ᠬᠢᠬᠦ ᠶᠢᠨ ᠬᠠᠮᠲᠤ᠂ ᠬᠡᠷᠡᠭ ᠢᠶᠠᠷ ᠬᠠᠤᠯᠢ ᠶᠢ ᠲᠠᠶᠢᠯᠪᠤᠷᠢᠯᠠᠬᠤ ᠪᠠᠷ ᠳᠠᠮᠵᠢᠭᠤᠯᠤᠨ᠂ ᠠᠵᠤ ᠠᠬᠤᠶᠢᠯᠠᠯ ᠤᠨ ᠡᠵᠡᠩᠨᠡᠭᠴᠢ ᠪᠠ ᠠᠵᠢᠯᠲᠠᠳ ᠲᠤ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠴᠢᠩᠭᠠᠳᠬᠠᠬᠤ ᠶᠢᠨ ᠴᠢᠬᠤᠯᠠ ᠴᠢᠨᠠᠷ ᠢ ᠭᠦᠨᠵᠡᠭᠡᠶ ᠲᠠᠶᠢᠯᠪᠤᠷᠢᠯᠠᠵᠤ᠂ ᠠᠵᠤ ᠠᠬᠤᠶᠢᠯᠠᠯ ᠤᠨ ᠤᠬᠠᠮᠰᠠᠷ ᠠᠴᠠ ᠪᠠᠨ ᠦᠨᠡᠨᠴᠢ ᠢᠲᠡᠭᠡᠮᠵᠢᠲᠡᠶ ᠡᠵᠡᠩᠨᠡᠯᠲᠡ ᠶᠢᠨ ᠦᠢᠯᠡᠴᠢᠯᠡᠭᠡᠨ ᠤ ᠣᠶᠢᠯᠠᠭᠠᠭᠳᠠᠬᠤᠨ ᠢ ᠪᠣᠶ ᠪᠣᠯᠭᠠᠬᠤ ᠶᠢ ᠵᠣᠷᠢᠭᠵᠢᠭᠤᠯᠵᠤ᠂ ᠦᠨᠡᠨᠴᠢ ᠢᠲᠡᠭᠡᠮᠵᠢᠲᠡᠶ ᠡᠵᠡᠩᠨᠡᠯᠲᠡ ᠶᠢᠨ ᠰᠠᠶᠢᠨ ᠰᠠᠶᠢᠬᠠᠨ ᠣᠷᠴᠢᠨ ᠲᠣᠭᠤᠷᠢᠨ ᠢ ᠪᠣᠶ ᠪᠣᠯᠭᠠᠪᠠ᠃ ᠠᠵᠤ ᠠᠬᠤᠶᠢᠯᠠᠯ ᠰᠠᠶᠢᠨ ᠦᠨᠡᠨᠴᠢ ᠢᠲᠡᠭᠡᠮᠵᠢᠲᠡᠶ ᠡᠵᠡᠩᠨᠡᠯᠲᠡ ᠶᠢᠨ ᠦᠢᠯᠡᠳᠦᠯᠭᠡᠵᠢᠭᠦᠯᠦᠭᠴᠢ ᠪᠣᠯᠬᠤ ᠶᠢ ᠰᠠᠨᠠᠭᠠᠴᠢᠯᠠᠵᠤ᠂ ᠠᠵᠤ ᠠᠬᠤᠶᠢᠯᠠᠯ ᠤᠨ ᠲᠤᠰ ᠪᠡᠶ᠎ᠡ ᠶᠢᠨ ᠢᠲᠡᠭᠡᠮᠵᠢ ᠶᠢᠨ ᠬᠢᠷᠢ ᠲᠦᠪᠰᠢᠨ ᠢᠶᠠᠨ ᠳᠡᠭᠡᠭᠰᠢᠯᠡᠭᠦᠯᠬᠦ ᠶᠢ ᠤᠷᠢᠶᠠᠯᠠᠵᠤ᠂ ᠦᠨᠡᠨᠴᠢ ᠢᠲᠡᠭᠡᠮᠵᠢᠲᠡᠶ ᠶᠣᠰᠣ ᠰᠤᠷᠲᠠᠬᠤᠨ ᠤ ᠬᠡᠪ ᠰᠤᠷᠲᠠᠯ ᠢ ᠪᠤᠢ ᠪᠣᠯᠭᠠᠵᠤ᠂ ︽ᠦᠨᠡᠨᠴᠢ ᠢᠲᠡᠭᠡᠮᠵᠢᠲᠡᠶ ᠲᠣᠭᠲᠠᠬᠤ︾ ᠨᠡᠷ᠎ᠡ ᠶᠢᠨ ᠬᠠᠭᠤᠳᠠᠰᠤ ᠶᠢ ᠬᠠᠮᠲᠤᠪᠠᠷ ᠭᠡᠷᠡᠯᠳᠦᠭᠦᠯᠪᠡ᠃ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠤᠨ ᠶᠦᠨ ᠵᠥᠩ ᠬᠠᠮ ᠵᠠᠭᠤᠴᠢᠯᠠᠭᠤᠷ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1