︽ᠮᠠᠰᠢᠨ ᠬᠥᠮᠦᠨ︾ ᠬᠤᠲᠠ ᠶᠢᠨ ᠬᠠᠮᠢᠶᠠᠷᠤᠯᠲᠠ ᠶᠢᠨ ᠨᠠᠷᠢᠯᠢᠭᠵᠢᠭᠤᠯᠤᠯᠳᠠ ᠳᠤ ᠬᠦᠴᠦᠨ ᠢᠶᠠᠨ ᠨᠡᠮᠡᠷᠢᠯᠡᠵᠦ ᠪᠠᠶᠢᠨ᠎ᠠ
ᠨᠡᠶᠢᠲᠡᠯᠡᠭᠰᠡᠨ ᠴᠠᠭ᠄
2024/6/17
    ᠤᠶᠢᠷ᠎ᠠ ᠶᠢᠨ ᠵᠢᠯ ᠳᠤ᠂ ᠦᠰᠢ ᠬᠤᠲᠠ ᠶᠢᠨ ᠬᠠᠮᠢᠶᠠᠷᠤᠯᠲᠠ ᠶᠢᠨ ᠰᠠᠯᠠᠭ᠎ᠠ ᠮᠦᠴᠢᠷ ︽ᠮᠠᠰᠢᠨ ᠬᠦᠮᠦᠨ︾ ᠢ ᠢᠳᠠᠪᠬᠢᠳᠠᠢ ᠨᠡᠭᠡᠭᠡᠨ ᠬᠦᠭᠵᠢᠭᠦᠯᠵᠦ ᠠᠰᠢᠭᠯᠠᠨ᠂ ᠭᠦᠢᠯᠭᠡᠭᠡ ᠶᠢᠨ ᠰᠦᠯᠵᠢᠶ᠎ᠡ᠂ ᠲᠤᠮᠦ ᠳ᠋ᠡᠶᠢᠲ᠋ᠠ ᠶᠢ ᠶᠡᠷᠦᠩᠬᠡᠢᠯᠡᠨ ᠠᠰᠢᠭᠯᠠᠵᠤ᠂ ᠣᠶᠤᠨᠴᠢ ᠬᠤᠲᠠ ᠶᠢᠨ ᠬᠠᠮᠢᠶᠠᠷᠤᠯᠲᠠ ᠶᠢᠨ ᠲᠠᠪᠴᠠᠩ ᠢ ᠪᠠᠶᠢᠭᠤᠯᠵᠦ᠂ ᠠᠵᠢᠯ ᠤᠨ ᠠᠷᠭ᠎ᠠ ᠪᠠᠷᠢᠯ ᠤᠨ ᠰᠢᠨ᠎ᠡ ᠶᠢ ᠡᠭᠦᠳᠴᠦ᠂ ᠬᠤᠲᠠ ᠶᠢᠨ ᠬᠠᠮᠢᠶᠠᠷᠤᠯᠲᠠ ᠶᠢᠨ ᠠᠰᠠᠭᠤᠳᠠᠯ ᠢ ᠢᠯᠡᠷᠡᠭᠦᠯᠬᠦ ᠪᠠ ᠰᠢᠢᠳᠪᠦᠷᠢᠯᠡᠬᠦ ᠦᠷ᠎ᠠ ᠪᠦᠲᠦᠮᠵᠢ ᠶᠢ ᠬᠦᠴᠦᠲᠡᠢ ᠲᠡᠭᠡᠭᠰᠢᠯᠡᠭᠦᠯᠪᠡ᠃      ︽ᠬᠤᠲᠠ ᠶᠢᠨ ᠦᠵᠡᠮᠵᠢ ᠶᠢᠨ ᠮᠠᠰᠢᠨ ᠬᠥᠮᠦᠨ︾ ᠪᠣᠯ ᠬᠤᠲᠠ ᠶᠢᠨ ᠬᠠᠮᠢᠶᠠᠷᠤᠯᠲᠠ ᠶᠢ ᠨᠠᠷᠢᠯᠢᠬᠵᠢᠭᠤᠯᠬᠤ ᠰᠢᠨ᠎ᠡ ᠬᠦᠴᠦᠨ ᠮᠥᠨ᠂ ᠬᠤᠲᠠ ᠳᠤ ᠨᠠᠩ ᠥᠨᠳᠥᠷ ᠪᠦᠲᠦᠮᠵᠢᠲᠡᠶ᠂ ᠣᠶᠤᠨᠴᠢ ᠬᠠᠮᠢᠶᠠᠷᠤᠯᠲᠠ ᠶᠢᠨ ᠣᠶᠢᠯᠠᠭᠠᠯᠲᠠ ᠶᠢ ᠠᠪᠴᠢᠷᠠᠵᠤ ᠥᠭᠭᠦᠭᠰᠡᠨ ᠪᠠᠶᠢᠨ᠎ᠠ᠃      ︽ᠬᠤᠲᠠ ᠶᠢᠨ ᠦᠵᠡᠮᠵᠢ ᠶᠢᠨ ᠮᠠᠰᠢᠨ ᠬᠥᠮᠦᠨ︾ ᠨᠢ ᠬᠦᠴᠦᠷᠬᠡᠭ ᠶᠡᠭᠡ ᠣᠷᠴᠢᠨ ᠲᠣᠭᠤᠷᠢᠨ ᠳᠤ ᠵᠣᠬᠢᠴᠠᠬᠤ ᠴᠢᠳᠠᠪᠤᠷᠢ ᠪᠠ ᠨᠠᠷᠢᠯᠢᠭᠵᠢᠭᠤᠯᠤᠭᠰᠠᠨ ᠠᠵᠢᠯ ᠤᠨ ᠴᠢᠳᠠᠪᠤᠷᠢ ᠶᠢ ᠪᠦᠷᠢᠯᠳᠦᠭᠦᠯᠪᠡ᠃ ᠮᠠᠰᠢᠨ ᠬᠥᠮᠦᠨ ᠲᠡᠷᠢᠭᠦᠨ ᠤ ᠰᠡᠷᠡᠯ ᠳᠠᠮᠵᠢᠭᠤᠯᠤᠭᠴᠢ ᠪᠠ ᠢᠯᠭᠠᠨ ᠲᠠᠨᠢᠬᠤ ᠰᠢᠰᠲ᠋ᠧᠮ ᠢ ᠲᠣᠬᠢᠷᠠᠭᠤᠯᠵᠤ᠂ ᠬᠤᠲᠠ ᠶᠢᠨ ᠡᠯ᠎ᠡ ᠲᠥᠷᠥᠯ ᠤᠨ ᠠᠰᠠᠭᠤᠳᠠᠯ ᠢ ᠡᠵᠡᠨ ᠮᠡᠳᠡᠨ ᠢᠯᠭᠠᠨ ᠲᠠᠨᠢᠵᠤ ᠴᠢᠳᠠᠨ᠎ᠠ᠂ ᠵᠢᠱᠢᠶᠡᠯᠡᠪᠡᠯ ᠳᠤᠷ᠎ᠠ ᠪᠠᠷ ᠢᠶᠠᠨ ᠵᠤᠭᠰᠤᠭᠠᠬᠤ ᠲᠡᠷᠭᠡ ᠬᠦᠰᠡᠭᠡ᠂ ᠳᠤᠷ᠎ᠠ ᠪᠠᠷ ᠢᠶᠠᠨ ᠲᠠᠯᠪᠢᠬᠤ ᠪᠤᠳᠠᠰ ᠪᠠᠷᠠᠭ᠎ᠠ᠂ ᠵᠠᠮ ᠡᠵᠡᠯᠡᠨ ᠡᠵᠡᠩᠨᠡᠬᠦ ᠬᠤᠳᠠᠯᠳᠤᠭ᠎ᠠ ᠮᠠᠶᠢᠮᠠᠢ᠂ ᠳᠤᠷ᠎ᠠ ᠪᠠᠷ ᠢᠶᠠᠨ ᠬᠠᠶᠠᠭᠰᠠᠨ ᠬᠤᠭ ᠨᠣᠪᠰᠢ ᠵᠡᠷᠭᠡ ᠠᠵᠢᠯ ᠢ ᠣᠬᠤᠷ ᠬᠤᠭᠤᠴᠠᠭᠠᠨ ᠳᠣᠲᠣᠷ᠎ᠠ ᠶᠡᠭᠡ ᠬᠡᠮᠵᠢᠶᠡᠨ ᠤ ᠠᠵᠢᠯ ᠢ ᠪᠡᠶᠡᠯᠡᠭᠦᠯᠵᠦ ᠴᠢᠳᠠᠬᠤ ᠪᠠᠷ ᠪᠠᠷᠠᠬᠤ ᠦᠭᠡᠢ᠂ ᠪᠠᠰᠠ  ᠠᠮᠠᠷᠠᠯᠳᠠ ᠦᠭᠡᠢ ᠠᠵᠢᠯᠯᠠᠵᠤ᠂ ᠬᠤᠲᠠ ᠶᠢᠨ ᠬᠠᠮᠢᠶᠠᠷᠤᠯᠲᠠ ᠳᠤ ᠬᠥᠮᠦᠨ ᠤ ᠬᠦᠴᠦᠨ ᠬᠦᠷᠦᠯᠴᠡᠬᠦ ᠦᠭᠡᠢ ᠪᠠ ᠴᠠᠭ ᠬᠤᠭᠤᠴᠠᠭᠠᠨ ᠤ ᠬᠢᠵᠠᠭᠠᠷᠯᠠᠯ ᠵᠡᠷᠭᠡ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠪᠡ᠃      ︽ᠬᠤᠲᠠ ᠶᠢᠨ ᠦᠵᠡᠮᠵᠢ ᠶᠢᠨ ᠮᠠᠰᠢᠨ ᠬᠥᠮᠦᠨ︾ ᠨᠢ ᠤᠶᠤᠨᠴᠢ ᠪᠠᠷ ᠬᠠᠷᠢᠯᠴᠠᠬᠤ ᠪᠠ ᠠᠯᠤᠰ ᠠᠴᠠ ᠬᠢᠨᠠᠨ ᠡᠵᠡᠮᠳᠡᠬᠦ ᠴᠢᠳᠠᠮᠵᠢ ᠶᠢ ᠪᠦᠷᠢᠯᠳᠦᠭᠦᠯᠦᠭᠰᠡᠨ ᠪᠠᠶᠢᠨ᠎ᠠ᠃ ᠬᠤᠲᠠ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠯᠦᠭᠡ ᠰᠦᠯᠵᠢᠶ᠎ᠡ ᠪᠠᠷ ᠬᠤᠯᠪᠤᠯᠳᠠᠬᠤ ᠪᠠᠷ ᠳᠠᠮᠵᠢᠨ᠂ ᠮᠠᠰᠢᠨ ᠬᠥᠮᠦᠨ ᠨᠢ ᠠᠵᠢᠯ ᠤᠨ ᠲᠤᠭ᠎ᠠ ᠪᠠᠷᠢᠮᠲᠠ ᠪᠠ ᠠᠰᠠᠭᠤᠳᠠᠯ ᠤᠨ ᠮᠡᠳᠡᠭᠡ ᠵᠠᠩᠭᠢ ᠶᠢ ᠴᠠᠭ ᠲᠤᠬᠠᠶ ᠳᠤᠨᠢ ᠳᠡᠭᠡᠭᠰᠢ ᠳᠠᠮᠵᠢᠭᠤᠯᠵᠤ᠂ ᠬᠤᠲᠠ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠬᠤᠲᠠ ᠶᠢᠨ ᠬᠠᠮᠢᠶᠠᠷᠤᠯᠲᠠ ᠶᠢᠨ ᠬᠥᠳᠡᠯᠦᠩᠭᠦᠶ ᠪᠠᠶᠢᠳᠠᠯ ᠢ ᠴᠠᠭ ᠲᠤᠬᠠᠶ ᠳᠤᠨᠢ ᠣᠶᠢᠯᠠᠭᠠᠭᠤᠯᠵᠤ  ᠴᠢᠳᠠᠨ᠎ᠠ᠂ ᠮᠦᠨᠴᠦ ᠠᠪᠢᠶ᠎ᠠ ᠪᠠ ᠳᠡᠯᠭᠡᠴᠡ ᠪᠠᠷ ᠳᠠᠮᠵᠢᠭᠤᠯᠤᠨ ᠬᠤᠲᠠ ᠶᠢᠨ ᠠᠷᠠᠳ ᠲᠠᠢ ᠬᠦᠳᠡᠯᠦᠩᠭᠦᠢ ᠬᠠᠷᠢᠯᠴᠠᠵᠤ᠂ ᠳᠥᠭᠦᠮ ᠳᠥᠲᠡ ᠦᠢᠯᠡᠴᠢᠯᠡᠭᠡ ᠶᠢ ᠬᠠᠩᠭᠠᠵᠤ ᠴᠢᠳᠠᠨ᠎ᠠ᠃      ︽ᠬᠤᠲᠠ ᠶᠢᠨ ᠦᠵᠡᠮᠵᠢ ᠶᠢᠨ ᠮᠠᠰᠢᠨ ᠬᠥᠮᠦᠨ︾ ᠨᠢ ᠬᠤᠲᠠ ᠶᠢᠨ ᠬᠠᠮᠢᠶᠠᠷᠤᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠭᠰᠡᠨ ᠢᠶᠠᠷ ᠪᠠᠷᠠᠬᠤ ᠥᠬᠡᠶ ᠪᠠᠰᠠ ᠬᠤᠲᠠ ᠶᠢᠨ ᠬᠠᠮᠢᠶᠠᠷᠤᠯᠲᠠ ᠶᠢᠨ ᠨᠠᠷᠢᠯᠢᠭᠴᠠ ᠶᠢ ᠲᠡᠭᠡᠭᠰᠢᠯᠡᠭᠦᠯᠪᠡ᠃ ᠮᠠᠰᠢᠨ ᠬᠥᠮᠦᠨ ᠨᠢ ᠠᠰᠠᠭᠤᠳᠠᠯ ᠢ ᠨᠠᠷᠢᠯᠢᠭ ᠣᠨᠣᠪᠴᠢᠲᠠᠶ ᠪᠠᠷ ᠢᠯᠭᠠᠨ ᠲᠠᠨᠢᠵᠤ᠂ ᠤᠯᠠᠮᠵᠢᠯᠠᠯᠲᠤ ᠬᠠᠮᠢᠶᠠᠷᠤᠯᠲᠠ ᠶᠢᠨ ᠳᠤᠮᠳᠠ ᠭᠠᠷᠴᠤ ᠮᠡᠳᠡᠬᠦ ᠣᠷᠬᠢᠭᠳᠠᠭᠤᠯᠬᠤ ᠪᠠ ᠪᠤᠷᠤᠭᠤ ᠮᠠᠭᠠᠳᠯᠠᠬᠤ ᠠᠴᠠ ᠵᠠᠶᠢᠯᠠᠰᠬᠢᠵᠠᠢ᠃ ᠲᠤᠭ᠎ᠠ ᠪᠠᠷᠢᠮᠲᠠ ᠶᠢᠨ ᠵᠠᠳᠠᠯᠤᠯᠲᠠ ᠪᠠ ᠣᠶᠤᠨᠴᠢ ᠦᠨᠡᠯᠡᠯᠲᠡ ᠪᠠᠷ ᠳᠡᠮᠵᠢᠨ᠂ ᠬᠤᠲᠠ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠬᠤᠲᠠ ᠶᠢᠨ ᠬᠠᠮᠢᠶᠠᠷᠤᠯᠲᠠ ᠶᠢᠨ ᠪᠣᠳᠠᠲᠠᠶ ᠪᠠᠶᠢᠳᠠᠯ ᠢ ᠨᠠᠩ ᠣᠨᠣᠪᠴᠢᠲᠠᠶ ᠡᠵᠡᠮᠰᠢᠵᠦ᠂ ᠨᠠᠩ ᠰᠢᠨᠵᠢᠯᠡᠬᠦ ᠤᠬᠠᠭᠠᠨᠴᠢ ᠵᠦᠶ ᠵᠣᠬᠢᠰᠲᠠᠶ ᠬᠠᠮᠢᠶᠠᠷᠤᠯᠲᠠ ᠶᠢᠨ ᠠᠷᠭ᠎ᠠ ᠪᠣᠳᠣᠯᠭ᠎ᠠ ᠲᠣᠭᠲᠠᠭᠠᠬᠤ ᠳᠤ ᠦᠨᠳᠦᠰᠦᠯᠡᠯ  ᠬᠠᠩᠭᠠᠵᠤ ᠦᠭᠭᠦᠪᠡ᠃     ᠮᠡᠷᠭᠡᠵᠢᠯ ᠤᠨ ᠲᠠᠰᠤᠷᠠᠯᠲᠠ ᠦᠭᠡᠢ ᠳᠠᠪᠰᠢᠯᠲᠠ ᠪᠠ ᠬᠡᠷᠡᠭᠯᠡᠭᠡᠨ ᠤ ᠭᠦᠨᠵᠡᠭᠡᠶ ᠳᠡᠯᠭᠡᠷᠡᠭᠦᠯᠬᠦ ᠶᠢ ᠳᠠᠭᠠᠯᠳᠤᠨ᠂ ︽ᠬᠤᠲᠠ ᠶᠢᠨ ᠦᠵᠡᠮᠵᠢ ᠶᠢᠨ ᠮᠠᠰᠢᠨ ᠬᠥᠮᠦᠨ︾ ᠨᠢ ᠬᠤᠲᠠ ᠶᠢᠨ ᠬᠠᠮᠢᠶᠠᠷᠤᠯᠲᠠ ᠳᠤ ᠨᠠᠩ ᠴᠢᠬᠤᠯᠠ ᠦᠢᠯᠡᠳᠦᠯ  ᠢᠶᠠᠨ ᠦᠵᠡᠭᠦᠯᠵᠦ᠂ ᠬᠤᠲᠠ ᠶᠢᠨ ᠦᠷᠬᠦᠯᠵᠢᠯᠡᠨ ᠬᠦᠭᠵᠢᠬᠦ  ᠳᠤ ᠨᠡᠩ ᠰᠠᠶᠢᠨ ᠬᠦᠴᠦᠨ ᠴᠢᠳᠠᠯ ᠢᠶᠠᠨ ᠡᠷᠭᠦᠬᠦ ᠶᠢ ᠬᠦᠰᠡᠨ᠎ᠡ᠂ ᠨᠠᠩ ᠣᠯᠠᠨ ᠰᠢᠨᠵᠢᠯᠡᠭᠡ ᠮᠡᠷᠭᠡᠵᠢᠯ ᠤᠨ ᠠᠵᠤ ᠠᠬᠤᠶᠢᠯᠠᠯ ᠪᠠ ᠬᠠᠮᠢᠶᠠᠷᠤᠯᠲᠠ ᠶᠢᠨ ᠰᠠᠯᠠᠭ᠎ᠠ ᠮᠥᠴᠢᠷ ᠣᠷᠣᠯᠴᠠᠵᠤ᠂ ᠬᠤᠲᠠ ᠶᠢᠨ ᠬᠠᠮᠢᠶᠠᠷᠤᠯᠲᠠ ᠶᠢᠨ ᠰᠢᠨ᠎ᠡ ᠶᠢ ᠡᠭᠦᠳᠬᠦ ᠪᠠ ᠬᠥᠭᠵᠢᠯᠲᠡ ᠶᠢ ᠬᠠᠮᠲᠤ ᠪᠠᠷ ᠠᠬᠢᠭᠤᠯᠬᠤ ᠶᠢ ᠬᠦᠰᠡᠨ᠎ᠡ᠃   ᠢᠷᠡᠯᠲᠡ᠄ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠰᠣᠨᠢᠨ  
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1