ᠮᠠᠨ ᠤ ᠣᠷᠣᠨ ᠪᠣᠯ ᠲᠡᠦᠬᠡ ᠶᠢᠨ ᠳᠤᠷᠠᠰᠬᠠᠯᠲᠤ ᠵᠦᠢᠯᠡᠰ ᠤᠨ ᠡᠬᠢ ᠪᠠᠶᠠᠯᠢᠭ ᠤᠨ ᠲᠣᠮᠣ ᠣᠷᠣᠨ | ᠪᠣᠯᠣᠨ᠎ᠠ᠃ ᠤᠳᠤ ᠪᠦᠭᠦ ᠣᠷᠣᠨ ᠳᠤ ᠰᠢᠯᠵᠢᠭᠦᠯᠵᠦ ᠦᠯᠦ ᠪᠤᠯᠬᠤ ᠲᠡᠦᠬᠡ ᠶᠢᠨ ᠳᠤᠷᠠᠰᠬᠠᠯᠲᠤ ᠵᠦᠢᠯᠡᠰ 21099᠂ | ᠤᠯᠤᠰ ᠤᠨ ᠨᠢᠭᠡᠳᠦᠭᠡᠷ ᠳᠡᠰ ᠤᠨ ᠮᠦᠽᠧᠢ 9 ᠪᠠᠶᠢᠵᠤ᠂ ᠮᠦᠽᠧᠢ ᠳᠤ ᠬᠠᠳᠠᠭᠠᠯᠠᠵᠤ ᠪᠠᠶᠢᠭ᠎ᠠ ᠲᠡᠦᠬᠡ ᠶᠢᠨ | ᠳᠤᠷᠠᠰᠬᠠᠯᠲᠤ ᠵᠦᠢᠯᠡᠰ 112.5 ᠲᠦᠮᠡᠨ ᠵᠦᠢᠯ / ᠢᠵᠢ ᠪᠠᠶᠢᠵᠤ᠂ ᠲᠡᠦᠬᠡ ᠶᠢᠨ ᠳᠤᠷᠠᠰᠬᠠᠯᠲᠤ ᠵᠦᠢᠯᠡᠰ ᠤᠨ | ᠥᠩᠭᠡᠷᠡᠭᠰᠡᠨ ᠢ ᠲᠡᠮᠳᠡᠭᠯᠡᠨ᠂ ᠣᠳᠣᠬᠢ ᠶᠢ ᠲᠤᠰᠬᠠᠵᠤ᠂ ᠢᠷᠡᠭᠡᠳᠦᠢ ᠶᠢ ᠰᠡᠩᠬᠡᠷᠡᠭᠦᠯᠬᠦ ᠦᠢᠯᠡᠳᠦᠯ ᠢ ᠭᠦᠢᠴᠡᠳ | ᠪᠠᠳᠠᠷᠠᠭᠤᠯᠵᠤ ᠪᠠᠶᠢᠨ᠎ᠠ᠃ | ᠮᠠᠨ ᠤ ᠣᠷᠣᠨ ᠳᠦᠷᠢᠮ ᠤᠨ ᠪᠠᠶᠢᠭᠤᠯᠤᠯᠲᠠ ᠶᠢ ᠴᠢᠩᠭᠠᠳᠬᠠᠬᠤ᠂ ᠠᠵᠢᠯ ᠤᠨ ᠲᠣᠭᠲᠠᠴᠠ ᠶᠢ | ᠲᠡᠭᠦᠯᠳᠡᠷᠵᠢᠭᠦᠯᠬᠦ᠂ ᠵᠠᠷᠤᠳᠠᠯ ᠤᠨ ᠪᠠᠲᠤᠯᠠᠭ᠎ᠠ ᠶᠢ ᠴᠢᠩᠭᠠᠷᠠᠭᠤᠯᠬᠤ ᠠᠴᠠ ᠭᠠᠷᠳᠠᠨ᠂ ᠪᠦᠲᠦᠮᠵᠢᠲᠡᠶ ᠠᠷᠭ᠎ᠠ ᠬᠡᠮᠵᠢᠶ᠎ᠡ | ᠠᠪᠴᠤ ᠪᠠᠶᠢᠭᠠᠳ ᠲᠡᠦᠬᠡ ᠶᠢᠨ ᠳᠤᠷᠠᠰᠬᠠᠯᠲᠤ ᠵᠦᠢᠯᠡᠰ ᠪᠣᠯᠣᠨ ᠰᠣᠶᠣᠯ ᠤᠨ ᠥᠪ ᠢ ᠬᠠᠮᠠᠭᠠᠯᠠᠨ ᠠᠰᠢᠭᠯᠠᠬᠤ ᠶᠢ | ᠪᠦᠬᠦᠯᠢ ᠴᠣᠭᠴᠠ ᠪᠠᠷ ᠨᠢ ᠨᠢᠭᠡᠳᠦᠯᠲᠡᠢ ᠲᠥᠯᠥᠪᠯᠡᠬᠦ ᠶᠢ ᠰᠠᠶᠢᠲᠤᠷ ᠬᠢᠵᠦ᠂ ᠬᠤᠪᠢᠰᠬᠠᠯ ᠤᠨ ᠳᠤᠷᠠᠰᠬᠠᠯᠲᠤ | ᠵᠦᠢᠯᠡᠰ ᠢ ᠬᠠᠮᠠᠭᠠᠯᠠᠵᠤ ᠠᠰᠢᠭᠯᠠᠬᠤ ᠳᠦᠷᠢᠮ ᠢ ᠨᠡᠶᠢᠲᠡᠯᠡᠨ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠦᠢᠯᠡᠰ | ᠤᠨ ᠬᠥᠭᠵᠢᠯᠲᠡ ᠶᠢᠨ ᠰᠢᠷᠢᠰ ᠲᠥᠯᠦᠪᠵᠢᠭᠦᠯᠭᠡ ᠶᠢ ᠳᠠᠷᠤᠮᠠᠯᠯᠠᠨ ᠲᠠᠷᠬᠠᠭᠠᠵᠤ᠂ ᠰᠣᠶᠣᠯ ᠤᠨ ᠥᠪ ᠢ ᠬᠠᠮᠠᠭᠠᠯᠠᠬᠤ | ᠠᠵᠢᠯ ᠤᠨ ᠬᠠᠮᠲᠤᠷᠠᠯᠴᠠᠭᠠᠨ ᠤ ᠳᠦᠷᠢᠮ ᠢ ᠪᠠᠶᠢᠭᠤᠯᠤᠨ᠂ ᠬᠠᠮᠠᠭᠠᠯᠠᠵᠤ ᠠᠰᠢᠭᠯᠠᠬᠤ ᠪᠦᠬᠦᠯᠢ ᠴᠣᠭᠴᠠ ᠶᠢᠨ | ᠬᠦᠴᠦᠨ ᠢ ᠪᠦᠷᠢᠯᠳᠦᠭᠦᠯᠪᠡ᠃ ᠭᠤᠣᠯᠳᠠᠯᠭ᠎ᠠ ᠲᠠᠢ ᠢᠨᠵᠧᠨᠧᠷᠢᠩ ᠢ ᠬᠡᠷᠡᠭᠵᠢᠭᠦᠯᠬᠦ᠂ ᠲᠤᠰᠬᠠᠢ ᠠᠵᠢᠯ ᠥᠷᠨᠢᠭᠦᠯᠬᠦ᠂ | ᠰᠠᠭᠤᠷᠢ ᠶᠢ ᠪᠠᠬᠢᠵᠢᠭᠦᠯᠬᠦ᠂ ᠬᠤᠷᠢᠭ᠎ᠠ ᠱᠤᠭᠤᠮ ᠢ ᠪᠠᠲᠤ ᠴᠣᠭᠴᠠᠯᠠᠬᠤ ᠪᠠᠷ ᠳᠠᠮᠵᠢᠨ ᠬᠠᠮᠠᠭᠠᠯᠠᠵᠤ ᠤᠯᠠᠮᠵᠢᠯᠠᠬᠤ | ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠵᠤ᠂ ᠬᠤᠩᠱᠠᠨ ᠰᠣᠶᠣᠯ ᠤᠨ ᠪᠠᠭᠤᠷᠢ ᠵᠡᠷᠭᠡ ᠶᠢ ᠳᠡᠯᠡᠬᠡᠢ ᠶᠢᠨ ᠰᠣᠶᠣᠯ | ᠤᠨ ᠥᠪ ᠢᠶᠠᠷ ᠮᠡᠳᠡᠭᠦᠯᠬᠦ ᠶᠢ ᠠᠬᠢᠭᠤᠯᠤᠨ᠂ ᠦ᠋ ᠠᠨ ᠵᠧᠦ ᠶᠢᠨ ᠯᠢᠶᠣᠤ ᠶᠢᠨ ᠰᠤᠪᠤᠷᠭ᠎ᠠ᠂ ᠠᠷᠵᠠᠢ ᠶᠢᠨ ᠴᠢᠯᠠᠭᠤᠨ | ᠠᠭᠤᠢ ᠵᠡᠷᠭᠡ ᠡᠷᠲᠡᠨ ᠤ ᠪᠠᠷᠢᠯᠭ᠎ᠠ᠂ ᠡᠷᠲᠡᠨ ᠤ ᠪᠠᠭᠤᠷᠢ᠂ ᠡᠷᠲᠡᠨ ᠤ ᠣᠩᠭᠤᠨ ᠢ ᠰᠡᠯᠪᠢᠨ ᠵᠠᠰᠠᠵᠤ ᠬᠠᠮᠠᠭᠠᠯᠠᠬᠤ | ᠢᠨᠵᠧᠨᠧᠷᠢᠩ ᠢ 550 ᠭᠠᠷᠤᠢ ᠵᠦᠢᠯ ᠪᠡᠶᠡᠯᠡᠭᠦᠯᠵᠦ᠂ ᠯᠢᠶᠣᠤ ᠤᠯᠤᠰ ᠤᠨ ᠳᠡᠭᠡᠳᠦ ᠨᠡᠶᠢᠰᠯᠡᠯ ᠤᠨ ᠤᠯᠤᠰ ᠤᠨ | ᠬᠠᠭᠤᠴᠢ ᠰᠤᠳᠤᠯᠤᠯ ᠤᠨ ᠪᠠᠭᠤᠷᠢ ᠶᠢᠨ ᠴᠡᠴᠡᠷᠯᠢᠭ ᠢ ᠪᠠᠶᠢᠭᠤᠯᠤᠨ᠂ ᠣᠷᠳᠣ ᠴᠠᠭᠠᠨ ᠬᠡᠷᠡᠮ ᠤᠨ ᠬᠠᠮᠠᠭᠠᠯᠠᠯᠲᠠ ᠶᠢᠨ | ᠲᠠᠯ᠎ᠠ ᠪᠠᠷ ᠮᠤᠵᠢ ᠣᠷᠣᠨ ᠠᠯᠤᠰᠯᠠᠭᠰᠠᠨ ᠬᠠᠮᠲᠤᠷᠠᠯᠴᠠᠭᠠᠨ ᠤ ᠵᠥᠪᠯᠡᠯᠴᠡᠭᠡᠷ ᠲᠣᠭᠲᠠᠵᠤ᠂ ᠵᠢᠯᠣᠭᠤᠴᠢ ᠦᠭᠡᠢ | ᠨᠢᠰᠬᠡᠯ ᠢᠶᠠᠷ ᠲᠡᠦᠬᠡ ᠶᠢᠨ ᠳᠤᠷᠠᠰᠬᠠᠯᠲᠤ ᠵᠦᠢᠯᠡᠰ ᠤᠨ ᠡᠷᠲᠡᠨ ᠤ ᠦᠯᠡᠳᠡᠭᠳᠡᠯ ᠢ ᠴᠠᠭᠳᠠᠨ ᠪᠠᠶᠢᠴᠠᠭᠠᠬᠤ ᠶᠢ | ᠨᠡᠶᠢᠳᠡᠮ ᠪᠦᠷᠬᠦᠭᠦᠯᠵᠦ᠂ ᠬᠠᠮᠠᠭᠠᠯᠠᠵᠤ ᠤᠯᠠᠮᠵᠢᠯᠠᠬᠤ ᠦᠷ᠎ᠡ ᠪᠦᠲᠦᠮᠵᠢ ᠶᠢ ᠯᠠᠪᠳᠠᠭᠤᠨ ᠪᠠᠲᠤᠲᠠᠢ ᠳᠡᠭᠡᠭᠰᠢᠯᠡᠭᠦᠯᠪᠡ᠃ | ᠣᠶᠢᠯᠠᠭᠠᠭᠰᠠᠨ ᠢᠶᠠᠷ᠂ ᠮᠠᠨ ᠤ ᠣᠷᠣᠨ ᠪᠣᠷᠣᠳᠣᠬᠤᠢ ᠣᠷᠣᠨ ᠤ ᠰᠠᠭᠤᠷᠢᠰᠢᠯ ᠬᠢᠭᠡᠳ ᠨᠡᠶᠢᠭᠡᠮ ᠤᠨ | ᠰᠤᠳᠤᠯᠤᠯ᠂ ᠬᠤᠩᠱᠠᠨ ᠨᠡᠶᠢᠭᠡᠮ ᠤᠨ ᠪᠣᠯᠪᠠᠰᠤᠨ ᠤ ᠪᠤᠳᠤᠯᠢᠶᠠᠨᠲᠤ ᠠᠬᠢᠴᠠ ᠶᠢᠨ ᠰᠤᠳᠤᠯᠤᠯ ᠵᠡᠷᠭᠡ ︽ᠬᠠᠭᠤᠴᠢ | ᠰᠤᠳᠤᠯᠤᠯ ᠤᠨ ᠳᠤᠮᠳᠠᠳᠤ ᠤᠯᠤᠰ︾ ᠤᠨ ᠴᠢᠬᠤᠯᠠ ᠶᠡᠭᠡ ᠲᠥᠷᠥᠯ ᠵᠦᠢᠯ ᠪᠣᠯᠣᠨ ᠰᠢᠷᠠᠤ᠋ᠰᠤ ᠶᠢᠨ ᠪᠠᠭᠤᠷᠢ᠂ ᠴᠢᠩ | ᠱᠦᠢ ᠾᠧ ᠰᠢᠶᠠᠨ ᠤ ᠾᠧᠦ ᠴᠧᠩ ᠽᠦᠢ ᠶᠢᠨ ᠪᠠᠭᠤᠷᠢ᠂ ᠰᠦᠩᠱᠠᠨ ᠲᠣᠭᠤᠷᠢᠭ ᠤᠨ ᠼᠠᠢ ᠲᠤᠤ ᠫᠥᠸᠧ ᠶᠢᠨ | ᠪᠠᠭᠤᠷᠢ ᠵᠡᠷᠭᠡ ᠬᠠᠭᠤᠴᠢ ᠰᠤᠳᠤᠯᠤᠯ ᠤᠨ ᠢᠯᠡᠷᠡᠭᠦᠯᠦᠯᠲᠡ ᠳᠤ ᠡᠯᠪᠡᠭ ᠪᠠᠶᠠᠯᠢᠭ ᠦᠷ᠎ᠡ ᠪᠦᠲᠦᠭᠡᠯ ᠣᠯᠵᠤ᠂ | ᠬᠥᠮᠥᠨ ᠲᠥᠷᠥᠯᠬᠢᠲᠡᠨ ᠤ ᠲᠡᠦᠬᠡ ᠪᠠ ᠰᠣᠶᠣᠯ ᠤᠨ ᠲᠡᠦᠬᠡ ᠶᠢ ᠬᠠᠶᠢᠨ ᠰᠦᠪᠡᠭᠴᠢᠯᠡᠬᠦ ᠳᠤ ᠡᠯᠪᠡᠭ ᠪᠠᠶᠠᠯᠢᠭ | ᠪᠣᠳᠠᠲᠤ ᠭᠡᠷᠡᠴᠢ ᠬᠠᠩᠭᠠᠵᠠᠢ᠃ ᠪᠠᠰᠠ ᠲᠡᠦᠬᠡ ᠶᠢᠨ ᠳᠤᠷᠠᠰᠬᠠᠯᠲᠤ ᠵᠦᠢᠯᠡᠰ ᠤᠨ ᠰᠢᠨ᠎ᠡ ᠶᠢ ᠡᠭᠦᠳᠬᠦ ᠴᠢᠨᠠᠷᠲᠠᠢ | ᠬᠥᠭᠵᠢᠭᠦᠯᠦᠯᠲᠡ᠂ ᠠᠭᠤᠰᠤᠯᠴᠠᠭᠤᠯᠬᠤ ᠴᠢᠨᠠᠷᠲᠠᠢ ᠠᠰᠢᠭᠯᠠᠯᠲᠠ ᠳᠤ ᠭᠤᠣᠯᠳᠠᠯᠭ᠎ᠠ ᠪᠠᠨ ᠲᠠᠯᠪᠢᠨ᠂ ︽ᠤᠭ | ᠦᠨᠳᠦᠰᠦ︾᠂ ︽ᠴᠠᠭ ᠤᠨ ᠪᠡᠯᠡᠭ︾ ᠵᠡᠷᠭᠡ ᠤᠬᠠᠭᠤᠯᠭ᠎ᠠ ᠶᠢᠨ ᠮᠡᠳᠡᠭᠡᠯᠡᠯ ᠨᠡᠶᠢᠲᠡᠯᠡᠵᠦ᠂ ᠡᠨᠡ ᠵᠢᠯ ᠮᠠᠨ ᠤ ᠣᠷᠣᠨ ᠤ | 6 ᠮᠦᠽᠧᠢ ᠤᠯᠤᠰ ᠤᠨ ᠨᠢᠭᠡᠳᠦᠭᠡᠷ ᠳᠡᠰ ᠤᠨ ᠮᠦᠽᠧᠢ ᠪᠣᠯᠵᠤ᠂ ᠥᠪᠥᠷ ᠮᠣᠩᠭᠤᠯ ᠤᠨ ᠮᠦᠽᠧᠢ 2024 ᠣᠨ | ᠤ ︽ᠪᠦᠭᠦ ᠤᠯᠤᠰ ᠤᠨ ᠬᠠᠮᠤᠭ ᠠᠴᠠ ᠰᠢᠨ᠎ᠡ ᠶᠢ ᠡᠭᠦᠳᠬᠦ ᠬᠦᠴᠦᠨ ᠲᠠᠢ ᠮᠦᠽᠧᠢ︾ ᠶᠢᠨ ᠢᠷᠠᠭᠤ ᠠᠯᠳᠠᠷ ᠢ | ᠭᠦᠷᠳᠡᠪᠡ᠃ | |