︽ᠬᠠᠤᠯᠢ ᠴᠠᠭᠠᠵᠠ ᠶᠢᠨ ᠮᠡᠷᠭᠡᠨ ᠬᠥᠮᠦᠨ︾ ᠤ ᠬᠠᠤᠯᠢ ᠴᠠᠭᠠᠵᠠ ᠲᠥᠷᠥ ᠶᠢᠨ ᠪᠣᠳᠣᠯᠭ᠎ᠠ ᠶᠢ | ᠤᠬᠠᠭᠤᠯᠤᠨ ᠲᠠᠶᠢᠯᠪᠤᠷᠢᠯᠠᠬᠤ᠂ ᠵᠥᠷᠢᠴᠡᠯ ᠵᠢᠭᠤᠷᠠᠯᠳᠤᠭᠠᠨ ᠢ ᠠᠷᠢᠯᠭᠠᠬᠤ᠂ ᠦᠨᠳᠦᠰᠦᠨ ᠱᠠᠲᠤᠨ ᠤ ᠨᠡᠶᠢᠭᠡᠮ ᠤᠨ | ᠵᠠᠰᠠᠯᠲᠠ ᠳᠤ ᠣᠷᠣᠯᠴᠠᠬᠤ ᠳᠤᠮᠳᠠᠬᠢ ᠢᠳᠡᠪᠬᠢ ᠦᠢᠯᠡᠳᠦᠯ ᠢ ᠭᠦᠢᠴᠡᠳ ᠪᠠᠳᠠᠷᠠᠭᠤᠯᠵᠤ᠂ ᠦᠨᠳᠦᠰᠦᠨ ᠱᠠᠲᠤᠨ ᠤ | ᠡᠮᠡᠭᠲᠡᠶ ᠺᠠᠳ᠋ᠷ ᠤᠨ ᠬᠠᠤᠯᠢ ᠴᠠᠭᠠᠵᠠ ᠶᠢᠨ ᠬᠡᠪ ᠪᠣᠯᠪᠠᠰᠤᠷᠠᠯ ᠢ ᠤᠯᠠᠮ ᠨᠢᠭᠡ ᠠᠯᠬᠤᠮ ᠲᠡᠭᠡᠭᠰᠢᠯᠡᠭᠦᠯᠬᠦ ᠶᠢᠨ | ᠲᠦᠯᠦᠭᠡ᠂ ᠣᠶᠢᠷ᠎ᠠ ᠳᠤ᠂ ᠲᠤᠭᠳᠠᠬᠤ ᠰᠢᠶᠠᠨ ᠤ ᠡᠮᠡᠭᠲᠡᠶᠢᠴᠦᠳ ᠤᠨ ᠬᠤᠯᠪᠤᠭ᠎ᠠ᠂ ᠲᠣᠭᠲᠠᠬᠤ ᠰᠢᠶᠠᠨ ᠤ ᠨᠠᠮ ᠤᠨ | ᠬᠤᠷᠢᠶᠠᠨ ᠤ ᠨᠠᠮ ᠤᠨ ᠰᠤᠷᠭᠠᠭᠤᠯᠢ ᠳᠤ 2024 ᠣᠨ ᠤ ︽ᠡᠮᠡᠭᠲᠡᠶᠢᠴᠦᠳ ᠤᠨ ᠬᠠᠤᠯᠢ ᠴᠠᠭᠠᠵᠠ ᠶᠢᠨ ᠶᠡᠷᠦ ᠶᠢᠨ | ᠮᠡᠳᠡᠯᠭᠡ ᠶᠢ ᠲᠦᠭᠡᠮᠡᠯᠵᠢᠭᠦᠯᠬᠦ ᠬᠥᠳᠡᠭᠡ ᠲᠣᠰᠬᠤᠨ ᠤ ᠠᠶᠠᠯᠠᠯ︾ ᠵᠢᠴᠢ ︽ᠬᠠᠤᠯᠢ ᠴᠠᠭᠠᠵᠠ ᠶᠢᠨ ᠮᠡᠷᠭᠡᠨ ᠬᠥᠮᠦᠨ︾ | ᠤ ᠲᠤᠰᠬᠠᠶ ᠰᠡᠳᠦᠪᠲᠦ ᠪᠤᠯᠪᠠᠰᠤᠷᠠᠯ ᠤᠨ ᠠᠵᠢᠯᠯᠠᠭ᠎ᠠ ᠶᠢ ᠡᠷᠭᠢᠯᠡᠵᠦ᠂ ᠡᠯ᠎ᠡ ᠪᠠᠯᠭᠠᠰᠤ᠂ ᠲᠣᠰᠬᠤᠨ ︵ᠨᠡᠶᠢᠭᠡᠮ | ᠲᠣᠭᠤᠷᠢᠭ︶ ᠤ ᠡᠮᠡᠭᠲᠡᠶᠢᠴᠦᠳ ᠤᠨ ᠬᠤᠯᠪᠤᠭ᠎ᠠ ᠶᠢᠨ 170 ᠭᠠᠷᠤᠶ ᠺᠠᠳ᠋ᠷ ᠪᠣᠯᠪᠠᠰᠤᠷᠠᠯ ᠳᠤ ᠣᠷᠣᠯᠴᠠᠪᠠ᠃ | | | | | ᠲᠣᠰ ᠤᠳᠠᠭᠠᠨ ᠤ ᠪᠣᠯᠪᠠᠰᠤᠷᠠᠯ ᠢ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨ᠎ᠠ ᠵᠡᠷᠭᠡ ᠪᠠᠷ ᠵᠢᠭᠠᠨ | ᠰᠤᠷᠭᠠᠬᠤ᠂ ᠵᠡᠷᠭᠡ ᠪᠠᠷ ᠰᠢᠯᠭᠠᠬᠤ ᠠᠷᠭ᠎ᠠ ᠮᠠᠶ᠋ᠢᠭ ᠢᠶᠠᠷ ᠶᠠᠪᠤᠭᠳᠠᠭᠤᠯᠪᠠ᠃ ᠪᠣᠯᠪᠠᠰᠤᠷᠠᠯ ᠳᠤ᠂ ᠪᠡᠭᠡᠵᠢᠩ | ᠬᠤᠲᠠ ᠶᠢᠨ ᠵᠢᠩ ᠱᠢ ︵ᠬᠥᠬᠡᠬᠤᠲᠠ︶ ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠤᠨ ᠵᠠᠩ ᠬᠤᠶ ᠬᠠᠤᠯᠢᠴᠢ ︽ | ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠮᠡᠭᠲᠡᠶᠢᠴᠦᠳ ᠤᠨ ᠡᠷᠬᠡ ᠠᠰᠢᠭ ᠢ ᠪᠠᠲᠤᠯᠠᠬᠤ ᠬᠠᠤᠯᠢ︾᠂ | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠷᠭᠡᠨ ᠤ ᠬᠠᠤᠯᠢ ᠶᠢᠨ ᠪᠢᠴᠢᠭ︾ ᠢᠶᠠᠷ ᠭᠤᠤᠯ | ᠰᠡᠳᠦᠪ ᠪᠣᠯᠭᠠᠵᠤ᠂ ᠣᠯᠠᠨ ᠲᠦᠮᠡᠨ ᠤ ᠠᠮᠢᠳᠤᠷᠠᠯ ᠳᠤ ᠪᠠᠶᠢᠩᠭᠤ ᠲᠣᠬᠢᠶᠠᠯᠳᠤᠳᠠᠭ ᠤᠷᠤᠭ ᠤᠨ ᠵᠢᠭᠤᠷᠠᠯᠳᠤᠭᠠᠨ᠂ | ᠬᠡᠷ ᠪᠦᠯᠢ ᠶᠢᠨ ᠬᠦᠴᠦᠷᠬᠡᠭᠯᠡᠯ᠂ ᠡᠳ᠋ ᠬᠥᠷᠥᠩᠭᠡ ᠶᠢᠨ ᠬᠤᠪᠢᠶᠠᠷᠢᠯᠠᠯᠲᠠ ᠵᠡᠷᠭᠡ ᠠᠰᠠᠭᠤᠳᠠᠯ ᠤᠨ ᠲᠣᠭᠤᠷᠢᠨ ᠳᠤ᠂ | ᠪᠣᠳᠠᠲᠤ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ ᠣᠯᠠᠨ ᠳᠤ ᠬᠠᠤᠯᠢ ᠴᠠᠭᠠᠵᠠ ᠶᠢᠨ ᠮᠡᠳᠡᠯᠭᠡ ᠶᠢ ᠬᠡᠷᠬᠢᠨ | ᠬᠡᠷᠡᠭᠯᠡᠨ ᠤᠷᠤᠭ ᠭᠡᠷ ᠪᠦᠯᠢ ᠶᠢᠨ ᠵᠥᠷᠢᠴᠡᠯ ᠵᠢᠭᠤᠷᠠᠯᠳᠤᠭᠠᠨ ᠢ ᠠᠷᠢᠯᠭᠠᠵᠤ᠂ ᠡᠮᠡᠭᠲᠡᠶᠢᠴᠦᠳ ᠬᠡᠤᠬᠡᠳ ᠤᠨ ᠬᠠᠤᠯᠢ | ᠶᠣᠰᠣᠨ ᠤ ᠡᠷᠬᠡ ᠠᠰᠢᠭ ᠢ ᠬᠠᠮᠠᠭᠠᠯᠠᠭᠰᠠᠨ ᠪᠥᠭᠡᠳ ᠣᠯᠠᠨ ᠤ ᠡᠳᠦᠷ ᠲᠤᠲᠤᠮ ᠤᠨ ᠠᠵᠢᠯ ᠠᠮᠢᠳᠤᠷᠠᠯ ᠤᠨ ᠳᠤᠮᠳᠠ | ᠲᠤᠯᠭᠠᠷᠠᠭᠰᠠᠨ ᠬᠥᠷᠰᠢ ᠵᠡᠷᠭᠡᠯᠡᠳᠡᠭᠡ᠂ ᠤᠷᠤᠭ ᠭᠡᠷ ᠪᠦᠯᠢ ᠶᠢᠨ ᠵᠢᠭᠤᠷᠠᠯᠳᠤᠭᠠᠨ ᠵᠡᠷᠭᠡ ᠪᠠᠶᠢᠩᠭᠤ ᠲᠣᠬᠢᠶᠠᠯᠳᠤᠬᠤ | ᠠᠰᠠᠭᠤᠳᠠᠯ ᠳᠤ ᠨᠠᠷᠢᠨ ᠲᠣᠳᠣᠷᠬᠠᠶ ᠬᠠᠷᠢᠭᠤᠯᠲᠠ ᠥᠭᠴᠦ᠂ ︽ᠡᠮᠡᠭᠲᠡᠶᠢᠴᠦᠳ ᠤᠨ ᠬᠠᠤᠯᠢ ᠴᠠᠭᠠᠵᠠ ᠶᠢᠨ ᠮᠡᠷᠭᠡᠨ | ᠬᠥᠮᠦᠨ︾ ᠤ ᠬᠠᠤᠯᠢ ᠶᠢ ᠰᠤᠷᠴᠤ ᠬᠠᠤᠯᠢ ᠶᠢ ᠬᠡᠷᠡᠭᠯᠡᠬᠦ ᠴᠢᠳᠠᠪᠤᠷᠢ ᠶᠢ ᠪᠦᠲᠦᠮᠵᠢᠲᠡᠶ ᠳᠡᠭᠡᠭᠰᠢᠯᠡᠭᠦᠯᠪᠡ᠃ | ᠪᠣᠯᠪᠠᠰᠤᠷᠠᠯ ᠳᠠᠭᠤᠰᠤᠭᠰᠠᠨ ᠤ ᠳᠠᠷᠠᠭ᠎ᠠ᠂ ᠪᠣᠯᠪᠠᠰᠤᠷᠠᠯ ᠳᠤ ᠣᠷᠣᠯᠴᠠᠭᠰᠠᠨ ᠰᠤᠷᠤᠭᠴᠢᠳ ᠢ ᠵᠣᠬᠢᠶᠠᠨ ᠪᠠᠶᠢᠭᠤᠯᠤᠨ | ᠬᠢᠴᠢᠶᠡᠯ ᠤᠨ ᠠᠭᠤᠯᠭ᠎ᠠ ᠳᠤ ᠲᠤᠬᠠᠶ ᠶᠢᠨ ᠲᠠᠯᠠᠪᠤᠷ ᠤᠨ ᠰᠢᠯᠭᠠᠨ ᠲᠣᠭᠲᠠᠭᠠᠯᠲᠠ ᠬᠢᠵᠦ᠂ ᠣᠯᠠᠨ ᠤ | ᠰᠤᠷᠤᠯᠴᠠᠯᠭ᠎ᠠ ᠶᠢᠨ ᠦᠷ᠎ᠡ ᠪᠦᠲᠦᠭᠡᠯ ᠢ ᠰᠢᠯᠭᠠᠨ ᠪᠠᠶᠢᠴᠠᠭᠠᠪᠠ᠃ ᠰᠢᠯᠭᠠᠯᠲᠠ ᠪᠠᠷ ᠳᠠᠮᠵᠢᠨ ᠤᠯᠠᠨ ᠤ ᠰᠣᠷᠣᠭᠰᠠᠨ | ᠮᠡᠳᠡᠯᠭᠡ ᠶᠢ ᠪᠠᠬᠢᠵᠢᠭᠦᠯᠦᠭᠰᠡᠨ ᠢᠶᠠᠷ ᠪᠠᠷᠠᠬᠤ ᠦᠭᠡᠢ ᠪᠠᠰᠠ ᠬᠠᠤᠯᠢ ᠴᠠᠭᠠᠵᠠ ᠶᠢᠨ ᠮᠡᠳᠡᠯᠭᠡ ᠶᠢᠨ ᠲᠤᠬᠠᠢ | ᠣᠶᠢᠯᠠᠭᠠᠯᠲᠠ ᠪᠠᠨ ᠤᠯᠠᠮ ᠨᠢᠭᠡ ᠠᠯᠬᠤᠮ ᠭᠦᠨᠵᠡᠭᠡᠶᠢᠷᠡᠭᠦᠯᠵᠡᠢ᠃ | ᠲᠣᠰ ᠤᠳᠠᠭᠠᠨ ᠤ ᠠᠵᠢᠯᠯᠠᠭ᠎ᠠ ᠪᠠᠷ ᠳᠠᠮᠵᠢᠭᠤᠯᠤᠨ᠂ ᠦᠨᠳᠦᠰᠦᠨ ᠱᠠᠲᠤᠨ ᠤ ᠡᠮᠡᠭᠲᠡᠶᠢᠴᠦᠳ ᠤᠨ | ᠬᠤᠯᠪᠣᠭ᠎ᠠ ᠶᠢᠨ ᠺᠠᠳ᠋ᠷᠴᠤᠳ ᠤᠨ ᠬᠠᠤᠯᠢ ᠴᠠᠭᠠᠵᠠ ᠶᠢᠨ ᠬᠡᠪ ᠪᠣᠯᠪᠠᠰᠤᠷᠠᠯ ᠪᠠ ᠬᠠᠤᠯᠢ ᠲᠦᠭᠡᠮᠡᠯᠵᠢᠭᠦᠯᠬᠦ | ᠴᠢᠳᠠᠪᠤᠷᠢ ᠶᠢ ᠳᠡᠭᠡᠭᠰᠢᠯᠡᠭᠦᠯᠦᠭᠰᠡᠨ ᠢᠶᠠᠷ ᠪᠠᠷᠠᠬᠤ ᠥᠬᠡᠶ᠂ ᠪᠠᠰᠠ ᠬᠠᠤᠯᠢ ᠪᠠᠷ ᠵᠠᠰᠠᠬᠤ ᠬᠥᠳᠡᠭᠡ ᠲᠣᠰᠬᠤᠨ ᠤ | ᠪᠥᠲᠥᠭᠡᠨ ᠪᠠᠶᠢᠭᠤᠯᠤᠯᠲᠠ ᠶᠢ ᠠᠬᠢᠭᠤᠯᠬᠤ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠭᠰᠡᠨ ᠪᠠᠶᠢᠨ᠎ᠠ᠃ | ᠳᠠᠷᠠᠭᠠᠴᠢ ᠶᠢᠨ ᠠᠯᠬᠤᠮ ᠳᠤ᠂ ᠰᠢᠶᠠᠨ ᠤ ᠡᠮᠡᠭᠲᠡᠶᠢᠴᠦᠳ ᠤᠨ ᠬᠤᠯᠪᠣᠭ᠎ᠠ ᠶᠢᠨ ᠬᠢᠨ ︽ᠬᠠᠤᠯᠢ ᠴᠠᠭᠠᠵᠠ ᠶᠢᠨ | ᠮᠡᠷᠭᠡᠨ ᠬᠥᠮᠦᠨ︾ ᠢ ᠶᠡᠬᠡᠪᠡᠷ ᠬᠥᠮᠦᠵᠢᠭᠦᠯᠵᠦ᠂ ︽ᠡᠮᠡᠭᠲᠡᠶᠢᠴᠦᠳ ᠤᠨ ᠬᠠᠤᠯᠢ ᠲᠦᠭᠡᠮᠡᠯᠵᠢᠭᠦᠯᠬᠦ ᠬᠥᠳᠡᠭᠡ | ᠲᠣᠰᠬᠤᠨ ᠤ ᠠᠶᠠᠯᠠᠯ︾ ᠤᠨ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠨᠠᠷᠢᠨ ᠨᠢᠮᠪᠠᠢ ︽ᠵᠠᠰᠠᠬᠤ︾ ᠪᠠᠷ | ᠦᠨᠳᠦᠰᠦᠨ ᠱᠠᠲᠤᠨ ᠤ ᠬᠠᠤᠯᠢ ᠴᠠᠭᠠᠵᠠ ᠶᠢᠨ ᠦᠢᠯᠡᠴᠢᠯᠡᠭᠡ ᠶᠢ ᠨᠠᠷᠢᠨ ᠨᠢᠮᠪᠠᠢ ᠥᠷᠨᠢᠭᠦᠯᠵᠦ᠂ ︽ᠬᠠᠤᠯᠢ | ᠴᠠᠭᠠᠵᠠ ᠶᠢᠨ ᠣᠶᠢᠯᠠᠭᠠᠬᠴᠢ︾ ᠶᠢ ᠲᠦᠷᠦ ᠶᠢᠨ ᠪᠤᠳᠤᠯᠭ᠎ᠠ ᠬᠠᠤᠯᠢ ᠲᠣᠭᠲᠠᠭᠠᠯ ᠤᠨ ︽ᠤᠬᠠᠭᠤᠯᠤᠭᠴᠢ︾᠂ | ᠬᠥᠳᠡᠭᠡ ᠲᠣᠰᠬᠤᠨ ᠤ ᠵᠠᠩ ᠰᠤᠷᠲᠠᠯ ᠤᠨ ᠪᠣᠯᠪᠠᠰᠤᠨ ᠤ ︽ᠤᠷᠢᠳ ᠢᠶᠠᠷ ᠬᠡᠷᠡᠭᠵᠢᠭᠦᠯᠦᠭᠴᠢ︾᠂ ᠵᠥᠷᠢᠴᠡᠯ | ᠵᠠᠭᠤᠷᠠᠯᠳᠤᠭᠠᠨ ᠤ ︽ᠡᠶᠡᠳᠡᠭᠦᠯᠦᠭᠴᠢ︾ ᠪᠣᠯᠤᠨ ᠡᠮᠡᠭᠲᠡᠶᠢᠴᠦᠳ ᠬᠡᠦᠬᠡᠳ ᠤᠨ ᠡᠷᠬᠡ ᠠᠰᠢᠭ ᠤᠨ ︽ᠪᠠᠲᠤᠯᠠᠭᠴᠢ︾ | ᠪᠣᠯᠭᠠᠵᠤ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠡᠩᠬᠡ ᠲᠠᠶᠢᠪᠤᠩ ᠠᠮᠤᠷ ᠠᠮᠤᠭᠤᠯᠠᠩ | ᠲᠣᠭᠲᠠᠬᠤ ᠶᠢᠨ ᠪᠠᠶᠢᠭᠤᠯᠤᠯᠲᠠ ᠳᠤ ︽ᠲᠦᠷᠦ ᠶᠢᠨ ᠬᠠᠭᠠᠰ ᠲᠤᠯᠭᠠᠭᠤᠷᠢ︾ ᠶᠢᠨ ᠬᠦᠴᠦᠨ ᠴᠢᠳᠠᠯ ᠢ ᠨᠡᠮᠡᠷᠢᠯᠡᠨ᠎ᠡ᠃ | | | ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠤᠨ ᠶᠦᠨ ᠵᠥᠩ ᠬᠠᠮ ᠵᠠᠭᠤᠴᠢᠯᠠᠭᠤᠷ |