ᠮᠠᠨ ᠤ ᠤᠯᠤᠰ ᠤᠨ ᠠᠩᠬᠠᠳᠠᠭᠴᠢ ᠪᠦᠬᠦ ᠤᠯᠤᠰ ᠤᠨ ᠬᠡᠪᠴᠢᠶᠠᠨ ᠤ ᠬᠥᠳᠡᠭᠡ ᠲᠣᠰᠬᠤᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠶᠢ ᠬᠥᠭᠵᠢᠭᠦᠯᠬᠦ  ᠶᠡᠷᠦᠩᠬᠡᠶᠢᠯᠡᠭᠰᠡᠨ ᠴᠢᠨᠠᠷᠲᠠᠶ ᠪᠠᠶᠢᠷᠢᠯᠠᠭᠤᠯᠤᠯᠲᠠ ᠨᠡᠶᠢᠳᠡᠯᠡᠭᠳᠡᠪᠡ
ᠨᠡᠶᠢᠲᠡᠯᠡᠭᠰᠡᠨ ᠴᠠᠭ᠄
2024/6/18
      ᠠᠷᠠᠳ ᠤᠨ ᠶᠠᠪᠤᠳᠠᠯ ᠤᠨ ᠶᠠᠮᠤᠨ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ᠂ ᠲᠠᠷᠢᠶᠠᠯᠠᠩ ᠬᠥᠳᠡᠭᠡ ᠲᠣᠰᠬᠤᠨ ᠤ ᠶᠠᠮᠤᠨ ᠵᠡᠷᠭᠡ 21 ᠰᠠᠯᠠᠭ᠎ᠠ ᠮᠥᠴᠢᠷ ᠣᠶᠢᠷ᠎ᠠ ᠳᠤ᠂ ︽ᠬᠥᠳᠡᠭᠡ ᠲᠣᠰᠬᠤᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠶᠢ ᠲᠦᠷᠭᠡᠳᠬᠡᠨ ᠬᠥᠭᠵᠢᠭᠦᠯᠬᠦ ᠲᠤᠬᠠᠶ ᠵᠢᠯᠣᠭᠤᠳᠬᠤ ᠰᠠᠨᠠᠯ︾ ᠢ ᠳᠠᠷᠤᠮᠠᠯᠯᠠᠨ ᠲᠠᠷᠬᠠᠭᠠᠪᠠ᠃ ᠡᠨᠡ ᠪᠤᠯ ᠮᠠᠨ ᠤ ᠤᠯᠤᠰ ᠤᠨ ᠠᠩᠬᠠᠲᠠᠭᠴᠢ ᠪᠦᠭᠦ ᠤᠯᠤᠰ ᠤᠨ ᠬᠡᠪᠴᠢᠶᠠᠨ ᠳᠤ ᠬᠦᠲᠡᠭᠡ ᠲᠤᠰᠬᠤᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠶᠢ ᠬᠦᠭᠵᠢᠭᠦᠯᠭᠦ ᠶᠡᠷᠦᠩᠭᠡᠢ ᠴᠢᠨᠠᠷᠲᠠᠢ᠂ ᠰᠢᠰᠲ᠋ᠧᠮᠳᠦ ᠴᠢᠨᠠᠷᠲᠠᠢ ᠪᠠᠶᠢᠷᠢᠯᠠᠭᠤᠯᠤᠯᠲᠠ ᠮᠦᠨ᠃    ᠰᠠᠨᠠᠯ ᠳᠤ ᠬᠠᠷᠠᠯᠲᠠ ᠶᠢ ᠲᠤᠭᠳᠠᠭᠠᠪᠠ᠂ 2025 ᠤᠨ ᠪᠤᠯᠳᠠᠯ᠎ᠠ᠂ ᠬᠥᠳᠡᠭᠡ ᠲᠣᠰᠬᠤᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠣᠤᠷ ᠰᠦᠯᠵᠢᠶ᠎ᠡ ᠶᠢ ᠤᠯᠠᠮ ᠨᠢᠭᠡ ᠠᠯᠬᠤᠮ ᠪᠦᠷᠢᠨᠰᠢᠬᠦᠯᠵᠦ᠂ ᠰᠢᠶᠠᠨ ︵ᠬᠤᠲᠠ᠂ ᠲᠣᠭᠤᠷᠢᠭ᠂ ᠬᠤᠰᠢᠭᠤ︶ ᠨᠢᠭᠡᠪᠦᠷᠢ ᠳᠤ ᠨᠠᠭᠠᠲᠤ ᠵᠠᠬ᠎ᠠ ᠳᠠᠭᠠᠨ ᠴᠢᠳᠠᠪᠤᠷᠢ ᠪᠠᠨ ᠠᠯᠳᠠᠭᠰᠠᠳ ᠢ ᠬᠠᠷᠠᠭᠠᠯᠵᠠᠨ ᠠᠰᠠᠷᠠᠬᠤ ᠪᠠᠷ ᠭᠤᠤᠯ ᠪᠣᠯᠭᠠᠭᠰᠠᠨ ᠰᠢᠶᠠᠨ ᠤ ᠱᠠᠲᠤᠨ ᠤ ᠣᠨᠴᠠ ᠬᠦᠴᠢᠷᠳᠡᠯᠲᠡᠶ ᠬᠥᠮᠦᠰ ᠢ ᠠᠰᠠᠷᠠᠨ ᠲᠡᠵᠢᠭᠡᠬᠦ ᠦᠢᠯᠡᠴᠢᠯᠡᠭᠡᠨ ᠤ ᠪᠠᠶᠢᠭᠤᠯᠤᠮᠵᠢ 1 ᠪᠠᠶᠢᠭᠤᠯᠵᠤ᠂ ᠮᠤᠵᠢ ᠶᠢᠨ ᠬᠡᠪᠴᠢᠶᠡᠨ ᠳᠠᠬᠢ ᠰᠢᠶᠠᠩ ᠪᠠᠯᠭᠠᠰᠤ ︵ᠵᠡᠭᠡᠯᠢ ᠭᠤᠳᠤᠮᠵᠢ︶ ᠶᠢᠨ ᠣᠷᠣᠨ ᠪᠦᠰᠡ ᠶᠢᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ ᠤᠨ ᠦᠢᠯᠡᠴᠢᠯᠡᠭᠡᠨ ᠤ ᠪᠦᠷᠬᠦᠴᠡ ᠶᠢᠨ ᠨᠣᠷᠮ᠎ᠠ ᠶᠢ 60% ᠠᠴᠠ ᠳᠣᠤᠷ᠎ᠠ ᠥᠬᠡᠶ ᠪᠠᠶᠢᠯᠭᠠᠵᠤ᠂ ᠬᠠᠷᠢᠯᠴᠠᠨ ᠬᠠᠪᠰᠤᠷᠤᠯᠴᠠᠬᠤ ᠨᠠᠰᠤᠵᠢᠯ ᠤᠨ ᠠᠰᠠᠷᠠᠮᠵᠢ ᠶᠢ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠳᠣᠭᠢᠷᠠᠭᠤᠯᠤᠨ ᠦᠷᠭᠦᠯᠵᠢᠯᠡᠨ ᠠᠬᠢᠭᠤᠯᠵᠤ᠂ ᠴᠢᠳᠠᠪᠤᠷᠢ ᠪᠠᠨ ᠠᠯᠳᠠᠭᠰᠠᠳ ᠢ ᠬᠠᠷᠠᠭᠠᠯᠵᠠᠨ ᠠᠰᠠᠷᠠᠬᠤ᠂ ᠡᠮᠴᠢᠯᠡᠭᠡ ᠪᠠ ᠡᠷᠡᠭᠦᠯᠵᠢᠯ ᠰᠤᠪᠢᠯᠠᠯᠲᠠ ᠶᠢ ᠤᠶᠠᠯᠳᠤᠭᠤᠯᠬᠤ᠂ ᠬᠤᠭᠤᠯᠠ ᠬᠦᠨᠡᠰᠦ᠂ ᠬᠠᠶᠢᠷ᠎ᠠ ᠬᠠᠯᠠᠮᠵᠢ ᠂  ᠰᠤᠷᠤᠯᠴᠠᠯᠭ᠎ᠠ᠂ ᠵᠤᠭ᠎ᠠ ᠴᠡᠩᠭᠡᠯ ᠵᠡᠷᠭᠡ ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠶᠢ ᠪᠦᠲᠦᠮᠵᠢᠲᠡᠶ ᠬᠠᠩᠭᠠᠨ᠎ᠠ᠃ ᠪᠠᠰᠠ ᠨᠢᠭᠡ ᠬᠤᠭᠤᠴᠠᠭᠠᠨ ᠤ ᠴᠢᠷᠮᠠᠶᠢᠯᠭ᠎ᠠ ᠪᠠᠷ ᠳᠡᠮᠵᠢᠨ᠂ ᠰᠢᠶᠠᠨ ᠤ ᠬᠡᠪᠴᠢᠶᠡᠨ ᠳᠤ ᠨᠢᠭᠡᠳᠦᠯᠲᠡᠶ ᠲᠥᠯᠥᠪᠯᠡᠨ᠂ ᠬᠤᠲᠠ ᠬᠥᠳᠡᠭᠡ ᠶᠢ ᠵᠣᠬᠢᠴᠠᠭᠤᠯᠵᠤ᠂ ᠰᠢᠶᠠᠩ  ᠪᠠᠯᠭᠠᠰᠤᠨ ᠤ ᠪᠤᠳᠠᠳᠠᠢ  ᠪᠠᠶᠢᠳᠠᠯ ᠳᠤ ᠨᠡᠶᠢᠴᠡᠭᠰᠡᠨ ᠬᠥᠳᠡᠭᠡ ᠲᠣᠰᠬᠤᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠰᠢᠰᠲ᠋ᠧᠮ ᠢ ᠨᠠᠩ ᠲᠡᠭᠦᠯᠳᠡᠷᠵᠢᠭᠦᠯᠵᠦ᠂ ᠬᠥᠳᠡᠭᠡ ᠲᠣᠰᠬᠤᠨ ᠤ ᠨᠠᠰᠤᠲᠠᠶᠢᠴᠤᠳ ᠤᠨ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ ᠥᠬᠡᠶ ᠲᠡᠭᠡᠭᠰᠢᠯᠡᠭᠦᠯᠦᠨ᠎ᠡ᠃     ᠰᠠᠨᠠᠯ ᠳᠤ᠂ ᠬᠥᠳᠡᠭᠡ ᠲᠣᠰᠬᠤᠨ ᠤ ᠨᠠᠰᠤᠵᠢᠯ ᠤᠨ ᠦᠢᠯᠡᠴᠢᠯᠡᠭᠡᠨ ᠤ ᠰᠦᠯᠵᠢᠶᠡᠨ ᠤ ᠪᠠᠶᠢᠭᠤᠯᠤᠯᠲᠠ ᠶᠢ ᠴᠢᠩᠭᠠᠳᠬᠠᠵᠤ᠂ ᠰᠢᠶᠠᠨ ᠤ ᠱᠠᠲᠤᠨ ᠤ ᠣᠨᠴᠠ ᠬᠦᠴᠢᠷᠳᠡᠯᠲᠡᠶ ᠬᠥᠮᠦᠰ ᠢ ᠠᠰᠠᠷᠠᠨ ᠲᠡᠵᠢᠭᠡᠬᠦ ᠦᠢᠯᠡᠴᠢᠯᠡᠭᠡᠨ ᠤ ᠪᠠᠶᠢᠭᠤᠯᠤᠮᠵᠢ ᠶᠢᠨ ᠴᠢᠳᠠᠮᠵᠢ ᠶᠢ ᠥᠷᠭᠡᠳᠬᠡᠵᠦ᠂ ᠰᠢᠶᠠᠩ ᠪᠠᠯᠭᠠᠰᠤ ︵ᠵᠡᠭᠡᠯᠢ ᠭᠤᠳᠤᠮᠵᠢ︶ ᠶᠢᠨ ᠣᠷᠣᠨ ᠪᠦᠰᠡ ᠶᠢᠨ ᠨᠠᠰᠤᠵᠢᠯ ᠤᠨ ᠦᠢᠯᠡᠴᠢᠯᠡᠭᠡᠨ ᠤ ᠲᠥᠪ ᠤᠨ ᠪᠠᠶᠢᠭᠤᠯᠤᠯᠲᠠ ᠶᠢ ᠠᠬᠢᠭᠤᠯᠵᠤ᠂ ᠲᠣᠰᠬᠤᠨ ᠤ ᠱᠠᠲᠤᠨ ᠤ ᠨᠠᠰᠤᠵᠢᠯ ᠤᠨ ᠦᠢᠯᠡᠴᠢᠯᠡᠭᠡᠨ ᠤ ᠴᠡᠭ ᠢ ᠨᠡᠮᠡᠭᠳᠡᠭᠦᠯᠵᠦ᠂ ᠰᠢᠶᠠᠨ ᠤ ᠬᠡᠪᠴᠢᠶᠡᠨ ᠤ ᠨᠠᠰᠤᠵᠢᠯ ᠤᠨ ᠪᠠᠶᠢᠭᠤᠯᠤᠮᠵᠢ ᠶᠢᠨ ᠡᠬᠢ ᠪᠠᠶᠠᠯᠢᠭ ᠤᠨ ᠬᠡᠷᠡᠭᠯᠡᠯᠲᠡ ᠶᠢᠨ ᠦᠢᠯᠡᠳᠦᠯ ᠴᠢᠳᠠᠪᠤᠷᠢ ᠶᠢ ᠬᠥᠲᠥᠯᠥᠨ ᠵᠢᠯᠣᠭᠤᠳᠴᠤ ᠳᠡᠭᠡᠭᠰᠢᠯᠡᠭᠦᠯᠬᠦ ᠬᠡᠷᠡᠭᠲᠡᠶ᠃ ᠬᠥᠳᠡᠭᠡ ᠲᠣᠰᠬᠤᠨ ᠤ ᠨᠠᠰᠤᠵᠢᠯ ᠤᠨ ᠦᠢᠯᠡᠴᠢᠯᠡᠭᠡᠨ ᠤ ᠶᠠᠰᠤ ᠴᠢᠨᠠᠷ ᠤᠨ ᠬᠢᠷᠢ ᠲᠦᠪᠰᠢᠨ ᠢ ᠳᠡᠭᠡᠭᠰᠢᠯᠡᠭᠦᠯᠵᠦ᠂ ᠦᠢᠯᠡᠴᠢᠯᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ ᠂ ᠡᠮᠴᠢᠯᠡᠭᠡ ᠪᠠ ᠡᠷᠡᠭᠦᠯᠵᠢᠯ ᠰᠤᠪᠢᠯᠠᠯᠲᠠ ᠶᠢ ᠤᠶᠠᠯᠳᠤᠭᠤᠯᠬᠤ ᠶᠢ ᠠᠬᠢᠭᠤᠯᠵᠤ᠂ ᠣᠨᠳᠣᠣ ᠭᠠᠵᠠᠷ ᠲᠤ ᠨᠡᠭᠦᠯᠭᠡᠨ ᠶᠠᠳᠠᠭᠤ ᠶᠢ ᠲᠡᠳᠬᠦᠵᠦ ᠲᠥᠪᠬᠢᠨᠡᠭᠦᠯᠬᠦ ᠴᠡᠭ ᠤᠨ ᠨᠠᠰᠤᠵᠢᠯ ᠤᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ᠃ ᠬᠥᠳᠡᠭᠡ ᠲᠣᠰᠬᠤᠨ ᠤ ᠨᠠᠰᠤᠵᠢᠯ ᠤᠨ ᠦᠢᠯᠡᠴᠢᠯᠡᠭᠡᠨ ᠤ ᠠᠵᠢᠯ ᠤᠨ ᠲᠣᠭᠲᠠᠴᠠ ᠶᠢ ᠪᠦᠷᠢᠨᠰᠢᠭᠦᠯᠵᠦ᠂ ᠬᠥᠳᠡᠭᠡ ᠲᠣᠰᠬᠤᠨ ᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠢ ᠪᠠᠳᠠᠷᠠᠭᠤᠯᠤᠨ᠂ ᠲᠣᠰᠬᠤᠨ ᠤ ᠬᠠᠮᠲᠤ ᠪᠣᠯᠤᠨ ᠲᠣᠰᠬᠤᠨ ᠤ ᠠᠷᠠᠳ ᠤᠨ ᠨᠠᠰᠤᠵᠢᠯ ᠤᠨ ᠦᠢᠯᠡᠴᠢᠯᠡᠭᠡᠨ ᠤ ᠳᠣᠲᠣᠭᠠᠳᠤ ᠬᠥᠳᠡᠯᠭᠡᠬᠦ ᠬᠦᠴᠦᠨ ᠢ ᠬᠥᠭᠵᠢᠭᠡᠵᠦ᠂ ᠨᠡᠶᠢᠭᠡᠮ ᠤᠨ ᠬᠦᠴᠦᠨ ᠢ ᠬᠥᠲᠥᠯᠥᠨ ᠵᠢᠯᠣᠭᠤᠳᠴᠤ ᠪᠠᠶᠢᠭᠠᠳ ᠢᠳᠡᠪᠬᠢᠲᠡᠢ ᠣᠷᠣᠯᠴᠠᠭᠤᠯᠬᠤ ᠬᠡᠷᠡᠭᠲᠡᠶ᠃ ᠬᠥᠳᠡᠭᠡ ᠲᠣᠰᠬᠤᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠤᠯᠭᠠᠭᠤᠷᠢᠯᠠᠯ ᠪᠠᠲᠤᠯᠠᠭ᠎ᠠ ᠶᠢ ᠴᠢᠩᠭᠠᠳᠬᠠᠵᠤ᠂ ᠦᠢᠯᠡᠴᠢᠯᠡᠭᠡᠨ ᠤ ᠲᠥᠬᠦᠭᠡᠷᠦᠮᠵᠢ ᠶᠢ ᠵᠣᠬᠢᠰᠲᠠᠢ ᠲᠥᠯᠥᠪᠵᠢᠭᠦᠯᠦᠨ ᠪᠠᠶᠢᠭᠤᠯᠵᠤ᠂ ᠤᠯᠠᠨ ᠡᠰᠢᠲᠦ ᠣᠷᠣᠭᠤᠯᠤᠯᠲᠠ ᠶᠢᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠦᠢᠯᠡᠴᠢᠯᠡᠭᠡᠨ ᠤ ᠡᠬᠢ ᠪᠠᠶᠠᠯᠢᠭ ᠤᠨ ᠠᠰᠢᠭᠯᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠬᠥᠳᠡᠭᠡ ᠲᠣᠰᠬᠤᠨ ᠤ ᠨᠠᠰᠤᠲᠠᠶᠢᠴᠤᠳ ᠤᠨ ᠨᠠᠰᠤᠵᠢᠯ ᠤᠨ ᠠᠰᠠᠷᠠᠮᠵᠢ ᠶᠢᠨ ᠪᠠᠲᠤᠯᠠᠭ᠎ᠠ ᠶᠢᠨ ᠴᠢᠳᠠᠪᠤᠷᠢ ᠶᠢ ᠴᠢᠩᠭᠠᠳᠬᠠᠵᠤ᠂ ᠬᠥᠳᠡᠭᠡ ᠲᠣᠰᠬᠤᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠣᠯᠤᠮᠵᠢᠲᠤ ᠴᠢᠨᠠᠷ ᠢ ᠳᠡᠭᠡᠭᠰᠢᠯᠡᠭᠦᠯᠬᠦ ᠬᠡᠷᠡᠭᠲᠡᠢ ᠭᠡᠵᠤ ᠱᠠᠭᠠᠷᠳᠠᠪᠠ᠃     ᠮᠦᠨᠴᠦ ᠬᠥᠳᠡᠭᠡ ᠲᠣᠰᠬᠤᠨ ᠤ ᠨᠠᠰᠤᠵᠢᠯ ᠤᠨ ᠠᠰᠠᠷᠠᠮᠵᠢ ᠶᠢᠨ ᠨᠠᠰᠤᠲᠠᠨ ᠢ ᠲᠤᠰᠠᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠬᠤ᠂ ᠠᠵᠢᠯ ᠢ ᠰᠢᠮᠳᠠᠭᠤᠯᠤᠨ ᠵᠢᠯᠤᠭᠤᠳᠤᠯᠭ᠎ᠠ ᠶᠢ ᠴᠢᠩᠭᠠᠳᠬᠠᠬᠤ ᠵᠡᠷᠭᠡ ᠲᠠᠯ᠎ᠠ ᠪᠠᠷ ᠪᠣᠳᠠᠲᠠᠢ ᠪᠠᠶᠢᠷᠢᠯᠠᠭᠤᠯᠤᠯᠲᠠ ᠬᠢᠵᠡᠢ᠃ᠪᠤᠳᠠᠳᠠᠢ ᠠᠭᠤᠯᠭ᠎ᠠ ᠨᠢ ᠲᠤᠤᠷᠠᠬᠢ ᠮᠡᠳᠦ᠄
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1