ᠡᠷᠲᠡᠨ ᠤ ᠬᠤᠲᠠ ᠶᠢᠨ ᠬᠠᠮᠠᠭᠠᠯᠠᠯᠳᠠ ᠳᠤ ᠨᠡᠩ ᠣᠯᠠᠨ ᠬᠠᠭᠤᠴᠢᠨ ᠢ ᠬᠠᠶᠠᠵᠦ ᠰᠢᠨ᠎ᠡ ᠶᠢ ᠡᠭᠦᠳᠬᠦ ᠰᠡᠳᠬᠢᠬᠦᠢ ᠱᠠᠭᠠᠷᠳᠠᠭᠳᠠᠨ᠎ᠠ
ᠨᠡᠶᠢᠲᠡᠯᠡᠭᠰᠡᠨ ᠴᠠᠭ᠄
2024/6/18
      ᠰᠢᠨ᠎ᠡ ᠵᠠᠭᠤᠴᠢᠯᠠᠭᠤᠷ ᠤᠨ ᠮᠡᠷᠭᠡᠵᠢᠯ ᠤᠨ ᠬᠦᠭᠵᠢᠯᠲᠡ ᠪᠠ ᠲᠦᠭᠡᠮᠡᠯᠵᠢᠯᠡᠯᠲᠡ ᠶᠢ ᠳᠠᠭᠠᠯᠳᠤᠨ᠂ ᠮᠡᠳᠡᠭᠡ ᠵᠠᠩᠭᠢ ᠶᠢᠨ ᠳᠠᠮᠵᠢᠭᠤᠯᠭ᠎ᠠ ᠶᠢᠨ ᠬᠡᠯᠪᠡᠷᠢ ᠪᠣᠯᠣᠨ ᠬᠤᠷᠳᠤᠴᠠ ᠳᠤ ᠪᠠᠰᠠ ᠬᠤᠪᠢᠷᠠᠯᠲᠠ ᠭᠠᠷᠴᠠᠢ᠃ ᠡᠨᠡᠬᠦ ᠠᠬᠤᠢ ᠪᠠᠶᠢᠳᠠᠯ ᠳᠣᠣᠷ᠎ᠠ᠂ ᠡᠷᠲᠡᠨ ᠤ ᠬᠤᠲᠠ ᠶᠢᠨ ᠬᠠᠮᠠᠭᠠᠯᠠᠯᠳᠠ ᠨᠢ ᠴᠦ ᠴᠠᠭ ᠦᠶ᠎ᠡ ᠶᠢᠨ ᠠᠯᠬᠤᠭ᠎ᠠ ᠶᠢ ᠳᠠᠭᠠᠵᠤ᠂ ᠣᠯᠠᠨ ᠵᠦᠢᠯ ᠤᠨ ᠠᠷᠭ᠎ᠠ ᠬᠡᠯᠪᠡᠷᠢ ᠶᠢ ᠭᠦᠢᠴᠡᠳ ᠠᠰᠢᠭᠯᠠᠨ᠂ ᠬᠠᠭᠤᠴᠢᠨ ᠢ  ᠬᠠᠶᠠᠵᠦ ᠰᠢᠨ᠎ᠡ ᠶᠢ ᠡᠭᠦᠳᠬᠦ ᠰᠡᠳᠬᠢᠬᠦᠶ ᠪᠠᠷ᠂ ᠡᠷᠲᠡᠨ ᠤ ᠬᠤᠲᠠ ᠶᠢ ᠤᠯᠠᠮᠵᠢᠯᠠᠨ ᠵᠠᠯᠭᠠᠮᠵᠢᠯᠠᠬᠤ ᠪᠠ ᠬᠥᠭᠵᠢᠭᠦᠯᠬᠦ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠬᠦ ᠬᠡᠷᠡᠭᠲᠡᠶ ᠪᠤᠯᠵᠠᠢ᠃      ᠭᠠᠵᠠᠷ ᠣᠷᠣᠨ ᠪᠠ ᠴᠠᠭ ᠬᠤᠭᠤᠴᠠᠭ᠎ᠠ ᠶᠢᠨ ᠬᠢᠵᠠᠭᠠᠷᠯᠠᠯ ᠠᠴᠠ ᠪᠤᠯᠵᠦ᠂ ᠦᠩᠭᠡᠷᠡᠭᠰᠡᠨ ᠤ ᠡᠷᠳᠡᠨ ᠤ ᠬᠤᠲᠠ ᠶᠢᠨ ᠬᠠᠮᠠᠭᠠᠯᠠᠯᠳᠠ ᠶᠢᠨ ᠤᠬᠠᠭᠤᠯᠭ᠎ᠠ ᠨᠢ ᠦᠷᠭᠡᠨ ᠢᠶᠠᠷ ᠤᠯᠠᠮᠵᠢᠯᠠᠭᠳᠠᠬᠤ ᠳᠤ ᠬᠦᠴᠢᠷ᠃ ᠰᠢᠨ᠎ᠡ ᠵᠠᠭᠤᠴᠢᠯᠠᠭᠤᠷ ᠤᠨ  ᠲᠠᠪᠴᠠᠩ ᠨᠢ ᠡᠷᠲᠡᠨ ᠤ ᠬᠤᠲᠠ ᠶᠢᠨ ᠬᠠᠮᠠᠭᠠᠯᠠᠯᠳᠠ ᠳᠤ ᠰᠢᠨ᠎ᠡ ᠠᠷᠭ᠎ᠠ ᠵᠠᠮ ᠪᠣᠯᠤᠨ ᠦᠵᠡᠭᠦᠯᠦᠯᠭᠡ ᠶᠢᠨ ᠲᠠᠪᠴᠠᠩ ᠬᠠᠩᠭᠠᠭᠰᠠᠨ ᠪᠠᠶᠢᠨ᠎ᠠ᠃ ᠡᠯ᠎ᠡ ᠭᠠᠵᠠᠷ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠨᠡᠶᠢᠭᠡᠮ ᠤᠨ ᠬᠠᠷᠢᠯᠴᠠᠭᠠᠨ ᠤ ᠵᠠᠭᠤᠴᠢᠯᠠᠭᠤᠷ᠂ ᠸᠢᠳᠢᠤ᠋ ᠲᠠᠪᠴᠠᠩ ᠵᠡᠷᠭᠡ ᠰᠢᠨ᠎ᠡ ᠵᠠᠭᠤᠴᠢᠯᠠᠭᠤᠷ ᠤᠨ ᠲᠠᠪᠴᠠᠩ ᠢᠶᠠᠷ ᠳᠠᠮᠵᠢᠭᠤᠯᠤᠨ ᠡᠷᠲᠡᠨ ᠤ ᠬᠤᠲᠠ ᠶᠢᠨ ᠬᠠᠮᠠᠭᠠᠯᠠᠯᠲᠠ ᠶᠢᠨ ᠬᠠᠮᠢᠶ᠎ᠠ ᠪᠦᠬᠦᠢ ᠠᠭᠤᠯᠭ᠎ᠠ ᠶᠢ ᠨᠡᠶᠢᠲᠡᠯᠡᠵᠦ ᠪᠣᠯᠣᠨ᠎ᠠ᠂ ᠵᠢᠱᠢᠶᠡᠯᠡᠪᠡᠯ ᠲᠡᠦᠬᠡ ᠰᠣᠶᠣᠯ ᠤᠨ ᠦᠯᠢᠭᠡᠷ᠂ ᠬᠠᠮᠠᠭᠠᠯᠠᠯᠲᠠ ᠶᠢᠨ ᠠᠬᠢᠴᠠ᠂ ᠬᠠᠷᠢᠯᠴᠠᠨ ᠦᠢᠯᠡᠳᠦᠯᠴᠡᠬᠦ ᠠᠵᠢᠯᠯᠠᠭ᠎ᠠ ᠪᠠᠷ ᠨᠡᠩ ᠣᠯᠠᠨ ᠬᠥᠮᠥᠰ ᠤᠨ ᠠᠩᠬᠠᠷᠤᠯ ᠢ ᠲᠠᠲᠠᠵᠤ᠂ ᠭᠠᠵᠠᠷ ᠣᠷᠣᠨ ᠪᠠ ᠴᠠᠭ ᠤᠨ ᠬᠢᠵᠠᠭᠠᠷᠯᠠᠯ ᠢ ᠲᠠᠪᠠᠵᠦ᠂ ᠡᠷᠲᠡᠨ ᠤ ᠬᠤᠲᠠ ᠶᠢᠨ ᠬᠠᠮᠠᠭᠠᠯᠠᠯᠲᠠ ᠶᠢᠨ ᠮᠡᠳᠡᠭᠡ ᠵᠠᠩᠭᠢ ᠶᠢ ᠨᠡᠩ ᠥᠷᠭᠡᠨ ᠳᠡᠯᠭᠡᠷ ᠲᠦᠷᠭᠡᠨ ᠤᠯᠠᠮᠵᠢᠯᠠᠵᠤ᠂ ᠣᠯᠠᠨ ᠨᠡᠶᠢᠲᠡ ᠶᠢᠨ ᠣᠷᠤᠯᠴᠠᠬᠤ ᠬᠡᠮᠵᠢᠶ᠎ᠡ ᠪᠠ ᠮᠡᠳᠡᠷᠡᠬᠦ ᠲᠥᠷᠥᠭᠳᠡᠯ ᠢ ᠲᠡᠭᠡᠭᠰᠢᠯᠡᠭᠦᠯᠵᠦ ᠪᠠᠶᠢᠨ᠎ᠠ᠃        ᠡᠷᠲᠡᠨ ᠤ ᠬᠤᠲᠠ ᠶᠢᠨ ᠬᠠᠮᠠᠭᠠᠯᠠᠯᠳᠠ ᠶᠢᠨ ᠤᠬᠠᠭᠤᠯᠭ᠎ᠠ ᠶᠢ ᠴᠢᠩᠭᠠᠳᠬᠠᠬᠤ ᠳᠤ ᠪᠠᠰᠠ ᠰᠢᠨ᠎ᠡ ᠬᠡᠯᠪᠡᠷᠢ ᠶᠢᠨ ᠤᠯᠠᠮᠵᠢᠯᠠᠨ ᠲᠠᠷᠬᠠᠭᠠᠬᠤ ᠠᠷᠭ᠎ᠠ ᠬᠡᠯᠪᠡᠷᠢ ᠶᠢ ᠢᠳᠡᠪᠬᠢᠲᠡᠢ ᠰᠦᠪᠡᠭᠴᠢᠯᠡᠬᠦ ᠬᠡᠷᠡᠭᠲᠡᠢ᠃ ᠵᠢᠱᠢᠶᠡᠯᠡᠪᠡᠯ᠂ VR ᠪᠠ AR ᠮᠡᠷᠭᠡᠵᠢᠯ ᠢ ᠠᠰᠢᠭᠯᠠᠨ᠂ ᠵᠤᠭᠠᠴᠠᠭᠰᠠᠳ ᠲᠤ ᠦᠨᠡᠨ ᠪᠤᠳᠠᠳᠠᠢ ᠬᠦᠨᠵᠡᠭᠡᠢ ᠤᠶᠢᠯᠠᠭᠠᠯᠳᠠ ᠬᠠᠩᠬᠠᠨ᠎ᠠ᠃ VR ᠨᠢᠳᠦᠨ ᠰᠢᠯ ᠪᠤᠶᠤ AR ᠲᠥᠬᠦᠭᠡᠷᠦᠮᠵᠢ ᠪᠠᠷ ᠳᠠᠮᠵᠢᠭᠤᠯᠤᠨ ᠡᠷᠲᠡᠨ ᠤ ᠬᠤᠲᠠ ᠶᠢᠨ ᠲᠡᠤᠬᠡᠨ ᠦᠵᠡᠭᠳᠡᠯ᠂ ᠵᠤᠭᠠᠴᠠᠭᠰᠠᠳ ᠲᠤ ᠡᠷᠲᠡᠨ ᠤ ᠬᠤᠲᠠ ᠶᠢᠨ ᠲᠠᠲᠠᠬᠤ ᠬᠦᠴᠦᠨ ᠪᠠ ᠰᠣᠶᠣᠯ ᠤᠨ ᠠᠭᠤᠯᠬᠤᠨ ᠢ ᠪᠡᠶᠡᠴᠢᠯᠡᠨ ᠮᠡᠳᠡᠷᠡᠭᠦᠯᠵᠦ᠂ ᠡᠭᠦᠨ ᠤ ᠤᠯᠠᠮ ᠠᠴᠠ ᠤᠯᠠᠮᠵᠢᠯᠠᠯᠲᠤ ᠲᠣᠭᠤᠷᠢᠨ ᠦᠵᠡᠬᠦ ᠬᠡᠯᠪᠡᠷᠢ ᠶᠢ ᠬᠠᠯᠠᠵᠤ᠂ ᠵᠤᠭᠠᠴᠠᠭᠰᠠᠳ ᠲᠤ ᠨᠠᠩ ᠪᠠᠶᠠᠯᠢᠭ᠂ ᠦᠨᠡᠨ ᠪᠣᠳᠠᠲᠠᠶ ᠣᠶᠢᠯᠠᠭᠠᠯᠲᠠ ᠬᠠᠩᠭᠠᠵᠤ᠂ ᠡᠷᠲᠡᠨ ᠤ ᠬᠤᠲᠠ ᠶᠢᠨ ᠲᠠᠲᠠᠬᠤ ᠬᠦᠴᠦᠨ ᠪᠠ ᠨᠥᠯᠥᠭᠡᠯᠡᠬᠦ ᠬᠦᠴᠦᠨ ᠢ ᠨᠡᠮᠡᠭᠳᠡᠭᠦᠯᠦᠨ᠎ᠡ᠃      ᠬᠠᠭᠤᠴᠢᠨ ᠢ ᠬᠠᠶᠠᠵᠦ ᠰᠢᠨ᠎ᠡ ᠶᠢ ᠡᠭᠦᠳᠬᠦ ᠰᠡᠳᠬᠢᠬᠦᠶ ᠶᠢ ᠢᠯᠡᠷᠡᠭᠦᠯᠬᠦ ᠶᠢᠨ ᠬᠠᠮᠲᠤ ᠪᠠᠰᠠ ᠣᠯᠠᠨ ᠨᠡᠶᠢᠲᠡ ᠯᠦᠭᠡ ᠶᠢᠨ ᠨᠡᠪᠲᠡᠷᠡᠯᠴᠡᠭᠡ ᠪᠠ ᠬᠠᠷᠢᠯᠴᠠᠭ᠎ᠠ ᠶᠢ ᠴᠢᠬᠤᠯᠠᠴᠢᠯᠠᠬᠤ ᠬᠡᠷᠡᠭᠳᠡᠢ᠂ ᠵᠢᠱᠢᠶᠡᠯᠡᠪᠡᠯ ᠰᠢᠨ᠎ᠡ ᠵᠠᠭᠤᠴᠢᠯᠠᠭᠤᠷ ᠤᠨ ᠲᠠᠪᠴᠠᠩ ᠤᠨ ᠪᠠᠶᠢᠭᠤᠯᠤᠯᠳᠠ ᠶᠢ ᠠᠰᠢᠭᠯᠠᠨ ᠡᠷᠲᠡᠨ ᠤ ᠬᠤᠲᠠ  ᠶᠢᠨ ᠬᠠᠮᠠᠭᠠᠯᠠᠯᠳᠠ ᠶᠢᠨ ᠨᠡᠪᠳᠡᠷᠡᠯᠴᠡᠬᠦ ᠬᠤᠯᠪᠤᠭ᠎ᠠ ᠪᠠᠶᠢᠭᠤᠯᠵᠦ᠂ ᠣᠯᠠᠨ ᠨᠡᠶᠢᠲᠡ ᠶᠢᠨ ᠥᠪᠡᠷ ᠤᠨ ᠦᠵᠡᠯᠲᠡ ᠪᠠᠨ ᠬᠤᠪᠢᠶᠠᠯᠴᠠᠬᠤ ᠶᠢ ᠵᠣᠷᠢᠭᠵᠢᠭᠤᠯᠵᠤ᠂ ᠰᠠᠨᠠᠭᠤᠯᠭ᠎ᠠ ᠪᠠ ᠰᠠᠨᠠᠯ ᠳᠤᠷᠠᠳᠬᠤ ᠶᠢᠨ ᠬᠠᠮᠲᠤ ᠣᠯᠠᠨ ᠨᠡᠶᠢᠲᠡ ᠶᠢᠨ ᠠᠩᠬᠠᠷᠤᠯ ᠪᠠ ᠬᠡᠷᠡᠭᠴᠡᠭᠡ ᠱᠠᠭᠠᠷᠳᠠᠯᠭ᠎ᠠ ᠳᠤ ᠢᠳᠡᠪᠬᠢᠲᠡᠢ ᠬᠠᠷᠢᠭᠤᠯᠲᠠ ᠥᠭᠴᠦ᠂ ᠬᠠᠮᠠᠭᠠᠯᠠᠯᠳᠠ ᠶᠢᠨ  ᠠᠷᠭ᠎ᠠ ᠪᠣᠳᠣᠯᠭ᠎ᠠ ᠶᠢ ᠴᠠᠭ ᠲᠤᠬᠠᠶ ᠳᠤᠨᠢ ᠲᠣᠬᠢᠷᠠᠭᠤᠯᠤᠨ ᠰᠢᠯᠢᠳᠡᠭᠵᠢᠭᠦᠯᠵᠦ᠂ ᠡᠷᠲᠡᠨ ᠤ ᠬᠤᠲᠠ ᠶᠢᠨ ᠬᠠᠮᠠᠭᠠᠯᠠᠯᠳᠠ ᠶᠢᠨ ᠠᠵᠢᠯ ᠢ ᠠᠷᠠᠳ ᠤᠨ ᠰᠡᠳᠬᠢᠯ ᠳᠤ ᠨᠠᠩ ᠬᠤᠨᠤᠭᠰᠢᠭᠤᠯᠵᠤ᠂ ᠠᠷᠠᠳ ᠤᠨ ᠰᠠᠨᠠᠭᠠᠨ ᠳᠤ ᠨᠠᠩ ᠨᠡᠶᠢᠴᠡᠭᠦᠯᠬᠦ ᠶᠢ ᠦᠨᠡᠨ ᠬᠦ ᠪᠠᠲᠤᠯᠠᠨ᠎ᠠ᠃    ᠢᠷᠡᠯᠲᠡ᠄ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠰᠣᠨᠢᠨ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1