ᠢᠷᠡᠯᠲᠡ᠄ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠶᠢᠨ ᠲᠢᠩᠬᠢᠮ | | ᠨᠢᠭᠡ᠂ ᠰᠢᠢᠳᠪᠦᠷᠢᠲᠦ ᠪᠣᠳᠣᠯᠭ᠎ᠠ ᠶᠢᠨ ᠠᠬᠤᠢ ᠪᠠᠶᠢᠳᠠᠯ | ᠣᠶᠢᠷ᠎ᠠ ᠶᠢᠨ ᠵᠢᠯ ᠤᠳ ᠲᠤ᠂ ᠳᠠᠭᠠᠭᠠᠴᠢᠯᠠᠯᠲᠠ ᠵᠠᠷᠯᠠᠬᠤ ᠪᠢᠴᠢᠭ ᠮᠠᠲ᠋ᠧᠷᠢᠶᠠᠯ ᠢ ᠨᠠᠶᠢᠷᠠᠭᠤᠯᠤᠨ | ᠵᠣᠬᠢᠶᠠᠭᠰᠠᠨ ᠨᠢ ᠵᠢᠷᠤᠮᠵᠢᠯ ᠦᠭᠡᠢ ᠠᠴᠠ ᠪᠣᠯᠵᠤ ᠳᠠᠭᠠᠭᠠᠴᠢᠯᠠᠯᠲᠠ ᠵᠠᠷᠯᠠᠬᠤ ᠳᠤ ᠢᠯᠠᠭᠳᠠᠯ ᠪᠤᠶᠤ ᠬᠢᠨᠠᠨ | ᠲᠣᠭᠲᠠᠭᠠᠭᠰᠠᠨ ᠦᠷ᠎ᠡ ᠳ᠋ᠦᠩ ᠨᠢ ᠲᠥᠪ ᠭᠤᠣᠯᠴᠢ ᠪᠤᠰᠤ ᠬᠡᠷᠡᠭ ᠤᠨ ᠵᠢᠱᠢᠶ᠎ᠡ ᠪᠠᠶᠢᠨ ᠳᠠᠬᠢᠨ ᠭᠠᠷᠴᠤ᠂ | ᠴᠢᠨᠠᠭᠰᠢᠯᠠᠪᠠᠯ ᠣᠨᠳᠣᠣ ᠰᠠᠨᠠᠯ ᠪᠠ ᠵᠠᠭᠠᠯᠳᠤᠯᠭ᠎ᠠ ᠬᠢᠵᠦ᠂ ᠭᠡᠷ ᠪᠠᠶᠢᠰᠢᠩ ᠬᠤᠲᠠ ᠶᠢᠨ ᠶᠠᠪᠤᠳᠠᠯ ᠤᠨ | ᠢᠨᠵᠧᠨᠧᠷᠢᠩ ᠤᠨ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠶᠢᠨ ᠡᠷᠬᠡ ᠲᠡᠭᠰᠢ ᠲᠥᠪ ᠭᠤᠣᠯᠴᠢ | ᠪᠠᠶᠢᠬᠤ ᠶᠢ ᠨᠥᠯᠥᠭᠡᠯᠡᠪᠡ᠃ 2022 ᠤᠨ ᠪᠠ 2023 ᠣᠨ ᠳᠤ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠤ ᠠᠯᠪᠠᠨ ᠲᠢᠩᠬᠢᠮ ᠠᠴᠠ ︽ᠥᠪᠡᠷᠲᠡᠭᠡᠨ ᠵᠠᠰᠠᠬᠤ ᠣᠷᠣᠨ ᠤ ᠪᠠᠷᠢᠯᠭ᠎ᠠ ᠶᠢᠨ ᠦᠢᠯᠡᠰ ᠤᠨ | ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠠᠷᠭ᠎ᠠ ᠬᠡᠮᠵᠢᠶ᠎ᠡ ᠨᠦᠭᠦᠳ ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ | ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2022﹈ 58 ᠳ᠋ᠤᠭᠠᠷ ᠲᠣᠭᠠᠲᠤ︶᠂ ︽ᠥᠪᠡᠷᠲᠡᠭᠡᠨ | ᠵᠠᠰᠠᠬᠤ ᠣᠷᠣᠨ ᠤ ᠪᠠᠷᠢᠯᠭ᠎ᠠ ᠶᠢᠨ ᠦᠢᠯᠡᠰ ᠤᠨ ᠳᠠᠬᠢᠨ ᠢᠶᠠᠷ ᠨᠡᠮᠡᠭᠳᠡᠭᠦᠯᠬᠦ ᠠᠵᠢᠯᠯᠠᠭᠠᠨ ᠤ ᠲᠥᠯᠥᠪᠯᠡᠭᠡ ︵2023 | - 2025 ᠣᠨ︶ ᠶᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ | ﹇2023﹈ 52 ᠳ᠋ᠤᠭᠠᠷ ᠲᠣᠭᠠᠲᠤ︶ ᠢ ᠳᠠᠷᠤᠮᠠᠯᠯᠠᠨ ᠲᠠᠷᠬᠠᠭᠠᠵᠤ᠂ ᠪᠠᠷᠢᠯᠭ᠎ᠠ ᠶᠢᠨ ᠦᠢᠯᠡᠰ ᠤᠨ ᠴᠢᠨᠠᠷ ᠰᠠᠶᠢᠲᠠᠢ | ᠬᠥᠭᠵᠢᠯᠲᠡ ᠶᠢ ᠲᠡᠳᠬᠦᠬᠦ ᠠᠯᠢ ᠣᠯᠠᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠪᠠ᠃ | ᠳᠠᠭᠠᠭᠠᠴᠢᠯᠠᠯᠲᠠ ᠵᠠᠷᠯᠠᠭᠴᠢ ᠶᠢᠨ ᠪᠦᠷᠢᠨ ᠡᠷᠬᠡᠳᠦ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠴᠢᠩᠭᠠᠳᠬᠠᠵᠤ᠂ | ᠪᠠᠷᠢᠯᠭ᠎ᠠ ᠶᠢᠨ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠬᠦᠷᠢᠶᠡᠨ ᠳᠠᠬᠢ ᠬᠤᠳᠠᠯᠳᠤᠭ᠎ᠠ ᠡᠷᠭᠢᠯᠡᠬᠦ | ᠣᠷᠴᠢᠨ ᠨᠥᠬᠦᠴᠡᠯ ᠢ ᠰᠢᠯᠢᠳᠡᠭᠵᠢᠭᠦᠯᠦᠨ᠂ ᠮᠠᠨ ᠤ ᠣᠷᠣᠨ ᠤ ᠪᠠᠷᠢᠯᠭ᠎ᠠ ᠶᠢᠨ ᠦᠢᠯᠡᠰ ᠤᠨ ᠴᠢᠨᠠᠷ ᠰᠠᠶᠢᠲᠠᠶ | ᠬᠥᠭᠵᠢᠯᠲᠡ ᠶᠢ ᠠᠬᠢᠭᠤᠯᠬᠤ ᠶᠢᠨ ᠲᠥᠯᠥᠭᠡ᠂ ᠮᠠᠨ ᠤ ᠲᠢᠩᠬᠢᠮ ᠠᠴᠠ ︽ᠬᠠᠤᠯᠢ ᠶᠣᠰᠣᠭᠠᠷ ᠡᠷᠬᠡᠪᠰᠢ | ᠳᠠᠭᠠᠭᠠᠴᠢᠯᠠᠯᠲᠠ ᠵᠠᠷᠯᠠᠬᠤ ᠴᠢᠬᠤᠯᠠᠲᠠᠶ ᠬᠡᠷ ᠪᠠᠶᠢᠰᠢᠩ ᠤᠨ ᠪᠠᠷᠢᠯᠭ᠎ᠠ ᠪᠠ ᠬᠤᠲᠠ ᠶᠢᠨ ᠶᠠᠪᠤᠳᠠᠯ ᠤᠨ ᠰᠠᠭᠤᠷᠢ | ᠲᠦᠭᠦᠭᠡᠷᠦᠮᠵᠢ ᠶᠢᠨ ᠪᠠᠷᠢᠯᠭ᠎ᠠ ᠶᠢᠨ ᠳᠠᠭᠠᠭᠠᠴᠢᠯᠠᠯᠲᠠ ᠵᠠᠷᠯᠠᠬᠤ ᠪᠢᠴᠢᠭ ᠮᠠᠲ᠋ᠧᠷᠢᠶᠠᠯ ᠢ ᠨᠠᠶᠢᠷᠠᠭᠤᠯᠤᠨ ᠵᠣᠬᠢᠶᠠᠬᠤ | ᠲᠤᠬᠠᠶ ᠵᠢᠯᠣᠭᠤᠳᠬᠤ ᠰᠠᠨᠠᠯ︾ ︵ᠳᠣᠷᠣᠭᠰᠢ ︽ᠵᠢᠯᠣᠭᠤᠳᠬᠤ ᠰᠠᠨᠠᠯ︾ ᠭᠡᠵᠦ ᠲᠣᠪᠴᠢᠯᠠᠨ᠎ᠠ︶ ᠢ ᠲᠤᠭᠳᠠᠭᠠᠵᠤ | ᠳᠠᠷᠤᠮᠠᠯᠯᠠᠨ ᠲᠠᠷᠬᠠᠭᠠᠪᠠ᠃ | ᠬᠤᠶᠠᠷ᠂ ᠰᠤᠳᠤᠯᠤᠨ ᠮᠠᠭᠠᠳᠯᠠᠭᠰᠠᠨ ᠶᠠᠪᠤᠴᠠ | ︽ᠵᠢᠯᠣᠭᠤᠳᠬᠤ ᠰᠠᠨᠠᠯ︾ ᠢ ᠲᠣᠭᠲᠠᠭᠠᠬᠤ ᠶᠠᠪᠤᠴᠠ ᠳᠤ᠂ ᠮᠠᠨ ᠤ ᠲᠢᠩᠬᠢᠮ ᠤᠨ ᠠᠯᠪᠠᠨ ᠰᠦᠯᠵᠢᠶ᠎ᠡ ᠳᠤ | ᠨᠡᠶᠢᠭᠡᠮ ᠨᠡᠶᠢᠲᠡ ᠠᠴᠠ ᠢᠯᠡ ᠪᠠᠷ ᠰᠠᠨᠠᠯ ᠬᠤᠷᠢᠶᠠᠭᠰᠠᠨ ᠪᠥᠭᠡᠳ ᠢᠯᠡ ᠪᠠᠷ ᠰᠠᠨᠠᠯ ᠬᠤᠷᠢᠶᠠᠭᠰᠠᠨ ᠪᠠᠶᠢᠳᠠᠯ ᠢᠶᠠᠨ | ᠵᠠᠷᠯᠠᠨ ᠮᠡᠳᠡᠭᠳᠡᠵᠦ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ | ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠥᠪ ᠪᠠ ᠲᠢᠩᠬᠢᠮ ᠤᠨ ᠬᠠᠮᠢᠶ᠎ᠠ ᠪᠥᠬᠦᠶ ᠭᠠᠵᠠᠷ᠂ | ᠠᠯᠪᠠᠨ ᠬᠡᠷ᠂ ᠨᠢᠭᠡᠴᠢ ᠵᠢᠴᠢ ᠡᠯ᠎ᠡ ᠠᠶᠢᠮᠠᠭ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠶᠢᠨ ᠲᠣᠪᠴᠢᠶ᠎ᠠ ᠶᠢᠨ ᠰᠠᠨᠠᠯ ᠢ ᠬᠤᠷᠢᠶᠠᠪᠠ᠃ ᠡᠭᠦᠨ ᠤ ᠬᠠᠮᠲᠤ ᠮᠠᠨ ᠤ ᠲᠢᠩᠬᠢᠮ 2024 ᠣᠨ ᠤ | 1 ᠳ᠋ᠤᠭᠡᠷ ᠰᠠᠷ᠎ᠠ ᠶᠢᠨ 15 ᠤ ᠡᠳᠦᠷ ᠭᠡᠷᠡᠴᠢᠯᠡᠭᠡ ᠰᠣᠨᠣᠰᠬᠤ ᠬᠤᠷᠠᠯ ᠬᠤᠷᠠᠯᠳᠤᠭᠤᠯᠵᠤ᠂ ᠭᠡᠷᠡᠴᠢᠯᠡᠭᠡ ᠰᠣᠨᠣᠰᠪᠠ᠃ | ︽ᠵᠢᠯᠣᠭᠤᠳᠬᠤ ᠰᠠᠨᠠᠯ︾ ᠢ ᠲᠣᠭᠲᠠᠭᠠᠭᠰᠠᠨ ᠶᠠᠪᠤᠴᠠ ᠨᠢ ᠬᠠᠤᠯᠢ ᠳᠤ ᠨᠡᠶᠢᠴᠡᠨ᠎ᠡ᠃ | ᠭᠤᠷᠪᠠ᠂ ᠲᠥᠷᠥ ᠶᠢᠨ ᠪᠣᠳᠣᠯᠭ᠎ᠠ ᠶᠢᠨ ᠭᠢᠯᠠᠰ ᠴᠡᠭ | ︵ᠨᠢᠭᠡ︶ ᠬᠤᠳᠠᠯᠳᠤᠭᠠᠨ ᠤ ᠶᠠᠪᠤᠳᠠᠯ᠂ ᠮᠡᠷᠭᠡᠵᠢᠯ᠂ ᠠᠵᠢᠯ ᠤᠨ ᠠᠮᠵᠢᠯᠲᠠ ᠶᠢᠨ ᠬᠤᠪᠢ ᠡᠵᠡᠯᠡᠬᠦ | ᠬᠠᠷᠢᠴᠠᠯ ᠢ ᠲᠤᠳᠤᠷᠬᠠᠶᠢᠯᠠᠪᠠ᠃ ᠳᠠᠭᠠᠭᠠᠴᠢᠯᠠᠯᠲᠠ ᠵᠠᠷᠯᠠᠬᠤ ᠳᠤ᠂ ᠮᠡᠷᠭᠡᠵᠢᠯ ᠤᠨ ᠬᠡᠰᠡᠭ ᠤᠨ ᠬᠤᠪᠢ ᠶᠢᠨ ᠵᠢᠩ ᠨᠢ | 45% ᠠᠴᠠ 70%᠂ ᠳᠠᠭᠠᠭᠠᠴᠢᠯᠠᠯᠲᠠ ᠬᠦᠯᠢᠶᠡᠬᠦ ᠦᠨ᠎ᠡ ᠬᠠᠩᠰᠢ ᠶᠢᠨ ᠬᠤᠪᠢ ᠶᠢᠨ ᠵᠢᠩ ᠨᠢ 10% ᠠᠴᠠ | 30%᠂ ᠢᠳᠡᠭᠡᠮᠵᠢ ᠶᠢᠨ ᠬᠡᠰᠡᠭ ᠤᠨ ᠬᠤᠪᠢ ᠶᠢᠨ ᠵᠢᠩ ᠨᠢ 10%᠂ ᠠᠵᠢᠯ ᠤᠨ ᠠᠮᠵᠢᠯᠲᠠ ᠪᠦᠲᠦᠮᠵᠢ ᠵᠡᠷᠭᠡ | ᠬᠡᠰᠡᠭ ᠤᠨ ᠬᠤᠪᠢ ᠶᠢᠨ ᠵᠢᠩ ᠨᠢ 10% ᠠᠴᠠ 15%︔ ᠪᠠᠷᠢᠯᠭ᠎ᠠ ᠶᠢᠨ ᠳᠠᠭᠠᠭᠠᠴᠢᠯᠠᠯᠲᠠ ᠵᠠᠷᠯᠠᠬᠤ ᠳᠤ᠂ | ᠮᠡᠷᠭᠡᠵᠢᠯ ᠤᠨ ᠬᠡᠰᠡᠭ ᠤᠨ ᠬᠤᠪᠢ ᠶᠢᠨ ᠵᠢᠩ ᠨᠢ 20% ᠠᠴᠠ 40%᠂ ᠳᠠᠭᠠᠭᠠᠴᠢᠯᠠᠯᠲᠠ ᠬᠦᠯᠢᠶᠡᠬᠦ ᠦᠨ᠎ᠡ | ᠬᠠᠩᠰᠢ ᠶᠢᠨ ᠬᠤᠪᠢ ᠶᠢᠨ ᠵᠢᠩ ᠨᠢ 40% ᠠᠴᠠ 55%᠂ ᠢᠲᠡᠭᠡᠮᠵᠢ ᠶᠢᠨ ᠬᠡᠰᠡᠭ ᠤᠨ ᠬᠤᠪᠢ ᠶᠢᠨ ᠵᠢᠩ ᠨᠢ | 10%᠂ ᠠᠵᠢᠯ ᠤᠨ ᠠᠮᠵᠢᠯᠲᠠ ᠪᠦᠲᠦᠮᠵᠢ ᠶᠢᠨ ᠬᠡᠰᠡᠭ ᠤᠨ ᠬᠤᠪᠢ ᠶᠢᠨ ᠵᠢᠩ ᠨᠢ 10% ᠠᠴᠠ15% | ᠪᠠᠶᠢᠬᠤ ᠶᠢ ᠱᠠᠭᠠᠷᠳᠠᠵᠠᠢ︔ ᠲᠤᠰᠬᠠᠢ ᠮᠡᠷᠭᠡᠵᠢᠯ ᠤᠨ ᠣᠨᠴᠠᠭᠠᠢ ᠪᠣᠳᠤᠯᠢᠶᠠᠨᠲᠠᠢ ᠲᠣᠮᠤ ᠬᠡᠯᠪᠡᠷᠢ ᠶᠢᠨ ᠪᠠᠷᠢᠯᠭ᠎ᠠ᠂ | ᠳᠠᠭᠠᠭᠠᠴᠢᠯᠠᠯᠲᠠ ᠬᠦᠯᠢᠶᠡᠬᠦ ᠦᠨ᠎ᠡ ᠬᠠᠩᠰᠢ ᠶᠢᠨ ᠬᠤᠪᠢ ᠶᠢᠨ ᠵᠢᠩ ᠨᠢ 40% ᠪᠠᠶᠢᠵᠤ ᠪᠣᠯᠤᠨ᠎ᠠ︔ | ᠮᠡᠷᠭᠡᠵᠢᠯ ᠤᠨ ᠱᠠᠭᠠᠷᠳᠠᠯᠭ᠎ᠠ ᠨᠢ ᠬᠠᠷᠢᠴᠠᠩᠭᠤᠢ ᠳᠦᠭᠦᠮᠬᠡᠨ ᠪᠠᠷᠢᠯᠭ᠎ᠠ ᠶᠢᠨ ᠳᠠᠭᠠᠭᠠᠴᠢᠯᠠᠯᠲᠠ ᠬᠦᠯᠢᠶᠡᠬᠦ ᠦᠨ᠎ᠡ | ᠬᠠᠨ᠋ᠰᠢ ᠶᠢᠨ ᠬᠤᠪᠢ ᠶᠢᠨ ᠵᠢᠩ ᠨᠢ 50% ᠪᠠᠶᠢᠵᠤ ᠪᠣᠯᠤᠨ᠎ᠠ︔ ᠮᠡᠷᠭᠡᠵᠢᠯ ᠤᠨ ᠱᠠᠭᠠᠷᠳᠠᠯᠭ᠎ᠠ ᠨᠢ ᠳᠦᠭᠦᠮᠬᠡᠨ | ᠪᠠᠷᠢᠯᠭ᠎ᠠ ᠶᠢᠨ ᠳᠠᠭᠠᠭᠠᠴᠢᠯᠠᠯᠲᠠ ᠬᠦᠯᠢᠶᠡᠬᠦ ᠦᠨ᠎ᠡ ᠬᠠᠩᠰᠢ ᠶᠢᠨ ᠬᠤᠪᠢ ᠶᠢᠨ ᠵᠢᠩ ᠨᠢ 55% ᠪᠠᠶᠢᠵᠤ ᠪᠣᠯᠤᠨ᠎ᠠ | ︔ | ︵ᠬᠤᠶᠠᠷ︶ ᠳᠠᠭᠠᠭᠠᠴᠢᠯᠠᠯᠲᠠ ᠦᠨᠡᠯᠡᠬᠦ ᠰᠠᠭᠤᠷᠢ ᠦᠨ᠎ᠡ ᠶᠢ ᠪᠣᠳᠣᠬᠤ ᠠᠷᠭ᠎ᠠ ᠶᠢ ᠲᠣᠳᠣᠷᠬᠠᠶᠢᠯᠠᠪᠠ᠃ | ᠳᠠᠭᠠᠭᠠᠴᠢᠯᠠᠯᠲᠠ ᠦᠨᠡᠯᠡᠬᠦ ᠰᠠᠭᠤᠷᠢ ᠪᠠᠷᠢᠮᠵᠢᠶ᠎ᠠ ᠦᠨ᠎ᠡ = ᠳᠠᠭᠠᠭᠠᠴᠢᠯᠠᠯᠲᠠ ᠬᠦᠯᠢᠶᠡᠬᠦ ᠬᠠᠮᠤᠭ ᠥᠨᠳᠥᠷ | ᠬᠢᠵᠠᠭᠠᠷ ᠦᠨ᠎ᠡ × 70% + ᠳᠠᠭᠠᠭᠠᠴᠢᠯᠠᠯᠲᠠ ᠬᠦᠯᠢᠶᠡᠭᠴᠢ ᠶᠢᠨ ᠬᠦᠴᠦᠨ ᠪᠦᠬᠦᠢ ᠮᠡᠳᠡᠭᠦᠯᠬᠦ ᠦᠨ᠎ᠡ ᠶᠢᠨ | ᠳᠤᠮᠳᠠᠴᠢ ᠬᠡᠮᠵᠢᠭᠳᠡᠯ × 30%᠃ | ︵ᠭᠤᠷᠪᠠ︶ ᠳᠠᠭᠠᠭᠠᠴᠢᠯᠠᠯᠲᠠ ᠵᠠᠷᠯᠠᠭᠰᠠᠳ ᠪᠥᠬᠦ ᠶᠠᠪᠤᠴᠠ ᠶᠢᠨ ᠪᠠᠷᠢᠯᠭ᠎ᠠ ᠶᠢᠨ ᠯᠠᠪᠯᠠᠭ᠎ᠠ᠂ ᠪᠠᠷᠢᠯᠭ᠎ᠠ ᠶᠢᠨ | ᠶᠡᠷᠦᠩᠬᠡᠶ ᠳᠠᠭᠠᠭᠠᠴᠢᠯᠠᠯᠲᠠ ᠶᠢᠨ ᠠᠷᠭ᠎ᠠ ᠮᠠᠶ᠋ᠢᠭ ᠢ ᠡᠩ ᠲᠡᠷᠢᠭᠦᠨ ᠳᠤ ᠬᠡᠷᠡᠭᠯᠡᠵᠦ ᠳᠠᠭᠠᠭᠠᠴᠢᠯᠠᠯᠲᠠ ᠵᠠᠷᠯᠠᠬᠤ ᠶᠢ | ᠵᠤᠷᠢᠭᠵᠢᠭᠤᠯᠤᠨ᠎ᠠ᠂ ︽ᠥᠪᠡᠷᠲᠡᠭᠡᠨ ᠵᠠᠰᠠᠬᠤ ᠣᠷᠣᠨ ᠤ ᠪᠠᠷᠢᠯᠭ᠎ᠠ ᠶᠢᠨ ᠦᠢᠯᠡᠰ ᠤᠨ ᠳᠠᠬᠢᠨ ᠢᠶᠠᠷ ᠨᠡᠮᠡᠭᠳᠡᠭᠦᠯᠬᠦ | ᠠᠵᠢᠯᠯᠠᠭᠠᠨ ᠤ ᠲᠥᠯᠥᠪᠯᠡᠭᠡ ︵2023 - 2025 ᠣᠨ︶ ᠶᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ | ᠮᠡᠳᠡᠭᠳᠡᠯ︾ ᠤᠨ ᠬᠠᠮᠢᠶ᠎ᠠ ᠪᠦᠬᠦᠢ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠶᠢᠨ ᠲᠥᠯᠥᠭᠡ᠂ ᠳᠠᠭᠠᠭᠠᠴᠢᠯᠠᠯᠲᠠ | ᠵᠠᠷᠯᠠᠬᠤ ᠪᠢᠴᠢᠭ ᠮᠠᠲ᠋ᠧᠷᠢᠶᠠᠯ ᠳᠤ ᠲᠥᠪ ᠤᠨ ᠠᠵᠤ ᠠᠬᠤᠶᠢᠯᠠᠯ ᠬᠢᠭᠡᠳ ᠥᠪᠡᠷᠲᠡᠭᠡᠨ ᠵᠠᠰᠠᠬᠤ ᠣᠷᠣᠨ ᠤ | ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ᠂ ᠣᠷᠣᠨ ᠤ ᠭᠠᠳᠠᠨᠠᠬᠢ ᠪᠠᠷᠢᠯᠭ᠎ᠠ ᠶᠢᠨ ᠦᠢᠯᠡᠰ ᠤᠨ ᠠᠵᠤ | ᠠᠬᠤᠶᠢᠯᠠᠯ ᠪᠤᠯᠤᠨ ᠥᠪᠡᠷᠲᠡᠭᠡᠨ ᠵᠠᠰᠠᠬᠤ ᠣᠷᠣᠨ ᠤ ᠳᠤᠮᠳᠠ ᠵᠢᠵᠢᠭ ᠪᠢᠴᠢᠯ ᠪᠠᠷᠢᠯᠭ᠎ᠠ ᠶᠢᠨ ᠦᠢᠯᠡᠰ ᠤᠨ ᠠᠵᠤ | ᠠᠬᠤᠶᠢᠯᠠᠯ ᠢ ᠲᠡᠮᠵᠢᠵᠦ᠂ ᠥᠪᠡᠷᠲᠡᠭᠡᠨ ᠵᠠᠰᠠᠬᠤ ᠣᠷᠣᠨ ᠤ ᠬᠥᠲᠥᠴᠢ ᠠᠵᠤ ᠠᠬᠤᠶᠢᠯᠠᠯ ᠬᠢᠭᠡᠳ ᠥᠪᠡᠷᠲᠡᠭᠡᠨ | ᠵᠠᠰᠠᠬᠤ ᠣᠷᠣᠨ ᠤ ᠳᠤᠮᠳᠠ ᠵᠢᠵᠢᠭ ᠪᠢᠴᠢᠯ ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ ᠪᠤᠶᠤ ᠠᠷᠠᠳ ᠠᠴᠠ | ᠡᠵᠡᠩᠨᠡᠭᠰᠡᠨ ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ ᠯᠤᠭ᠎ᠠ ᠬᠤᠯᠪᠣᠭᠠᠲᠤ ᠴᠣᠭᠴᠠ ᠪᠠᠶᠢᠭᠤᠯᠵᠤ | ᠳᠠᠭᠠᠭᠠᠴᠢᠯᠠᠯᠲᠠ ᠬᠦᠯᠢᠶᠡᠬᠦ ᠵᠦᠢᠯ ᠵᠤᠷᠪᠤᠰ ᠪᠠ ᠶᠡᠷᠦᠩᠬᠡᠶ ᠳᠠᠭᠠᠭᠠᠴᠢᠯᠠᠭᠰᠠᠨ ᠠᠵᠤ ᠠᠬᠤᠶᠢᠯᠠᠯ ᠨᠢ ᠲᠤᠬᠠᠶ ᠶᠢᠨ | ᠭᠠᠵᠠᠷ ᠤᠨ ᠳᠤᠮᠳᠠ ᠵᠢᠵᠢᠭ ᠪᠢᠴᠢᠯ ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ ᠳᠤ ᠬᠠᠤᠯᠢ ᠶᠢᠨ ᠲᠣᠭᠲᠠᠭᠠᠯ | ᠶᠣᠰᠣᠭᠠᠷ ᠬᠤᠪᠢᠶᠠᠨ ᠲᠠᠭᠠᠭᠠᠴᠢᠯᠠᠭᠤᠯᠬᠤ ᠬᠡᠷᠡᠭᠲᠡᠶ ᠭᠡᠵᠦ ᠲᠣᠳᠣᠷᠬᠠᠶ ᠱᠠᠭᠠᠷᠳᠠᠭᠰᠠᠨ ᠪᠠᠶᠢᠨ᠎ᠠ᠃ | ︵ᠲᠦᠷᠪᠡ︶ ᠳᠠᠭᠠᠭᠠᠴᠢᠯᠠᠯᠲᠠ ᠵᠠᠷᠯᠠᠬᠤ ᠪᠢᠴᠢᠭ ᠮᠠᠲ᠋ᠧᠷᠢᠶᠠᠯ ᠳᠤ ᠰᠢᠯᠢᠳᠡᠭ ᠢ ᠡᠭᠦᠳᠬᠦ ᠰᠢᠨ᠎ᠡ ᠶᠢ ᠡᠭᠦᠳᠬᠦ | ᠵᠠᠷᠤᠳᠠᠯ ᠢ ᠪᠤᠳᠤᠬᠤ ᠭᠡᠵᠦ ᠲᠣᠳᠣᠷᠬᠠᠶᠢᠯᠠᠵᠠᠢ᠃ ᠳᠠᠭᠠᠭᠠᠴᠢᠯᠠᠯᠲᠠ ᠵᠠᠷᠯᠠᠬᠤ ᠪᠢᠴᠢᠭ ᠮᠠᠲ᠋ᠧᠷᠢᠶᠠᠯ ᠳᠤ ᠪᠣᠬᠢᠷᠲᠤᠯ | ᠦᠭᠡᠶ ᠪᠠᠷᠢᠯᠭ᠎ᠠ ᠶᠢᠨ ᠵᠡᠷᠭᠡ ᠲᠠᠰ ᠤᠨ ᠬᠢᠷᠢ ᠲᠦᠪᠰᠢᠨ ᠪᠣᠯᠤᠨ ᠮᠡᠷᠭᠡᠵᠢᠯ ᠤᠨ ᠠᠷᠭ᠎ᠠ ᠬᠡᠮᠵᠢᠶ᠎ᠡ ᠳᠤ ᠲᠣᠳᠣᠷᠬᠠᠶ | ᠱᠠᠭᠠᠷᠳᠠᠯᠭ᠎ᠠ ᠲᠤᠷᠠᠳᠤᠪᠠ᠃ ᠳᠠᠭᠠᠭᠠᠴᠢᠯᠠᠯᠲᠠ ᠵᠠᠷᠯᠠᠭᠴᠢ ᠶᠢ ᠤᠶᠤᠨᠴᠢ ᠦᠢᠯᠡᠳᠬᠦ᠂ BIM ᠮᠡᠷᠭᠡᠵᠢᠯ᠂ | ᠤᠭᠰᠠᠷᠠᠮᠠᠯ ᠮᠠᠶ᠋ᠢᠭ ᠤᠨ ᠵᠠᠰᠠᠯ ᠴᠢᠮᠡᠭᠯᠡᠯ ᠳᠤ ᠱᠠᠭᠠᠷᠳᠠᠯᠭ᠎ᠠ ᠳᠤᠷᠠᠳᠬᠤ ᠶᠢ ᠵᠣᠷᠢᠭᠵᠢᠭᠤᠯᠤᠨ᠎ᠠ᠃ | ︵ᠲᠠᠪᠤ︶ ᠳᠠᠭᠠᠭᠠᠴᠢᠯᠠᠯᠲᠠ ᠵᠠᠷᠯᠠᠬᠤ ᠪᠢᠴᠢᠭ ᠮᠠᠲ᠋ᠧᠷᠢᠶᠠᠯ ᠳᠤ ᠠᠮᠵᠢᠯᠲᠠ ᠪᠦᠲᠦᠮᠵᠢ ᠳᠤ ᠬᠤᠪᠢ ᠨᠡᠮᠡᠬᠦ᠂ | ᠬᠤᠪᠢ ᠬᠥᠮᠦᠨ ᠤ ᠠᠮᠵᠢᠯᠲᠠ ᠪᠦᠲᠦᠮᠵᠢ ᠨᠢ ᠠᠵᠤ ᠠᠬᠤᠶᠢᠯᠠᠯ ᠤᠨ ᠠᠮᠵᠢᠯᠲᠠ ᠪᠦᠲᠦᠮᠵᠢ ᠠᠴᠠ ᠵᠣᠬᠢᠬᠤ | ᠬᠡᠮᠵᠢᠶ᠎ᠡ ᠪᠠᠷ ᠥᠨᠳᠥᠷ ᠪᠠᠶᠢᠯᠭᠠᠵᠤ ᠪᠣᠯᠤᠨ᠎ᠠ ᠭᠡᠵᠤ ᠲᠤᠷᠠᠳᠴᠠᠢ᠃ ᠳᠠᠭᠠᠭᠠᠴᠢᠯᠠᠯᠲᠠ ᠵᠠᠷᠯᠠᠭᠴᠢ᠂ ᠳᠠᠭᠠᠭᠠᠴᠢᠯᠠᠯᠲᠠ | ᠬᠦᠯᠢᠶᠡᠭᠴᠢ ᠶᠢᠨ ᠲᠣᠮᠢᠯᠠᠨ ᠰᠠᠭᠤᠯᠭᠠᠭᠰᠠᠨ ᠲᠤᠬᠠᠶ ᠶᠢᠨ ᠲᠠᠯᠠᠪᠠᠶ ᠶᠢᠨ ᠪᠠᠷᠢᠯᠭ᠎ᠠ ᠶᠢᠨ ᠥᠪᠡᠷ ᠤᠨ ᠠᠵᠢᠯᠴᠢᠨ ᠤ | ᠡᠵᠡᠯᠡᠬᠦ ᠬᠠᠷᠢᠴᠠᠯ ᠵᠢᠴᠢ ᠮᠡᠷᠭᠡᠵᠢᠯ ᠤᠨ ᠴᠢᠳᠠᠪᠤᠷᠢ ᠲᠠᠢ ᠠᠵᠢᠯᠴᠢᠨ ᠢ ᠲᠣᠬᠢᠷᠠᠭᠤᠯᠬᠤ ᠳᠤ ᠱᠠᠭᠠᠷᠳᠠᠯᠭ᠎ᠠ | ᠳᠤᠷᠠᠳᠬᠤ ᠶᠢ ᠵᠤᠷᠢᠭᠵᠢᠭᠤᠯᠬᠤ ᠶᠢᠨ ᠬᠠᠮᠳᠦ᠂ ᠥᠪᠡᠷ ᠤᠨ ᠪᠠᠷᠢᠯᠭ᠎ᠠ ᠶᠢᠨ ᠠᠵᠢᠯᠴᠢᠨ ᠤ ᠡᠵᠡᠯᠡᠬᠦ ᠬᠠᠷᠢᠴᠠᠯ ᠨᠢ | ᠶᠡᠭᠡ ᠵᠢᠴᠢ ᠮᠡᠷᠭᠡᠵᠢᠯ ᠤᠨ ᠴᠢᠳᠠᠪᠤᠷᠢ ᠲᠠᠢ ᠠᠵᠢᠯᠴᠢᠨ ᠢ ᠲᠣᠬᠢᠷᠠᠭᠤᠯᠤᠭᠰᠠᠨ ᠢᠶᠠᠷ ᠠᠷᠪᠢᠨ᠂ ᠵᠡᠷᠭᠡ ᠳᠡᠰ ᠨᠢ | ᠥᠨᠳᠥᠷ ᠳᠠᠭᠠᠭᠠᠴᠢᠯᠠᠯᠲᠠ ᠬᠦᠯᠢᠶᠡᠭᠴᠢ ᠳᠤ ᠵᠣᠬᠢᠰᠲᠠᠶ ᠬᠤᠪᠢ ᠤᠯᠭᠤᠨ᠎ᠠ᠃ | ︵ᠵᠢᠷᠭᠤᠭ᠎ᠠ︶ ᠳᠠᠭᠠᠭᠠᠴᠢᠯᠠᠯᠲᠠ ᠦᠨᠡᠯᠡᠬᠦ ᠮᠡᠳᠡᠭᠦᠯᠦᠯᠲᠡ᠂ ᠳᠠᠭᠠᠭᠠᠴᠢᠯᠠᠯᠲᠠ ᠣᠯᠤᠭᠰᠠᠨ | ᠵᠢᠱᠢᠭᠳᠡᠭᠰᠡᠳ ᠤᠨ ᠨᠡᠶᠢᠳᠡᠯᠡᠯ ᠤᠨ ᠪᠣᠳᠠᠲᠠᠶ ᠠᠭᠤᠯᠭ᠎ᠠ ᠳᠤ᠂ ᠳᠠᠭᠠᠭᠠᠴᠢᠯᠠᠯᠲᠠ ᠣᠯᠤᠭᠰᠠᠨ ᠬᠥᠮᠦᠨ | ᠳᠠᠭᠠᠭᠠᠴᠢᠯᠠᠯᠲᠠ ᠬᠦᠯᠢᠶᠡᠬᠦ ᠪᠢᠴᠢᠭ ᠮᠠᠲ᠋ᠧᠷᠢᠶᠠᠯ ᠢ ᠲᠤᠭᠳᠠᠭᠠᠯ ᠶᠤᠰᠤᠭᠠᠷ ᠨᠠᠶᠢᠷᠠᠭᠤᠯᠤᠨ ᠵᠤᠬᠢᠶᠠᠭᠰᠠᠨ ᠪᠠᠶᠢᠪᠠᠯ | ᠵᠣᠬᠢᠴᠠᠩᠭᠤᠶ ᠬᠤᠪᠢ ᠨᠡᠮᠡᠨ᠎ᠡ᠂ ᠭᠡᠪᠡᠴᠦ ᠬᠡᠷᠡᠭᠵᠢᠭᠦᠯᠬᠦ ᠶᠠᠪᠤᠴᠠ ᠳᠤ ᠭᠡᠷ᠎ᠡ ᠪᠠᠨ ᠭᠦᠢᠴᠡᠳᠬᠡᠭᠰᠡᠨ ᠦᠭᠡᠶ ᠪᠣᠯ᠂ | ᠳᠠᠭᠠᠭᠠᠴᠢᠯᠠᠯᠲᠠ ᠵᠠᠷᠯᠠᠬᠤ ᠪᠢᠴᠢᠭ ᠮᠠᠲ᠋ᠧᠷᠢᠶᠠᠯ ᠳᠤ ᠪᠣᠯᠵᠤᠭ᠎ᠠ ᠠᠴᠠ ᠵᠥᠷᠢᠴᠡᠭᠰᠡᠨ ᠢ ᠰᠢᠢᠳᠭᠡᠨ ᠲᠣᠷᠭᠠᠬᠤ ᠠᠷᠭ᠎ᠠ | ᠬᠡᠮᠵᠢᠶ᠎ᠡ ᠵᠢᠴᠢ ᠭᠡᠷ᠎ᠡ ᠪᠠᠨ ᠦᠷᠭᠦᠯᠵᠢᠯᠡᠨ ᠬᠡᠷᠡᠭᠵᠢᠭᠦᠯᠦᠭᠰᠡᠨ ᠡᠰᠡᠬᠦ ᠶᠢ ᠲᠣᠳᠣᠷᠬᠠᠶᠢᠯᠠᠬᠤ ᠶᠢᠨ ᠬᠠᠮᠲᠤ᠂ | ᠳᠠᠭᠠᠭᠠᠴᠢᠯᠠᠯᠲᠠ ᠣᠯᠤᠭᠴᠢ ᠪᠠᠷ ᠭᠡᠷ᠎ᠡ ᠠᠴᠠ ᠵᠥᠷᠢᠴᠡᠭᠰᠡᠨ ᠬᠠᠷᠢᠭᠤᠴᠠᠯᠭ᠎ᠠ ᠶᠢ ᠡᠭᠦᠷᠭᠡᠯᠡᠭᠦᠯᠬᠦ ᠶᠢ ᠲᠤᠳᠤᠷᠬᠠᠶᠢᠯᠠᠪᠠ | ᠃ | ᠳᠠᠭᠠᠭᠠᠴᠢᠯᠠᠯᠲᠠ ᠵᠠᠷᠯᠠᠬᠤ ᠪᠢᠴᠢᠭ ᠮᠠᠲ᠋ᠧᠷᠢᠶᠠᠯ ᠤᠨ ᠭᠡᠷ᠎ᠡ ᠶᠢᠨ ᠵᠦᠢᠯ ᠵᠤᠷᠪᠤᠰ ᠲᠤ᠂ ᠳᠠᠭᠠᠭᠠᠴᠢᠯᠠᠯᠲᠠ | ᠬᠦᠯᠢᠶᠡᠭᠴᠢ ᠳᠠᠭᠠᠭᠠᠴᠢᠯᠠᠯᠲᠠ ᠣᠯᠤᠭᠰᠠᠨ ᠤ ᠳᠠᠷᠠᠭ᠎ᠠ ᠬᠠᠮᠢᠶᠠᠷᠤᠯᠲᠠ ᠶᠢᠨ ᠠᠵᠢᠯᠲᠠᠨ ᠢ ᠳᠤᠷ᠎ᠠ ᠪᠠᠷ ᠢᠶᠠᠨ ᠰᠣᠯᠢᠵᠤ | ᠪᠣᠯᠬᠤ ᠦᠭᠡᠶ᠂ ᠦᠨᠡᠨᠬᠦ ᠰᠣᠯᠢᠬᠤ ᠴᠢᠬᠤᠯᠠ ᠲᠠᠢ ᠪᠣᠯ ᠬᠠᠮᠢᠶᠠᠷᠤᠯᠲᠠ ᠶᠢᠨ ᠠᠵᠢᠯᠲᠠᠨ ᠤ ᠲᠤᠭ᠎ᠠ ᠬᠡᠮᠵᠢᠶ᠎ᠡ ᠶᠢᠨ | 50% ᠠᠴᠠ ᠬᠡᠲᠦᠷᠡᠭᠦᠯᠵᠦ ᠪᠣᠯᠬᠤ ᠦᠭᠡᠶ ᠪᠥᠭᠡᠳ ᠬᠢᠷᠢ ᠬᠡᠮ᠂ ᠠᠵᠢᠯ ᠤᠨ ᠠᠮᠵᠢᠯᠲᠠ ᠪᠦᠲᠦᠮᠵᠢ᠂ ᠢᠲᠡᠭᠡᠯ | ᠬᠦᠨᠳᠦ ᠵᠡᠷᠭᠡ ᠲᠠᠯ᠎ᠠ ᠪᠠᠷ ᠬᠤᠪᠢᠷᠠᠬᠤ ᠠᠴᠠ ᠡᠮᠦᠨᠡᠬᠢ ᠬᠠᠮᠢᠶᠠᠷᠤᠯᠲᠠ ᠶᠢᠨ ᠠᠵᠢᠯᠲᠠᠨ ᠯᠤᠭ᠎ᠠ ᠨᠢᠭᠡᠳᠦᠯᠲᠡᠶ | ᠪᠠᠶᠢᠯᠭᠠᠬᠤ ᠬᠡᠷᠡᠭᠲᠡᠶ ᠭᠡᠵᠤ ᠴᠢᠬᠤᠯᠠᠴᠢᠯᠠᠵᠠᠢ︔ ᠡᠭᠦᠨ ᠤ ᠬᠠᠮᠲᠤ᠂ ᠬᠠᠮᠢᠶᠠᠷᠤᠯᠲᠠ ᠶᠢᠨ ᠠᠵᠢᠯᠲᠠᠨ ᠤ ᠠᠵᠢᠯ ᠤᠨ | ᠪᠠᠶᠢᠷᠢ ᠳᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠴᠠᠭ ᠤᠨ ᠱᠠᠭᠠᠷᠳᠠᠯᠭ᠎ᠠ ᠶᠢ ᠲᠣᠳᠣᠷᠬᠠᠶᠢᠯᠠᠬᠤ ᠬᠡᠷᠡᠭᠲᠡᠶ᠃ | |