ᠬᠤᠲᠠ ᠪᠤᠯ ᠣᠳᠣᠬᠢᠴᠢᠯᠠᠯᠲᠠ ᠶᠢᠨ ᠴᠢᠬᠤᠯᠠ ᠠᠴᠢᠶᠠᠯᠠᠪᠤᠷᠢ᠃ ᠠᠵᠤ ᠠᠬᠤᠢ ᠨᠡᠶᠢᠭᠡᠮ ᠤᠨ | ᠬᠥᠭᠵᠢᠯᠲᠡ ᠶᠢ ᠳᠠᠭᠠᠯᠳᠤᠨ᠂ ᠬᠤᠲᠠ ᠳᠤ ᠲᠤᠯᠭᠠᠷᠠᠵᠤ ᠪᠠᠶᠢᠭ᠎ᠠ ᠭᠠᠢ ᠭᠠᠮᠰᠢᠭ ᠤᠨ ᠠᠶᠤᠯ ᠲᠦᠭᠰᠢᠭᠦᠷᠢ ᠴᠦ | ᠡᠳᠦᠷ ᠢᠷᠡᠬᠦᠶ᠎ᠡ ᠪᠣᠳᠤᠯᠢᠶᠠᠨᠲᠠᠢ ᠣᠯᠠᠨ ᠶᠠᠩᠵᠤ ᠶᠢᠨ ᠪᠣᠯᠵᠤ ᠪᠠᠶᠢᠨ᠎ᠠ᠂ ᠤᠶᠠᠨ ᠬᠠᠳᠠᠨ ᠴᠢᠨᠠᠷᠳᠠᠢ ᠬᠤᠲᠠ ᠶᠢ | ᠪᠦᠲᠦᠭᠡᠨ ᠪᠠᠶᠢᠭᠤᠯᠬᠤ ᠶᠠᠪᠤᠳᠠᠯ ᠵᠠᠶᠢᠯᠠᠰᠢ ᠦᠭᠡᠢ ᠰᠤᠩᠭᠤᠯᠳᠠ ᠪᠣᠯᠵᠠᠢ᠃ ᠶᠡᠷᠦᠩᠬᠡᠢ ᠱᠦᠵᠢ ᠰᠢ ᠶᠢᠨ ᠫᠢᠩ | ᠴᠦᠩᠴᠢᠩ ᠳᠤ ᠰᠢᠨᠵᠢᠯᠡᠨ ᠪᠠᠶᠢᠴᠠᠭᠠᠬᠤ ᠳᠠᠭᠠᠨ᠄ ︽ᠤᠶᠠᠨ ᠬᠠᠳᠠᠨ ᠴᠢᠨᠠᠷᠲᠠᠢ ᠬᠤᠳᠠ ᠶᠢᠨ ᠪᠦᠳᠦᠭᠡᠨ | ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠵᠤ᠂ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ | ᠠᠪᠤᠷᠠᠬᠤ ᠴᠢᠳᠠᠪᠤᠷᠢ ᠶᠢ ᠪᠦᠲᠦᠮᠵᠢᠲᠡᠢ ᠲᠡᠭᠡᠭᠰᠢᠯᠡᠭᠦᠯᠬᠦ ᠬᠡᠷᠡᠭᠳᠡᠢ︾ ᠭᠡᠵᠦ ᠴᠢᠬᠤᠯᠠᠴᠢᠯᠠᠪᠠ᠃ ᠤᠶᠠᠨ ᠬᠠᠳᠠᠨ | ᠴᠢᠨᠠᠷᠲᠠᠢ ᠬᠤᠳᠠ ᠶᠢᠨ ᠪᠦᠳᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠬᠤ ᠳᠤ᠂ ᠰᠢ ᠶᠢᠨ ᠫᠢᠩ ᠤᠨ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ | ᠭᠦᠨᠵᠡᠭᠡᠢ ᠰᠤᠷᠤᠯᠴᠠᠨ ᠲᠤᠭᠤᠰᠢᠯᠠᠭᠤᠯᠵᠦ᠂ ᠶᠡᠷᠦᠩᠬᠡᠢ ᠱᠦᠵᠢ ᠰᠢ ᠶᠢᠨ ᠫᠢᠩ ᠤᠨ ᠬᠤᠳᠠ ᠶᠢᠨ ᠠᠵᠢᠯ ᠤᠨ | ᠲᠤᠬᠠᠢ ᠴᠢᠬᠤᠯᠠ ᠥᠭᠦᠯᠡᠯᠲᠡ ᠪᠠᠷ ᠰᠢᠨᠵᠢᠯᠡᠬᠦ ᠤᠬᠠᠭᠠᠨᠴᠢ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ | ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠵᠤ᠂ ᠬᠤᠳᠠ ᠶᠢᠨ ᠠᠮᠤᠷ ᠲᠦᠪᠰᠢᠨ ᠬᠥᠭᠵᠢᠯᠲᠡ ᠳᠤ | ᠲᠤᠯᠭᠠᠷᠠᠵᠤ ᠪᠠᠶᠢᠭ᠎ᠠ ᠭᠦᠨ ᠳᠠᠪᠬᠤᠷᠭ᠎ᠠ ᠶᠢᠨ ᠵᠥᠷᠢᠴᠡᠯ ᠪᠣᠯᠤᠨ ᠠᠰᠠᠭᠤᠳᠠᠯ ᠢ ᠰᠢᠨᠵᠢᠯᠡᠬᠦ ᠤᠬᠠᠭᠠᠨᠴᠢ ᠪᠠᠷ | ᠡᠵᠡᠮᠳᠡᠵᠦ᠂ ᠬᠤᠳᠠ ᠶᠢᠨ ᠤᠶᠠᠨ ᠬᠠᠳᠠᠨ ᠴᠢᠨᠠᠷ ᠢ ᠲᠠᠰᠤᠷᠠᠯᠳᠠ ᠦᠭᠡᠢ ᠳᠡᠭᠡᠭᠰᠢᠯᠡᠭᠦᠯᠬᠦ ᠶᠢ ᠬᠤᠳᠠ ᠶᠢᠨ | ᠲᠥᠯᠥᠪᠵᠢᠭᠦᠯᠭᠡ᠂ ᠪᠦᠳᠦᠭᠡᠨ ᠪᠠᠶᠢᠭᠤᠯᠤᠯᠲᠠ᠂ ᠬᠠᠮᠢᠶᠠᠷᠤᠯᠲᠠ ᠶᠢᠨ ᠡᠯ᠎ᠡ ᠲᠠᠯ᠎ᠠ ᠶᠢᠨ ᠪᠦᠬᠦ ᠶᠠᠪᠤᠴᠠ ᠳᠤ | ᠲᠤᠭᠤᠰᠢᠯᠠᠭᠤᠯᠬᠤ ᠬᠡᠷᠡᠭᠲᠡᠢ᠃ | ᠤᠶᠠᠨ ᠬᠠᠳᠠᠨ ᠴᠢᠨᠠᠷᠳᠠᠢ ᠬᠤᠲᠠ ᠶᠢᠨ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠬᠤ ᠨᠢ | ᠴᠢᠬᠤᠯᠠ ᠠᠴᠢ ᠬᠤᠯᠪᠣᠭᠳᠠᠯ ᠲᠠᠢ ᠶᠤᠮ | ᠣᠳᠣ ᠦᠶ᠎ᠡ ᠶᠢᠨ ᠨᠡᠶᠢᠭᠡᠮ ᠳᠤ᠂ ᠬᠤᠲᠠ ᠨᠢ ᠪᠠᠶᠢᠭᠠᠯᠢ ᠶᠢᠨ ᠭᠠᠮᠰᠢᠭ ᠣᠯᠠᠨ ᠡᠭᠦᠰᠬᠦ ᠣᠯᠠᠨ ᠪᠥᠰᠡ | ᠤᠷᠤᠨ ᠪᠣᠯᠤᠭᠰᠠᠨ ᠪᠠᠶᠢᠨ᠎ᠠ᠃ ᠴᠠᠭ ᠠᠭᠤᠷ᠂ ᠭᠠᠵᠠᠷ ᠰᠢᠨᠵᠢᠯᠡᠭᠡᠨ ᠵᠡᠷᠭᠡ ᠪᠠᠶᠢᠭᠠᠯᠢ ᠶᠢᠨ ᠭᠠᠮᠰᠢᠭ᠂ ᠠᠶᠦᠯᠭᠦᠢ | ᠦᠢᠯᠡᠳᠪᠦᠷᠢᠯᠡᠯ ᠤᠨ ᠡ᠊ᠨᠳᠡᠯ᠂ ᠡᠯ᠎ᠡ ᠵᠦᠢᠯ ᠤᠨ ᠭᠡᠨᠡᠳᠲᠡ ᠶᠢᠨ ᠬᠡᠷᠡᠭ ᠵᠡᠷᠭᠡ ᠨᠢ ᠴᠥᠮ ᠬᠤᠲᠠ ᠶᠢᠨ ᠠᠶᠦᠯᠭᠦᠢ | ᠠᠵᠢᠯᠯᠠᠭᠠᠨ ᠲᠠᠢ ᠨᠢᠭᠲᠠ ᠬᠤᠯᠪᠣᠭ᠎ᠠ ᠲᠠᠢ ᠪᠠᠶᠢᠳᠠᠭ᠃ ᠬᠡᠰᠡᠭ ᠲᠠᠯ᠎ᠠ ᠶᠢᠨ ᠬᠡᠪᠴᠢᠶᠡᠨ ᠳᠤ ᠢᠯᠡᠷᠡᠭᠰᠡᠨ ᠳᠠᠩ | ᠴᠤᠯᠭᠤᠶ ᠭᠠᠮᠰᠢᠭ ᠤᠨ ᠠᠶᠤᠯ ᠲᠦᠭᠰᠢᠭᠦᠷᠢ ᠪᠦᠬᠦ ᠬᠤᠲᠠ ᠴᠢᠨᠠᠭᠰᠢᠯᠠᠪᠠᠯ ᠨᠠᠩ ᠶᠡᠭᠡ ᠬᠡᠪᠴᠢᠶᠡᠨ ᠤ ᠬᠢᠮᠤᠷᠠᠯ ᠤᠨ | ᠬᠡᠷᠡᠭ ᠪᠤᠯᠵᠤ ᠬᠤᠪᠢᠷᠠᠬᠤ᠂ ᠰᠢᠰᠲ᠋ᠧᠮ ᠤᠨ ᠴᠢᠨᠠᠷᠳᠠᠢ ᠠᠶᠤᠯ ᠲᠦᠭᠰᠢᠭᠦᠷᠢ ᠶᠢ ᠪᠤᠢ ᠪᠤᠯᠭᠠᠬᠤ ᠪᠤᠯᠤᠯᠴᠠᠭ᠎ᠠ | ᠶᠡᠭᠡ ᠪᠠᠷ ᠲᠡᠭᠡᠭᠰᠢᠯᠡᠪᠡ᠃ ᠤᠶᠠᠨ ᠬᠠᠳᠠᠨ ᠴᠢᠨᠠᠷᠲᠠᠶ ᠬᠤᠲᠠ ᠶᠢ ᠪᠦᠲᠦᠭᠡᠨ ᠪᠠᠶᠢᠭᠤᠯᠬᠤ ᠪᠣᠯ ᠳᠠᠷᠤᠶ | ᠭᠠᠮᠰᠢᠭ ᠤᠨ ᠠᠶᠤᠯ ᠲᠦᠭᠰᠢᠭᠦᠷᠢ ᠶᠢᠨ ᠡᠮᠦᠨ᠎ᠡ ᠳᠠᠭᠠᠭᠠᠴᠠ ᠲᠠᠢ᠂ ᠵᠣᠬᠢᠴᠠᠯ ᠲᠠᠢ᠂ ᠲᠦᠷᠭᠡᠨ ᠰᠡᠷᠭᠦᠭᠡᠬᠦ | ᠴᠢᠳᠠᠪᠤᠷᠢ ᠲᠠᠢ ᠬᠤᠲᠠ ᠶᠢ ᠪᠦᠲᠦᠭᠡᠨ ᠪᠠᠶᠢᠭᠤᠯᠬᠤ ᠶᠠᠪᠤᠳᠠᠯ ᠪᠣᠯᠤᠨ᠎ᠠ᠃ | ᠮᠠᠨ ᠤ ᠤᠯᠤᠰ ᠤᠶᠠᠨ ᠬᠠᠳᠠᠨ ᠴᠢᠨᠠᠷᠲᠠᠢ ᠬᠤᠳᠠ ᠶᠢᠨ ᠪᠦᠳᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ | ᠠᠬᠢᠭᠤᠯᠬᠤ ᠶᠢ ᠲᠤᠷᠠᠳᠤᠨ ᠭᠠᠷᠭᠠᠭᠰᠠᠨ ᠨᠢ ᠣᠳᠣᠬᠠᠨ ᠤ ᠬᠤᠳᠠ ᠶᠢᠨ ᠭᠠᠮᠰᠢᠭ ᠤᠨ ᠠᠶᠤᠯ ᠲᠦᠭᠰᠢᠭᠦᠷᠢ ᠶᠢ | ᠠᠷᠭᠠᠴᠠᠭᠠᠬᠤ ᠴᠢᠬᠤᠯᠠ ᠠᠷᠭ᠎ᠠ ᠬᠡᠮᠵᠢᠶ᠎ᠡ ᠮᠥᠨ᠂ ᠬᠤᠳᠠ ᠶᠢᠨ ᠵᠠᠰᠠᠯᠲᠠ ᠶᠢᠨ ᠣᠳᠣᠬᠢᠴᠢᠯᠠᠯᠲᠠ ᠶᠢ ᠠᠬᠢᠭᠤᠯᠬᠤ | ᠴᠢᠬᠤᠯᠠ ᠠᠭᠤᠯᠭ᠎ᠠ ᠮᠥᠨ᠂ ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠲᠡ ᠶᠢ ᠲᠤᠭᠤᠰᠢᠯᠠᠭᠤᠯᠬᠤ᠂ | ᠬᠤᠳᠠ ᠶᠢᠨ ᠠᠮᠤᠷ ᠲᠦᠪᠰᠢᠨ ᠤ ᠬᠥᠭᠵᠢᠯᠲᠡ ᠶᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ | ᠣᠳᠣᠬᠠᠨ ᠳᠤ᠂ ᠮᠠᠨ ᠤ ᠤᠯᠤᠰ ᠶᠠᠭ ᠣᠯᠠᠨ ᠨᠡᠶᠢᠲᠡ ᠶᠢᠨ ᠠᠮᠤᠷ ᠲᠦᠪᠰᠢᠨ ᠤ ᠬᠡᠷᠡᠭ ᠠᠮᠠᠷᠬᠠᠨ ᠡᠭᠦᠰᠬᠦ᠂ | ᠪᠠᠶᠢᠨ ᠳᠠᠬᠢᠨ ᠡᠭᠦᠰᠬᠦ ᠪᠠ ᠣᠯᠠᠨ ᠡᠭᠦᠰᠬᠦ ᠬᠤᠭᠤᠴᠠᠭᠠᠨ ᠳᠤ ᠣᠷᠣᠰᠢᠵᠤ᠂ ᠭᠠᠮᠰᠢᠭ ᠤᠨ ᠲᠦᠭᠰᠢᠭᠦᠷᠢ ᠶᠢᠨ | ᠳᠠᠯᠳᠠ ᠴᠢᠨᠠᠷ᠂ ᠪᠤᠳᠤᠯᠢᠶᠠᠨᠲᠤ ᠴᠢᠨᠠᠷ᠂ ᠬᠤᠯᠪᠣᠭᠠᠯᠠᠨ ᠬᠥᠳᠡᠯᠦᠯᠴᠡᠬᠦ ᠴᠢᠨᠠᠷ ᠤᠯᠠᠮ ᠨᠢᠭᠡ ᠠᠯᠬᠤᠮ ᠨᠡᠮᠡᠭᠳᠡᠵᠦ᠂ | ᠳᠠᠯᠳᠠ ᠲᠦᠭᠰᠢᠭᠦᠷᠢ ᠪᠠ ᠰᠢᠨ᠎ᠡ ᠳᠠᠯᠳᠠ ᠭᠡᠮ ᠨᠡᠮᠡᠭᠳᠡᠵᠦ᠂ ᠰᠡᠷᠭᠡᠶᠢᠯᠡᠨ ᠡᠵᠡᠮᠳᠡᠬᠦ ᠬᠦᠴᠢᠷᠳᠡᠯ ᠨᠡᠮᠡᠭᠳᠡᠵᠦ᠂ | ᠬᠤᠲᠠ ᠶᠢᠨ ᠠᠮᠤᠷ ᠲᠦᠪᠰᠢᠨ ᠤ ᠵᠠᠰᠠᠯᠲᠠ ᠳᠤ ᠰᠢᠨ᠎ᠡ ᠥᠷᠢᠰᠥᠯᠳᠦᠭᠡᠨ ᠪᠣᠯᠵᠤ ᠪᠠᠶᠢᠨ᠎ᠠ᠃ ᠡᠭᠦᠨ ᠤ ᠬᠠᠮᠲᠤ᠂ | ᠬᠤᠲᠠ ᠪᠠᠯᠭᠠᠰᠤᠵᠢᠯᠲᠠ ᠶᠢᠨ ᠠᠬᠢᠬᠤ ᠶᠢ ᠳᠠᠭᠠᠯᠳᠤᠨ᠂ ᠮᠠᠨ ᠤ ᠤᠯᠤᠰ ᠤᠨ ᠬᠤᠲᠠ ᠶᠢᠨ ᠬᠥᠮᠦᠨ ᠠᠮᠠ᠂ | ᠬᠥᠷᠥᠩᠭᠡ᠂ ᠮᠡᠷᠭᠡᠵᠢᠯ ᠪᠠ ᠡᠨᠧᠷᠭᠢ ᠵᠡᠷᠭᠡ ᠡᠯ᠎ᠡ ᠲᠥᠷᠥᠯ ᠤᠨ ᠬᠦᠴᠦᠨ ᠵᠦᠢᠯ ᠳᠡᠭᠡᠳᠦ ᠬᠡᠮᠵᠢᠶ᠎ᠡ ᠪᠠᠷ | ᠲᠥᠪᠯᠡᠷᠡᠵᠦ᠂ ᠬᠤᠲᠠ ᠶᠢᠨ ᠠᠵᠢᠯᠯᠠᠭᠠᠨ ᠤ ᠰᠢᠰᠲ᠋ᠧᠮ ᠡᠳᠦᠷ ᠢᠷᠡᠬᠦᠶ᠎ᠡ ᠪᠤᠳᠤᠯᠢᠶᠠᠨᠲᠠᠶ ᠪᠣᠯᠵᠤ᠂ ᠭᠡᠨᠡᠳᠲᠡ ᠶᠢᠨ | ᠬᠡᠷᠡᠭ ᠨᠢ ᠬᠤᠲᠠ ᠶᠢᠨ ᠰᠠᠭᠤᠭᠠᠯᠢ ᠠᠷᠠᠳ ᠤᠨ ᠡᠳᠦᠷ ᠲᠤᠲᠤᠮ ᠤᠨ ᠦᠢᠯᠡᠳᠪᠦᠷᠢᠯᠡᠯ ᠠᠮᠢᠳᠤᠷᠠᠯ ᠳᠤ ᠥᠷᠭᠡᠨ | ᠪᠥᠭᠡᠳ ᠬᠦᠨᠳᠦ ᠨᠣᠴᠢᠲᠠᠶ ᠨᠥᠯᠥᠭᠡ ᠦᠵᠡᠭᠦᠯᠵᠦ ᠮᠡᠳᠡᠨ᠎ᠡ᠃ ᠬᠤᠲᠠ ᠶᠢᠨ ᠵᠠᠰᠠᠯᠲᠠ ᠶᠢ ᠠᠬᠢᠭᠤᠯᠬᠤ ᠶᠢᠨ | ᠦᠨᠳᠦᠰᠦᠨ ᠵᠣᠷᠢᠯᠭ᠎ᠠ ᠪᠣᠯ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠠᠮᠤᠷ | ᠲᠦᠪᠰᠢᠨ ᠤ ᠲᠥᠷᠥᠭᠳᠡᠯ ᠢ ᠳᠡᠭᠡᠭᠰᠢᠯᠡᠭᠦᠯᠬᠦ ᠶᠢᠨ ᠲᠥᠯᠥᠭᠡ ᠶᠤᠮ᠃ ᠬᠤᠳᠠ ᠶᠢᠨ ᠬᠥᠭᠵᠢᠯᠲᠡ ᠶᠢᠨ | ᠶᠠᠪᠤᠴᠠ ᠳᠠᠬᠢ ᠰᠢᠨ᠎ᠡ ᠠᠶᠤᠯ ᠲᠦᠭᠰᠢᠭᠦᠷᠢ ᠪᠣᠯᠤᠨ ᠰᠢᠨ᠎ᠡ ᠠᠰᠠᠭᠤᠳᠠᠯ ᠤᠨ ᠡᠮᠦᠨ᠎ᠡ᠂ ᠬᠤᠳᠠ ᠶᠢᠨ | ᠬᠥᠭᠵᠢᠯᠲᠡ ᠶᠢᠨ ᠠᠷᠭ᠎ᠠ ᠬᠡᠯᠪᠡᠷᠢ ᠶᠢ ᠲᠦᠷᠭᠡᠨ ᠬᠤᠪᠢᠷᠠᠭᠤᠯᠬᠤ᠂ ᠤᠶᠠᠨ ᠬᠠᠳᠠᠨ ᠴᠢᠨᠠᠷᠳᠠᠢ ᠬᠤᠳᠠ ᠶᠢᠨ | ᠪᠦᠳᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠬᠤ ᠶᠢ ᠨᠡᠩ ᠲᠤᠯᠭᠠᠮ᠎ᠠ ᠱᠠᠭᠠᠷᠳᠠᠵᠤ ᠪᠠᠶᠢᠨ᠎ᠠ᠃ ᠡᠨᠡ | ᠪᠣᠯ ᠣᠳᠣᠬᠠᠨ ᠤ ᠬᠤᠳᠠ ᠶᠢᠨ ᠠᠮᠤᠷ ᠲᠦᠪᠰᠢᠨ ᠤ ᠬᠥᠭᠵᠢᠯᠲᠡ ᠶᠢᠨ ᠪᠠᠶᠢᠳᠠᠯ ᠳᠤ ᠰᠠᠭᠤᠷᠢᠯᠠᠵᠤ᠂ ᠮᠠᠨ ᠤ | ᠤᠯᠤᠰ ᠤᠨ ᠬᠤᠳᠠ ᠶᠢᠨ ᠭᠠᠮᠰᠢᠭ ᠤᠨ ᠠᠶᠤᠯ ᠲᠦᠭᠰᠢᠭᠦᠷᠢ ᠶᠢᠨ ᠳᠠᠭᠠᠭᠠᠴᠠ᠂ ᠵᠤᠬᠢᠴᠠᠯ ᠪᠠ ᠲᠦᠷᠭᠡᠨ ᠰᠡᠷᠭᠦᠭᠡᠬᠦ | ᠴᠢᠳᠠᠪᠤᠷᠢ ᠶᠢ ᠳᠡᠭᠡᠭᠰᠢᠯᠡᠭᠦᠯᠬᠦ ᠶᠢᠨ ᠴᠢᠬᠤᠯᠠ ᠪᠦᠬᠦᠢ ᠠᠷᠭ᠎ᠠ ᠬᠡᠮᠵᠢᠶ᠎ᠡ ᠮᠥᠨ᠂ ᠬᠤᠳᠠ ᠶᠢᠨ ᠵᠠᠰᠠᠯᠲᠠ ᠶᠢᠨ | ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠳᠤ ᠳᠤᠲᠠᠭᠳᠠᠵᠤ ᠪᠣᠯᠤᠰᠢ | ᠦᠭᠡᠢ ᠵᠠᠩᠭᠢᠯᠠᠭ᠎ᠠ ᠶᠢᠨ ᠭᠤᠭᠴᠤᠭ᠎ᠠ ᠮᠥᠨ᠂ ᠪᠠᠰᠠ ᠴᠤ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ | ᠨᠡᠮᠡᠭᠳᠡᠭᠦᠯᠵᠦ᠂ ᠠᠷᠠᠳ ᠤᠯᠠᠨ ᠤ ᠬᠦᠷᠲᠡᠮᠵᠢ ᠶᠢᠨ ᠲᠦᠷᠦᠭᠳᠡᠯ᠂ ᠵᠢᠷᠭᠠᠯᠲᠤ ᠲᠦᠷᠦᠭᠳᠡᠯ᠂ ᠠᠮᠤᠷ ᠲᠦᠪᠰᠢᠨ ᠤ | ᠲᠦᠷᠦᠭᠳᠡᠯ ᠢ ᠨᠡᠩ ᠲᠡᠭᠦᠯᠳᠡᠷ᠂ ᠨᠡᠩ ᠪᠠᠲᠤᠯᠠᠭ᠎ᠠ ᠲᠠᠢ᠂ ᠨᠡᠩ ᠦᠷᠭᠦᠯᠵᠢᠯᠡᠬᠦ ᠳᠣᠲᠣᠭᠠᠳᠤ ᠱᠠᠭᠠᠷᠳᠠᠯᠭ᠎ᠠ ᠮᠥᠨ᠃ | ᠳᠡᠯᠡᠬᠡᠢ ᠶᠢᠨ ᠬᠡᠪᠴᠢᠶ᠎ᠡ ᠠᠴᠠ ᠠᠪᠴᠤ ᠦᠵᠡᠪᠡᠯ᠂ ᠣᠶᠢᠷ᠎ᠠ ᠶᠢᠨ ᠵᠢᠯ ᠤᠳ ᠲᠤ᠂ ᠬᠤᠳᠠ ᠶᠢᠨ ᠨᠡᠩ | ᠪᠠᠭᠲᠠᠭᠠᠮᠵᠢᠲᠠᠢ᠂ ᠠᠮᠤᠷ ᠲᠦᠪᠰᠢᠨ ᠪᠠ ᠦᠷᠭᠦᠯᠵᠢᠯᠡᠬᠦ ᠤᠶᠠᠨ ᠬᠠᠳᠠᠨ ᠣᠶᠢᠯᠠᠭᠠᠭᠳᠠᠬᠤᠨ ᠢ ᠠᠬᠢᠭᠤᠯᠬᠤ | ᠵᠣᠷᠢᠯᠭ᠎ᠠ ᠨᠢ ᠪᠠᠰᠠ ᠮᠠᠰᠢ ᠤᠯᠠᠨ ᠤᠯᠤᠰ ᠣᠷᠣᠨ ᠤ ᠠᠩᠬᠠᠷᠤᠯ ᠢ ᠲᠠᠲᠠᠭᠰᠠᠨ ᠪᠥᠭᠡᠳ ᠦᠢᠯᠡᠳᠦᠯᠭᠡᠵᠢᠭᠦᠯᠵᠦ᠂ | ᠬᠤᠳᠠ ᠶᠢᠨ ᠠᠮᠤᠷ ᠲᠦᠪᠰᠢᠨ ᠬᠥᠭᠵᠢᠯᠲᠡ ᠶᠢᠨ ᠴᠢᠬᠤᠯᠠ ᠬᠠᠨᠳᠤᠰᠢ ᠪᠣᠯᠤᠭᠰᠠᠨ ᠪᠠᠶᠢᠨ᠎ᠠ᠃ ᠵᠢᠱᠢᠶᠡᠯᠡᠪᠡᠯ᠂ | ᠠᠮᠧᠷᠢᠺᠠ ᠤᠯᠤᠰ ᠤᠨ ᠤᠶᠠᠨ ᠬᠠᠳᠠᠨ ᠴᠢᠨᠠᠷ ᠢ ᠴᠢᠩᠭᠠᠳᠬᠠᠵᠤ᠂ ᠠᠮᠤᠷ ᠲᠦᠪᠰᠢᠨ ᠤᠶᠠᠨ ᠬᠠᠳᠠᠨ ᠴᠢᠨᠠᠷᠲᠠᠢ | ᠤᠯᠤᠰ ᠢ ᠪᠠᠶᠢᠭᠤᠯᠬᠤ ᠶᠢ ᠴᠢᠬᠤᠯᠠᠴᠢᠯᠠᠵᠤ᠂ ᠪᠦᠬᠦ᠋ᠢᠯᠡ ᠤᠯᠤᠰ ᠢ ᠰᠡᠷᠭᠡᠶᠢᠯᠡᠬᠦ᠂ ᠬᠠᠮᠠᠭᠠᠯᠠᠬᠤ᠂ ᠰᠡᠷᠭᠦᠭᠡᠬᠦ | ᠴᠢᠳᠠᠪᠤᠷᠢ ᠲᠠᠢ ᠪᠣᠯᠭᠠᠬᠤ ᠬᠡᠷᠡᠭᠲᠡᠢ ᠭᠡᠵᠦ ᠳᠤᠷᠠᠳᠪᠠ᠃ ᠨᠢᠦ᠋ ᠶᠤᠷᠺ ︽ᠤᠶᠠᠨ ᠬᠠᠳᠠᠨ ᠴᠢᠨᠠᠷᠲᠠᠶ ᠨᠢᠦ᠋ ᠶᠤᠷᠺ︾ | ᠶᠢᠨ ᠲᠥᠯᠥᠪᠯᠡᠯᠭᠡ ᠶᠢ ᠨᠡᠶᠢᠲᠡᠯᠡᠭᠰᠡᠨ ᠨᠢ ᠰᠠᠭᠤᠷᠢ ᠲᠥᠬᠦᠭᠡᠷᠦᠮᠵᠢ ᠪᠣᠯᠤᠨ ᠪᠠᠷᠢᠯᠭ᠎ᠠ᠂ ᠠᠵᠤ ᠠᠬᠤᠶ ᠶᠢᠨ | ᠰᠡᠷᠭᠦᠯᠲᠡ᠂ ᠨᠡᠶᠢᠭᠡᠮ ᠲᠣᠭᠤᠷᠢᠭ ᠤᠨ ᠪᠡᠯᠡᠳᠬᠡᠯ ᠪᠣᠯᠤᠨ ᠳᠠᠭᠠᠯᠲᠠ᠂ ᠣᠷᠴᠢᠨ ᠲᠣᠭᠤᠷᠢᠨ ᠤ ᠬᠠᠮᠠᠭᠠᠯᠠᠯᠲᠠ | ᠪᠣᠯᠤᠨ ᠰᠡᠷᠭᠦᠯᠲᠡ᠂ ᠨᠡᠶᠢᠭᠡᠮ ᠲᠣᠭᠤᠷᠢᠭ ᠤᠨ ᠳᠠᠬᠢᠨ ᠪᠠᠶᠢᠭᠤᠯᠤᠯᠲᠠ ᠪᠣᠯᠤᠨ ᠤᠶᠠᠨ ᠬᠠᠳᠠᠨ ᠴᠢᠨᠠᠷ ᠵᠡᠷᠭᠡ | ᠲᠠᠯ᠎ᠠ ᠶᠢᠨ ᠲᠥᠯᠥᠪᠯᠡᠯᠭᠡ ᠲᠠᠢ ᠬᠤᠯᠪᠣᠭᠳᠠᠵᠠᠶ᠃ ᠶᠠᠫᠤᠨ ︽ᠬᠦᠴᠦᠷᠬᠡᠭ ᠶᠡᠭᠡ ᠮᠥᠷᠲᠡᠭᠡᠨ ᠤᠶᠠᠨ ᠬᠠᠳᠠᠨ | ᠴᠢᠨ᠋ᠠᠷ ᠲᠠᠢ ᠤᠯᠤᠰ ᠤᠨ ᠨᠤᠲᠤᠭ ᠳᠡᠪᠢᠰᠬᠡᠷ ᠪᠠ ᠠᠵᠤ ᠠᠬᠤᠶ ᠨᠡᠶᠢᠭᠡᠮ ︾ ᠢ ᠪᠠᠶᠢᠭᠤᠯᠬᠤ ᠶᠡᠷᠦᠩᠬᠡᠶ ᠬᠠᠷᠠᠯᠲᠠ ᠶᠢ | ᠳᠤᠷᠠᠳᠪᠠ᠃ ᠡᠭᠦᠨ ᠠᠴᠠ ᠭᠠᠳᠠᠨ᠎ᠠ᠂ ᠠᠩᠭ᠍ᠯᠢ ᠶᠢᠨ ᠯᠣᠨᠳᠣᠨ᠂ ᠹᠷᠠᠨᠼᠢ ᠶᠢᠨ ᠫᠠᠷᠢᠰ᠂ ᠬᠤᠯᠠᠨᠳ᠋ ᠤᠨ ᠯᠦᠲ᠋ᠧᠷᠳᠡᠨ | ᠴᠤ ᠤᠶᠠᠨ ᠬᠠᠳᠠᠨ ᠬᠤᠲᠠ ᠶᠢᠨ ᠪᠥᠲᠥᠭᠡᠨ ᠪᠠᠶᠢᠭᠤᠯᠤᠯᠲᠠ ᠶᠢ ᠦᠷᠨᠢᠭᠦᠯᠵᠡᠢ᠃ | ᠮᠠᠨ ᠤ ᠤᠯᠤᠰ ᠤᠨ ᠤᠶᠠᠨ ᠬᠠᠳᠠᠨ ᠴᠢᠨᠠᠷᠳᠠᠢ ᠬᠤᠲᠠ ᠶᠢᠨ ᠪᠦᠲᠦᠭᠡᠨ ᠪᠠᠶᠢᠭᠤᠯᠤᠯᠲᠠ ᠶᠢ | ᠥᠷᠢᠰᠦᠯᠳᠦᠭᠡᠨ ᠤ ᠳᠤᠮᠳᠠ ᠲᠦᠷᠭᠡᠳᠭᠡᠨ ᠠᠬᠢᠭᠤᠯᠤᠨ᠎ᠠ | ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠪᠠ 2035 ᠣᠨ ᠤ ᠠᠯᠤᠰ ᠤᠨ | ᠬᠠᠷᠠᠯᠲᠠ ᠶᠢᠨ ᠬᠥᠲᠥᠯᠪᠦᠷᠢ ᠳᠤ᠂ ︽ᠬᠤᠲᠠ ᠶᠢᠨ ᠬᠥᠭᠵᠢᠯᠲᠡ ᠶᠢᠨ ᠰᠢᠨ᠎ᠡ ᠣᠶᠢᠯᠠᠭᠠᠭᠳᠠᠬᠤᠨ ᠰᠢᠨ᠎ᠡ | ᠬᠠᠨᠳᠤᠰᠢ ᠳᠤ ᠵᠣᠬᠢᠴᠠᠵᠤ᠂ ᠬᠤᠲᠠ ᠶᠢᠨ ᠣᠳᠣᠬᠢᠴᠢᠯᠠᠯᠲᠠ ᠶᠢᠨ ᠲᠤᠷᠰᠢᠯᠲᠠ ᠶᠢᠨ ᠴᠡᠭ ᠤᠨ ᠵᠢᠱᠢᠶ᠎ᠡ ᠦᠵᠡᠭᠦᠯᠬᠦ | ᠠᠵᠢᠯ ᠢ ᠥᠷᠨᠢᠭᠦᠯᠵᠦ᠂ ᠣᠷᠣᠰᠢᠨ ᠰᠠᠭᠤᠬᠤ ᠳᠤ ᠲᠣᠬᠢᠷᠠᠮᠵᠢᠲᠠᠶ᠂ ᠰᠢᠨ᠎ᠡ ᠶᠢ ᠡᠭᠦᠳᠬᠦ᠂ ᠤᠶᠤᠨᠴᠢᠯᠠᠭᠰᠠᠨ᠂ | ᠪᠣᠬᠢᠷᠲᠤᠯ ᠥᠬᠡᠶ᠂ ᠰᠣᠶᠣᠯ ᠢᠷᠭᠡᠨᠰᠢᠯ᠂ ᠤᠶᠠᠨ ᠬᠠᠳᠠᠨ ᠬᠤᠲᠠ ᠶᠢ ᠪᠥᠲᠥᠭᠡᠨ ᠪᠠᠶᠢᠭᠤᠯᠤᠨ᠎ᠠ︾ ᠭᠡᠵᠦ | ᠳᠤᠷᠠᠳᠪᠠ᠃ ᠶᠡᠷᠦᠩᠬᠡᠢ ᠱᠦᠵᠢ ᠰᠢ ᠶᠢᠨ ᠫᠢᠩ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠳᠡᠭᠡᠨ ︽ | ᠣᠷᠣᠰᠢᠨ ᠰᠠᠭᠤᠬᠤ ᠳᠤ ᠲᠣᠬᠢᠷᠠᠮᠵᠢᠲᠠᠢ᠂ ᠤᠶᠠᠨ ᠬᠠᠳᠠᠨ ᠴᠢᠨᠠᠷᠲᠠᠢ᠂ ᠤᠶᠤᠨᠲᠤ ᠬᠤᠳᠠ ᠶᠢ ᠪᠠᠶᠢᠭᠤᠯᠤᠶ᠎ᠠ︾ | ᠭᠡᠵᠦ ᠳᠠᠬᠢᠨᠲᠠ ᠴᠢᠬᠤᠯᠠᠴᠢᠯᠠᠵᠡᠢ᠃ ᠤᠶᠠᠨ ᠬᠠᠳᠠᠨ ᠬᠤᠲᠠ ᠶᠢ ᠪᠦᠲᠦᠭᠡᠨ ᠪᠠᠢᠭᠤᠯᠬᠤ ᠨᠢ ᠰᠢᠨ᠎ᠡ ᠴᠠᠭ | ᠦᠶ᠎ᠡ ᠶᠢᠨ ᠬᠤᠲᠠ ᠶᠢᠨ ᠠᠮᠤᠷ ᠲᠦᠪᠰᠢᠨ ᠬᠥᠭᠵᠢᠯᠲᠡ ᠶᠢᠨ ᠰᠢᠨ᠎ᠡ ᠬᠡᠪ ᠵᠠᠭᠪᠤᠷ ᠪᠣᠯᠤᠨ᠎ᠠ᠃ | ᠣᠶᠢᠷ᠎ᠠ ᠶᠢᠨ ᠵᠢᠯ ᠳᠤ᠂ ᠮᠠᠨ ᠤ ᠤᠯᠤᠰ ᠤᠨ ᠤᠶᠠᠨ ᠬᠠᠲᠠᠨ ᠴᠢᠨᠠᠷᠳᠠᠢ ᠬᠤᠲᠠ ᠶᠢᠨ ᠪᠦᠲᠦᠭᠡᠨ | ᠪᠠᠶᠢᠭᠤᠯᠤᠯᠲᠠ ᠶᠢᠨ ᠠᠬᠢᠯᠳᠠ ᠲᠦᠷᠭᠡᠳᠴᠦ ᠪᠠᠶᠢᠨ᠎ᠠ᠃ ︽ᠠᠮᠤᠷ ᠲᠦᠪᠰᠢᠨ ᠤᠶᠠᠨ ᠬᠠᠳᠠᠨ ᠬᠤᠳᠠ ᠶᠢᠨ | ᠦᠨᠡᠯᠡᠯᠲᠡ ᠶᠢᠨ ᠵᠦᠭᠯᠡᠭᠦᠷ︾ ᠤᠨ ᠤᠯᠤᠰ ᠤᠨ ᠪᠠᠷᠢᠮᠵᠢᠶ᠎ᠠ ︵GB/T40947-2021︶ ᠶᠢ 2022 | ᠣᠨ ᠤ 5 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠵᠦ᠂ ᠠᠮᠤᠷ ᠲᠦᠪᠰᠢᠨ ᠤᠶᠠᠨ ᠬᠠᠳᠠᠨ | ᠬᠤᠳᠠ ᠶᠢᠨ ᠤᠬᠠᠭᠳᠠᠬᠤᠨ᠂ ᠦᠨᠡᠯᠡᠯᠲᠡ ᠶᠢᠨ ᠠᠭᠤᠯᠭ᠎ᠠ ᠵᠢᠴᠢ ᠪᠣᠳᠠᠲᠠᠢ ᠦᠨᠳᠦᠰᠦᠯᠡᠯ ᠢ ᠲᠣᠳᠣᠷᠬᠠᠶᠢᠯᠠᠵᠤ᠂ | ᠮᠠᠨ ᠤ ᠤᠯᠤᠰ ᠤᠨ ᠤᠶᠠᠨ ᠬᠠᠳᠠᠨ ᠴᠢᠨᠠᠷᠳᠠᠢ ᠬᠤᠳᠠ ᠶᠢᠨ ᠪᠦᠳᠦᠭᠡᠨ ᠪᠠᠶᠢᠭᠤᠯᠤᠯᠲᠠ ᠶᠢ ᠠᠬᠢᠭᠤᠯᠬᠤ᠂ | ᠬᠤᠳᠠ ᠶᠢᠨ ᠠᠮᠤᠷ ᠲᠦᠪᠰᠢᠨ ᠤ ᠤᠶᠠᠨ ᠬᠠᠳᠠᠨ ᠴᠢᠨᠠᠷ ᠤᠨ ᠬᠡᠮᠵᠢᠯᠲᠡ ᠶᠢᠨ ᠬᠠᠷᠢᠴᠠᠯ ᠢ ᠥᠷᠨᠢᠭᠦᠯᠬᠦ ᠳᠤ | ᠪᠠᠷᠢᠮᠵᠢᠶ᠎ᠠ ᠶᠢᠨ ᠲᠤᠯᠭᠠᠭᠤᠷᠢᠯᠠᠯ ᠬᠠᠩᠭᠠᠪᠠ᠃ ᠪᠡᠭᠡᠵᠢᠩ᠂ ᠱᠠᠩᠬᠠᠶ᠂ ᠴᠦᠩᠴᠢᠩ᠂ ᠴᠧᠩᠳᠦ᠋᠂ ᠭᠤᠸᠠᠩᠵᠧᠦ᠂ | ᠨᠠᠨᠵᠢᠩ ᠵᠡᠷᠭᠡ ᠣᠯᠠᠨ ᠬᠤᠲᠠ ᠴᠥᠮ ᠤᠶᠠᠨ ᠬᠠᠳᠠᠨ ᠴᠢᠨᠠᠷᠳᠠᠢ ᠬᠤᠲᠠ ᠶᠢᠨ ᠬᠠᠮᠢᠶ᠎ᠠ ᠪᠥᠬᠦᠶ ᠲᠥᠷᠥ ᠶᠢᠨ | ᠪᠣᠳᠣᠯᠭ᠎ᠠ ᠪᠤᠶᠤ ᠲᠥᠯᠥᠪᠵᠢᠭᠦᠯᠭᠡ ᠶᠢ ᠨᠡᠶᠢᠲᠡᠯᠡᠵᠦ᠂ ᠤᠶᠤᠨᠲᠤ ᠬᠤᠲᠠ᠂ ᠬᠠᠶᠢᠮᠢᠶᠠᠨ ᠬᠤᠲᠠ᠂ ᠪᠣᠬᠢᠷᠲᠤᠯ | ᠥᠬᠡᠶ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ᠂ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ | ᠣᠯᠠᠨ ᠲᠠᠯ᠎ᠠ ᠪᠠᠷ ᠬᠦᠴᠦᠯᠡᠪᠡ᠃ ᠵᠢᠱᠢᠶᠡᠯᠡᠪᠡᠯ᠂ ᠪᠡᠭᠡᠵᠢᠩ ᠬᠤᠲᠠ ᠤᠷᠢᠳ ᠬᠤᠵᠢᠳ ︽ᠤᠶᠠᠨ ᠬᠠᠳᠠᠨ | ᠴᠢᠨᠠᠷᠳᠠᠢ ᠬᠤᠲᠠ ᠶᠢᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ ᠲᠤᠬᠠᠶ ᠵᠢᠯᠣᠭᠤᠳᠬᠤ ᠰᠠᠨᠠᠯ︾᠂ | ︽ᠪᠡᠭᠡᠵᠢᠩ ᠬᠤᠲᠠ ᠶᠢᠨ ᠤᠶᠠᠨ ᠬᠠᠳᠠᠨ ᠴᠢᠨᠠᠷᠳᠠᠢ ᠬᠤᠲᠠ ᠶᠢᠨ ᠣᠷᠣᠨ ᠵᠠᠶ ᠶᠢᠨ ᠲᠤᠰᠬᠠᠶ ᠲᠥᠯᠥᠪᠵᠢᠭᠦᠯᠭᠡ ︵ | 2022 ᠤᠨ - 2035 ᠣᠨ︶︾ ᠵᠡᠷᠭᠡ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠢ ᠨᠡᠶᠢᠲᠡᠯᠡᠵᠦ᠂ | ᠬᠤᠲᠠ ᠶᠢᠨ ᠲᠥᠯᠥᠪᠵᠢᠭᠦᠯᠭᠡ᠂ ᠪᠥᠲᠥᠭᠡᠨ ᠪᠠᠶᠢᠭᠤᠯᠤᠯᠲᠠ᠂ ᠬᠠᠮᠢᠶᠠᠷᠤᠯᠲᠠ ᠶᠢᠨ ᠪᠥᠬᠦ ᠶᠠᠪᠤᠴᠠ ᠠᠴᠠ | ᠬᠤᠲᠠ ᠶᠢᠨ ᠪᠦᠬᠦᠯᠢ ᠴᠣᠭᠴᠠ ᠶᠢᠨ ᠤᠶᠠᠨ ᠬᠠᠳᠠᠨ ᠴᠢᠨᠠᠷ ᠢ ᠲᠥᠯᠥᠪᠵᠢᠭᠦᠯᠦᠨ ᠳᠡᠭᠡᠭᠰᠢᠯᠡᠭᠦᠯᠵᠦ᠂ ᠠᠮᠤᠷ | ᠲᠦᠪᠰᠢᠨ ᠨᠠᠶᠢᠳᠠᠪᠤᠷᠢᠲᠠᠶ᠂ ᠠᠮᠢᠳᠤᠯᠢᠭ ᠢᠶᠠᠷ ᠬᠤᠪᠢᠷᠠᠭᠤᠯᠵᠤ᠂ ᠲᠦᠷᠭᠡᠨ ᠰᠡᠷᠭᠦᠬᠦ᠂ ᠣᠷᠭᠠᠨᠢᠭ ᠢᠶᠠᠷ ᠵᠣᠬᠢᠶᠠᠨ | ᠪᠠᠶᠢᠭᠤᠯᠬᠤ᠂ ᠢᠷᠡᠭᠡᠳᠦᠶ ᠳᠤ ᠵᠣᠬᠢᠴᠠᠬᠤ ᠨᠡᠶᠢᠰᠯᠡᠯ ᠤᠨ ᠤᠶᠠᠨ ᠬᠠᠳᠠᠨ ᠬᠤᠲᠠ ᠶᠢᠨ ᠣᠷᠣᠨ ᠵᠠᠶ ᠶᠢᠨ | ᠵᠠᠰᠠᠯᠲᠠ ᠶᠢᠨ ᠰᠢᠰᠲ᠋ᠧᠮ ᠢ ᠪᠠᠶᠢᠭᠤᠯᠬᠤ ᠪᠠᠷ ᠬᠥᠭᠵᠢᠯᠲᠡ ᠶᠢᠨ ᠬᠠᠷᠠᠯᠲᠠ ᠪᠠᠨ ᠪᠣᠯᠭᠠᠪᠠ᠃ ︽ᠱᠠᠩᠬᠠᠶ | ᠬᠤᠲᠠ ᠶᠢᠨ ᠶᠡᠷᠦᠩᠬᠡᠶ ᠲᠥᠯᠥᠪᠵᠢᠭᠦᠯᠭᠡ ︵2017 - 2035 ᠣᠨ︶︾ ᠳᠤ ︽ᠬᠤᠲᠠ ᠶᠢᠨ ᠣᠯᠠᠨ | ᠨᠡᠶᠢᠲᠡ ᠶᠢᠨ ᠠᠮᠤᠷ ᠲᠦᠪᠰᠢᠨ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠤᠲᠠ ᠶᠢᠨ ᠠᠮᠤᠷ ᠲᠦᠪᠰᠢᠨ ᠤ | ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠨ᠂ ᠭᠠᠶ ᠭᠠᠮᠰᠢᠭ ᠢ ᠡᠰᠡᠷᠭᠦᠴᠡᠨ ᠬᠤᠷᠢᠭᠯᠠᠬᠤ᠂ | ᠭᠡᠨᠡᠳᠲᠡ ᠶᠢᠨ ᠬᠡᠷᠡᠭ ᠢ ᠰᠢᠢᠳᠪᠦᠷᠢᠯᠡᠬᠦ᠂ ᠠᠶᠤᠯ ᠲᠦᠭᠰᠢᠭᠦᠷᠢ ᠶᠢ ᠬᠠᠮᠢᠶᠠᠷᠬᠤ ᠴᠢᠳᠠᠪᠤᠷᠢ ᠪᠠᠨ ᠨᠡᠮᠡᠭᠳᠡᠭᠦᠯᠵᠦ᠂ | ᠬᠤᠲᠠ ᠶᠢᠨ ᠤᠶᠠᠨ ᠬᠠᠳᠠᠨ ᠴᠢᠨᠠᠷ ᠢ ᠳᠡᠭᠡᠭᠰᠢᠯᠡᠭᠦᠯᠤᠨ᠎ᠡ︾ ᠭᠡᠵᠦ ᠳᠤᠷᠠᠳᠪᠠ᠃ ︽ᠱᠠᠩᠬᠠᠢ ᠬᠤᠲᠠ ᠶᠢᠨ | ᠬᠤᠲᠠ ᠶᠢ ᠰᠢᠨᠡᠳᠬᠡᠬᠦ ᠠᠵᠢᠯᠯᠠᠭᠠᠨ ᠤ ᠲᠥᠰᠦᠯ ︵2023 - 2025 ᠣᠨ︶︾ ᠳᠤ ︽ᠡᠷᠴᠢᠮᠵᠢᠭᠦᠯᠦᠭᠰᠡᠨ | ᠬᠡᠯᠪᠡᠷᠢ ᠶᠢᠨ᠂ ᠠᠭᠤᠯᠤᠭᠳᠠᠬᠤᠨ ᠬᠡᠯᠪᠡᠷᠢ ᠶᠢᠨ᠂ ᠪᠣᠬᠢᠷᠲᠤᠯ ᠥᠬᠡᠶ ᠨᠡᠭᠦᠷᠡᠰᠦᠲᠥ᠋ᠷᠥᠭᠴᠢ ᠪᠠᠭ᠎ᠠ | ᠭᠠᠳᠠᠭᠰᠢᠯᠠᠭᠤᠯᠬᠤ ᠬᠥᠭᠵᠢᠯᠲᠡ ᠶᠢ ᠪᠠᠷᠢᠮᠲᠠᠯᠠᠵᠤ᠂ ᠬᠤᠲᠠ ᠶᠢᠨ ᠵᠠᠰᠠᠯᠲᠠ ᠶᠢᠨ ᠴᠢᠳᠠᠪᠤᠷᠢ ᠪᠠ ᠵᠠᠰᠠᠯᠲᠠ ᠶᠢᠨ | ᠬᠢᠷᠢ ᠲᠦᠪᠰᠢᠨ ᠢ ᠳᠡᠭᠡᠭᠰᠢᠯᠡᠭᠦᠯᠵᠦ᠂ ᠲᠤᠮᠤ ᠶᠡᠭᠡ ᠬᠤᠲᠠ ᠶᠢᠨ ᠠᠵᠢᠯᠯᠠᠭᠠᠨ ᠤ ᠠᠮᠤᠷ ᠲᠦᠪᠰᠢᠨ ᠤ ᠬᠤᠷᠢᠭ᠎ᠠ | ᠱᠤᠭᠤᠮ ᠢ ᠪᠠᠲᠤ ᠰᠠᠬᠢᠵᠤ᠂ ᠬᠤᠲᠠ ᠶᠢᠨ ᠤᠶᠠᠨ ᠬᠠᠳᠠᠨ ᠴᠢᠨᠠᠷ ᠢ ᠳᠡᠭᠡᠭᠰᠢᠯᠡᠭᠦᠯᠤᠨ᠎ᠡ︾ ᠭᠡᠵᠦ ᠳᠤᠷᠠᠳᠪᠠ᠃ | ᠡᠭᠦᠨ ᠤ ᠬᠠᠮᠲᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠤ | ᠣᠷᠣᠭᠰᠠᠨ ᠠᠴᠠ ᠨᠠᠭᠠᠰᠢ᠂ ᠮᠠᠨ ᠤ ᠤᠯᠤᠰ ᠤᠨ ᠤᠶᠠᠨ ᠬᠠᠳᠠᠨ ᠴᠢᠨᠠᠷᠳᠠᠢ ᠬᠤᠲᠠ ᠶᠢᠨ ᠪᠥᠲᠥᠭᠡᠨ | ᠪᠠᠶᠢᠭᠤᠯᠤᠯᠲᠠ ᠶᠢᠨ ᠲᠥᠯᠥᠪᠵᠢᠭᠦᠯᠭᠡ᠂ ᠲᠦᠷᠢᠮ᠂ ᠪᠠᠷᠢᠮᠵᠢᠶ᠎ᠠ ᠵᠡᠷᠭᠡ ᠲᠠᠯ᠎ᠠ ᠪᠠᠷ ᠨᠢᠭᠡᠨᠲᠡ ᠵᠣᠬᠢᠬᠤ ᠦᠷ᠎ᠡ | ᠪᠦᠲᠦᠭᠡᠯ ᠣᠯᠤᠭᠰᠠᠨ ᠪᠣᠯᠪᠠᠴᠤ ᠮᠥᠨ ᠬᠦ ᠴᠥᠭᠡᠨ ᠪᠤᠰᠤ ᠠᠰᠠᠭᠤᠳᠠᠯ ᠪᠠ ᠥᠷᠢᠰᠥᠯᠳᠦᠭᠡᠨ ᠲᠤᠯᠭᠠᠷᠠᠵᠤ | ᠪᠠᠶᠢᠬᠤ ᠶᠢ ᠣᠯᠵᠤ ᠬᠠᠷᠠᠬᠤ ᠬᠡᠷᠡᠭᠲᠡᠶ᠃ ᠨᠢᠭᠡ ᠲᠠᠯ᠎ᠠ ᠪᠠᠷ᠂ ᠤᠶᠠᠨ ᠬᠠᠳᠠᠨ ᠴᠢᠨᠠᠷᠲᠠᠢ ᠬᠤᠳᠠ ᠶᠢᠨ ᠪᠦᠳᠦᠭᠡᠨ | ᠪᠠᠶᠢᠭᠤᠯᠤᠯᠲᠠ ᠶᠢᠨ ᠬᠤᠳᠠ ᠶᠢᠨ ᠲᠤᠭ᠎ᠠ ᠬᠡᠮᠵᠢᠶ᠎ᠡ ᠪᠠᠰᠠ ᠬᠠᠷᠢᠴᠠᠩᠭᠤᠢ ᠴᠥᠭᠡᠨ᠂ ᠬᠤᠯᠪᠣᠭᠳᠠᠯ ᠪᠦᠬᠦᠢ | ᠲᠤᠷᠰᠢᠯᠭ᠎ᠠ ᠬᠦᠷᠦᠯᠴᠡᠬᠦ ᠦᠭᠡᠢ᠂ ᠠᠳᠠᠯᠢ ᠪᠤᠰᠤ ᠭᠠᠵᠠᠷ ᠣᠷᠣᠨ ᠤ ᠬᠤᠭᠤᠷᠣᠨᠳᠣ ᠬᠥᠭᠵᠢᠯᠲᠡ ᠲᠡᠩᠴᠡᠭᠦᠷᠢ | ᠦᠭᠡᠢ ᠭᠦᠢᠴᠡᠳ ᠦᠭᠡᠢ ᠪᠠᠶᠢᠬᠤ ᠠᠰᠠᠭᠤᠳᠠᠯ ᠣᠷᠣᠰᠢᠵᠤ ᠪᠠᠶᠢᠨ᠎ᠠ᠃ ᠨᠥᠭᠦᠭᠡ ᠲᠠᠯ᠎ᠠ ᠪᠠᠷ᠂ ᠣᠳᠣᠬᠠᠨ ᠳᠤ | ᠮᠠᠨ ᠤ ᠤᠯᠤᠰ ᠤᠨ ᠬᠤᠲᠠ ᠶᠠᠭ ᠴᠢᠨᠠᠷ ᠰᠠᠶᠢᠲᠠᠶ ᠬᠥᠭᠵᠢᠯᠲᠡ ᠶᠢ ᠪᠡᠶᠡᠯᠡᠭᠦᠯᠬᠦ ᠵᠠᠩᠭᠢᠯᠠᠭ᠎ᠠ ᠶᠢᠨ ᠬᠤᠭᠤᠴᠠᠭᠠᠨ ᠳᠤ | ᠣᠷᠣᠰᠢᠵᠤ᠂ ᠬᠤᠲᠠ ᠶᠢᠨ ᠠᠮᠤᠷ ᠲᠦᠪᠰᠢᠨ ᠬᠥᠭᠵᠢᠯᠲᠡ ᠳᠤ ᠲᠤᠯᠭᠠᠷᠠᠵᠤ ᠪᠠᠶᠢᠭ᠎ᠠ ᠳᠣᠲᠣᠭᠠᠳᠤ ᠭᠠᠳᠠᠭᠠᠳᠤ | ᠣᠷᠴᠢᠨ ᠲᠣᠭᠤᠷᠢᠨ ᠤ ᠪᠤᠳᠤᠯᠢᠶᠠᠨᠲᠠᠶ ᠪᠥᠭᠡᠳ ᠬᠦᠨᠳᠦ ᠬᠡᠴᠡᠭᠦᠦ᠂ ᠲᠣᠭᠲᠠᠭᠠᠯᠲᠤ ᠪᠤᠰᠤ ᠬᠦᠴᠦᠨ ᠵᠦᠢᠯ ᠬᠢᠭᠡᠳ | ᠥᠯᠥ ᠮᠡᠳᠡᠬᠦ ᠠᠶᠤᠯ ᠲᠦᠭᠰᠢᠭᠦᠷᠢ ᠲᠠᠰᠤᠷᠠᠯᠲᠠ ᠥᠬᠡᠶ ᠨᠡᠮᠡᠭᠳᠡᠵᠦ᠂ ᠤᠶᠠᠨ ᠬᠠᠳᠠᠨ ᠬᠤᠲᠠ ᠶᠢᠨ ᠪᠥᠲᠥᠭᠡᠨ | ᠪᠠᠶᠢᠭᠤᠯᠤᠯᠲᠠ ᠳᠤ ᠬᠤᠯᠪᠣᠭᠳᠠᠬᠤ ᠠᠵᠢᠯ ᠤᠨ ᠬᠡᠪᠴᠢᠶ᠎ᠡ ᠨᠠᠩ ᠥᠷᠭᠡᠨ ᠳᠡᠯᠭᠡᠷ᠂ ᠨᠢᠭᠡᠳᠦᠯᠲᠡᠶ ᠲᠥᠯᠥᠪᠯᠡᠬᠦ | ᠬᠦᠴᠢᠷᠳᠡᠯ ᠨᠠᠩ ᠶᠡᠭᠡ ᠪᠣᠯᠪᠠ᠃ ᠰᠢᠨ᠎ᠡ ᠠᠮᠤᠷ ᠲᠦᠪᠰᠢᠨ ᠤ ᠪᠠᠶᠢᠷᠢᠰᠢᠯ ᠢᠶᠠᠷ ᠰᠢᠨ᠎ᠡ ᠬᠥᠭᠵᠢᠯᠲᠡ ᠶᠢᠨ | ᠪᠠᠶᠢᠷᠢᠰᠢᠯ ᠢ ᠪᠠᠲᠤᠯᠠᠬᠤ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠤᠶᠠᠨ ᠬᠠᠳᠠᠨ ᠬᠤᠳᠠ ᠶᠢᠨ ᠪᠦᠳᠦᠭᠡᠨ | ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠬᠤ ᠡᠭᠦᠷᠭᠡ ᠬᠦᠨᠳᠦ ᠵᠠᠮ ᠬᠤᠯᠠ ᠪᠠᠶᠢᠨ᠎ᠠ᠃ ᠠᠳᠠᠯᠢ ᠪᠤᠰᠤ | ᠬᠤᠲᠠ ᠨᠤᠭᠤᠳ ᠲᠣᠰ ᠪᠡᠶ᠎ᠡ ᠶᠢᠨ ᠪᠣᠳᠠᠲᠤ ᠪᠠᠶᠢᠳᠠᠯ ᠢᠶᠠᠨ ᠦᠨᠳᠦᠰᠦᠯᠡᠨ᠂ ᠬᠤᠲᠠ ᠶᠢᠨ ᠠᠮᠤᠷ ᠲᠦᠪᠰᠢᠨ ᠤ | ᠠᠵᠢᠯᠯᠠᠭᠠᠨ ᠢ ᠨᠥᠯᠥᠭᠡᠯᠡᠬᠦ ᠵᠠᠩᠭᠢᠯᠠᠭ᠎ᠠ ᠶᠢᠨ ᠬᠦᠷᠢᠶ᠎ᠡ᠂ ᠲᠣᠪᠤᠶᠢᠮ᠎ᠠ ᠠᠰᠠᠭᠤᠳᠠᠯ ᠢ ᠠᠳᠬᠤᠵᠤ᠂ ᠴᠡᠭ ᠤᠨ | ᠰᠢᠪᠲᠤᠯᠤᠯᠲᠠ ᠪᠠᠷ ᠨᠡᠶᠢᠳᠡᠮ ᠢ ᠳᠡᠭᠡᠭᠰᠢᠯᠡᠭᠦᠯᠦᠨ᠂ ᠳᠤᠮᠳᠠᠳᠤ ᠤᠯᠤᠰ ᠤᠨ ᠣᠨᠴᠠᠯᠢᠭ ᠪᠥᠬᠦᠶ ᠤᠶᠠᠨ ᠬᠠᠳᠠᠨ | ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠠᠷᠭ᠎ᠠ ᠵᠠᠮ ᠢ ᠤᠯᠠᠮ ᠨᠢᠭᠡ ᠠᠯᠬᠤᠮ ᠰᠦᠪᠡᠭᠴᠢᠯᠡᠨ ᠪᠦᠷᠢᠯᠳᠦᠭᠦᠯᠵᠦ | ᠂ ᠬᠥᠭᠵᠢᠯᠲᠡ ᠪᠠ ᠠᠮᠤᠷ ᠲᠦᠪᠰᠢᠨ ᠢ ᠨᠠᠩ ᠰᠠᠶᠢᠲᠤᠷ ᠨᠢᠭᠡᠳᠦᠯᠲᠡᠶ ᠲᠥᠯᠥᠪᠵᠢᠭᠦᠯᠬᠦ ᠬᠡᠷᠡᠭᠲᠡᠶ᠃ ᠡᠨᠡ ᠲᠠᠯ᠎ᠠ ᠪᠠᠷ | ᠂ ᠵᠠᠷᠢᠮ ᠬᠤᠲᠠ ᠶᠢᠨ ᠬᠢᠨ ᠬᠤᠲᠠ ᠶᠢᠨ ᠠᠮᠢ ᠨᠠᠰᠤᠨ ᠤ ᠱᠤᠭᠤᠮ ᠤᠨ ᠠᠮᠤᠷ ᠲᠦᠪᠰᠢᠨ ᠤ ᠢᠨᠵᠧᠨᠧᠷᠢᠩ ᠤᠨ | ᠪᠥᠲᠥᠭᠡᠨ ᠪᠠᠶᠢᠭᠤᠯᠤᠯᠲᠠ ᠶᠢ ᠭᠤᠤᠯᠳᠠᠯᠭ᠎ᠠ ᠲᠠᠢ ᠠᠬᠢᠭᠤᠯᠬᠤ ᠪᠠᠷ ᠭᠠᠷᠳᠠᠴᠠ ᠪᠣᠯᠭᠠᠵᠤ᠂ ᠬᠤᠲᠠ ᠶᠢᠨ ᠤᠶᠠᠨ | ᠬᠠᠳᠠᠨ ᠴᠢᠨᠠᠷ ᠢ ᠪᠥᠬᠦ ᠲᠠᠯ᠎ᠠ ᠪᠠᠷ ᠴᠢᠩᠭᠠᠳᠬᠠᠬᠤ ᠲᠠᠯ᠎ᠠ ᠪᠠᠷ ᠵᠣᠬᠢᠬᠤ ᠦᠷ᠎ᠡ ᠪᠦᠲᠦᠮᠵᠢ ᠣᠯᠤᠭᠰᠠᠨ ᠪᠠᠶᠢᠨ᠎ᠠ᠃ | ᠬᠤᠲᠠ ᠶᠢᠨ ᠠᠮᠢ ᠨᠠᠰᠤᠨ ᠤ ᠱᠤᠭᠤᠮ ᠤᠨ ᠠᠮᠤᠷ ᠲᠦᠪᠰᠢᠨ ᠤ ᠢᠨᠵᠧᠨᠧᠷᠢᠩ ᠪᠣᠯ ᠬᠤᠲᠠ ᠶᠢᠨ ᠬᠡᠪ ᠤᠨ | ᠠᠵᠢᠯᠯᠠᠭᠠᠨ ᠢ ᠪᠠᠲᠤᠯᠠᠬᠤ ᠢᠨᠵᠧᠨᠧᠷᠢᠩ ᠤᠨ ᠰᠢᠰᠲ᠋ᠧᠮ ᠮᠥᠨ᠂ ᠰᠢᠲᠠᠮᠠᠬᠠᠶ ᠬᠡᠶ᠂ ᠤᠰᠤ ᠬᠠᠩᠭᠠᠬᠤ᠂ ᠤᠰᠤ | ᠭᠠᠳᠠᠭᠰᠢᠯᠠᠭᠤᠯᠬᠤ᠂ ᠵᠠᠮ ᠬᠠᠷᠢᠯᠴᠠᠭ᠎ᠠ᠂ ᠴᠢᠮᠡᠭᠡ ᠬᠤᠯᠪᠣᠭ᠎ᠠ᠂ ᠴᠠᠬᠢᠯᠭᠠᠨ ᠬᠠᠩᠭᠠᠬᠤ᠂ ᠬᠥᠭᠦᠷᠭᠡ ᠵᠡᠷᠭᠡ ᠬᠦᠷᠢᠶ᠎ᠡ | ᠴᠠᠷᠠᠭ᠎ᠠ ᠳᠤ ᠬᠤᠯᠪᠣᠭᠳᠠᠵᠤ᠂ ᠠᠮᠤᠷ ᠲᠦᠪᠰᠢᠨ ᠢᠶᠠᠷ ᠠᠵᠢᠭᠯᠠᠭᠤᠯᠬᠤ ᠪᠣᠯ ᠬᠤᠲᠠ ᠶᠢᠨ ᠲᠦᠢᠯ ᠤᠨ ᠴᠢᠬᠤᠯᠠ | ᠶᠡᠭᠡ ᠠᠷᠠᠳ ᠤᠨ ᠠᠮᠢᠳᠤᠷᠠᠯ ᠤᠨ ᠢᠨᠵᠧᠨᠧᠷᠢᠩ ᠮᠥᠨ᠃ ᠣᠲᠣ ᠪᠣᠯᠲᠠᠯ᠎ᠠ᠂ ᠬᠤᠲᠠ ᠶᠢᠨ ᠠᠮᠢ ᠨᠠᠰᠤᠨ ᠤ | ᠱᠤᠭᠤᠮ ᠤᠨ ᠠᠮᠤᠷ ᠲᠦᠪᠰᠢᠨ ᠤ ᠢᠨᠵᠧᠨᠧᠷᠢᠩ ᠤᠨ ᠬᠤᠯᠪᠣᠭᠳᠠᠯ ᠪᠥᠬᠦᠶ ᠲᠤᠷᠰᠢᠯᠭ᠎ᠠ ᠠᠷᠭ᠎ᠠ ᠬᠢᠳᠡᠯ ᠨᠢ | ᠨᠢᠭᠡᠨᠲᠡ ᠾᠧᠪᠸᠢ᠂ ᠮᠦᠭᠳᠡᠨ᠂ ᠨᠠᠨᠵᠢᠩ᠂ ᠴᠢᠩᠳᠣᠤ᠂ ᠹᠦᠸᠧ ᠱᠠᠨ ᠵᠡᠷᠭᠡ ᠪᠥᠬᠦ ᠤᠯᠤᠰ ᠤᠨ ᠣᠯᠠᠨ | ᠬᠤᠲᠠ ᠳᠤ ᠳᠡᠯᠭᠡᠷᠡᠭᠦᠯᠦᠨ ᠬᠡᠷᠡᠭᠯᠡᠵᠦ᠂ ᠬᠤᠭᠤᠯᠠᠶ ᠲᠤᠤᠷ ᠤᠨ ᠭᠤᠭᠤᠵᠢᠬᠤ ᠵᠡᠷᠭᠡ ᠡᠯ᠎ᠡ ᠲᠥᠷᠥᠯ ᠤᠨ | ᠭᠡᠨᠡᠳᠲᠡ ᠶᠢᠨ ᠠᠶᠤᠯ ᠲᠦᠭᠰᠢᠭᠦᠷᠢ ᠶᠢ ᠠᠮᠵᠢᠯᠲᠠ ᠲᠠᠢ ᠪᠠᠷ ᠤᠷᠢᠳᠴᠢᠯᠠᠨ ᠰᠡᠷᠡᠮᠵᠢᠯᠡᠭᠦᠯᠵᠦ᠂ ᠬᠤᠲᠠ ᠶᠢᠨ ᠣᠯᠠᠨ | ᠨᠡᠶᠢᠲᠡ ᠶᠢᠨ ᠠᠮᠤᠷ ᠲᠦᠪᠰᠢᠨ ᠤ ᠵᠠᠰᠠᠯᠲᠠ ᠶᠢᠨ ᠵᠠᠭᠪᠤᠷ ᠢ ᠲᠦᠭᠰᠢᠭᠦᠷᠢ ᠠᠴᠠ ᠡᠮᠦᠨ᠎ᠡ ᠤᠷᠢᠳᠴᠢᠯᠠᠨ ᠰᠡᠷᠭᠡᠶᠢᠯᠡᠬᠦ | ᠂ ᠰᠠᠨᠠᠭᠠᠴᠢᠯᠠᠭ᠎ᠠ ᠠᠴᠠ ᠪᠠᠨ ᠰᠡᠷᠭᠡᠶᠢᠯᠡᠨ ᠡᠵᠡᠮᠳᠡᠬᠦ ᠲᠡᠰᠢ ᠬᠡᠯᠪᠡᠷᠢ ᠬᠤᠪᠢᠷᠠᠭᠤᠯᠬᠤ ᠶᠢ ᠪᠦᠲᠦᠮᠵᠢᠲᠡᠶ ᠠᠬᠢᠭᠤᠯᠵᠤ᠂ | ᠤᠶᠠᠨ ᠬᠠᠳᠠᠨ ᠴᠢᠨᠠᠷᠳᠠᠢ ᠬᠤᠲᠠ ᠶᠢᠨ ᠪᠥᠲᠥᠭᠡᠨ ᠪᠠᠶᠢᠭᠤᠯᠤᠯᠲᠠ ᠳᠤ ᠠᠰᠢᠭᠲᠠᠢ ᠲᠤᠷᠰᠢᠯᠭ᠎ᠠ ᠬᠠᠩᠭᠠᠭᠰᠠᠨ | ᠪᠠᠶᠢᠨ᠎ᠠ᠃ | ᠬᠤᠳᠠ ᠶᠢᠨ ᠠᠶᠤᠯᠭᠦᠢ ᠠᠵᠢᠯᠯᠠᠭᠠᠨ ᠳᠤ ᠤᠶᠠᠨ ᠬᠠᠳᠠᠨ ᠴᠢᠨᠠᠷ ᠢ ᠨᠡᠩ ᠴᠢᠬᠤᠯᠠᠴᠢᠯᠠᠬᠤ ᠬᠡᠷᠡᠭᠳᠡᠢ | ᠤᠶᠠᠨ ᠬᠠᠳᠠᠨ ᠴᠢᠨᠠᠷᠲᠠᠢ ᠬᠤᠳᠠ ᠶᠢᠨ ᠪᠦᠳᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠬᠤ ᠪᠣᠯ ᠨᠢᠭᠡᠨ | ᠪᠤᠳᠤᠯᠢᠶᠠᠨᠲᠠᠢ ᠰᠢᠰᠲ᠋ᠧᠮᠲᠦ ᠢᠨᠵᠧᠨᠧᠷᠢᠩ ᠪᠣᠯᠤᠨ᠎ᠠ᠂ ᠰᠢᠰᠲ᠋ᠧᠮᠲᠦ ᠦᠵᠡᠯᠲᠡ ᠶᠢ ᠪᠠᠷᠢᠮᠲᠠᠯᠠᠵᠤ᠂ ᠪᠦᠬᠦᠯᠢ | ᠴᠣᠭᠴᠠ ᠪᠠ ᠬᠡᠰᠡᠭ ᠲᠠᠯ᠎ᠠ᠂ ᠬᠤᠷᠸ᠎ᠠ ᠪᠠ ᠬᠤᠮᠠᠬᠢ ᠲᠠᠯ᠎ᠠ ᠶᠢᠨ᠂ ᠣᠳᠣᠬᠠᠨ ᠤ ᠪᠠ ᠠᠯᠤᠰ ᠢᠷᠡᠭᠡᠳᠦᠢ ᠵᠡᠷᠭᠡ | ᠴᠢᠬᠤᠯᠠ ᠶᠡᠭᠡ ᠬᠠᠷᠢᠴᠠᠭ᠎ᠠ ᠶᠢ ᠰᠠᠶᠢᠲᠤᠷ ᠰᠢᠢᠳᠪᠦᠷᠢᠯᠡᠬᠦ ᠬᠡᠷᠡᠭᠲᠡᠢ᠃ ᠪᠦᠬᠦ ᠲᠠᠯ᠎ᠠ ᠠᠴᠠ ᠪᠠᠶᠢᠳᠠᠯ ᠢ ᠪᠣᠳᠣᠯᠬᠢᠯᠠᠵᠤ | ᠂ ᠵᠠᠩᠭᠢᠯᠠᠭ᠎ᠠ ᠶᠢᠨ ᠭᠠᠵᠠᠷ ᠲᠤ ᠨᠠᠶᠢᠳᠠᠪᠤᠷᠢᠵᠢᠭᠤᠯᠬᠤ ᠳᠠᠭᠠᠨ ᠴᠢᠳᠠᠮᠠᠭᠠᠢ ᠪᠠᠶᠢᠵᠤ᠂ ᠮᠡᠷᠭᠡᠵᠢᠯ᠂ ᠬᠠᠮᠢᠶᠠᠷᠤᠯᠲᠠ᠂ | ᠰᠣᠶᠣᠯ ᠵᠡᠷᠭᠡ ᠭᠤᠣᠯᠳᠠᠯᠭ᠎ᠠ ᠲᠠᠢ ᠲᠠᠯ᠎ᠠ ᠠᠴᠠ ᠬᠤᠳᠠ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ | ᠴᠢᠳᠠᠪᠤᠷᠢ ᠪᠣᠯᠤᠨ ᠦᠷᠭᠦᠯᠵᠢᠯᠡᠬᠦ ᠬᠥᠭᠵᠢᠯᠲᠡ ᠶᠢᠨ ᠴᠢᠳᠠᠪᠤᠷᠢ ᠶᠢ ᠳᠡᠭᠡᠭᠰᠢᠯᠡᠭᠦᠯᠵᠦ᠂ ᠬᠤᠳᠠ ᠶᠢᠨ ᠠᠮᠤᠷ | ᠲᠦᠪᠰᠢᠨ ᠤ ᠠᠵᠢᠯᠯᠠᠭᠠᠨ ᠢ ᠨᠡᠩ ᠴᠢᠩᠭ᠎ᠠ ᠪᠣᠯᠭᠠᠬᠤ ᠬᠡᠷᠡᠭᠲᠡᠢ᠃ | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠣᠯ ᠬᠤᠳᠠ ᠶᠢᠨ ᠤᠶᠠᠨ ᠬᠠᠳᠠᠨ ᠴᠢᠨᠠᠷ ᠢ | ᠴᠢᠬᠤᠯᠠᠴᠢᠯᠠᠬᠤ ᠶᠢᠨ ᠴᠢᠬᠤᠯᠠ ᠰᠠᠭᠤᠷᠢ ᠮᠥᠨ᠃ ᠰᠤᠳᠤᠯᠭᠠᠨ ᠤ ᠰᠢᠨ᠎ᠡ ᠶᠢ ᠡᠭᠦᠳᠬᠦ ᠴᠢᠳᠠᠪᠤᠷᠢ ᠶᠢ | ᠳᠡᠭᠡᠭᠰᠢᠯᠡᠭᠦᠯᠵᠦ᠂ ᠰᠢᠨ᠎ᠡ ᠮᠡᠷᠭᠡᠵᠢᠯ ᠤᠨ ᠠᠷᠭ᠎ᠠ ᠪᠠᠷᠢᠯ ᠢ ᠢᠳᠡᠪᠬᠢᠲᠡᠢ ᠬᠡᠷᠡᠭᠯᠡᠬᠦ ᠨᠢ ᠤᠶᠠᠨ ᠬᠠᠳᠠᠨ ᠬᠤᠳᠠ ᠶᠢᠨ | ᠪᠦᠳᠦᠭᠡᠨ ᠪᠠᠶᠢᠭᠤᠯᠤᠯᠲᠠ ᠳᠤ ᠪᠦᠲᠦᠮᠵᠢᠲᠡᠢ ᠮᠡᠷᠭᠡᠵᠢᠯ ᠤᠨ ᠲᠤᠯᠭᠠᠭᠤᠷᠢᠯᠠᠯ ᠬᠠᠩᠭᠠᠵᠤ ᠪᠣᠯᠤᠨ᠎ᠠ᠃ ᠬᠤᠲᠠ ᠶᠢᠨ | ᠭᠡᠨᠡᠳᠲᠡ ᠶᠢᠨ ᠬᠡᠷᠡᠭ ᠢ ᠪᠤᠶᠢᠵᠢᠭᠤᠯᠬᠤ᠂ ᠬᠤᠪᠢᠷᠠᠭᠤᠯᠬᠤ᠂ ᠭᠠᠮᠰᠢᠭ ᠡᠭᠦᠰᠭᠡᠬᠦ ᠵᠢᠮ᠎ᠡ ᠶᠣᠰᠣ ᠬᠢᠭᠡᠳ ᠴᠠᠭ | ᠬᠤᠭᠤᠴᠠᠭ᠎ᠠ ᠪᠠ ᠣᠷᠣᠨ ᠵᠠᠢ ᠶᠢᠨ ᠣᠨᠴᠠᠯᠢᠭ ᠤᠨ ᠰᠤᠳᠤᠯᠤᠯ ᠢ ᠴᠢᠩᠭᠠᠳᠬᠠᠵᠤ᠂ ᠬᠤᠲᠠ ᠶᠢᠨ ᠭᠠᠶ ᠭᠠᠮᠰᠢᠭ ᠤᠨ | ᠠᠶᠤᠯ ᠲᠦᠭᠰᠢᠭᠦᠷᠢ ᠶᠢᠨ ᠡᠯ᠎ᠡ ᠵᠦᠢᠯ ᠤᠨ ᠬᠡᠷᠡᠭ ᠶᠠᠪᠤᠳᠠᠯ ᠤᠨ ᠨᠥᠯᠥᠭᠡ ᠪᠠᠷ ᠤᠯᠠᠷᠢᠨ ᠬᠤᠪᠢᠷᠠᠬᠤ ᠶᠠᠪᠤᠴᠠ | ᠪᠣᠯᠤᠨ ᠡᠪᠳᠡᠭᠳᠡᠬᠦ ᠵᠠᠭᠪᠤᠷ ᠢ ᠭᠦᠨᠵᠡᠭᠡᠶ ᠡᠵᠡᠮᠰᠢᠬᠦ ᠬᠡᠷᠡᠭᠲᠡᠶ᠃ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ | ᠤᠬᠠᠭᠠᠨ ᠤ ᠰᠤᠳᠤᠯᠭᠠᠨ ᠤ ᠬᠦᠷᠢᠶᠡᠯᠡᠩ ᠵᠡᠷᠭᠡ ᠲᠠᠢ ᠬᠠᠮᠲᠤᠷᠠᠨ ᠬᠤᠳᠠ ᠶᠢᠨ ᠤᠶᠠᠨ ᠬᠠᠳᠠᠨ ᠰᠤᠳᠤᠯᠭᠠᠨ ᠤ | ᠪᠠᠶᠢᠭᠤᠯᠤᠮᠵᠢ ᠶᠢ ᠪᠠᠶᠢᠭᠤᠯᠵᠤ᠂ ᠬᠤᠳᠠ ᠶᠢᠨ ᠤᠶᠠᠨ ᠬᠠᠳᠠᠨ ᠰᠤᠳᠤᠯᠭᠠᠨ ᠤ ᠪᠠᠶᠢᠯᠳᠤᠬᠤ ᠪᠤᠳᠤᠯᠭ᠎ᠠ ᠶᠢᠨ | ᠰᠢᠨᠵᠢᠯᠡᠬᠦ ᠤᠬᠠᠭᠠᠨ ᠮᠡᠷᠭᠡᠵᠢᠯ ᠤᠨ ᠬᠦᠴᠦᠨ ᠢ ᠪᠤᠢ ᠪᠣᠯᠭᠠᠨ᠎ᠠ᠃ ᠪᠠᠷᠠᠭᠠᠨ ᠤ ᠮᠡᠳᠡᠭᠡ ᠵᠠᠩᠭᠢ ᠶᠢᠨ ᠰᠦᠯᠵᠢᠶ᠎ᠡ᠂ | ᠲᠣᠮᠣ ᠳ᠋ᠠᠶᠢᠲ᠋ᠠ᠂ 5G᠂ ᠡᠭᠦᠯᠡᠨ ᠪᠤᠳᠤᠯᠲᠠ᠂ ᠵᠣᠬᠢᠶᠠᠮᠠᠯ ᠣᠶᠤᠨ᠂ ᠬᠡᠰᠡᠭᠵᠢᠭᠰᠡᠨ ᠬᠡᠯᠬᠢᠶ᠎ᠡ ᠵᠡᠷᠭᠡ ᠰᠢᠨ᠎ᠡ ᠨᠢᠭᠡ | ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ ᠢ ᠭᠦᠢᠴᠡᠳ ᠬᠡᠷᠡᠭᠯᠡᠵᠦ᠂ ᠲᠦᠭᠰᠢᠭᠦᠷᠢ ᠶᠢ ᠦᠨᠡᠯᠡᠨ ᠵᠢᠱᠢᠬᠦ᠂ ᠬᠢᠨᠠᠨ | ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ᠂ ᠠᠪᠤᠷᠠᠨ ᠲᠤᠰᠠᠯᠠᠵᠤ ᠰᠢᠢᠳᠪᠦᠷᠢᠯᠡᠬᠦ᠂ ᠶᠡᠷᠦᠩᠬᠡᠶᠢᠯᠡᠭᠰᠡᠨ ᠪᠠᠲᠤᠯᠠᠭ᠎ᠠ | ᠵᠡᠷᠭᠡ ᠣᠯᠠᠨ ᠲᠠᠯ᠎ᠠ ᠶᠢᠨ ᠲᠣᠭᠤᠷᠢᠨ ᠳᠤ ᠵᠠᠩᠭᠢᠯᠠᠭ᠎ᠠ ᠶᠢᠨ ᠮᠡᠷᠭᠡᠵᠢᠯ᠂ ᠲᠣᠨᠤᠭ ᠲᠥᠬᠦᠭᠡᠷᠦᠮᠵᠢ ᠪᠠ ᠲᠠᠪᠴᠠᠩ ᠢ | ᠰᠤᠳᠤᠯᠤᠨ ᠨᠡᠭᠡᠭᠡᠵᠦ᠂ ᠣᠯᠠᠨ ᠨᠡᠶᠢᠲᠡ ᠶᠢᠨ ᠠᠮᠤᠷ ᠲᠦᠪᠰᠢᠨ ᠤ ᠲᠦᠭᠰᠢᠭᠦᠷᠢ ᠶᠢ ᠰᠡᠷᠡᠵᠦ ᠮᠡᠳᠡᠬᠦ ᠲᠣᠨᠤᠭ | ᠲᠥᠬᠦᠭᠡᠷᠦᠮᠵᠢ᠂ ᠭᠠᠮᠰᠢᠭ ᠢ ᠪᠠᠭᠠᠰᠬᠠᠬᠤ ᠲᠣᠨᠤᠭ ᠲᠥᠬᠦᠭᠡᠷᠦᠮᠵᠢ᠂ ᠠᠪᠤᠷᠠᠨ ᠲᠤᠰᠠᠯᠠᠬᠤ ᠲᠣᠨᠤᠭ | ᠲᠥᠬᠦᠭᠡᠷᠦᠮᠵᠢ ᠶᠢ ᠰᠤᠳᠤᠯᠤᠨ ᠨᠡᠭᠡᠭᠡᠬᠦ ᠪᠠ ᠬᠡᠷᠡᠭᠯᠡᠬᠦ ᠶᠢ ᠶᠡᠬᠡᠪᠡᠷ ᠠᠬᠢᠭᠤᠯᠤᠨ᠎ᠠ᠃ ᠵᠥᠭᠡᠯᠡᠨ ᠲᠣᠨᠤᠭ ᠢ ᠨᠡᠭᠡᠭᠡᠨ | ᠬᠥᠭᠵᠢᠭᠦᠯᠬᠦ᠂ ᠤᠶᠤᠨᠴᠢᠯᠠᠨ ᠦᠢᠯᠡᠳᠬᠦ᠂ ᠠᠮᠤᠷ ᠲᠦᠪᠰᠢᠨ ᠤ ᠲᠣᠨᠤᠭ ᠲᠥᠬᠦᠭᠡᠷᠦᠮᠵᠢ ᠵᠡᠷᠭᠡ ᠬᠤᠯᠪᠣᠭᠳᠠᠯᠳᠤ | ᠠᠵᠤ ᠦᠢᠯᠡᠰ ᠢ ᠢᠳᠡᠪᠬᠢᠲᠡᠶ ᠬᠥᠭᠵᠢᠭᠦᠯᠵᠦ᠂ ᠣᠯᠠᠨ ᠨᠡᠶᠢᠲᠡ ᠶᠢᠨ ᠠᠮᠤᠷ ᠲᠦᠪᠰᠢᠨ ᠤ ᠰᠢᠨᠵᠢᠯᠡᠬᠦ | ᠤᠬᠠᠭᠠᠨᠮᠡᠷᠭᠡᠵᠢᠯ ᠤᠨ ᠦᠢᠯᠡᠴᠢᠯᠡᠭᠡᠨ ᠤ ᠰᠠᠭᠤᠷᠢᠨ ᠭᠠᠵᠠᠷ ᠪᠠ ᠣᠯᠠᠨ ᠨᠡᠶᠢᠲᠡ ᠶᠢᠨ ᠠᠮᠤᠷ ᠲᠦᠪᠰᠢᠨ ᠤ ᠠᠵᠤ | ᠦᠢᠯᠡᠰ ᠤᠨ ᠰᠦᠷᠦᠭᠵᠢᠯ ᠢ ᠪᠤᠶ ᠪᠣᠯᠭᠠᠨ᠎ᠠ᠃ ᠰᠠᠭᠤᠷᠢ ᠰᠤᠳᠤᠯᠭᠠᠨ᠂ ᠮᠡᠷᠭᠡᠵᠢᠯ ᠤᠨ ᠰᠢᠨ᠎ᠡ ᠶᠢ ᠡᠭᠦᠳᠬᠦ᠂ | ᠲᠣᠨᠤᠭ ᠲᠥᠬᠦᠭᠡᠷᠦᠮᠵᠢ ᠶᠢ ᠰᠤᠳᠤᠯᠤᠨ ᠦᠢᠯᠡᠳᠬᠦ᠂ ᠰᠤᠳᠤᠯᠤᠨ ᠨᠡᠭᠡᠭᠡᠬᠦ ᠰᠠᠭᠤᠷᠢᠨ ᠭᠠᠵᠠᠷ᠂ ᠠᠵᠤ ᠦᠢᠯᠡᠰ ᠤᠨ | ᠬᠥᠭᠵᠢᠯᠲᠡ ᠶᠢ ᠬᠠᠷᠢᠯᠴᠠᠨ ᠠᠬᠢᠭᠤᠯᠵᠤ ᠬᠠᠮᠲᠤᠪᠠᠷ ᠤᠷᠤᠭᠰᠢᠯᠠᠭᠤᠯᠬᠤ ᠶᠢ ᠠᠬᠢᠭᠤᠯᠵᠤ᠂ ᠳᠡᠭᠡᠳᠦ ᠳᠤᠮᠳᠠ | ᠳᠣᠣᠷᠠᠳᠤ ᠤᠷᠤᠰᠬᠠᠯ ᠤᠨ ᠰᠠᠶᠢᠨ ᠦᠢᠯᠡᠳᠦᠯᠴᠡᠯ ᠢ ᠪᠡᠶᠡᠯᠡᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠤᠶᠠᠨ | ᠬᠠᠳᠠᠨ ᠬᠤᠲᠠ ᠳᠠᠬᠢ ᠲᠤᠯᠭᠠᠭᠤᠷᠢᠯᠠᠬᠤ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ | ᠬᠠᠮᠢᠶᠠᠷᠤᠯᠲᠠ ᠶᠢ ᠲᠡᠭᠡᠭᠰᠢᠯᠡᠭᠦᠯᠬᠦ ᠪᠤᠯ ᠬᠤᠲᠠ ᠶᠢᠨ ᠤᠶᠠᠨ ᠬᠠᠳᠠᠨ ᠴᠢᠨᠠᠷ ᠢ ᠴᠢᠩᠭᠠᠳᠬᠠᠬᠤ ᠴᠢᠬᠤᠯᠠ | ᠠᠷᠭ᠎ᠠ ᠪᠠᠷᠢᠯ ᠮᠥᠨ᠃ ᠰᠢᠨᠵᠢᠯᠡᠬᠦ ᠤᠬᠠᠭᠠᠨᠴᠢ ᠪᠦᠲᠦᠮᠵᠢᠲᠡᠢ ᠬᠤᠲᠠ ᠶᠢᠨ ᠠᠮᠤᠷ ᠲᠥᠪᠰᠢᠨ ᠤ ᠬᠠᠮᠢᠶᠠᠷᠤᠯᠲᠠ ᠨᠢ | ᠭᠡᠨᠡᠳᠲᠡ ᠡᠭᠦᠰᠬᠦ ᠬᠡᠷᠡᠭ ᠢ ᠨᠡᠩ ᠰᠠᠶᠢᠨ ᠠᠷᠭᠠᠴᠠᠭᠠᠵᠤ ᠴᠢᠳᠠᠨ᠎ᠠ᠃ ᠣᠳᠣᠬᠠᠨ ᠤ ᠬᠤᠳᠠ ᠶᠢᠨ ᠠᠮᠤᠷ | ᠲᠦᠪᠰᠢᠨ ᠤ ᠬᠥᠭᠵᠢᠯᠲᠡ ᠶᠢᠨ ᠬᠠᠨᠳᠤᠰᠢ ᠵᠢᠴᠢ ᠬᠤᠳᠠ ᠶᠢᠨ ᠵᠠᠰᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠰᠢᠨ᠎ᠡ | ᠱᠠᠭᠠᠷᠳᠠᠯᠭ᠎ᠠ ᠳᠤ ᠵᠣᠬᠢᠴᠠᠭᠤᠯᠤᠨ᠂ ᠬᠤᠳᠠ ᠶᠢᠨ ᠲᠥᠯᠥᠪᠵᠢᠭᠦᠯᠭᠡ᠂ ᠪᠦᠳᠦᠭᠡᠨ ᠪᠠᠶᠢᠭᠤᠯᠤᠯᠲᠠ᠂ ᠬᠠᠮᠢᠶᠠᠷᠤᠯᠲᠠ | ᠵᠡᠷᠭᠡ ᠪᠦᠬᠦ ᠠᠮᠢ ᠨᠠᠰᠤᠨ ᠤ ᠦᠶᠡᠯᠡᠯ ᠤᠨ ᠬᠤᠭᠤᠴᠠᠭᠠᠨ ᠤ ᠠᠮᠤᠷ ᠲᠦᠪᠰᠢᠨ ᠤ ᠦᠵᠦ ᠲᠥᠯᠥᠪᠯᠡᠭᠡ ᠶᠢ | ᠰᠠᠶᠢᠲᠤᠷ ᠬᠢᠵᠦ᠂ ᠤᠶᠠᠨ ᠬᠠᠳᠠᠨ ᠬᠤᠳᠠ ᠶᠢᠨ ᠪᠦᠳᠦᠭᠡᠨ ᠪᠠᠶᠢᠭᠤᠯᠤᠯᠲᠠ ᠶᠢᠨ ᠪᠠᠶᠢᠭᠤᠯᠤᠮᠵᠢ ᠲᠣᠭᠲᠠᠴᠠ ᠶᠢᠨ | ᠰᠢᠨ᠎ᠡ ᠶᠢ ᠡᠭᠦᠳᠬᠦ ᠶᠢ ᠴᠢᠩᠭᠠᠳᠬᠠᠬᠤ ᠬᠡᠷᠡᠭᠲᠡᠢ᠃ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ | ᠠᠪᠤᠷᠠᠬᠤ ᠶᠡᠷᠦᠩᠬᠡᠶᠢᠯᠡᠭᠰᠡᠨ ᠴᠢᠳᠠᠪᠤᠷᠢ ᠪᠣᠯᠤᠨ ᠪᠠᠴᠢᠮ ᠪᠠᠶᠢᠳᠠᠯ ᠢ ᠠᠷᠭᠠᠴᠠᠭᠠᠬᠤ ᠰᠢᠰᠲ᠋ᠧᠮᠵᠢ ᠶᠢᠨ | ᠪᠠᠶᠢᠭᠤᠯᠤᠯᠲᠠ ᠶᠢ ᠴᠢᠩᠭᠠᠳᠬᠠᠵᠤ᠂ ᠭᠠᠵᠠᠷ ᠬᠥᠳᠡᠯᠦᠯᠲᠡ ᠦᠶᠡᠷ ᠤᠰᠤᠲᠤᠯ ᠵᠡᠷᠭᠡ ᠪᠠᠶᠢᠭᠠᠯᠢ ᠶᠢᠨ ᠭᠠᠮᠰᠢᠭ ᠢ | ᠰᠡᠷᠭᠡᠶᠢᠯᠡᠨ ᠵᠠᠰᠠᠬᠤ᠂ ᠬᠤᠲᠠ ᠶᠢᠨ ᠠᠮᠢ ᠨᠠᠰᠤᠨ ᠤ ᠱᠤᠭᠤᠮ ᠤᠨ ᠲᠦᠭᠰᠢᠭᠦᠷᠢ ᠶᠢ ᠬᠢᠨᠠᠨ ᠬᠡᠮᠵᠢᠵᠦ | ᠰᠡᠷᠡᠮᠵᠢᠯᠡᠭᠦᠯᠬᠦ ᠶᠢ ᠴᠢᠩᠭᠠᠳᠬᠠᠬᠤ ᠪᠠᠷ ᠭᠤᠤᠯᠳᠠᠯᠭ᠎ᠠ ᠪᠣᠯᠭᠠᠨ᠂ ᠬᠤᠲᠠ ᠶᠢᠨ ᠪᠠᠶᠢᠭᠠᠯᠢ ᠶᠢᠨ ᠭᠠᠮᠰᠢᠭ ᠢ | ᠡᠰᠡᠷᠭᠦᠴᠡᠬᠦ ᠪᠠ ᠠᠶᠦᠯᠭᠦᠢ ᠦᠢᠯᠡᠳᠪᠦᠷᠢᠯᠡᠯ ᠤᠨ ᠠᠳᠡᠯ ᠢ ᠰᠡᠷᠭᠡᠶᠢᠯᠡᠨ ᠬᠢᠵᠠᠭᠠᠷᠯᠠᠬᠤ ᠶᠡᠷᠦᠩᠬᠡᠶᠢᠯᠡᠭᠰᠡᠨ | ᠰᠡᠷᠡᠮᠵᠢᠯᠡᠬᠦ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠵᠠᠰᠠᠭ ᠤᠨ ᠣᠷᠳᠣᠨ ᠬᠥᠲᠥᠯᠦᠨ ᠵᠢᠯᠣᠭᠤᠳᠬᠤ | ᠂ ᠨᠡᠶᠢᠭᠡᠮ ᠢᠶᠠᠷ ᠢᠶᠠᠨ ᠬᠠᠮᠵᠢᠯᠴᠠᠬᠤ᠂ ᠣᠯᠠᠨ ᠨᠡᠶᠢᠲᠡ ᠪᠠᠷ ᠢᠶᠠᠨ ᠣᠷᠣᠯᠴᠠᠬᠤ᠂ ᠵᠠᠬ᠎ᠠ ᠳᠡᠯᠭᠡᠭᠦᠷ ᠢᠶᠠᠷ | ᠲᠣᠬᠢᠷᠠᠭᠤᠯᠬᠤ ᠬᠤᠲᠠ ᠶᠢᠨ ᠦᠨᠳᠦᠰᠦᠨ ᠱᠠᠲᠤᠨ ᠤ ᠠᠮᠤᠷ ᠲᠦᠪᠰᠢᠨ ᠤ ᠲᠦᠭᠰᠢᠭᠦᠷᠢ ᠶᠢ ᠵᠠᠰᠠᠬᠤ ᠵᠠᠭᠪᠤᠷ ᠢ | ᠪᠠᠶᠢᠭᠤᠯᠵᠤ᠂ ᠨᠡᠶᠢᠭᠡᠮ ᠲᠣᠭᠤᠷᠢᠭ ᠤᠨ ᠤᠶᠠᠨ ᠬᠠᠳᠠᠨ ᠴᠢᠨᠠᠷ ᠢ ᠴᠢᠩᠭᠠᠷᠠᠭᠤᠯᠤᠨ᠂ ᠨᠡᠶᠢᠭᠡᠮ ᠲᠣᠭᠤᠷᠢᠭ ᠤᠨ | ᠪᠠᠴᠢᠮ ᠪᠠᠶᠢᠳᠠᠯ ᠢ ᠠᠷᠭᠠᠴᠠᠭᠠᠬᠤ ᠦᠢᠯᠡᠴᠢᠯᠡᠭᠡᠨ ᠤ ᠥᠷᠲᠡᠭᠡ ᠶᠢ ᠪᠠᠶᠢᠭᠤᠯᠵᠤ᠂ ᠦᠨᠳᠦᠰᠦᠨ ᠱᠠᠲᠤᠨ ᠤ | ᠶᠡᠷᠦᠩᠬᠡᠶᠢᠯᠡᠭᠰᠡᠨ ᠴᠢᠨᠠᠷᠲᠠᠶ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠡᠩᠨᠡᠭᠡ ᠶᠢᠨ | ᠪᠠᠶᠢᠭᠤᠯᠤᠯᠲᠠ ᠶᠢ ᠴᠢᠩᠭᠠᠳᠬᠠᠨ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠢ ᠬᠥᠲᠥᠯᠦᠨ ᠵᠢᠯᠣᠭᠤᠳᠴᠤ᠂ | ᠲᠦᠭᠰᠢᠭᠦᠷᠢ ᠶᠢᠨ ᠳᠠᠯᠳᠠ ᠬᠡᠮ ᠢ ᠵᠢᠭᠰᠠᠭᠠᠨ ᠪᠠᠶᠢᠴᠠᠭᠠᠬᠤ ᠪᠠ ᠴᠡᠭᠴᠡᠯᠡᠨ ᠵᠠᠰᠠᠬᠤ ᠶᠢ ᠥᠷᠨᠢᠭᠦᠯᠵᠦ᠂ ᠬᠤᠲᠠ ᠶᠢᠨ | ᠵᠠᠰᠠᠯᠲᠠ ᠶᠢᠨ ᠰᠢᠰᠲ᠋ᠧᠮᠵᠢ ᠶᠢᠨ ᠲᠦᠭᠰᠢᠭᠦᠷᠢ ᠶᠢ ᠠᠷᠭᠠᠴᠠᠭᠠᠬᠤ ᠴᠢᠳᠠᠪᠤᠷᠢ᠂ ᠠᠮᠤᠷ ᠲᠦᠪᠰᠢᠨ ᠤ ᠰᠡᠷᠭᠡᠶᠢᠯᠡᠨ | ᠬᠠᠮᠠᠭᠠᠯᠠᠬᠤ ᠴᠢᠳᠠᠪᠤᠷᠢ ᠶᠢ ᠪᠠᠲᠤᠳᠬᠠᠨ᠂ ᠬᠠᠮᠲᠤ ᠪᠠᠷ ᠪᠠᠶᠢᠭᠤᠯᠵᠤ ᠬᠠᠮᠲᠤ ᠪᠠᠷ ᠵᠠᠰᠠᠵᠤ ᠬᠠᠮᠲᠤ ᠪᠠᠷ ᠡᠳ᠋ᠯᠡᠬᠦ | ᠨᠡᠶᠢᠭᠡᠮ ᠤᠨ ᠵᠠᠰᠠᠯᠲᠠ ᠶᠢᠨ ᠪᠠᠶᠢᠷᠢᠰᠢᠯ ᠢ ᠪᠣᠶ ᠪᠣᠯᠭᠠᠬᠤ ᠶᠢ ᠠᠬᠢᠭᠤᠯᠤᠨ᠎ᠠ᠃ | ᠠᠮᠤᠷ ᠲᠦᠪᠰᠢᠨ ᠰᠣᠶᠣᠯ ᠢ ᠪᠤᠶᠢᠵᠢᠭᠤᠯᠬᠤ ᠪᠣᠯ ᠬᠤᠳᠠ ᠶᠢᠨ ᠤᠶᠠᠨ ᠬᠠᠳᠠᠨ ᠴᠢᠨᠠᠷ ᠢ ᠴᠢᠩᠭᠠᠳᠬᠠᠬᠤ | ᠴᠢᠬᠤᠯᠠ ᠲᠤᠯᠭᠠᠭᠤᠷᠢᠯᠠᠯ ᠪᠣᠯᠤᠨ᠎ᠠ᠃ ᠰᠢᠨᠵᠢᠯᠡᠬᠦ ᠤᠬᠠᠭᠠᠨ ᠮᠡᠷᠭᠡᠵᠢᠯ ᠪᠣᠯ ᠬᠠᠲᠠᠭᠤ ᠲᠤᠯᠭᠠᠭᠤᠷᠢ ᠮᠥᠨ᠂ | ᠰᠣᠶᠣᠯ ᠪᠣᠯ ᠵᠥᠭᠡᠯᠡᠨ ᠪᠣᠳᠠᠲᠤ ᠬᠦᠴᠦᠨ ᠮᠥᠨ᠃ ᠤᠶᠠᠨ ᠬᠠᠳᠠᠨ ᠬᠤᠳᠠ ᠶᠢᠨ ᠪᠦᠳᠦᠭᠡᠨ ᠪᠠᠶᠢᠭᠤᠯᠤᠯᠲᠠ ᠶᠢ | ᠪᠦᠬᠦ ᠲᠠᠯ᠎ᠠ ᠪᠠᠷ ᠠᠬᠢᠭᠤᠯᠵᠤ᠂ ᠠᠷᠠᠳ ᠲᠦᠮᠡᠨ ᠳᠤ ᠰᠠᠭᠤᠷᠢᠯᠠᠵᠦ᠂ ᠪᠦᠬᠦ ᠨᠡᠶᠢᠭᠡᠮ ᠤᠨ ᠭᠠᠮᠰᠢᠭ ᠢ ᠰᠡᠷᠭᠡᠶᠢᠯᠡᠬᠦ | ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠤᠬᠠᠮᠰᠠᠷ ᠪᠣᠯᠤᠨ ᠬᠡᠪ ᠴᠢᠨᠠᠷ ᠢ ᠴᠢᠩᠭᠠᠳᠬᠠᠬᠤ ᠳᠤ | ᠲᠦᠰᠢᠭᠯᠡᠵᠦ᠂ ᠬᠥᠮᠦᠨ ᠪᠦᠬᠦᠨ ᠠᠮᠤᠷ ᠲᠦᠪᠰᠢᠨ ᠢ ᠣᠶᠢᠯᠠᠭᠠᠬᠤ᠂ ᠴᠠᠭ ᠢᠮᠠᠭᠲᠠ ᠠᠮᠤᠷ ᠲᠦᠪᠰᠢᠨ ᠢ | ᠪᠠᠲᠤᠯᠠᠬᠤ᠂ ᠶᠠᠪᠤᠳᠠᠯ ᠪᠦᠬᠦᠨ ᠳᠤ ᠠᠮᠤᠷ ᠲᠦᠪᠰᠢᠨ ᠢ ᠪᠠᠲᠤᠯᠠᠬᠤ᠂ ᠭᠠᠵᠠᠷ ᠪᠣᠯᠭᠠᠨ ᠳᠤ ᠠᠮᠤᠷ ᠲᠦᠪᠰᠢᠨ ᠢ | ᠪᠠᠲᠤᠯᠠᠬᠤ ᠦᠵᠡᠯ ᠰᠠᠨᠠᠭᠠᠨ ᠤ ᠰᠡᠷᠭᠡᠶᠢᠯᠡᠯᠲᠡ ᠶᠢᠨ ᠱᠤᠭᠤᠮ ᠢ ᠪᠠᠶᠢᠭᠤᠯᠬᠤ ᠬᠡᠷᠡᠭᠲᠡᠢ᠃ ᠡᠨᠡ ᠨᠢ ᠤᠯᠠᠨ | ᠨᠡᠶᠢᠲᠡ ᠶᠢᠨ ᠠᠮᠤᠷ ᠲᠦᠪᠰᠢᠨ ᠤ ᠬᠥᠮᠦᠵᠢᠯ ᠢ ᠪᠠᠶᠢᠩᠭᠤᠵᠢᠭᠤᠯᠤᠨ ᠳᠦᠷᠢᠮᠵᠢᠭᠦᠯᠬᠦ ᠶᠢ ᠴᠢᠩᠭᠠᠳᠬᠠᠵᠤ᠂ | ᠬᠤᠳᠠ ᠶᠢᠨ ᠠᠷᠠᠳ ᠤᠨ ᠦᠵᠡᠵᠦ ᠰᠣᠨᠢᠷᠬᠠᠬᠤ ᠳᠤᠷᠠᠲᠠᠢ ᠡᠯ᠎ᠡ ᠵᠦᠢᠯ ᠤᠨ ᠬᠡᠯᠪᠡᠷᠢ ᠪᠠᠷ ᠠᠮᠤᠷ ᠲᠦᠪᠰᠢᠨ | ᠰᠣᠶᠣᠯ ᠢ ᠪᠠᠳᠠᠷᠠᠭᠤᠯᠵᠤ᠂ ᠬᠤᠳᠠ ᠶᠢᠨ ᠠᠷᠠᠳ ᠤᠨ ᠠᠮᠤᠷ ᠲᠦᠪᠰᠢᠨ ᠤ ᠤᠬᠠᠮᠰᠠᠷ ᠢ ᠪᠦᠬᠦ ᠲᠠᠯ᠎ᠠ ᠪᠠᠷ | ᠴᠢᠩᠭᠠᠳᠬᠠᠬᠤ ᠴᠢᠬᠤᠯᠠᠲᠠᠢ ᠪᠠᠶᠢᠨ᠎ᠠ᠃ ᠡᠨᠡ ᠪᠣᠯ ᠬᠤᠲᠠ ᠶᠢᠨ ᠠᠮᠤᠷ ᠲᠦᠪᠰᠢᠨ ᠤ ᠵᠠᠰᠠᠯᠲᠠ ᠶᠢ ᠡᠬᠢ | ᠡᠭᠦᠰᠦᠯ ᠠᠴᠠ ᠨᠢ ᠠᠳᠬᠤᠬᠤ᠂ ᠰᠡᠷᠭᠡᠶᠢᠯᠡᠬᠦ ᠶᠢ ᠠᠳᠬᠤᠬᠤ᠂ ᠪᠠᠭᠤᠷᠠᠶ ᠭᠤᠭᠴᠤᠭ᠎ᠠ ᠶᠢ ᠠᠳᠬᠤᠬᠤ ᠶᠢᠨ | ᠴᠢᠬᠤᠯᠠ ᠢᠯᠡᠷᠡᠯ ᠪᠣᠯᠤᠨ᠎ᠠ᠃ ᠠᠮᠤᠷ ᠲᠦᠪᠰᠢᠨ ᠰᠣᠶᠣᠯ ᠢ ᠠᠵᠤ ᠠᠬᠤᠶᠢᠯᠠᠯ᠂ ᠬᠥᠳᠡᠭᠡ ᠲᠣᠰᠬᠤᠨ᠂ ᠨᠡᠶᠢᠭᠡᠮ | ᠲᠣᠭᠤᠷᠢᠭ᠂ ᠰᠤᠷᠭᠠᠭᠤᠯᠢ᠂ ᠬᠡᠷ ᠪᠦᠯᠢ ᠲᠠᠢ ᠤᠶᠠᠯᠳᠤᠭᠤᠯᠬᠤ ᠶᠢ ᠠᠬᠢᠭᠤᠯᠵᠤ᠂ ᠬᠤᠲᠠ ᠶᠢᠨ ᠣᠨᠴᠠᠯᠢᠭ ᠲᠠᠢ | ᠠᠮᠤᠷ ᠲᠦᠪᠰᠢᠨ ᠰᠣᠶᠣᠯ ᠰᠤᠷᠭᠠᠨ ᠬᠥᠮᠦᠵᠢᠯ ᠢ ᠪᠡᠶᠡᠴᠢᠯᠡᠨ ᠣᠶᠢᠯᠠᠭᠠᠬᠤ ᠰᠠᠭᠤᠷᠢᠨ ᠭᠠᠵᠠᠷ᠂ ᠲᠠᠯᠠᠪᠤᠷ ᠣᠷᠳᠣᠨ | ᠪᠠᠶᠢᠭᠤᠯᠬᠤ ᠶᠢ ᠵᠣᠷᠢᠭᠵᠢᠭᠤᠯᠵᠤ᠂ ᠠᠮᠤᠷ ᠲᠦᠪᠰᠢᠨ ᠰᠣᠶᠣᠯ ᠤᠨ ᠡᠯᠧᠮᠧᠨ᠋ᠲ ᠢ ᠴᠡᠴᠡᠷᠯᠢᠭ᠂ ᠵᠡᠭᠡᠯᠢ ᠭᠤᠳᠤᠮᠵᠢ᠂ | ᠨᠡᠶᠢᠭᠡᠮ ᠲᠣᠭᠤᠷᠢᠭ ᠲᠤ ᠠᠭᠤᠰᠬᠠᠨ᠂ ᠠᠮᠤᠷ ᠲᠦᠪᠰᠢᠨ ᠰᠣᠶᠣᠯ ᠢ ᠲᠠᠷᠢᠬᠢ ᠲᠣᠯᠣᠭᠠᠶ ᠳᠤᠨᠢ ᠬᠠᠳᠠᠩᠰᠢᠭᠤᠯᠵᠤ᠂ | ᠬᠤᠲᠠ ᠶᠢᠨ ᠠᠷᠠᠳ ᠤᠨ ᠠᠮᠤᠷ ᠲᠦᠪᠰᠢᠨ ᠤ ᠬᠡᠪ ᠴᠢᠨᠠᠷ ᠪᠠ ᠠᠶᠤᠯ ᠠᠴᠠ ᠵᠠᠶᠢᠯᠠᠬᠤ ᠤᠷ᠎ᠠ ᠴᠢᠳᠠᠪᠤᠷᠢ ᠶᠢ | ᠳᠡᠭᠡᠭᠰᠢᠯᠡᠭᠦᠯᠦᠨ᠂ ᠬᠥᠮᠦᠨ ᠪᠦᠬᠦᠨ ᠮᠡᠳᠡᠬᠦ᠂ ᠬᠥᠮᠦᠨ ᠪᠦᠬᠦᠨ ᠣᠷᠣᠯᠴᠠᠬᠤ᠂ ᠬᠥᠮᠦᠨ ᠪᠦᠬᠦᠨ | ᠬᠠᠷᠢᠭᠤᠴᠠᠯᠭ᠎ᠠ ᠪᠠᠨ ᠭᠦᠢᠴᠡᠳᠭᠡᠬᠦ ᠶᠢ ᠠᠬᠢᠭᠤᠯᠵᠤ᠂ ︽ᠬᠥᠮᠦᠨ ᠪᠦᠬᠦᠨ ᠠᠮᠤᠷ ᠲᠦᠪᠰᠢᠨ ᠢ ᠡᠷᠬᠢᠮᠯᠡᠬᠦ᠂ | ᠬᠥᠮᠦᠨ ᠪᠦᠬᠦᠨ ᠪᠠᠴᠢᠮ ᠪᠠᠶᠢᠳᠠᠯ ᠢ ᠠᠷᠭᠠᠴᠠᠭᠠᠵᠤ ᠴᠢᠳᠠᠬᠤ︾ ᠰᠠᠶᠢᠨ ᠰᠠᠶᠢᠬᠠᠨ ᠠᠭᠤᠷ ᠠᠮᠢᠰᠬᠤᠯ ᠢ ᠪᠣᠶ | ᠪᠣᠯᠭᠠᠵᠤ᠂ ᠤᠶᠠᠨ ᠬᠠᠳᠠᠨ ᠴᠢᠨᠠᠷᠲᠠᠶ ᠬᠤᠲᠠ ᠶᠢᠨ ᠪᠥᠲᠥᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ | ᠠᠬᠢᠭᠤᠯᠬᠤ ᠳᠤ ᠠᠰᠢᠭᠲᠠᠶ ᠰᠣᠶᠣᠯ ᠤᠨ ᠨᠥᠬᠦᠴᠡᠯ ᠬᠠᠩᠭᠠᠨ᠎ᠠ᠃ | | ᠢᠷᠡᠯᠲᠡ᠄ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠰᠣᠨᠢᠨ | ᠠᠷᠠᠳ ᠤᠨ ᠡᠳᠦᠷ ᠤᠨ ᠰᠣᠨᠢᠨ |