2024 ᠣᠨ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠭᠠᠨᠮᠥ᠋ᠴᠢᠷ ᠤᠨ ᠰᠠᠷ᠎ᠠ ᠶᠢᠨ ᠠᠵᠢᠯᠯᠠᠭ᠎ᠠ ᠡᠬᠢᠯᠡᠪᠡ
ᠨᠡᠶᠢᠲᠡᠯᠡᠭᠰᠡᠨ ᠴᠠᠭ᠄
2024/6/20
      ᠢᠷᠡᠯᠳᠡ᠄ ᠲᠣᠭᠲᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠶᠦᠨ ᠵᠦᠩ ᠬᠠᠮ ᠵᠠᠭᠤᠴᠢᠯᠠᠭᠤᠷ      6 ᠳ᠋ᠤᠭᠠᠷ ᠰᠠᠷ᠎ᠠ ᠶᠢᠨ 17 ᠤ ᠡᠳᠦᠷ᠂ 2024 ᠣᠨ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠭᠠᠨᠮᠥ᠋ᠴᠢᠷ ᠤᠨ ᠰᠠᠷ᠎ᠠ ᠶᠢᠨ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠬᠥᠬᠡᠬᠤᠲᠠ ᠳᠤ ᠶᠠᠪᠤᠭᠳᠠᠪᠠ᠃
   6 ᠳ᠋ᠤᠭᠠᠷ ᠰᠠᠷ᠎ᠠ ᠶᠢᠨ 17 ᠤ ᠡᠳᠦᠷ ᠤᠨ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠠᠴᠠ ᠭᠤᠤᠯᠯᠠᠨ ᠡᠷᠭᠢᠯᠡᠵᠦ᠂ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠤᠯᠠᠭᠠᠨᠮᠥ᠋ᠴᠢᠷ ᠠᠴᠠ ᠳᠠᠭᠠᠭᠠᠨ ᠡᠷᠭᠢᠯᠡᠭᠰᠡᠨ 2024 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠭᠠᠨᠮᠥ᠋ᠴᠢᠷ ᠤᠨ ᠰᠠᠷ᠎ᠠ ᠶᠢᠨ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠬᠥᠬᠡᠬᠤᠲᠠ ᠳᠤ ᠶᠠᠪᠤᠭᠳᠠᠪᠠ᠃      ᠡᠬᠢᠯᠡᠯᠲᠡ ᠶᠢᠨ ᠶᠣᠰᠣᠯᠠᠯ ᠨᠢ ᠭᠤᠷᠪᠠᠨ ᠱᠠᠲᠤᠨ ᠤ ᠤᠯᠠᠭᠠᠨᠮᠥ᠋ᠴᠢᠷ ᠤᠨ ᠬᠤᠯᠪᠣᠭᠠᠯᠠᠨ ᠬᠥᠳᠡᠯᠦᠯᠴᠡᠬᠦ ᠬᠡᠯᠪᠡᠷᠢ ᠪᠠᠷ ᠪᠦᠬᠦ ᠣᠷᠣᠨ ᠤ ᠤᠯᠠᠭᠠᠨᠮᠥ᠋ᠴᠢᠷ ᠤᠨ ︽ᠰᠤᠷᠤᠯᠴᠠᠬᠤ᠂ ᠰᠢᠨ᠎ᠡ ᠶᠢ ᠡᠭᠦᠳᠬᠦ · ᠲᠣᠭᠯᠠᠬᠤ︾ ᠠᠵᠢᠯ ᠤᠨ ᠳᠤᠮᠳᠠ ᠭᠠᠷᠭᠠᠭᠰᠠᠨ ᠭᠤᠣᠯ ᠰᠡᠳᠦᠪ ᠨᠢ ᠢᠯᠡ ᠲᠣᠳᠣ᠂ ᠤᠯᠠᠨ ᠲᠦᠮᠡᠨ ᠤ ᠪᠠᠭ᠋ᠠᠷᠬᠠᠬᠤ ᠭᠤᠣᠯ ᠬᠦᠭ ᠠᠶᠠᠰ ᠤᠨ ᠪᠦᠲᠦᠭᠡᠯ ᠢ ᠰᠣᠩᠭᠤᠨ ᠲᠣᠭᠯᠠᠪᠠ᠃ ᠲᠣᠭᠲᠠᠬᠤ ᠰᠢᠶᠠᠨ ᠤ ᠤᠯᠠᠭᠠᠨᠮᠥ᠋ᠴᠢᠷ ᠤᠨ ᠬᠢᠨ ︽ᠬᠠᠳᠤᠨ ᠭᠤᠣᠯ ᠤᠨ ᠬᠥᠪᠡᠭᠡ ᠶᠢᠨ ᠵᠠᠭᠤᠨ ᠬᠦᠴᠦᠷᠬᠡᠭ ᠰᠢᠶᠠᠨ︾ ᠨᠢ᠂ ᠬᠥᠬᠡᠬᠤᠲᠠ ᠶᠢᠨ ᠤᠯᠠᠭᠠᠨᠮᠥ᠋ᠴᠢᠷ ᠤᠨ ᠬᠢᠨ ︽ᠦᠵᠡᠰᠬᠦᠯᠡᠩᠲᠦ ᠰᠠᠶᠢᠬᠠᠨ ᠬᠡᠦᠬᠡᠨ︾ ᠢ ᠭᠤᠷᠪᠠᠨᠲᠠ ᠬᠥᠭᠵᠢᠮᠳᠡᠵᠦ᠂ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠤᠯᠠᠭᠠᠨᠮᠥ᠋ᠴᠢᠷ ᠤᠨ ᠬᠢᠨ ᠦᠵᠡᠭᠴᠢᠳ ᠲᠤ ᠡᠷᠡᠭᠲᠡᠢ ᠡᠮᠡᠭᠲᠡᠢ ᠶᠢᠨ ᠬᠤᠣᠰᠯᠠᠯ ᠳᠠᠭᠤᠤ ︽ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠶ᠎ᠠ︾ ᠭᠡᠬᠦ ᠭᠤᠶᠢᠳᠠ ᠰᠠᠶᠢᠬᠠᠨ ᠲᠣᠭᠯᠠᠯᠲᠠ ᠨᠢ ᠬᠥᠮᠦᠰ ᠢ ᠤᠯᠠᠭᠠᠨᠮᠥ᠋ᠴᠢᠷ ᠤᠨ ᠰᠠᠷ᠎ᠠ ᠶᠢᠨ ᠳᠠᠷᠠᠭᠠᠬᠢ ᠠᠵᠢᠯᠯᠠᠭ᠎ᠠ ᠳᠤ ᠮᠠᠰᠢ ᠶᠡᠭᠡ ᠬᠦᠰᠡᠯ ᠨᠠᠶᠢᠳᠠᠯᠭ᠎ᠠ ᠲᠠᠯᠪᠢᠪᠠ᠃ ᠡᠯ᠎ᠡ ᠠᠵᠢᠯ ᠲᠥᠷᠥᠯ ᠡᠯ᠎ᠡ ᠬᠦᠷᠢᠶ᠎ᠡ ᠴᠠᠷᠠᠭ᠎ᠠ ᠶᠢ ᠬᠥᠲᠥᠯᠦᠨ ᠵᠢᠯᠣᠭᠤᠳᠴᠤ ᠠᠷᠠᠳ ᠲᠦᠮᠡᠨ ᠳᠤ ᠦᠢᠯᠡᠴᠢᠯᠡᠬᠦ ︽ᠡᠴᠦᠰ ᠤᠨ ᠨᠢᠭᠡ  ᠺᠢᠯᠤᠮᠧᠲᠷ︾ ᠢ ᠨᠡᠪᠲᠡᠷᠡᠭᠦᠯᠬᠦ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠤᠯᠠᠭᠠᠨᠮᠥ᠋ᠴᠢᠷ ᠨᠢ ︽ᠤᠯᠠᠭᠠᠨᠮᠥ᠋ᠴᠢᠷ︾ ᠤᠨ ᠬᠡᠯᠪᠡᠷᠢ ᠪᠠᠷ ᠡᠳᠦᠶ ᠲᠡᠳᠦᠶ ᠤᠯᠠᠭᠠᠨᠮᠥ᠋ᠴᠢᠷ ᠤᠨ ᠬᠠᠮᠲᠤᠷᠠᠨ ᠦᠢᠯᠡᠴᠢᠯᠡᠬᠦ ᠰᠠᠯᠪᠤᠷᠢ ᠪᠠᠭ᠎ᠠ ᠠᠩᠭᠢ ᠶᠢ ᠪᠠᠶᠢᠭᠤᠯᠵᠤ᠂ ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ ᠡᠯ᠎ᠡ ᠰᠠᠯᠪᠤᠷᠢ ᠪᠠᠭ᠎ᠠ ᠠᠩᠭᠢ ᠳᠤ ᠲᠤᠭ ᠣᠯᠭᠤᠪᠠ᠃      ᠣᠶᠢᠯᠠᠭᠠᠭᠰᠠᠨ ᠢᠶᠠᠷ᠂ ᠪᠥᠬᠦ ᠣᠷᠣᠨ ᠤ ᠤᠯᠠᠭᠠᠨᠮᠥ᠋ᠴᠢᠷ ᠤᠨ ᠰᠠᠷ᠎ᠠ ᠶᠢᠨ ᠠᠵᠢᠯᠯᠠᠭ᠎ᠠ ᠨᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠭᠤᠤᠯ ᠱᠤᠭᠤᠮ ᠤᠨ ᠲᠣᠭᠤᠷᠢᠨ ᠳᠤ ᠬᠤᠶᠠᠷ ᠶᠡᠭᠡ ᠶᠠᠪᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠳᠤᠮᠳᠠᠳᠤ ᠶᠢᠨ ᠰᠣᠶᠣᠯ ᠤᠨ ᠰᠤᠳᠠᠰᠤ ᠶᠢ ᠤᠯᠠᠮᠵᠢᠯᠠᠨ ᠵᠠᠯᠭᠠᠮᠵᠢᠯᠠᠵᠤ᠂ ᠤᠮᠠᠷᠠᠲᠤ ᠬᠢᠯᠢ ᠶᠢᠨ ᠰᠣᠶᠣᠯ ᠢ ᠪᠠᠳᠠᠷᠠᠭᠤᠯᠵᠤ᠂ ᠥᠪᠡᠷᠲᠡᠭᠡᠨ ᠵᠠᠰᠠᠬᠤ ᠣᠷᠣᠨ ᠤ ᠤᠯᠠᠭᠠᠨᠮᠥ᠋ᠴᠢᠷ ᠤᠨ ︽ᠰᠤᠷᠤᠯᠴᠠᠬᠤ · ᠡᠭᠦᠳᠬᠦ · ᠲᠣᠭᠯᠠᠬᠤ︾ ᠠᠵᠢᠯ ᠤᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠬᠤ ᠪᠣᠯᠤᠨ᠎ᠠ᠃ ᠠᠵᠢᠯᠯᠠᠭ᠎ᠠ ᠨᠢ 7 ᠳ᠋ᠤᠭᠠᠷ ᠰᠠᠷ᠎ᠠ ᠶᠢᠨ 17 ᠤ ᠡᠳᠦᠷ ᠪᠣᠯᠲᠠᠯ᠎ᠠ ᠦᠷᠭᠦᠯᠵᠢᠯᠡᠬᠦ ᠪᠣᠯᠤᠨ᠎ᠠ᠂ ᠡᠨᠡ ᠬᠤᠭᠤᠴᠠᠭᠠᠨ ᠳᠤ᠂ ᠪᠥᠬᠦ ᠣᠷᠣᠨ ᠤ ᠡᠯ᠎ᠡ ᠤᠯᠠᠭᠠᠨᠮᠥ᠋ᠴᠢᠷ ᠦᠨᠳᠦᠰᠦᠨ ᠱᠠᠲᠤᠨ ᠤ ᠠᠷᠠᠳ ᠲᠤ ᠠᠰᠢᠭ ᠬᠦᠷᠲᠡᠭᠡᠬᠦ ᠲᠣᠭᠯᠠᠯᠲᠠ᠂ ᠤᠯᠠᠭᠠᠨᠮᠥ᠋ᠴᠢᠷ ᠤᠨ ᠬᠡᠪ ᠰᠤᠷᠲᠠᠯ ᠤᠨ ᠵᠣᠬᠢᠶᠠᠨ ᠪᠦᠲᠦᠭᠡᠯᠭᠡ᠂ ᠤᠯᠠᠭᠠᠨᠮᠥ᠋ᠴᠢᠷ ᠤᠨ ᠵᠢᠱᠢᠶ᠎ᠡ ᠦᠵᠡᠭᠦᠯᠬᠦ ᠰᠣᠯᠢᠯᠴᠠᠭᠠᠨ ᠤ ᠲᠣᠭᠯᠠᠯᠲᠠ᠂ ᠤᠯᠠᠭᠠᠨᠮᠥ᠋ᠴᠢᠷ ᠬᠢᠯᠢ ᠶᠢᠨ ᠪᠣᠭᠤᠮᠲᠠ ᠪᠠᠷ ᠶᠠᠪᠤᠵᠤ ᠬᠡᠪ ᠴᠢᠨᠠᠷ ᠢᠶᠠᠨ ᠳᠡᠭᠡᠭᠰᠢᠯᠡᠭᠦᠯᠬᠦ᠂ ᠤᠯᠠᠭᠠᠨᠮᠥ᠋ᠴᠢᠷ ᠤᠨ ᠤᠷᠠᠯᠢᠭ ᠤᠨ ᠵᠢᠭᠠᠨ ᠵᠢᠯᠣᠭᠤᠳᠣᠭᠴᠢ ᠶᠢᠨ ︽ᠬᠤᠣᠰᠯᠠᠯ ᠪᠣᠯᠬᠤ︾ ᠵᠢᠯᠣᠭᠤᠳᠣᠯᠭ᠎ᠠ ᠵᠡᠷᠭᠡ ᠭᠤᠤᠯ ᠰᠡᠳᠦᠪᠲᠦ ᠠᠵᠢᠯᠯᠠᠭ᠎ᠠ ᠥᠷᠨᠢᠭᠦᠯᠬᠦ ᠪᠣᠯᠤᠨ᠎ᠠ᠃
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1