ᠬᠦᠬᠡᠬᠤᠳᠠ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠥᠬᠢᠭᠦᠯᠦᠯ ᠢ ᠣᠯᠤᠭᠰᠠᠨ ᠦᠨ᠎ᠡ ᠲᠥᠯᠥᠪᠦᠷᠢ ᠦᠭᠡᠢ ᠪᠠᠷ ᠴᠢᠰᠤ ᠬᠠᠨᠳᠢᠪᠯᠠᠭᠰᠠᠳ ᠲᠤ ︽ᠭᠤᠷᠪᠠ ᠶᠢ ᠬᠡᠯᠲᠦᠷᠢᠭᠦᠯᠬᠦ ᠲᠥᠷᠥ ᠶᠢᠨ ᠪᠣᠳᠣᠯᠭ᠎ᠠ︾ ᠶᠢ ᠬᠡᠷᠡᠭᠵᠢᠭᠦᠯᠦᠨ᠎ᠡ
ᠨᠡᠶᠢᠲᠡᠯᠡᠭᠰᠡᠨ ᠴᠠᠭ᠄
2024/6/20
      ︵ᠰᠤᠷᠪᠤᠯᠵᠢᠯᠠᠭᠴᠢ ᠯᠢᠶᠠᠩ ᠵᠢᠩ ᠱᠥ︶ 6 ᠳ᠋ᠤᠭᠠᠷ ᠰᠠᠷ᠎ᠠ ᠶᠢᠨ 17 ᠤ ᠡᠳᠦᠷ᠂ ᠰᠤᠷᠪᠤᠯᠵᠢᠯᠠᠭᠴᠢ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠠᠴᠠ ᠲᠥᠯᠥᠪᠦᠷᠢ ᠥᠬᠡᠶ ᠪᠠᠷ ᠴᠢᠰᠤ ᠬᠠᠨᠳᠢᠪᠯᠠᠬᠤ ᠠᠵᠢᠯ ᠢ ᠠᠬᠢᠭᠤᠯᠵᠤ᠂ ᠬᠠᠷᠠᠮ ᠥᠬᠡᠶ ᠵᠣᠷᠢᠭᠤᠯᠬᠤ᠂ ᠴᠢᠰᠤ ᠬᠠᠨᠳᠢᠪᠯᠠᠵᠤ ᠬᠥᠮᠦᠨ ᠢ ᠠᠪᠤᠷᠬᠠᠤ ᠡᠷᠬᠢᠮ ᠳᠡᠭᠡᠳᠦ ᠵᠠᠩ ᠰᠡᠳᠬᠢᠯᠭᠡ ᠶᠢ ᠪᠠᠳᠠᠷᠠᠭᠤᠯᠤᠨ᠂ ᠲᠥᠯᠥᠪᠦᠷᠢ ᠥᠬᠡᠶ ᠪᠠᠷ ᠴᠢᠰᠤ ᠬᠠᠨᠳᠢᠪᠯᠠᠬᠤ ᠶᠢ ᠤᠷᠮᠠᠰᠢᠭᠤᠯᠬᠤ ᠲᠣᠭᠲᠠᠴᠠ ᠶᠢ ᠲᠡᠭᠦᠯᠳᠡᠷᠵᠢᠭᠦᠯᠬᠦ ᠶᠢᠨ ᠲᠥᠯᠥᠭᠡ᠂ ᠬᠥᠬᠡᠬᠤᠲᠠ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠥᠬᠢᠭᠦᠯᠦᠯ ᠢ ᠣᠯᠣᠭᠰᠠᠨ ᠲᠥᠯᠥᠪᠦᠷᠢ ᠥᠬᠡᠶ ᠪᠠᠷ ᠴᠢᠰᠤ ᠬᠠᠨᠳᠢᠪᠯᠠᠭᠰᠠᠳ ᠲᠤ ︽ᠭᠤᠷᠪᠠ ᠶᠢ ᠬᠡᠯᠲᠦᠷᠢᠭᠦᠯᠬᠦ ᠲᠥᠷᠥ ᠶᠢᠨ ᠪᠣᠳᠣᠯᠭ᠎ᠠ︾ ᠶᠢ ᠬᠡᠷᠡᠭᠵᠢᠭᠦᠯᠦᠨ᠎ᠡ᠂ ᠲᠤᠬᠠᠶᠢᠯᠠᠪᠠᠯ ᠬᠠᠮᠢᠶ᠎ᠠ ᠪᠥᠬᠦᠶ ᠦᠨᠡᠮᠯᠡᠯ ᠢᠶᠠᠷ ᠢᠶᠠᠨ ᠥᠪᠡᠷᠲᠡᠭᠡᠨ ᠵᠠᠰᠠᠬᠤ ᠣᠷᠣᠨ ᠤ ᠳᠣᠲᠣᠷ᠎ᠠ ᠣᠯᠠᠨ ᠨᠡᠶᠢᠲᠡ ᠶᠢᠨ ᠡᠬᠢ ᠪᠠᠶᠠᠯᠢᠭ ᠢ ᠠᠰᠢᠭᠯᠠᠨ ᠪᠥᠲᠥᠭᠡᠨ ᠪᠠᠶᠢᠭᠤᠯᠤᠭᠰᠠᠨ ᠦᠵᠡᠮᠵᠢ ᠶᠢᠨ ᠣᠷᠣᠨ ᠢ ᠦᠨ᠎ᠡ ᠲᠥᠯᠥᠪᠦᠷᠢ ᠥᠬᠡᠶ ᠪᠠᠷ ᠵᠤᠭᠠᠴᠠᠵᠤ᠂ ᠬᠤᠲᠠ ᠶᠢᠨ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠳᠤ ᠰᠦᠢᠳᠬᠡᠯ ᠲᠤᠰᠢᠶᠠᠬᠤ ᠥᠬᠡᠶ ᠪᠠᠷ ᠰᠠᠭᠤᠵᠤ᠂ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠡᠩ ᠤᠨ ᠡᠭᠦᠳᠡᠨ ᠡᠮᠨᠡᠯᠭᠡ ᠶᠢᠨ ᠪᠠᠶᠢᠴᠠᠭᠠᠬᠤ ᠰᠦᠢᠳᠬᠡᠯ ᠲᠤᠰᠢᠶᠠᠬᠤ ᠥᠬᠡᠶ᠃      ᠣᠶᠢᠯᠠᠭᠠᠭᠰᠠᠨ ᠢᠶᠠᠷ᠂ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠠᠴᠠ ︽ᠦᠨ᠎ᠡ ᠲᠥᠯᠥᠪᠦᠷᠢ ᠦᠭᠡᠢ ᠪᠠᠷ ᠴᠢᠰᠤ ᠬᠠᠨᠳᠢᠪᠯᠠᠭᠴᠢ ᠶᠢ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠪᠠᠶᠢᠴᠠᠭᠠᠬᠤ ᠰᠦᠢᠳᠬᠡᠯ ᠲᠤᠰᠢᠶᠠᠬᠤ ᠦᠭᠡᠢ ᠪᠠᠶᠢᠬᠤ ᠶᠢ ᠨᠠᠶᠢᠳᠠᠪᠤᠷᠢᠵᠢᠭᠤᠯᠬᠤ ᠲᠤᠬᠠᠢ ᠮᠡᠳᠡᠭᠳᠡᠯ︾ ᠢ ᠪᠠᠭᠤᠯᠭᠠᠵᠤ ᠂ ᠡᠯ᠎ᠡ ᠱᠠᠲᠤᠨ ᠤ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠦᠨ᠎ᠡ ᠲᠥᠯᠥᠪᠦᠷᠢ ᠦᠭᠡᠢ ᠪᠠᠷ ᠴᠢᠰᠤ ᠬᠠᠨᠳᠢᠪᠯᠠᠭᠰᠠᠨ ᠱᠠᠩᠨᠠᠯ᠂ ᠦᠨ᠎ᠡ ᠲᠥᠯᠥᠪᠦᠷᠢ ᠦᠭᠡᠢ ᠪᠠᠷ ᠴᠢᠰᠤ ᠲᠥᠯᠵᠢᠭᠦᠯᠬᠦ ᠡᠰ ᠢᠶᠠᠨ ᠬᠠᠨᠳᠢᠪᠯᠠᠨ ᠬᠤᠪᠢ ᠨᠡᠮᠡᠷᠢ ᠦᠵᠡᠭᠦᠯᠦᠭᠰᠡᠨ ᠱᠠᠩᠨᠠᠯ ᠭᠠᠷᠳᠠᠭᠰᠠᠳ ᠢ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠳᠤ ᠡᠮᠨᠡᠭᠦᠯᠬᠦ ᠦᠶ᠎ᠡ ᠳᠤ ᠡᠩ ᠤᠨ ᠡᠭᠦᠳᠡᠨ ᠡᠮᠨᠡᠯᠭᠡ ᠶᠢᠨ ᠪᠠᠶᠢᠴᠠᠭᠠᠬᠤ ᠰᠦᠢᠳᠬᠡᠯ ︵ᠳ᠋ᠤᠭᠠᠷᠯᠠᠬᠤ ᠵᠠᠷᠤᠳᠠᠯ︶ ᠲᠤᠰᠢᠶᠠᠬᠤ ᠦᠭᠡᠢ ᠪᠠᠶᠢᠬᠤ ᠲᠥᠷᠥ ᠶᠢᠨ ᠪᠣᠳᠣᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠤᠷᠢᠳᠴᠢᠯᠠᠬᠤ ᠴᠤᠩᠬᠤ ᠭᠠᠷᠭᠠᠵᠤ᠂ ᠳ᠋ᠤᠭᠠᠷᠯᠠᠬᠤ᠂ ᠡᠮᠨᠡᠭᠦᠯᠬᠦ᠂ ᠡᠮ ᠠᠪᠬᠤ ᠵᠡᠷᠭᠡ ᠦᠢᠯᠡᠴᠢᠯᠡᠭᠡ ᠶᠢ ᠤᠷᠢᠳᠠᠪᠠᠷ ᠬᠠᠩᠭᠠᠬᠤ ᠬᠡᠷᠡᠭᠲᠡᠢ ᠭᠡᠵᠦ ᠱᠠᠭᠠᠷᠳᠠᠪᠠ᠃ ᠡᠭᠦᠨ ᠤ ᠬᠠᠮᠲᠤ ᠠᠷᠠᠳ ᠠᠴᠠ ᠡᠵᠡᠩᠨᠡᠭᠰᠡᠨ ᠡᠯ᠎ᠡ ᠡᠮᠴᠢᠯᠡᠭᠡᠨ ᠤ ᠪᠠᠶᠢᠭᠤᠯᠤᠮᠵᠢ ᠶᠢᠨ ᠢᠳᠡᠪᠬᠢᠲᠡᠶ ᠣᠷᠣᠯᠴᠠᠬᠤ ᠶᠢ ᠵᠤᠷᠢᠭᠵᠢᠭᠤᠯᠪᠠ᠃      ᠦᠨ᠎ᠡ ᠲᠥᠯᠥᠪᠦᠷᠢ ᠦᠭᠡᠢ ᠪᠠᠷ ᠴᠢᠰᠤ ᠬᠠᠨᠳᠢᠪᠯᠠᠭᠰᠠᠨ ᠱᠠᠩᠨᠠᠯ᠂ ᠦᠨ᠎ᠡ ᠲᠥᠯᠥᠪᠦᠷᠢ ᠦᠭᠡᠢ ᠪᠠᠷ ᠴᠢᠰᠤ ᠲᠥᠯᠵᠢᠭᠦᠯᠬᠦ ᠡᠰ ᠢᠶᠠᠨ ᠬᠠᠨᠳᠢᠪᠯᠠᠨ ᠬᠤᠪᠢ ᠨᠡᠮᠡᠷᠢ ᠦᠵᠡᠭᠦᠯᠦᠭᠰᠡᠨ ᠱᠠᠩᠨᠠᠯ ᠭᠠᠷᠳᠠᠭᠰᠠᠳ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠳᠤ ᠡᠪᠡᠳᠴᠢᠨ ᠦᠵᠡᠭᠦᠯᠬᠦ ᠳᠡᠭᠡᠨ᠂ ᠪᠡᠶ᠎ᠡ ᠶᠢᠨ ᠦᠨᠡᠮᠯᠡᠯ ᠵᠢᠴᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨ᠎ᠡ ᠲᠥᠯᠥᠪᠦᠷᠢ ᠦᠭᠡᠢ ᠪᠠᠷ ᠴᠢᠰᠤ ᠬᠠᠨᠳᠢᠪᠯᠠᠭᠰᠠᠨ ᠢᠷᠠᠭᠤ ᠠᠯᠳᠠᠷ ᠤᠨ ᠺᠠᠷᠲ︾ ᠪᠤᠶᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨ᠎ᠡ ᠲᠥᠯᠥᠪᠦᠷᠢ ᠦᠭᠡᠢ ᠪᠠᠷ ᠴᠢᠰᠤ ᠲᠥᠯᠵᠢᠭᠦᠯᠬᠦ ᠡᠰ ᠢᠶᠠᠨ ᠬᠠᠨᠳᠢᠪᠯᠠᠭᠰᠠᠨ ᠢᠷᠠᠭᠤ ᠠᠯᠳᠠᠷ ᠤᠨ ᠺᠠᠷᠲ︾ ᠢᠶᠠᠨ ᠬᠠᠮᠲᠤ ᠦᠵᠡᠭᠦᠯᠦᠭᠰᠡᠨ ᠪᠥᠭᠡᠳ ᠣᠪᠣᠭ ᠨᠡᠷ᠎ᠡ᠂ ᠭᠡᠷᠡᠴᠢ ᠦᠨᠡᠮᠯᠡᠯ ᠤᠨ ᠨᠣᠮᠧᠷ ᠨᠢ ᠨᠢᠭᠡᠳᠦᠯᠲᠡᠶ ᠪᠣᠯ ᠡᠩ ᠤᠨ ᠡᠭᠦᠳᠡᠨ ᠡᠮᠨᠡᠯᠭᠡ ᠶᠢᠨ ᠪᠠᠶᠢᠴᠠᠭᠠᠬᠤ ᠰᠦᠢᠳᠬᠡᠯ ᠲᠤᠰᠢᠶᠠᠬᠤ ᠦᠭᠡᠢ ᠪᠠᠶᠢᠵᠤ ᠪᠣᠯᠤᠨ᠎ᠠ᠃      ᠡᠭᠦᠨ ᠤ ᠬᠠᠮᠲᠤ᠂ ᠪᠤᠰᠤᠳ ᠠᠶᠢᠮᠠᠭ ᠬᠤᠲᠠ ᠳᠤ ︽ᠦᠨ᠎ᠡ ᠲᠥᠯᠥᠪᠦᠷᠢ ᠦᠭᠡᠢ ᠪᠠᠷ ᠴᠢᠰᠤ ᠬᠠᠨᠳᠢᠪᠯᠠᠭᠰᠠᠨ ᠢᠷᠠᠭᠤ ᠠᠯᠳᠠᠷ ᠤᠨ ᠺᠠᠷᠲ︾ ᠭᠥᠷᠳᠡᠭᠰᠡᠳ ᠲᠤ ᠴᠢᠭᠯᠡᠭᠦᠯᠦᠨ᠂ ᠣᠳᠣᠬᠠᠨ ᠳᠤ ᠬᠥᠬᠡᠬᠤᠲᠠ ᠳᠤ ᠣᠷᠳᠣ ᠬᠤᠭᠤᠴᠠᠭ᠎ᠠ ᠪᠠᠷ ᠰᠠᠭᠤᠵᠤ ᠠᠵᠢᠯᠯᠯᠠᠵᠤ ᠪᠠᠶᠢᠭ᠎ᠠ ᠦᠨ᠎ᠡ ᠲᠥᠯᠥᠪᠦᠷᠢ ᠦᠭᠡᠢ ᠪᠠᠷ ᠴᠢᠰᠤ ᠬᠠᠨᠳᠢᠪᠯᠠᠵᠤ ᠬᠤᠪᠢ ᠨᠡᠮᠡᠷᠢ ᠦᠵᠡᠭᠦᠯᠦᠭᠰᠡᠨ ᠱᠠᠩᠨᠠᠯ ᠭᠥᠷᠳᠡᠭᠰᠡᠳ ᠲᠤ ᠂ ᠬᠥᠬᠡᠬᠤᠲᠠ ᠶᠢᠨ ︽ᠦᠨ᠎ᠡ ᠲᠥᠯᠥᠪᠦᠷᠢ ᠦᠭᠡᠢ ᠪᠠᠷ ᠴᠢᠰᠤ ᠬᠠᠨᠳᠢᠪᠯᠠᠭᠰᠠᠨ ᠢᠷᠠᠭᠤ ᠠᠯᠳᠠᠷ ᠤᠨ ᠺᠠᠷᠲ︾ ᠢ ᠦᠨ᠎ᠡ ᠲᠥᠯᠥᠪᠦᠷᠢ ᠦᠭᠡᠢ ᠪᠠᠷ ᠰᠣᠯᠢᠬᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠨ᠎ᠡ᠃
 
ᠢᠷᠡᠯᠲᠡ᠄ ᠬᠦᠬᠡᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1