ᠶᠡᠭᠡ ᠲᠡᠭᠡᠳᠦ ᠰᠤᠷᠭᠠᠭᠤᠯᠢ ᠲᠡᠭᠦᠰᠦᠭᠰᠡᠳ ᠤᠨ ᠤᠷᠤᠨ ᠰᠠᠭᠤᠴᠠ ᠶᠢᠨ ᠬᠦᠴᠢᠷᠳᠡᠯ ᠢ ᠬᠡᠷᠬᠢᠨ ᠰᠢᠢᠳᠪᠦᠷᠢᠯᠡᠬᠦ ᠪᠤᠢ︖
ᠨᠡᠶᠢᠲᠡᠯᠡᠭᠰᠡᠨ ᠴᠠᠭ᠄
2024/6/20
       ᠣᠳᠣᠬᠠᠨ ᠳᠤ ᠶᠠᠭ ᠰᠠᠶᠢᠬᠠᠨ ᠲᠡᠭᠦᠰᠬᠦ ᠤᠯᠠᠷᠢᠯ ᠪᠤᠯᠤᠯ᠎ᠠ᠂ ᠴᠥᠭᠡᠨ ᠪᠤᠰᠤ ᠶᠡᠭᠡ ᠲᠡᠭᠡᠳᠦ ᠰᠤᠷᠭᠠᠭᠤᠯᠢ ᠲᠡᠭᠦᠰᠦᠭᠰᠡᠳ ᠨᠡᠶᠢᠭᠡᠮ ᠳᠤ ᠭᠠᠷᠤᠭᠰᠠᠨ ᠤ ᠳᠠᠷᠠᠭ᠎ᠠ  ᠲᠤᠯᠭᠠᠷᠠᠬᠤ ᠠᠩᠬᠠᠳᠠᠭᠴᠢ ᠬᠦᠴᠢᠷ ᠠᠰᠠᠭᠤᠳᠠᠯ ᠪᠣᠯ ᠳᠠᠷᠤᠶ ᠭᠡᠷ ᠲᠦᠷᠢᠶᠡᠰᠦᠯᠡᠬᠦ ᠶᠠᠪᠤᠳᠠᠯ ᠪᠣᠯᠤᠨ᠎ᠠ᠃ ᠠᠵᠢᠯ ᠡᠷᠢᠬᠦ ᠠᠬᠢᠴᠠ᠂ ᠬᠤᠪᠢ ᠬᠥᠮᠦᠨ ᠤ ᠲᠥᠰᠦᠪ᠂ ᠥᠪᠡᠷᠮᠢᠴᠡ ᠬᠡᠷᠡᠭᠴᠡᠭᠡ ᠱᠠᠭᠠᠷᠳᠠᠯᠭ᠎ᠠ ᠵᠡᠷᠭᠡ ᠣᠯᠠᠨ ᠲᠠᠯ᠎ᠠ ᠶᠢᠨ ᠬᠦᠴᠦᠨ ᠵᠦᠢᠯ ᠤᠨ ᠨᠥᠯᠥᠭᠡ ᠠᠴᠠ ᠪᠣᠯᠵᠤ᠂ ᠮᠠᠰᠢ ᠣᠯᠠᠨ ᠶᠡᠭᠡ ᠲᠡᠭᠡᠳᠦ ᠰᠤᠷᠭᠠᠭᠤᠯᠢ ᠲᠡᠭᠦᠰᠦᠭᠰᠡᠳ ᠬᠠᠨᠤᠮᠵᠢᠳᠠᠢ ᠭᠡᠷ ᠪᠠᠶᠢᠰᠢᠩ ᠲᠦᠷᠢᠶᠡᠰᠦᠯᠡᠵᠦ ᠲᠡᠶᠢᠯᠬᠦ ᠦᠭᠡᠢ ᠪᠠᠶᠢᠨ᠎ᠠ ᠃ ᠣᠶᠢᠷ᠎ᠠ ᠶᠢᠨ ᠬᠤᠭᠤᠴᠠᠭᠠᠨ ᠳᠤ ᠪᠡᠭᠡᠵᠢᠩ᠂ ᠱᠠᠩᠬᠠᠶ᠂ ᠰᠢᠶᠠᠮᠧᠨ ᠵᠡᠷᠭᠡ ᠭᠠᠵᠠᠷ ᠣᠷᠣᠨ ᠣᠯᠠᠨ ᠵᠦᠢᠯ ᠤᠨ ᠭᠡᠷ ᠲᠦᠷᠢᠶᠡᠰᠦᠯᠡᠬᠦ ᠲᠥᠷᠥ ᠶᠢᠨ ᠪᠣᠳᠣᠯᠭ᠎ᠠ ᠶᠢᠨ ᠰᠢᠨ᠎ᠡ ᠠᠷᠭ᠎ᠠ ᠬᠡᠮᠵᠢᠶ᠎ᠡ ᠨᠡᠶᠢᠳᠡᠯᠡᠵᠦ᠂ ᠶᠡᠭᠡ ᠲᠡᠭᠡᠳᠦ ᠰᠤᠷᠭᠠᠭᠤᠯᠢ ᠲᠡᠭᠦᠰᠦᠭᠰᠡᠳ ᠤᠨ ᠭᠡᠷ ᠲᠦᠷᠢᠶᠡᠰᠦᠯᠡᠬᠦ ᠳᠤ ᠬᠦᠴᠦᠨ ᠨᠡᠮᠡᠷᠢᠯᠡᠵᠦ᠂ ᠲᠡᠭᠦᠰᠬᠦ ᠰᠤᠷᠤᠭᠴᠢᠳ ᠤᠨ ᠣᠷᠣᠨ ᠰᠠᠭᠤᠴᠠ ᠶᠢᠨ ᠵᠣᠪᠠᠨᠢᠯ ᠢ  ᠰᠢᠢᠳᠪᠦᠷᠢᠯᠡᠵᠦ ᠪᠠᠶᠢᠨ᠎ᠠ᠃      ᠪᠡᠭᠡᠵᠢᠩ᠄ 12 ᠲᠦᠮᠡ ᠰᠢᠬᠠᠮ ᠬᠠᠷᠠᠭᠠᠯᠵᠠᠯ ᠤᠨ ᠣᠷᠣᠨ ᠰᠠᠭᠤᠴᠠ ᠴᠤᠭᠯᠠᠭᠤᠯᠤᠨ ᠶᠡᠭᠡ ᠲᠡᠭᠡᠳᠦ ᠰᠤᠷᠭᠠᠭᠤᠯᠢ ᠲᠡᠭᠦᠰᠦᠭᠰᠡᠳ ᠤᠨ ᠭᠡᠷ ᠲᠦᠷᠢᠶᠡᠰᠦᠯᠡᠬᠦ ᠳᠤ ᠬᠠᠩᠭᠠᠨ᠎ᠠ      ᠡᠯ᠎ᠡ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠰᠤᠷᠭᠠᠭᠤᠯᠢ ᠠᠴᠠ ᠪᠠᠨ  ᠰᠠᠯᠵᠦ ᠭᠡᠷ ᠲᠦᠷᠢᠶᠡᠰᠦᠯᠡᠬᠦ ᠣᠷᠭᠢᠯ ᠬᠦᠷᠴᠦ ᠢᠷᠡᠬᠦ ᠶᠢ ᠳᠠᠭᠠᠯᠳᠤᠨ᠂ ᠤᠶᠢᠷ᠎ᠠ ᠶᠢᠨ ᠡᠳᠦᠷ᠂ ᠪᠡᠭᠡᠵᠢᠩ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠢᠭᠤᠯᠤᠯᠲᠠ ᠶᠢᠨ ᠰᠠᠯᠠᠭ᠎ᠠ ᠮᠥᠴᠢᠷ ᠬᠠᠮᠢᠶ᠎ᠠ ᠪᠦᠬᠦᠢ ᠠᠵᠤ ᠠᠬᠤᠢᠯᠠᠯ ᠲᠠᠢ ᠬᠠᠮᠲᠤᠷᠠᠨ ︽ᠶᠡᠭᠡ ᠲᠡᠭᠡᠳᠦ ᠰᠤᠷᠭᠠᠭᠤᠯᠢ ᠲᠡᠭᠦᠰᠦᠭᠰᠡᠳ ᠤᠨ ᠲᠦᠷᠢᠶᠡᠰᠦᠨ ᠭᠡᠷ ᠤᠨ ᠦᠢᠯᠡᠴᠢᠯᠡᠭᠡ ︾ ᠰᠢᠷᠢᠰ ᠠᠵᠢᠯᠯᠠᠭ᠎ᠠ ᠥᠷᠨᠢᠭᠦᠯᠵᠦ᠂ 11.9 ᠲᠦᠮᠡᠨ ᠢᠵᠢ ᠬᠠᠷᠠᠭᠠᠯᠵᠠᠯ ᠤᠨ ᠭᠡᠷ ︵ᠲᠠᠰᠤᠯᠭ᠎ᠠ︶ ᠴᠤᠭᠯᠠᠭᠤᠯᠵᠤ᠂ ᠲᠡᠭᠦᠰᠬᠦ ᠰᠤᠷᠤᠭᠴᠢᠳ ᠲᠤ ᠣᠯᠠᠨ ᠡᠰᠢᠵᠢᠭᠦᠯᠦᠭᠰᠡᠨ ᠲᠦᠷᠢᠶᠡᠰᠦᠨ ᠭᠡᠷ ᠤᠨ ᠦᠢᠯᠡᠴᠢᠯᠡᠭᠡ ᠬᠠᠩᠭᠠᠵᠤ ᠪᠠᠶᠢᠨ᠎ᠠ᠃ᠤᠶᠢᠷ᠎ᠠ ᠳᠤ᠂ ᠪᠡᠭᠡᠵᠢᠩ ᠤᠨ ᠡᠨᠡ ᠵᠢᠯ ᠤᠨ ︽ᠶᠡᠭᠡ ᠲᠡᠭᠡᠳᠦ ᠰᠤᠷᠭᠠᠭᠤᠯᠢ ᠲᠡᠭᠦᠰᠦᠭᠰᠡᠳ ᠤᠨ ᠲᠦᠷᠢᠶᠡᠰᠦᠨ ᠭᠡᠷ ᠤᠨ ᠦᠢᠯᠡᠴᠢᠯᠡᠭᠡ︾ ᠠᠩᠬᠠᠳᠠᠭᠴᠢ ᠤᠳᠠᠭᠠᠨ ᠤ ᠰᠦᠯᠵᠢᠶᠡᠨ ᠭᠠᠳᠠᠨᠠᠬᠢ ᠠᠵᠢᠯᠯᠠᠭ᠎ᠠ ᠬᠠᠢ ᠳ᠋ᠢᠶᠠᠨ ᠲᠣᠭᠤᠷᠢᠭ ᠲᠤ ᠶᠠᠪᠤᠭᠳᠠᠵᠤ᠂ ᠡᠷᠭᠢᠨ ᠲᠣᠭᠤᠷᠢᠨ ᠤ ᠣᠯᠠᠨ ᠶᠡᠭᠡ ᠰᠤᠷᠭᠠᠭᠤᠯᠢ ᠶᠢ ᠬᠠᠮᠦᠷᠠᠨ᠂ 20 ᠭᠠᠷᠤᠢ ᠠᠵᠤ ᠠᠬᠤᠢᠯᠠᠯ ᠲᠤᠬᠠᠢ ᠶᠢᠨ ᠲᠠᠯᠠᠪᠠᠢ ᠳᠤ ᠲᠡᠭᠦᠰᠬᠦ ᠰᠤᠷᠤᠭᠴᠢᠳ ᠲᠤ ᠲᠣᠬᠢᠷᠠᠮᠵᠢᠲᠠᠢ ᠭᠡᠷ ᠪᠠᠶᠢᠰᠢᠩ ᠵᠢᠴᠢ ᠬᠠᠷᠠᠭᠠᠯᠵᠠᠯ ᠤᠨ ᠠᠷᠭ᠎ᠠ ᠬᠡᠮᠵᠢᠶ᠎ᠡ ᠨᠡᠶᠢᠳᠡᠯᠡᠵᠦ᠂ ᠨᠡᠩ ᠣᠯᠠᠨ ᠲᠡᠭᠦᠰᠬᠦ ᠰᠤᠷᠤᠭᠴᠢᠳ ᠲᠤ ᠣᠯᠠᠨ ᠡᠰᠢᠳᠦ ᠭᠡᠷ ᠲᠦᠷᠢᠶᠡᠰᠦᠯᠡᠬᠦ ᠦᠢᠯᠡᠴᠢᠯᠡᠭᠡ ᠬᠠᠩᠭᠠᠪᠠ᠃       ᠪᠡᠭᠡᠵᠢᠩ ᠬᠤᠲᠠ ᠶᠢᠨ ᠬᠡᠷ ᠪᠠᠶᠢᠰᠢᠩ ᠭᠠᠵᠠᠷ ᠬᠥᠷᠥᠩᠭᠡ ᠶᠢᠨ ᠵᠠᠭᠤᠴᠢ ᠠᠵᠢᠯ ᠲᠥᠷᠥᠯ ᠤᠨ ᠨᠡᠶᠢᠭᠡᠮᠯᠢᠭ ᠤᠨ ᠨᠠᠷᠢᠨ ᠪᠢᠴᠢᠭ ᠤᠨ ᠳᠠᠷᠤᠭ᠎ᠠ ᠵᠣᠣ ᠴᠢᠩ ᠰᠢᠶᠠᠩ ᠢᠯᠡᠷᠬᠡᠶᠢᠯᠡᠬᠦ ᠳᠡᠭᠡᠨ᠂ ᠡᠨᠡ ᠵᠢᠯ ᠪᠡᠭᠡᠵᠢᠩ ᠬᠤᠳᠠ ᠲᠤᠬᠢᠷᠠᠮᠵᠢᠳᠠᠢ ᠬᠡᠷ ᠪᠠᠶᠢᠰᠢᠩ ᠢ ᠣᠲᠣ ᠪᠣᠯᠲᠠᠯ᠎ᠠ 11.9 ᠲᠦᠮᠡᠨ ᠢᠵᠢ ︵ᠲᠠᠰᠤᠯᠭ᠎ᠠ︶ ᠴᠤᠭᠯᠠᠭᠤᠯᠵᠤ᠂ ᠨᠢᠳᠤᠨᠤᠨ ᠤ ᠬᠢ ᠲᠠᠢ ᠬᠠᠷᠢᠴᠠᠭᠤᠯᠪᠠᠯ ᠪᠠᠭ᠎ᠠ ᠰᠠᠭ᠎ᠠ ᠨᠡᠮᠡᠭᠳᠡᠵᠡᠢ᠂ ᠨᠢᠳᠤᠨᠤᠨ 10 ᠲᠦᠮᠡᠨ ᠢᠵᠢ ︵ᠲᠠᠰᠤᠯᠭ᠎ᠠ︶ ᠪᠠᠭ᠋ᠠᠨ ᠢᠯᠡᠭᠦᠤ᠂ ᠡᠨᠡ ᠵᠢᠯ ᠲᠡᠭᠦᠰᠦᠭᠰᠡᠳ ᠨᠢᠳᠤᠨᠤᠨ ᠤ ᠬᠢ ᠠᠴᠠ ᠬᠠᠷᠢᠴᠠᠩᠭᠤᠶ ᠪᠠᠷ ᠣᠯᠠᠨ᠂ ᠬᠠᠩᠭᠠᠯᠭ᠎ᠠ ᠬᠡᠷᠡᠭᠴᠡᠭᠡ ᠦᠨᠳᠦᠰᠦᠨ ᠳᠡᠭᠡᠨ ᠲᠡᠩᠴᠡᠭᠦᠷᠢᠲᠡᠶ ᠪᠣᠯᠵᠤ ᠴᠢᠳᠠᠨ᠎ᠠ ᠭᠡᠵᠡᠶ᠃      ᠣᠶᠢᠯᠠᠭᠠᠭᠰᠠᠨ ᠢᠶᠠᠷ᠂ 6 ᠳ᠋ᠤᠭᠠᠷ ᠰᠠᠷ᠎ᠠ ᠶᠢᠨ ᠳᠤᠮᠳᠠᠴᠢ ᠠᠴᠠ 9 ᠳ᠋ᠤᠭᠡᠷ ᠰᠠᠷ᠎ᠠ ᠪᠣᠯᠲᠠᠯ᠎ᠠ᠂ ᠪᠡᠭᠡᠵᠢᠩ ᠬᠤᠳᠠ ᠵᠠᠯᠭᠠᠪᠠᠷ ᠴᠤᠤᠶᠠᠩ᠂ ᠴᠠᠩᠫᠢᠩ ᠵᠡᠷᠭᠡ ᠶᠡᠭᠡ ᠳᠡᠭᠡᠳᠦ ᠰᠤᠷᠭᠠᠭᠤᠯᠢ ᠲᠦᠪᠯᠡᠷᠡᠭᠰᠡᠨ ᠲᠤᠭᠤᠷᠢᠭ ᠲᠤ ᠣᠯᠠᠨ ᠲᠠᠯᠠᠪᠤᠷ ᠠᠵᠢᠯᠯᠠᠭ᠎ᠠ ᠵᠣᠬᠢᠶᠠᠨ ᠪᠠᠶᠢᠭᠤᠯᠵᠤ᠂ ᠨᠠᠩ ᠣᠯᠠᠨ ᠲᠡᠭᠦᠰᠬᠦ ᠰᠤᠷᠤᠭᠴᠢᠳ ᠲᠤ ᠣᠯᠠᠨ ᠡᠰᠢᠲᠦ ᠲᠦᠷᠢᠶᠡᠰᠦᠨ ᠣᠷᠣᠨ ᠰᠠᠭᠤᠴᠠ ᠶᠢᠨ ᠦᠢᠯᠡᠴᠢᠯᠡᠭᠡ ᠬᠠᠩᠭᠠᠬᠤ ᠪᠣᠯᠤᠨ᠎ᠠ᠃      ᠱᠠᠩᠬᠠᠢ᠄ ᠪᠠᠳᠤᠯᠠᠭᠠᠳᠤ ᠲᠦᠷᠢᠶᠡᠰᠦᠨ ᠭᠡᠷ ᠢ ᠰᠤᠷᠭᠠᠭᠤᠯᠢ ᠶᠢᠨ ᠬᠦᠷᠢᠶᠡᠨ ᠳᠤ ᠤᠷᠤᠭᠤᠯᠵᠤ ᠲᠡᠭᠦᠰᠬᠦ ᠰᠤᠷᠤᠭᠴᠢᠳ ᠲᠤ ᠱᠠᠩᠬᠠᠢ ᠳᠤ ︽ᠠᠮᠤᠭᠤᠯᠠᠩ ᠤᠷᠤᠰᠢᠨ ᠰᠠᠭᠤᠬᠤ︾ ᠳᠤ ᠬᠦᠴᠦᠨ ᠨᠡᠮᠡᠷᠢᠯᠡᠪᠡ      ︽ᠰᠢᠨ᠎ᠡ ᠪᠠᠷ ᠠᠵᠢᠯᠯᠠᠭᠰᠠᠳ︾ ᠢ ᠬᠠᠪᠰᠤᠷᠤᠨ ᠣᠷᠣᠨ ᠰᠠᠭᠤᠴᠠ ᠡᠷᠢᠬᠦ ᠬᠦᠴᠢᠷᠳᠡᠯ ᠢ ᠨᠢ ᠪᠠᠭᠠᠰᠬᠠᠬᠤ ᠶᠢᠨ ᠲᠥᠯᠥᠭᠡ᠂ ᠲᠦᠷᠦᠭᠦᠬᠡᠨ᠂ ᠱᠠᠩᠬᠠᠢ ᠬᠤᠲᠠ ᠪᠠᠳᠤᠯᠠᠭᠠᠳᠤ ᠲᠦᠷᠢᠶᠡᠰᠦᠨ ᠭᠡᠷ ᠤᠨ ᠲᠡᠭᠦᠰᠬᠦ ᠤᠯᠠᠷᠢᠯ ︵ᠭᠤᠷᠪᠠᠳᠤᠭᠠᠷ ᠤᠯᠠᠷᠢᠯ︶ ᠤᠨ ᠰᠢᠷᠢᠰ ᠠᠵᠢᠯᠯᠠᠭ᠎ᠠ ᠥᠷᠨᠢᠭᠦᠯᠵᠦ᠂ ᠨᠢᠭᠡ ᠪᠦᠯᠦᠭ ᠣᠷᠣᠨ ᠪᠠᠶᠢᠷᠢ ᠨᠢ ᠳᠥᠭᠦᠮ ᠲᠦᠳᠡ᠂ ᠭᠡᠷ ᠤᠨ ᠬᠡᠯᠪᠡᠷᠢ ᠨᠢ ᠲᠣᠬᠢᠷᠠᠮᠵᠢᠲᠠᠢ᠂ ᠦᠨ᠎ᠡ ᠨᠢ ᠵᠣᠬᠢᠰᠲᠠᠢ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢ ᠵᠣᠬᠢᠶᠠᠨ ᠪᠠᠶᠢᠭᠤᠯᠵᠦ᠂ ᠱᠠᠩᠬᠠᠢ ᠳᠤ ᠠᠵᠢᠯ ᠲᠠᠢ ᠪᠥᠭᠡᠳ ᠣᠷᠣᠨ ᠰᠠᠭᠤᠴᠠ ᠨᠢ ᠬᠦᠴᠢᠷᠲᠡᠢ ᠱᠠᠩᠬᠠᠢ ᠶᠢᠨ ᠲᠤᠰ ᠬᠤᠭᠤᠴᠠᠭᠠᠨ ᠤ ᠳᠡᠭᠡᠳᠦ ᠰᠤᠷᠭᠠᠭᠤᠯᠢ ᠲᠡᠭᠦᠰᠦᠭᠰᠡᠨ ᠰᠤᠷᠤᠭᠴᠢᠳ ᠲᠤ ᠬᠠᠨᠳᠤᠯᠭ᠎ᠠ ᠲᠠᠢ ᠪᠠᠷ ᠬᠠᠩᠭᠠᠪᠠ᠃ ᠣᠳᠣᠬᠠᠨ ᠳᠤ ᠨᠢᠭᠡᠨᠲᠡ 2700 ᠭᠠᠷᠤᠶ ᠰᠣᠷᠣᠭᠴᠢ ᠪᠠᠳᠤᠯᠠᠭᠠᠳᠤ ᠲᠦᠷᠢᠶᠡᠰᠦᠨ ᠭᠡᠷ ᠤᠨ ᠲᠥᠷᠥᠯ ᠵᠦᠢᠯ ᠤᠨ ᠠᠵᠤ ᠠᠬᠤᠶᠢᠯᠠᠯ ᠲᠠᠢ ᠲᠦᠷᠢᠶᠡᠰᠦᠯᠡᠬᠦ ᠬᠦᠰᠡᠯ ᠲᠠᠢ ᠪᠠᠶᠢᠨ᠎ᠠ᠃      ᠡᠨᠡ ᠵᠢᠯ᠂ ᠱᠠᠩᠬᠠᠶ ᠬᠤᠳᠠ ᠪᠠᠲᠤᠯᠠᠭ᠎ᠠ ᠶᠢᠨ ᠴᠢᠨᠠᠷᠲᠠᠶ ᠲᠦᠷᠢᠶᠡᠰᠦᠨ ᠣᠷᠣᠨ ᠰᠠᠭᠤᠴᠠ ᠶᠢᠨ ᠪᠥᠲᠥᠭᠡᠨ ᠪᠠᠶᠢᠭᠤᠯᠤᠯᠲᠠ ᠶᠢᠨ ᠬᠠᠩᠭᠠᠯᠭ᠎ᠠ ᠶᠢᠨ ᠪᠣᠳᠠᠲᠠᠶ ᠪᠠᠶᠢᠳᠠᠯ ᠲᠠᠢ ᠤᠶᠠᠯᠳᠤᠭᠤᠯᠤᠨ᠂ 30 ᠭᠠᠷᠤᠶ ᠪᠠᠳᠤᠯᠠᠭᠠᠳᠤ ᠲᠦᠷᠢᠶᠡᠰᠦᠨ ᠭᠡᠷ ᠤᠨ ᠲᠥᠷᠥᠯ ᠵᠦᠢᠯ᠂ ᠪᠠᠷᠤᠭ 3000 ᠢᠵᠢ ︵ᠲᠠᠰᠤᠯᠭ᠎ᠠ︶ ᠲᠣᠬᠢᠷᠠᠭᠤᠯᠵᠤ᠂ ᠨᠢᠭᠡ ᠥᠷᠥᠭᠡ ᠲᠠᠢ ᠲᠦᠷᠢᠶᠡᠰᠦᠨ ᠭᠡᠷ ᠤᠨ ᠦᠨ᠎ᠡ ᠨᠢ ᠰᠠᠷ᠎ᠠ ᠪᠦᠷᠢ 2500 - 3500 ᠲᠥᠭᠦᠷᠢᠭ ᠤᠨ ᠬᠤᠭᠤᠷᠣᠨᠳᠣ ᠪᠠᠶᠢᠵᠤ᠂ ᠬᠤᠶᠠᠷ ᠦᠷᠦᠭᠡ ᠲᠠᠢ ᠭᠡᠷ ᠢ ᠬᠠᠮᠳᠤᠷᠠᠨ ᠲᠦᠷᠢᠶᠡᠰᠦᠯᠡᠬᠦ ᠦᠨ᠎ᠡ ᠨᠢ ᠰᠠᠷ᠎ᠠ ᠪᠦᠷᠢ 1500 - 2500 ᠲᠥᠭᠦᠷᠢᠭ ᠤᠨ ᠬᠤᠭᠤᠷᠣᠨᠳᠣ ᠪᠠᠶᠢᠨ᠎ᠠ᠃ ᠠᠵᠢᠯᠯᠠᠭ᠎ᠠ ᠶᠢ ᠰᠦᠯᠵᠢᠶᠡᠨ ᠳᠡᠭᠡᠷ᠎ᠡ ᠤᠷᠢᠳᠴᠢᠯᠠᠨ ᠭᠤᠶᠤᠴᠢᠯᠠᠬᠤ ᠪᠠ ᠰᠦᠯᠵᠢᠶᠡᠨ ᠭᠠᠳᠠᠨ᠎ᠠ ᠲᠦᠷᠢᠶᠡᠰᠦᠯᠡᠭᠦᠯᠬᠦ ᠦᠢᠯᠡᠴᠢᠯᠡᠭᠡ ᠶᠢ ᠬᠠᠷᠢᠯᠴᠠᠨ ᠤᠶᠠᠯᠳᠤᠭᠤᠯᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠨᠢᠭᠡᠨᠲᠡ ᠳᠥᠷᠪᠡᠨ ᠲᠠᠯᠠᠪᠤᠷ ᠰᠦᠯᠵᠢᠶᠡᠨ ᠭᠠᠳᠠᠨᠠᠬᠢ ᠬᠠᠩᠭᠠᠯᠭ᠎ᠠ ᠬᠡᠷᠡᠭᠴᠡᠭᠡ ᠶᠢ ᠵᠣᠯᠭᠠᠭᠤᠯᠬᠤ ᠦᠢᠯᠡᠴᠢᠯᠡᠭᠡ ᠶᠢ ᠡᠷᠭᠢᠯᠡᠵᠦ᠂ ᠨᠡᠶᠢᠲᠡ ᠲᠦᠮᠡ ᠭᠠᠷᠤᠶ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤᠬᠠᠶ ᠶᠢᠨ ᠲᠠᠯᠠᠪᠤᠷ ᠲᠤ ᠠᠰᠠᠭᠤᠨ ᠯᠠᠪᠯᠠᠵᠦ᠂ 2700 ᠭᠠᠷᠤᠶ ᠰᠣᠷᠣᠭᠴᠢ ᠪᠠᠳᠤᠯᠠᠭᠠᠳᠦ ᠲᠦᠷᠢᠶᠡᠰᠦᠨ ᠭᠡᠷ ᠤᠨ ᠲᠥᠷᠥᠯ ᠵᠦᠢᠯ ᠤᠨ ᠠᠵᠤ ᠠᠬᠤᠶᠢᠯᠠᠯ ᠯᠤᠭ᠎ᠠ ᠲᠦᠷᠢᠶᠡᠰᠦᠯᠡᠬᠦ ᠰᠠᠨᠠᠮᠵᠢ ᠲᠠᠢ ᠪᠤᠯᠵᠠᠢ᠂ ᠲᠣᠰ ᠤᠳᠠᠭᠠᠨ ᠤ ᠠᠵᠢᠯᠯᠠᠭ᠎ᠠ ᠶᠢ ᠢᠵᠢ ᠪᠥᠷᠢᠳᠦᠭᠦᠯᠦᠭᠰᠡᠨ ︽ᠪᠠᠳᠤᠯᠠᠭᠠᠳᠤ ᠲᠦᠷᠢᠶᠡᠰᠦᠨ ᠬᠡᠷ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ︾ ᠸᠢᠴᠠᠲ ᠤᠨ ᠵᠢᠵᠢᠭ ᠫᠷᠤᠭ᠍ᠷᠠᠮ ᠢ ᠪᠠᠶᠢᠭᠤᠯᠵᠦ ᠲᠡᠭᠦᠰᠦᠭᠰᠡᠳ ᠤᠨ ᠰᠤᠷᠪᠤᠯᠵᠢᠯᠠᠭᠰᠠᠨ ᠬᠡᠮᠵᠢᠶ᠎ᠡ ᠨᠡᠶᠢᠲᠡ 4.9 ᠲᠦᠮᠡᠨ ᠬᠥᠮᠦᠨ ᠤᠳᠠᠭ᠎ᠠ ᠶᠢ ᠳᠠᠪᠠᠭᠰᠠᠨ ᠪᠠᠶᠢᠨ᠎ᠠ᠃      ᠱᠠᠩᠬᠠᠶ ᠬᠤᠲᠠ ᠶᠢᠨ ᠣᠷᠣᠨ ᠰᠠᠭᠤᠴᠠ ᠶᠢᠨ ᠪᠠᠲᠤᠯᠠᠭ᠎ᠠ ᠶᠢᠨ ᠬᠡᠷᠡᠭ ᠶᠠᠪᠤᠳᠠᠯ ᠤᠨ ᠲᠥᠪ ᠤᠨ ᠨᠠᠮ ᠤᠨ ᠶᠡᠷᠦᠩᠬᠡᠶ ᠡᠭᠦᠷ ᠤᠨ ᠱᠦᠵᠢ ᠲᠡᠳ᠋ ᠡᠷᠬᠢᠯᠡᠭᠴᠢ ᠫᠧᠩ ᠵᠢᠶᠦ᠋ᠨ ᠶᠧ᠂ ᠮᠠᠰᠢ ᠣᠯᠠᠨ ᠪᠠᠳᠤᠯᠠᠭᠠᠳᠤ ᠲᠦᠷᠢᠶᠡᠰᠦᠨ ᠬᠡᠷ ᠪᠠᠲᠤᠯᠠᠬᠤ ᠤᠨ ᠠᠵᠤ ᠠᠬᠤᠶᠢᠯᠠᠯ ᠦᠵᠡᠭᠦᠯᠦᠯᠭᠡ ᠶᠢᠨ ᠶᠠᠪᠤᠴᠠ ᠳᠤ᠂ ᠬᠠᠷᠠᠭᠠᠯᠵᠠᠯ ᠤᠨ ᠦᠢᠯᠡᠴᠢᠯᠡᠭᠡᠨ ᠤ ᠠᠵᠢᠯᠯᠠᠭ᠎ᠠ ᠦᠷᠨᠢᠭᠦᠯᠵᠦ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠬᠡᠷ ᠲᠦᠷᠢᠶᠡᠰᠦᠯᠡᠬᠦ ᠠᠵᠤ ᠠᠬᠤᠶ ᠶᠢᠨ ᠲᠠᠯ᠎ᠠ ᠪᠠᠷ ᠬᠢ ᠳᠠᠷᠤᠯᠲᠠ ᠶᠢ ᠨᠠᠩ ᠰᠠᠶᠢᠲᠤᠷ ᠬᠥᠩᠭᠡᠷᠡᠭᠦᠯᠵᠦ ᠪᠠᠶᠢᠨ᠎ᠠ ᠭᠡᠵᠦ ᠢᠯᠡᠳᠬᠡᠪᠡ᠃      ᠰᠢᠶᠠᠮᠧᠨ᠄ ᠰᠢᠶᠠᠮᠧᠨ ᠳᠤ ᠢᠷᠡᠵᠦ ᠠᠵᠢᠯ ᠡᠷᠢᠬᠦ ᠳᠠᠳᠤᠯᠭ᠎ᠠ ᠬᠢᠬᠦ ᠣᠶᠤᠲᠠᠨ ᠨᠥᠬᠦᠴᠡᠯ ᠳᠤ ᠨᠡᠶᠢᠴᠡᠪᠡᠯ ᠨᠢᠭᠡ ᠵᠢᠯ ᠲᠦᠯᠦᠪᠦᠷᠢ ᠦᠭᠡᠢ ᠬᠤᠨᠤᠬᠤ ᠶᠢ ᠪᠠᠳᠤᠯᠠᠨ᠎ᠠ      ᠰᠢᠶᠠᠮᠧᠨ ᠬᠤᠲᠠ ᠶᠢᠨ ᠣᠷᠣᠨ ᠰᠠᠭᠤᠴᠠ ᠪᠠ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠤᠨ ᠨᠡᠶᠢᠲᠡᠯᠡᠭᠰᠡᠨ ︽ᠰᠢᠶᠠᠮᠧᠨ ᠳᠤ ᠢᠷᠡᠵᠦ ᠠᠵᠢᠯ ᠡᠷᠢᠬᠦ ᠪᠠ ᠳᠠᠳᠤᠯᠭ᠎ᠠ ᠬᠢᠬᠦ ᠤᠶᠤᠲᠠᠳ ᠲᠤ ᠲᠦᠯᠦᠪᠦᠷᠢ ᠦᠭᠡᠢ ᠬᠤᠨᠤᠬᠤ ᠶᠢ ᠪᠠᠲᠤᠯᠠᠭ᠎ᠠ ᠬᠠᠩᠭᠠᠬᠤ ᠲᠤᠬᠠᠶ ᠬᠡᠷᠡᠭᠵᠢᠭᠦᠯᠬᠦ ᠲᠥᠰᠦᠯ︾ ᠢ ᠦᠨᠳᠦᠰᠦᠯᠡᠪᠡᠯ᠂ ᠲᠡᠭᠦᠰᠦᠭᠡᠳ 3 ᠵᠢᠯ ᠤᠨ ᠳᠣᠲᠣᠷ᠎ᠠ ᠰᠢᠶᠠᠮᠧᠨ ᠳᠤ ᠢᠷᠡᠵᠦ ᠠᠵᠢᠯ ᠡᠷᠢᠬᠦ᠂ ᠳᠠᠳᠤᠯᠭ᠎ᠠ ᠬᠢᠬᠦ ᠮᠥᠷᠲᠡᠭᠡᠨ ᠰᠢᠶᠠᠮᠧᠨ ᠳᠤ ᠬᠤᠪᠢ ᠬᠥᠮᠦᠨ ᠤ ᠰᠠᠭᠤᠬᠤ ᠭᠡᠷ ᠦᠭᠡᠢ ᠲᠤᠰ ᠬᠤᠲᠠ ᠶᠢᠨ ᠡᠷᠦᠬᠡ ᠠᠮᠠ ᠶᠢᠨ ᠬᠠᠷᠢᠶ᠎ᠠ ᠦᠭᠡᠢ ᠪᠦᠬᠦᠯᠢ ᠡᠳᠦᠷ ᠤᠨ ᠳᠦᠷᠢᠮᠲᠦ ᠳᠡᠭᠡᠳᠦ ᠵᠡᠷᠭᠡ ᠶᠢᠨ ᠲᠤᠰᠬᠠᠶ ᠮᠡᠷᠭᠡᠵᠢᠯ ᠤᠨ ᠰᠤᠷᠭᠠᠭᠤᠯᠢ ︵ᠪᠠᠭᠲᠠᠨ᠎ᠠ︶ ᠠᠴᠠ ᠳᠡᠭᠡᠭᠰᠢᠬᠢ ᠲᠡᠭᠦᠰᠬᠦ ᠰᠤᠷᠤᠭᠴᠢ ᠵᠢᠴᠢ ᠰᠢᠶᠠᠮᠧᠨ ᠳᠤ ᠢᠷᠡᠵᠦ ᠳᠠᠳᠤᠯᠭ᠎ᠠ ᠬᠢᠬᠦ ᠪᠤᠰᠤ ᠲᠤᠰ ᠬᠤᠲᠠ ᠶᠢᠨ ᠰᠤᠷᠤᠭᠴᠢ ᠶᠢᠨ ᠢᠷᠡᠯᠲᠡ ᠶᠢᠨ ᠪᠤᠰᠤ ᠳᠡᠭᠡᠳᠦ ᠵᠡᠷᠭᠡ ᠶᠢᠨ ᠲᠤᠰᠬᠠᠶ ᠮᠡᠷᠭᠡᠵᠢᠯ ᠤᠨ ᠰᠤᠷᠭᠠᠭᠤᠯᠢ ︵ᠪᠠᠭᠲᠠᠨ᠎ᠠ︶ ᠠᠴᠠ ᠳᠡᠭᠡᠭᠰᠢᠬᠢ ᠰᠤᠷᠭᠠᠭᠤᠯᠢ ᠳᠤ ᠪᠠᠶᠢᠭ᠎ᠠ ᠤᠶᠤᠲᠠᠳ ᠨᠡᠶᠢᠯᠡᠭᠦᠯᠦᠭᠡᠳ ᠬᠠᠮᠤᠭ ᠤᠨ ᠤᠷᠲᠤ ᠳᠠᠭᠠᠨ 12 ᠰᠠᠷ᠎ᠠ ᠠᠴᠠ ᠬᠡᠲᠦᠷᠡᠬᠦ ᠦᠭᠡᠢ ᠰᠦᠢᠳᠬᠡᠯ ᠬᠤᠷᠢᠶᠠᠬᠤ ᠦᠭᠡᠢ ᠪᠠᠷ ᠬᠤᠨᠤᠬᠤ ᠪᠠᠷ ᠭᠤᠶᠤᠴᠢᠯᠠᠵᠤ ᠪᠣᠯᠤᠨ᠎ᠠ᠂ ᠲᠤᠰ ᠭᠠᠵᠠᠷ ᠤᠨ ᠤᠶᠤᠲᠠᠳ ᠤᠨ ᠬᠠᠮᠲᠤ ᠶᠢᠨ ᠡᠷᠦᠬᠡ ᠠᠮᠠ ᠶᠢᠨ ᠲᠠᠩᠰᠠ ᠶᠢ ᠲᠤᠰ ᠬᠤᠲᠠ ᠶᠢᠨ ᠡᠷᠦᠬᠡ ᠠᠮᠠ ᠶᠢᠨ ᠳᠠᠩᠰᠠ ᠪᠠᠷ ᠪᠤᠳᠤᠨ᠎ᠠ᠃ ᠰᠢᠶᠠᠮᠧᠨ ᠬᠤᠲᠠ ᠬᠥᠮᠦᠨ ᠪᠦᠷᠢ ᠶᠢᠨ ︽ᠨᠢᠭᠡ ᠣᠷᠣ︾ ᠶᠢᠨ ᠬᠤᠨᠣᠭᠯᠠᠬᠤ ᠪᠠᠷᠢᠮᠵᠢᠶ᠎ᠠ ᠶᠢ ᠪᠠᠳᠤᠯᠠᠨ᠎ᠠ᠂ ᠵᠠᠷᠴᠢᠮ ᠳᠡᠭᠡᠷ᠎ᠡ ᠪᠠᠨ ᠬᠤᠶᠠᠷ ᠬᠥᠮᠦᠨ ᠨᠢᠭᠡ ᠲᠠᠰᠤᠯᠭ᠎ᠠ᠂ ᠲᠠᠰᠤᠯᠭ᠎ᠠ ᠪᠦᠷᠢ ᠬᠠᠮᠤᠭ ᠠᠷᠪᠢᠨ ᠳᠠᠭᠠᠨ 3 ᠬᠥᠮᠦᠨ ᠠᠴᠠ ᠬᠡᠲᠦᠷᠡᠭᠦᠯᠵᠦ ᠪᠣᠯᠬᠤ ᠦᠭᠡᠢ᠃ ᠣᠷᠣᠨ ᠰᠠᠭᠤᠴᠠ ᠶᠢᠨ ᠬᠤᠭᠤᠴᠠᠭᠠᠨ ᠳᠤ ᠲᠦᠷᠢᠶᠡᠰᠦᠨ ᠮᠥᠩᠭᠦ ᠬᠤᠷᠢᠶᠠᠬᠤ ᠦᠭᠡᠢ᠂ ᠭᠡᠪᠡᠴᠦ ᠬᠤᠪᠢ ᠬᠥᠮᠦᠨ ᠤᠰᠤ ᠴᠠᠬᠢᠯᠭᠠᠨ᠂ ᠠᠳᠠᠯ ᠠᠬᠤᠶ ᠵᠡᠷᠭᠡ ᠬᠠᠮᠢᠶ᠎ᠠ ᠪᠦᠬᠦᠢ ᠵᠠᠷᠤᠳᠠᠯ ᠢ ᠡᠭᠦᠷᠭᠡᠯᠡᠬᠦ ᠬᠡᠷᠡᠭᠲᠡᠶ᠃ ᠲᠤᠬᠠᠶ ᠶᠢᠨ ᠭᠠᠵᠠᠷ ᠤᠨ ᠬᠢᠨ ᠪᠠᠰᠠ ᠤᠶᠤᠲᠠᠳ ᠤᠨ ᠠᠮᠢᠳᠤᠷᠠᠯ ᠤᠨ ᠳᠠᠳᠬᠠᠯ ᠵᠡᠷᠭᠡ ᠬᠦᠴᠦᠨ ᠵᠦᠢᠯ ᠢ ᠭᠦᠢᠴᠡᠳ ᠪᠣᠳᠣᠯᠬᠢᠯᠠᠵᠤ᠂ ᠰᠦᠢᠳᠭᠡᠯ ᠬᠤᠷᠢᠶᠠᠬᠤ ᠥᠬᠡᠶ ᠪᠠᠷ ᠬᠤᠨᠤᠭᠯᠠᠬᠤ ᠶᠢ ᠭᠥᠯᠢᠶᠡᠨ ᠠᠪᠴᠤ ᠰᠢᠢᠳᠪᠦᠷᠢᠯᠡᠬᠦ ᠬᠢᠨᠠᠨ ᠬᠠᠷᠭᠤᠭᠤᠯᠬᠤ ᠲᠠᠪᠴᠠᠩ ᠪᠠᠶᠢᠭᠤᠯᠵᠦ᠂ ᠭᠤᠶᠤᠴᠢᠯᠠᠬᠤ ᠳᠤ ᠲᠥᠬᠦᠮ᠂ ᠬᠢᠨᠠᠨ ᠬᠠᠷᠭᠤᠭᠤᠯᠬᠤ ᠨᠢ ᠲᠦᠷᠭᠡᠨ ᠪᠠᠶᠢᠬᠤ ᠶᠢ ᠦᠨᠡᠨ ᠬᠦ ᠪᠠᠲᠤᠯᠠᠪᠠ᠃      ᠰᠢᠶᠠᠮᠧᠨ ᠬᠤᠲᠠ ᠶᠢᠨ ᠣᠷᠣᠨ ᠰᠠᠭᠤᠴᠠ ᠪᠣᠯᠤᠨ ᠪᠦᠲᠦᠭᠡᠨ ᠪᠠᠢᠭᠤᠯᠤᠯᠲᠠ ᠶᠢᠨ ᠲᠣᠪᠴᠢᠶᠠᠨ ᠤ ᠳᠠᠷᠤᠭ᠎ᠠ ᠸᠠᠩ ᠶᠦᠨ ᠵᠣᠣ ᠢᠯᠡᠷᠬᠡᠢᠯᠡᠬᠦ ᠳᠡᠭᠡᠨ᠂ ︽ᠨᠢᠭᠡᠳᠦᠯᠲᠡᠢ ᠬᠦᠯᠢᠶᠡᠨ ᠠᠪᠴᠤ᠂ ᠪᠦᠬᠦ ᠶᠠᠪᠤᠴᠠ ᠶᠢ ᠰᠦᠯᠵᠢᠶᠡᠨ ᠳᠡᠭᠡᠷ᠎ᠡ ᠭᠦᠢᠴᠡᠳᠭᠡᠬᠦ︾ ᠠᠷᠭ᠎ᠠ ᠮᠠᠶᠢᠭ ᠢᠶᠠᠷ᠂ ᠣᠶᠤᠲᠠᠨ ᠰᠢᠶᠠᠮᠧᠨ ᠬᠤᠲᠠ ᠶᠢᠨ ᠣᠷᠣᠨ ᠰᠠᠭᠤᠴᠠ ᠪᠣᠯᠤᠨ ᠪᠦᠲᠦᠭᠡᠨ ᠪᠠᠢᠭᠤᠯᠤᠯᠲᠠ ᠶᠢᠨ ᠲᠣᠪᠴᠢᠶᠠᠨ ᠤ ᠠᠯᠪᠠᠨ ᠰᠦᠯᠵᠢᠶ᠎ᠡ ᠳᠡᠭᠡᠷ᠎ᠡ ᠭᠠᠷᠴᠤ᠂ ︽ᠰᠢᠶᠠᠮᠧᠨ ᠳᠤ ᠬᠤᠨᠤᠭᠯᠠᠬᠤ︾ ᠲᠠᠪᠴᠠᠩ ᠪᠤᠶᠤ ︽i ᠰᠢᠶᠠᠮᠧᠨ︾ App ᠪᠠᠷ ᠴᠥᠮ ᠰᠦᠯᠵᠢᠶᠡᠨ ᠳᠡᠭᠡᠷ᠎ᠡ ᠭᠤᠶᠤᠴᠢᠯᠠᠯ ᠲᠤᠰᠢᠶᠠᠵᠦ ᠪᠣᠯᠤᠨ᠎ᠠ ᠭᠡᠵᠡᠢ᠃      ᠭᠤᠶᠤᠴᠢᠯᠠᠭᠴᠢ ᠨᠢ ᠵᠥᠪᠬᠡᠨ ᠰᠦᠯᠵᠢᠶᠡᠨ ᠳᠡᠭᠡᠷ᠎ᠡ ᠵᠣᠬᠢᠴᠠᠩᠭᠤᠶ ᠪᠡᠶ᠎ᠡ ᠶᠢᠨ ᠦᠨᠡᠮᠯᠡᠯ ᠤᠨ ᠭᠡᠷᠡᠴᠢ ᠮᠠᠲ᠋ᠧᠷᠢᠶᠠᠯ᠂ ᠰᠤᠷᠤᠯᠭ᠎ᠠ ᠶᠢᠨ ᠨᠠᠮᠲᠠᠷ ᠤᠨ ᠭᠡᠷᠡᠴᠢ᠂ ᠳᠠᠳᠤᠯᠭ᠎ᠠ ᠪᠤᠯᠪᠠᠰᠤᠷᠠᠯ ᠤᠨ ᠨᠢᠭᠡᠴᠢ ᠶᠢᠨ ᠭᠡᠷᠡᠴᠢᠯᠡᠬᠦ ᠮᠠᠲ᠋ᠧᠷᠢᠶᠠᠯ ᠵᠡᠷᠭᠡ ᠶᠢ ᠲᠤᠰᠢᠶᠠᠵᠤ᠂ ︽ᠨᠢᠭᠡ ᠤᠳᠠᠭ᠎ᠠ ᠴᠦ ᠭᠦᠶᠦᠬᠦ ᠥᠬᠡᠶ︾ ᠪᠠᠷ ᠪᠡᠶᠡᠯᠡᠭᠦᠯᠦᠨ᠎ᠡ᠃ 6 ᠳ᠋ᠤᠭᠠᠷ ᠰᠠᠷ᠎ᠠ ᠶᠢᠨ 14 ᠤ ᠡᠳᠦᠷ ᠪᠣᠯᠲᠠᠯ᠎ᠠ᠂ ᠳᠡᠭᠡᠷ᠎ᠡ ᠳᠤᠷᠠᠳᠤᠭᠰᠠᠨ ︽ᠨᠢᠭᠡ ᠣᠷᠣ︾ ᠶᠢᠨ  ᠰᠦᠢᠳᠭᠡᠯ ᠬᠤᠷᠢᠶᠠᠬᠤ ᠥᠬᠡᠶ ᠪᠠᠷ ᠬᠤᠨᠣᠬᠤ ᠰᠢᠨ᠎ᠡ ᠠᠷᠭ᠎ᠠ ᠪᠤᠳᠤᠯᠭ᠎ᠠ ᠨᠡᠶᠢᠲᠡ 4429 ᠬᠥᠮᠦᠨ ᠤᠳᠠᠭ᠎ᠠ ᠭᠥᠯᠢᠶᠡᠨ ᠠᠪᠴᠤ ᠰᠢᠢᠳᠪᠦᠷᠢᠯᠡᠵᠦ᠂ 1801 ᠬᠥᠮᠦᠨ ᠤᠳᠠᠭ᠎ᠠ ᠶᠢ ᠬᠢᠨᠠᠨ ᠬᠠᠷᠭᠤᠭᠤᠯᠵᠤ ᠪᠠᠲᠤᠯᠠᠭᠠᠳ᠂ 779 ᠬᠥᠮᠦᠨ ᠤᠳᠠᠭ᠎ᠠ ᠬᠤᠨᠤᠭᠯᠠᠬᠤ ᠶᠢ ᠪᠡᠶᠡᠯᠡᠭᠦᠯᠵᠦ᠂ ᠨᠡᠶᠢᠲᠡ 1028 ᠬᠥᠮᠦᠨ ᠤᠳᠠᠭ᠎ᠠ ᠣᠷᠣᠵᠤ ᠰᠠᠭᠤᠪᠠ᠃      ᠴᠧᠩᠳᠦ᠋᠂ ᠰᠦᠵᠧᠦ᠂ ᠢᠷᠭᠠᠢ᠄ ᠣᠶᠤᠲᠠᠨ ᠤ ᠠᠵᠢᠯ ᠡᠷᠢᠬᠦ ᠰᠢᠯᠵᠢᠯᠳᠡ ᠶᠢᠨ ᠴᠢᠨᠠᠷᠲᠠᠢ ᠣᠷᠣᠨ ᠰᠠᠭᠤᠴᠠ ᠶᠢᠨ ᠱᠠᠭᠠᠷᠳᠠᠯᠭ᠎ᠠ ᠶᠢ ᠦᠨ᠎ᠡ ᠲᠥᠯᠥᠪᠦᠷᠢ ᠦᠭᠡᠢ ᠪᠠᠷ ᠬᠠᠩᠭᠠᠨ᠎ᠠ      ᠲᠡᠭᠦᠰᠬᠦ ᠰᠤᠷᠤᠭᠴᠢᠳ ᠤᠨ ᠲᠣᠭᠲᠠᠭᠤᠨ ᠠᠵᠢᠯᠯᠠᠬᠤ ᠠᠴᠠ ᠡᠮᠦᠨᠡᠬᠢ ᠰᠢᠯᠵᠢᠯᠳᠡ ᠶᠢᠨ ᠴᠢᠨᠠᠷᠲᠠᠢ ᠣᠷᠣᠨ ᠰᠠᠭᠤᠴᠠ ᠶᠢᠨ ᠬᠡᠷᠡᠭᠴᠡᠭᠡ ᠶᠢ ᠰᠢᠢᠳᠪᠦᠷᠢᠯᠡᠬᠦ ᠶᠢᠨ ᠲᠥᠯᠥᠭᠡ ᠰᠢᠶᠠᠮᠧᠨ ᠠᠴᠠ ᠭᠠᠳᠠᠨ᠎ᠠ ᠪᠠᠰᠠ ᠵᠠᠷᠢᠮ ᠬᠤᠲᠠ ᠰᠦᠢᠳᠭᠡᠯ ᠬᠤᠷᠢᠶᠠᠬᠤ ᠥᠬᠡᠢ ᠪᠠᠷ ᠬᠤᠨᠣᠭᠯᠠᠬᠤ ᠲᠥᠷᠥ ᠶᠢᠨ ᠪᠣᠳᠣᠯᠭ᠎ᠠ ᠭᠠᠷᠭᠠᠵᠠᠢ᠃      ᠡᠨᠡ ᠵᠢᠯ ᠠᠴᠠ ᠨᠠᠰᠢ᠂ ᠰᠧᠴᠤᠸᠠᠨ ᠤ ᠴᠧᠩᠳᠦ᠋ ᠬᠤᠲᠠ ᠶᠢᠨ 23 ᠲᠣᠭᠤᠷᠢᠭ ᠰᠢᠶᠠᠨ ᠨᠢ ᠴᠧᠩᠳᠦ᠋ ᠬᠤᠲᠠ ᠳᠤ ᠢᠷᠡᠵᠦ ᠠᠵᠢᠯ ᠡᠷᠢᠭᠰᠡᠨ ᠵᠠᠯᠠᠭᠤ ᠣᠶᠤᠲᠠᠳ ᠲᠤ ᠴᠢᠭᠯᠡᠭᠦᠯᠦᠨ᠂ 27 ᠵᠠᠯᠠᠭᠤ ᠴᠢᠳᠠᠪᠤᠷᠢᠲᠠᠨ ᠤ ᠥᠷᠲᠡᠭᠡ ᠶᠢ ᠪᠠᠶᠢᠭᠤᠯᠤᠨ ᠡᠷᠬᠢᠯᠡᠵᠦ᠂ ᠣᠬᠤᠷ ᠬᠤᠭᠤᠴᠠᠭᠠᠨ ᠤ ᠰᠦᠢᠳᠭᠡᠯ ᠬᠤᠷᠢᠶᠠᠬᠤ ᠦᠭᠡᠢ ᠪᠠᠷ ᠬᠤᠨᠣᠭᠯᠠᠬᠤ ᠳᠤ  ᠲᠤᠰᠠᠯᠠᠪᠠ᠃ ᠭᠤᠶᠤᠴᠢᠯᠠᠪᠠᠯ ᠨᠢᠭᠡ ᠤᠳᠠᠭ᠎ᠠ ᠳᠤ 7 ᠡᠳᠦᠷ ᠰᠠᠭᠤᠵᠤ ᠪᠣᠯᠤᠨ᠎ᠠ᠂ ᠨᠡᠶᠢᠲᠡ ᠬᠠᠮᠤᠭ ᠤᠨ ᠤᠷᠲᠤ ᠳᠠᠭᠠᠨ 30 ᠡᠳᠦᠷ ᠰᠠᠭᠤᠵᠦ ᠪᠣᠯᠤᠨ᠎ᠠ᠃      ᠵᠢᠶᠠᠩᠰᠦ ᠶᠢᠨ ᠰᠦᠵᠧᠦ ᠳᠤ᠂ ᠵᠢᠩᠬᠢᠨᠢ ᠠᠩᠭᠢ ᠵᠢᠴᠢ ᠲᠡᠭᠦᠨ ᠠᠴᠠ  ᠲᠡᠭᠡᠭᠰᠢᠬᠢ ᠰᠤᠷᠤᠯᠭ᠎ᠠ ᠶᠢᠨ ᠨᠠᠮᠲᠠᠷ ᠲᠠᠢ᠂ ᠲᠡᠭᠦᠰᠬᠦ ᠠᠴᠠ ᠡᠮᠦᠨ᠎ᠡ ᠨᠢᠭᠡ ᠵᠢᠯ ᠠᠴᠠ ᠲᠡᠭᠦᠰᠦᠭᠰᠡᠨ ᠤ ᠳᠠᠷᠠᠭ᠎ᠠ ᠬᠤᠶᠠᠷ ᠵᠢᠯ ᠤᠨ ᠳᠣᠲᠣᠷ᠎ᠠ᠂ ᠰᠦᠵᠧᠦ ᠶᠢᠨ ᠡᠷᠦᠬᠡ ᠠᠮᠠ ᠶᠢᠨ ᠳᠠᠩᠰᠠ ᠪᠢᠰᠢ᠂ ᠰᠦᠵᠧᠦ ᠳᠤ ᠭᠡᠷ ᠬᠤᠳᠠᠯᠳᠤᠨ ᠠᠪᠤᠭᠰᠠᠨ ᠲᠡᠮᠳᠡᠭᠯᠡᠯ ᠦᠭᠡᠢ ᠤᠶᠤᠳᠠᠨ᠂ ᠰᠦᠵᠧᠦ ᠳᠤ ᠢᠷᠡᠵᠦ ᠠᠵᠢᠯ ᠡᠷᠢᠬᠦ ᠨᠢᠭᠤᠷᠳᠠᠨ ᠰᠢᠯᠭᠠᠯᠳᠠ ᠬᠢᠪᠡᠯ ᠲᠠᠷᠦᠢ 3 ᠡᠳᠦᠷ ᠤᠨ ᠰᠦᠢᠳᠭᠡᠯ ᠬᠤᠷᠢᠶᠠᠬᠤ ᠦᠭᠡᠢ ᠪᠠᠷ ᠬᠤᠨᠣᠭᠯᠠᠵᠤ ᠪᠣᠯᠤᠨ᠎ᠠ᠂ ᠬᠡᠷᠪᠡ ᠣᠨᠴᠠᠭᠠᠢ ᠪᠠᠶᠢᠳᠠᠯ ᠲᠠᠢ ᠪᠤᠶᠤ ᠣᠯᠠᠨ ᠤᠳᠠᠭ᠎ᠠ ᠰᠦᠵᠸᠦ ᠳᠤ ᠢᠷᠡᠵᠦ ᠠᠵᠢᠯ ᠡᠷᠢᠵᠦ ᠡᠷᠢᠬᠦ ᠴᠢᠬᠤᠯᠠᠳᠠᠢ ᠪᠤᠯ ᠬᠠᠮᠤᠭ ᠤᠨ ᠤᠷᠳᠦ ᠳᠠᠭᠠᠨ14 ᠡᠳᠦᠷ ᠬᠤᠨᠤᠭᠯᠠᠵᠤ ᠪᠣᠯᠤᠨ᠎ᠠ᠃      ᠨᠢᠩᠰᠢᠶᠠ ᠶᠢᠨ ᠢᠷᠭᠠᠶ ᠬᠤᠳᠠ ᠢᠷᠭᠠᠢ ᠳᠤ ᠠᠵᠢᠯ ᠣᠯᠵᠤ ᠠᠳᠠᠯ ᠦᠢᠯᠡᠰ ᠴᠣᠭᠴᠠᠯᠠᠬᠤ ᠵᠠᠯᠠᠭᠤᠴᠤᠳ ᠲᠤ ᠨᠢᠭᠡ ᠵᠢᠯ ᠤᠨ ᠳᠣᠲᠣᠷ᠎ᠠ ᠦᠨ᠎ᠡ ᠲᠥᠯᠥᠪᠦᠷᠢ ᠥᠬᠡᠶ ᠪᠠᠷ 2 ᠤᠳᠠᠭ᠎ᠠ ᠰᠠᠭᠤᠵᠦ ᠪᠤᠯᠤᠨ᠎ᠠ᠂ ᠭᠠᠭᠴᠠ ᠤᠳᠠᠭ᠎ᠠ ᠰᠠᠭᠤᠬᠤ ᠨᠢ 5 ᠡᠳᠦᠷ ᠠᠴᠠ ᠬᠡᠲᠦᠷᠡᠬᠦ ᠥᠬᠡᠶ᠂ ᠨᠡᠶᠢᠯᠡᠭᠦᠯᠦᠭᠡᠳ10 ᠡᠳᠦᠷ ᠠᠴᠠ ᠬᠡᠲᠦᠷᠡᠬᠦ ᠥᠬᠡᠶ ᠨᠢᠭᠡ ᠯᠡ ᠥᠷᠲᠡᠭᠡᠨ ᠤ ᠮᠠᠶ᠋ᠢᠭ ᠤᠨ ᠬᠠᠯᠠᠭᠤᠨ ᠳᠤᠯᠠᠭᠠᠨ ᠬᠤᠨᠤᠭ ᠤᠨ ᠦᠢᠯᠡᠴᠢᠯᠡᠭᠡ ᠬᠠᠩᠭᠠᠪᠠ᠃    ᠢᠷᠡᠯᠳᠡ᠄ ᠳᠤᠮᠳᠠᠳᠦ ᠤᠯᠤᠰ ᠤᠨ ᠪᠦᠲᠦᠭᠡᠨ ᠪᠠᠶᠢᠭᠤᠯᠤᠯᠲᠠ ᠶᠢᠨ ᠰᠣᠨᠢᠨ᠂ ᠲᠥᠪ ᠲᠧᠯᠸᠢᠰ ᠤᠨ ᠰᠣᠨᠢᠨ ᠮᠡᠳᠡᠭᠡ    
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1