ᠣᠶᠤᠨᠴᠢ ᠪᠦᠲᠦᠭᠡᠨ ᠪᠠᠶᠢᠭᠤᠯᠤᠯᠳᠠ ᠶᠢᠨ ᠲᠤᠷᠰᠢᠯᠲᠠ ᠶᠢᠨ ᠬᠤᠲᠠ ᠶᠢᠨ 2023 ᠣᠨ ᠤ ᠠᠵᠢᠯ ᠤᠨ ᠪᠠᠶᠢᠳᠠᠯ ᠶᠠᠮᠠᠷ ᠵᠡᠷᠭᠡ ᠪᠣᠶ︖
ᠨᠡᠶᠢᠲᠡᠯᠡᠭᠰᠡᠨ ᠴᠠᠭ᠄
2024/6/20
      ᠣᠶᠢᠷ᠎ᠠ ᠳᠤ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ᠂ ᠣᠶᠤᠨᠴᠢ ᠪᠦᠲᠦᠭᠡᠨ ᠪᠠᠶᠢᠭᠤᠯᠤᠯᠲᠠ ᠶᠢᠨ ᠲᠤᠷᠰᠢᠯᠲᠠ ᠶᠢᠨ ᠬᠤᠲᠠ ᠶᠢᠨ 2023 ᠣᠨ ᠤ ᠠᠵᠢᠯ ᠤᠨ ᠪᠠᠶᠢᠳᠠᠯ ᠤᠨ ᠲᠤᠬᠠᠶ ᠮᠡᠳᠡᠭᠡᠯᠡᠯ ᠢ ᠨᠡᠶᠢᠲᠡᠯᠡᠪᠡ᠃      ᠮᠡᠳᠡᠭᠡᠯᠡᠯ ᠤᠨ ᠭᠤᠣᠯ ᠠᠭᠤᠯᠭ᠎ᠠ ᠨᠢ ᠳᠣᠣᠷᠠᠬᠢ ᠮᠡᠲᠦ᠄      1. ᠲᠤᠷᠰᠢᠯᠲᠠ ᠶᠢᠨ ᠴᠡᠭ ᠤᠨ ᠠᠵᠢᠯ ᠤᠨ ᠶᠡᠷᠦᠩᠬᠡᠶ ᠠᠬᠢᠴᠠ      ᠲᠤᠷᠰᠢᠯᠲᠠ ᠶᠢᠨ ᠴᠡᠭ ᠤᠨ ᠠᠵᠢᠯ ᠢ ᠥᠷᠨᠢᠭᠦᠯᠦᠭᠰᠡᠨ ᠠᠴᠠ ᠨᠠᠭᠠᠰᠢ᠂ ᠡᠯ᠎ᠡ ᠲᠤᠷᠰᠢᠯᠲᠠ ᠶᠢᠨ ᠴᠡᠭ ᠤᠨ ᠬᠤᠲᠠ ᠶᠢᠨ ᠬᠢᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠠ ᠲᠥᠪ ᠤᠨ ᠠᠵᠤ ᠠᠬᠤᠶ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠦᠷᠢᠵᠢᠭᠤᠯᠤᠯᠳᠠ ᠲᠠᠢ ᠨᠢᠭᠲᠠ ᠤᠶᠠᠯᠳᠤᠭᠤᠯᠤᠨ᠂ ᠣᠶᠤᠨᠴᠢ ᠪᠥᠲᠥᠭᠡᠨ ᠪᠠᠶᠢᠭᠤᠯᠤᠯᠳᠠ ᠶᠢ ᠬᠥᠭᠵᠢᠭᠦᠯᠬᠦ᠂ ᠪᠠᠷᠢᠯᠭ᠎ᠠ ᠶᠢᠨ ᠦᠢᠯᠡᠰ ᠤᠨ ᠬᠡᠯᠪᠡᠷᠢ ᠶᠢ ᠬᠤᠪᠢᠷᠠᠭᠤᠯᠤᠨ ᠲᠠᠰ ᠲᠡᠪᠰᠢᠭᠦᠯᠬᠦ ᠶᠢ ᠠᠬᠢᠭᠤᠯᠬᠤ ᠪᠠᠷ ᠬᠠᠷᠠᠯᠲᠠ ᠪᠣᠯᠭᠠᠵᠤ᠂ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠠᠵᠢᠯ ᠤᠨ ᠲᠣᠭᠲᠠᠴᠠ ᠶᠢ ᠪᠠᠶᠢᠭᠤᠯᠤᠨ᠂ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢᠨ ᠡᠷᠴᠢᠮ ᠢᠶᠠᠨ ᠴᠢᠩᠭᠠᠷᠠᠭᠤᠯᠵᠤ᠂ ᠡᠯ᠎ᠡ ᠵᠦᠢᠯ ᠤᠨ ᠲᠤᠷᠰᠢᠯᠲᠠ ᠶᠢᠨ ᠴᠡᠭ ᠤᠨ ᠡᠭᠦᠷᠭᠡ ᠶᠢ ᠡᠮᠬᠢ ᠵᠢᠷᠤᠮ ᠲᠠᠢ ᠠᠬᠢᠭᠤᠯᠵᠤ᠂ ᠢᠳᠡᠪᠬᠢᠲᠡᠶ ᠠᠬᠢᠴᠠ ᠪᠠ ᠦᠷ᠎ᠡ ᠪᠦᠲᠦᠮᠵᠢ ᠤᠯᠪᠠ᠃      ︵ᠨᠢᠭᠡ︶ ᠠᠵᠢᠯ ᠤᠨ ᠲᠣᠭᠲᠠᠴᠠ ᠶᠢ ᠪᠠᠶᠢᠭᠤᠯᠪᠠ᠃ ᠲᠤᠷᠰᠢᠯᠲᠠ ᠶᠢᠨ ᠴᠡᠭ ᠪᠣᠯᠬᠤ 24 ᠬᠤᠲᠠ ᠨᠢ ᠴᠥᠮ ᠣᠶᠤᠨᠴᠢ ᠪᠥᠲᠥᠭᠡᠨ ᠪᠠᠶᠢᠭᠤᠯᠤᠯᠳᠠ ᠶᠢᠨ ᠲᠤᠷᠰᠢᠯᠲᠠ ᠶᠢᠨ ᠠᠵᠢᠯ ᠤᠨ ᠵᠣᠬᠢᠴᠠᠭᠤᠯᠬᠤ ᠲᠣᠭᠲᠠᠴᠠ ᠶᠢ ᠪᠠᠶᠢᠭᠤᠯᠵᠠᠢ᠂ ᠡᠭᠦᠨ ᠳᠤ 17 ᠬᠤᠲᠠ ᠨᠢ ᠬᠤᠲᠠ ᠶᠢᠨ ᠵᠠᠰᠠᠭ ᠤᠨ ᠣᠷᠳᠣᠨ ᠤ ᠬᠠᠷᠢᠭᠤᠴᠠᠯᠭᠠᠳᠠᠨ ᠨᠦᠬᠦᠷ ᠲᠦᠷᠦᠭᠦᠯᠡᠪᠡ᠃ ᠭᠠᠵᠠᠷ ᠰᠢᠷᠤᠢ᠂ ᠲᠥᠯᠥᠪᠵᠢᠭᠦᠯᠭᠡ᠂ ᠡᠳ᠋ ᠤᠨ ᠵᠠᠰᠠᠭ᠂ ᠰᠢᠨᠵᠢᠯᠡᠬᠦ ᠤᠬᠠᠭᠠᠨ ᠮᠡᠷᠭᠡᠵᠢᠯ᠂ ᠴᠢᠳᠠᠪᠤᠷᠢᠲᠠᠨ᠂ ᠳᠠᠭᠠᠭᠠᠴᠢᠯᠠᠯᠲᠠ ᠵᠠᠷᠯᠠᠬᠤ᠂ ᠳᠠᠭᠠᠭᠠᠴᠢᠯᠠᠯᠲᠠ ᠬᠦᠯᠢᠶᠡᠬᠦ᠂ ᠰᠢᠯᠢᠳᠡᠭ ᠢ ᠰᠢᠯᠭᠠᠷᠠᠭᠤᠯᠤᠨ ᠱᠠᠩᠨᠠᠬᠤ ᠵᠡᠷᠭᠡ ᠠᠯᠢ ᠣᠯᠠᠨ ᠲᠡᠮᠵᠢᠯᠭᠡᠳᠦ ᠲᠥᠷᠥ ᠶᠢᠨ ᠪᠣᠳᠣᠯᠭ᠎ᠠ ᠶᠢ ᠨᠡᠶᠢᠲᠡᠯᠡᠪᠡ᠃ 506 ᠠᠵᠤ ᠠᠬᠤᠶᠢᠯᠠᠯ ᠢ ᠣᠶᠤᠨᠴᠢ ᠪᠦᠲᠦᠭᠡᠨ ᠪᠠᠶᠢᠭᠤᠯᠤᠯᠳᠠ ᠶᠢᠨ ᠭᠤᠤᠯᠯᠠᠭᠴᠢ ᠠᠵᠤ ᠠᠬᠤᠶᠢᠯᠠᠯ ᠢᠶᠠᠷ ᠬᠦᠮᠦᠵᠢᠭᠦᠯᠬᠦ ᠨᠡᠷᠡᠰ ᠲᠤ ᠣᠷᠣᠭᠤᠯᠵᠤ᠂ ᠡᠭᠦᠨ ᠳᠤ 214 ᠠᠵᠤ ᠠᠬᠤᠶᠢᠯᠠᠯ ᠨᠢ ᠤᠯᠤᠰ ᠤᠨ ᠲᠠᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ᠂ 108 ᠠᠵᠤ ᠠᠬᠤᠶᠢᠯᠠᠯ ᠨᠢ ᠤᠯᠤᠰ ᠤᠨ ᠲᠠᠰ ᠤᠨ ᠪᠤᠶᠤ ᠮᠤᠵᠢ ᠶᠢᠨ ᠲᠠᠰ ᠤᠨ ︽ᠲᠤᠰᠬᠠᠶ ᠨᠠᠷᠢᠯᠢᠭ ᠣᠨᠴᠠ ᠰᠢᠨ᠎ᠡ︾ ᠠᠵᠤ ᠠᠬᠤᠶᠢᠯᠠᠯ ᠢᠶᠠᠷ ᠦᠨᠡᠯᠡᠭᠳᠡᠪᠡ᠃ ᠣᠶᠤᠨᠴᠢ ᠪᠦᠲᠦᠭᠡᠨ ᠪᠠᠶᠢᠭᠤᠯᠤᠯᠳᠠ ᠵᠢᠨ‌‍ᠲ᠋ᠤᠷᠰᠢᠯᠲᠠ ᠵᠢᠨ‌‍ᠴᠡᠭ ᠤᠨ 758 ᠵᠢᠱᠢᠶᠡᠴᠢ ᠢᠨᠵᠧᠨᠧᠷᠢᠩ ᠤᠨ ᠲᠥᠷᠥᠯ ᠵᠦᠢᠯ ᠢ ᠨᠡᠶᠢᠲᠡᠯᠡᠪᠡ᠂ ᠡᠭᠦᠨ ᠳᠤ ᠣᠷᠣᠨ ᠰᠠᠭᠤᠴᠠ ᠶᠢᠨ ᠲᠥᠷᠥᠯ ᠵᠦᠢᠯ 209᠂ ᠬᠤᠲᠠ ᠶᠢᠨ ᠰᠢᠨᠡᠴᠢᠯᠡᠯᠲᠡ ᠶᠢᠨ ᠲᠥᠷᠥᠯ ᠵᠦᠢᠯ 17 ᠪᠠᠭᠲᠠᠨ᠎ᠠ᠃      ︵ᠬᠤᠶᠠᠷ︶᠂ ᠠᠵᠢᠯ ᠤᠨ ᠦᠷ᠎ᠡ ᠪᠦᠲᠦᠮᠵᠢ ᠶᠢ ᠤᠯᠪᠠ᠃ ᠲᠤᠷᠰᠢᠯᠲᠠ ᠶᠢᠨ ᠴᠡᠭ ᠤᠨ 24 ᠲᠤᠷᠰᠢᠯᠲᠠ ᠶᠢᠨ ᠴᠡᠭ ᠤᠨ ᠬᠤᠲᠠ ᠶᠢᠨ ᠬᠤᠯᠪᠣᠭᠳᠠᠯ ᠪᠥᠬᠦᠶ ᠨᠢᠭᠡᠴᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ 39 ᠲᠠᠪᠴᠠᠩ ᠢ ᠡᠬᠢᠯᠡᠭᠦᠯᠦᠨ ᠪᠠᠶᠢᠭᠤᠯᠬᠤ ᠶᠢ ᠲᠡᠮᠵᠢᠪᠡ᠂ ᠡᠭᠦᠨ ᠳᠤ ᠤᠯᠤᠰ ᠤᠨ ᠲᠠᠰ ᠤᠨ ᠲᠠᠪᠴᠠᠩ 2᠂ ᠮᠤᠵᠢ ᠶᠠᠮᠤᠨ ᠤ ᠲᠠᠰ ᠤᠨ ᠲᠠᠪᠴᠠᠩ 19 ᠪᠣᠶ᠃ ᠣᠶᠤᠨᠴᠢ ᠪᠦᠲᠦᠭᠡᠨ ᠪᠠᠶᠢᠭᠤᠯᠤᠯᠳᠠ ᠶᠢᠨ ᠬᠠᠮᠢᠶ᠎ᠠ ᠪᠦᠬᠦᠢ ᠰᠢᠨᠵᠢᠯᠡᠬᠦ ᠤᠬᠠᠭᠠᠨ ᠤ ᠰᠤᠳᠤᠯᠭᠠᠨ ᠤ 105 ᠲᠥᠷᠥᠯ ᠵᠦᠢᠯ ᠢ ᠲᠤᠭᠳᠠᠭᠠᠵᠤ᠂ 7 ᠵᠦᠢᠯ ᠤᠨ ᠮᠡᠷᠭᠡᠵᠢᠯ ᠤᠨ ᠰᠤᠳᠤᠯᠤᠨ ᠨᠡᠭᠡᠭᠡᠭᠰᠡᠨ ᠦᠷ᠎ᠡ ᠪᠦᠲᠦᠭᠡᠯ ᠨᠢ ᠮᠤᠵᠢ ᠶᠢᠨ ᠱᠠᠲᠤᠨ ᠠᠴᠠ ᠳᠡᠭᠡᠭᠰᠢᠬᠢ ᠠᠩᠬᠠᠳᠠᠭᠴᠢ ︵ᠢᠵᠢ︶ ᠴᠢᠬᠤᠯᠠ ᠶᠡᠭᠡ ᠮᠡᠷᠭᠡᠵᠢᠯ ᠤᠨ ᠲᠣᠨᠤᠭ ᠲᠥᠬᠦᠭᠡᠷᠦᠮᠵᠢ ᠶᠢᠨ ᠨᠤᠲᠠᠯᠠᠯᠲᠠ ᠶᠢ ᠣᠯᠵᠤ᠂ 10 ᠵᠦᠢᠯ ᠤᠨ ᠮᠡᠷᠭᠡᠵᠢᠯ ᠤᠨ ᠰᠤᠳᠤᠯᠤᠨ ᠨᠡᠭᠡᠭᠡᠭᠰᠡᠨ ᠦᠷ᠎ᠡ ᠪᠦᠲᠦᠭᠡᠯ ᠨᠢ ᠮᠤᠵᠢ ᠶᠢᠨ ᠱᠠᠲᠤᠨ ᠠᠴᠠ ᠳᠡᠭᠡᠭᠰᠢᠬᠢ ᠠᠩᠬᠠᠨ ᠤ ᠬᠡᠪᠯᠡᠯ ᠤᠨ ᠵᠥᠭᠡᠯᠡᠨ ᠲᠣᠨᠤᠭ ᠤᠨ ᠦᠢᠯᠡᠳᠬᠦᠨ ᠤ ᠦᠨᠡᠮᠰᠢᠯ ᠢ ᠣᠯᠪᠠ᠃ 47 ᠵᠦᠢᠯ ᠤᠨ ᠣᠶᠤᠨᠴᠢ ᠪᠦᠳᠦᠭᠡᠨ ᠪᠠᠶᠢᠭᠤᠯᠤᠯᠲᠠ ᠨᠢ ᠬᠠᠮᠢᠶ᠎ᠠ ᠪᠥᠬᠦᠶ ᠪᠠᠷᠢᠮᠵᠢᠶ᠎ᠠ᠂ ᠲᠣᠭᠲᠠᠭᠰᠠᠨ ᠨᠣᠷᠮ᠎ᠠ ᠪᠠ ᠵᠢᠯᠣᠭᠤᠳᠬᠤ ᠲᠦᠷᠢᠮ ᠢ ᠨᠡᠶᠢᠲᠡᠯᠡᠨ ᠬᠡᠷᠡᠭᠵᠢᠭᠦᠯᠵᠦ᠂ ᠪᠠᠷᠢᠯᠭ᠎ᠠ ᠶᠢᠨ ᠮᠡᠳᠡᠭᠡ ᠵᠠᠩᠭᠢ ᠶᠢᠨ ᠵᠠᠭᠪᠤᠷ ︵BIM︶ ᠲᠤ ᠬᠤᠯᠪᠤᠭᠳᠠᠪᠠ᠃ ᠪᠠᠷᠢᠯᠭ᠎ᠠ ᠶᠢᠨ ᠮᠠᠰᠢᠨ ᠬᠥᠮᠦᠨ᠂ ᠣᠶᠤᠨᠴᠢ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠦᠨᠡᠯᠡᠬᠦ ᠵᠡᠷᠭᠡ ᠲᠠᠯ᠎ᠠ ᠪᠠᠷ᠂ ᠪᠠᠷᠢᠯᠭ᠎ᠠ ᠶᠢᠨ ᠮᠠᠰᠢᠨ ᠬᠥᠮᠦᠨ ᠤ ᠨᠥᠬᠦᠪᠥᠷᠢ ᠨᠣᠷᠮ᠎ᠠ ᠨᠢᠭᠡᠨᠲᠡ 6 ᠬᠤᠲᠠ ᠳᠤ ᠪᠣᠳᠠᠲᠠᠶ ᠬᠡᠷᠡᠭᠵᠢᠭᠦᠯᠦᠭᠳᠡᠪᠡ᠃ 99 ᠶᠡᠭᠡ ᠳᠡᠭᠡᠳᠦ ᠰᠤᠷᠭᠠᠭᠤᠯᠢ ᠨᠢ ᠣᠶᠤᠨᠴᠢ ᠪᠦᠲᠦᠭᠡᠨ ᠪᠠᠢᠭᠤᠯᠤᠯᠲᠠ ᠶᠢᠨ ᠲᠤᠰᠬᠠᠢ ᠮᠡᠷᠭᠡᠵᠢᠯ ᠪᠤᠶᠤ ᠴᠢᠭᠯᠡᠯ ᠢᠶᠠᠷ 2023 ᠣᠨ ᠳᠤ 5539 ᠰᠤᠷᠤᠭᠴᠢ ᠡᠯᠰᠡᠪᠡ᠃      ︵ᠭᠤᠷᠪᠠ︶ ᠲᠤᠷᠰᠢᠯᠭ᠎ᠠ ᠪᠠ ᠠᠷᠭ᠎ᠠ ᠶᠢ ᠪᠦᠷᠢᠯᠳᠦᠭᠦᠯᠪᠡ᠃ ᠲᠤᠷᠰᠢᠯᠲᠠ ᠬᠢᠬᠦ ᠪᠠᠷ ᠳᠠᠮᠵᠢᠭᠤᠯᠤᠨ᠂ 42 ᠲᠠᠯ᠎ᠠ ᠶᠢᠨ 130 ᠵᠤᠷᠪᠤᠰ ᠬᠠᠭᠤᠯᠪᠤᠷᠢᠯᠠᠵᠤ ᠪᠣᠯᠬᠤ ᠲᠤᠷᠰᠢᠯᠭ᠎ᠠ ᠠᠷᠭ᠎ᠠ ᠬᠢᠳᠡᠯ ᠢ ᠪᠦᠷᠢᠯᠳᠦᠭᠦᠯᠵᠦ᠂ ᠪᠥᠬᠦ ᠤᠯᠤᠰ ᠲᠤ ᠵᠢᠱᠢᠶ᠎ᠡ ᠳᠠᠭᠤᠷᠢᠶᠠᠯ ᠬᠠᠩᠭᠠᠪᠠ᠃ ᠡᠯ᠎ᠡ ᠲᠤᠷᠰᠢᠯᠲᠠ ᠶᠢᠨ ᠬᠤᠲᠠ ᠶᠢᠨ ᠬᠢᠨ ᠨᠡᠶᠢᠲᠡ ᠵᠠᠭᠤ ᠭᠠᠷᠤᠶ ᠲᠠᠯᠠᠪᠤᠷ ᠮᠡᠷᠭᠡᠵᠢᠯ ᠤᠨ ᠰᠣᠯᠢᠯᠴᠠᠭ᠎ᠠ ᠪᠠ ᠲᠥᠷᠥᠯ ᠵᠦᠢᠯ ᠤᠨ ᠲᠣᠭᠤᠷᠢᠨ ᠦᠵᠡᠬᠦ ᠠᠵᠢᠯᠯᠠᠭ᠎ᠠ ᠶᠢ ᠵᠣᠬᠢᠶᠠᠨ ᠪᠠᠶᠢᠭᠤᠯᠵᠤ᠂ ᠡᠯ᠎ᠡ ᠲᠥᠷᠥᠯ ᠤᠨ ᠵᠠᠭᠤᠴᠢᠯᠠᠭᠤᠷ ᠢᠶᠠᠷ ᠤᠬᠠᠭᠤᠯᠤᠨ ᠳᠡᠯᠭᠡᠷᠡᠭᠦᠯᠬᠦ ᠪᠠᠷ ᠳᠠᠮᠵᠢᠭᠤᠯᠤᠨ᠂ ᠠᠵᠢᠯ ᠲᠥᠷᠥᠯ ᠤᠨ ᠳᠣᠲᠣᠷ᠎ᠠ ᠰᠢᠨ᠎ᠡ ᠶᠢ ᠡᠭᠦᠳᠬᠦ ᠬᠥᠭᠵᠢᠯᠲᠡ ᠶᠢᠨ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠵᠤ᠂ ᠨᠡᠶᠢᠭᠡᠮ ᠤᠨ ᠡᠯ᠎ᠡ ᠡᠲᠡᠭᠡᠳ ᠤᠨ ᠬᠢᠨ ᠤ ᠪᠠᠷᠢᠯᠭ᠎ᠠ ᠶᠢᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢᠨ ᠦᠷ᠎ᠡ ᠪᠦᠲᠦᠭᠡᠯ ᠤᠨ ᠲᠤᠬᠠᠶ ᠦᠵᠡᠯᠳᠡ ᠲᠠᠨᠢᠯᠳᠠ ᠶᠢ ᠨᠢ ᠳᠡᠭᠡᠭᠰᠢᠯᠡᠭᠦᠯᠪᠡ᠃    2. ᠲᠤᠷᠰᠢᠯᠲᠠ ᠶᠢᠨ ᠬᠤᠲᠠ ᠶᠢᠨ ᠦᠨᠡᠯᠡᠯᠳᠡ ᠶᠢᠨ ᠦᠷ᠎ᠡ ᠳ᠋ᠦᠩ      ᠲᠤᠷᠰᠢᠯᠲᠠ ᠶᠢᠨ ᠬᠤᠲᠠ ᠥᠪᠡᠷ ᠢ ᠪᠠᠨ ᠦᠨᠡᠯᠡᠬᠦ᠂ ᠲᠤᠷᠰᠢᠯᠲᠠ ᠶᠢᠨ ᠬᠤᠲᠠ ᠬᠠᠷᠢᠯᠴᠠᠨ ᠦᠨᠡᠯᠡᠬᠦ᠂ ᠲᠤᠰᠬᠠᠶ ᠮᠡᠷᠭᠡᠵᠢᠯᠲᠡᠨ ᠤ ᠳᠤᠭᠤᠶᠢᠯᠠᠩ ᠤᠨ ᠬᠤᠷᠠᠯ ᠢᠶᠠᠷ ᠰᠢᠯᠭᠠᠷᠠᠭᠤᠯᠬᠤ ᠪᠠᠷ ᠳᠡᠮᠵᠢᠨ᠂ ᠲᠤᠭ᠎ᠠ ᠪᠠᠷᠢᠮᠲᠠ ᠶᠢ ᠪᠦᠷᠢᠳᠬᠡᠬᠦ᠂ ᠦᠷ᠎ᠡ ᠪᠦᠲᠦᠭᠡᠯ ᠢ ᠵᠠᠳᠠᠯᠬᠤ᠂ ᠲᠤᠰᠬᠠᠶ ᠮᠡᠷᠭᠡᠵᠢᠯᠲᠡᠨ ᠤ ᠦᠨᠡᠯᠡᠯᠳᠡ ᠵᠡᠷᠭᠡ ᠠᠷᠭ᠎ᠠ ᠶᠢ ᠶᠡᠷᠦᠩᠬᠡᠶᠢᠯᠡᠨ ᠬᠡᠷᠡᠭᠯᠡᠵᠦ᠂ ᠲᠤᠷᠰᠢᠯᠲᠠ ᠶᠢᠨ ᠴᠡᠭ ᠪᠣᠯᠬᠤ 24 ᠬᠤᠲᠠ ᠶᠢᠨ 2023 ᠣᠨ ᠤ ᠠᠵᠢᠯ ᠤᠨ ᠪᠠᠶᠢᠳᠠᠯ ᠢ ᠦᠨᠡᠯᠡᠨ ᠵᠢᠱᠢᠬᠦ ᠰᠠᠨᠠᠯ ᠨᠢ ᠳᠣᠤᠷᠠᠬᠢ ᠮᠡᠲᠦ᠄      ᠱᠧᠨᠵᠧᠨ᠂ ᠰᠦᠵᠸᠦ᠂ ᠦᠬᠠᠨ᠂ ᠾᠧᠹᠸᠢ᠂ ᠭᠤᠸᠠᠩᠵᠧᠦ᠂ ᠴᠠᠩᠱᠠ᠂  ᠸᠧᠨᠵᠸᠦ᠂ ᠲᠠᠶᠢᠵᠸᠦ ᠵᠡᠷᠭᠡ 8 ᠲᠤᠷᠰᠢᠯᠳᠠ ᠶᠢᠨ ᠴᠡᠭ ᠤᠨ ᠬᠤᠲᠠ ᠶᠢᠨ ᠵᠣᠬᠢᠶᠠᠨ   ᠪᠠᠶᠢᠭᠤᠯᠵᠤ ᠠᠬᠢᠭᠤᠯᠬᠤ ᠡᠷᠴᠢᠮ ᠨᠢ ᠨᠡᠯᠢᠶᠡᠳ ᠶᠡᠭᠡ᠂ ᠡᠯ᠎ᠡ ᠵᠦᠢᠯ ᠤᠨ ᠲᠤᠷᠰᠢᠯᠳᠠ ᠶᠢᠨ ᠴᠡᠭ ᠤᠨ ᠡᠭᠦᠷᠭᠡ ᠶᠢᠨ ᠠᠬᠢᠴᠠ ᠨᠢ ᠢᠯᠡᠷᠬᠡᠢ᠂ ᠠᠵᠢᠯ ᠤᠨ ᠦᠷ᠎ᠡ ᠪᠦᠲᠦᠮᠵᠢ ᠨᠢ ᠲᠤᠪᠤᠶᠢᠮ᠎ᠠ᠂ ᠶᠡᠷᠦᠩᠬᠡᠶᠢᠯᠡᠭᠰᠡᠨ ᠢᠯᠡᠷᠡᠯ ᠨᠢ ᠰᠢᠯᠢᠳᠡᠭ ᠢ ᠨᠢ ᠬᠥᠬᠢᠭᠦᠯᠵᠦ ᠱᠠᠩᠨᠠᠨ᠎ᠠ᠃ ᠡᠭᠦᠨ ᠳᠤ᠂ ᠱᠧᠨᠵᠧᠨ ᠬᠤᠲᠠ ᠨᠢ ᠰᠢᠨ᠎ᠡ ᠶᠢ ᠡᠭᠦᠳᠬᠦ ᠪᠠᠷ ᠬᠥᠳᠡᠯᠭᠡᠭᠦᠷ  ᠬᠦᠴᠦᠨ ᠪᠣᠯᠭᠠᠬᠤ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠪᠠᠷᠢᠯᠭ᠎ᠠ ᠶᠢᠨ ᠦᠢᠯᠡᠰ ᠬᠢᠭᠡᠳ ᠲᠡᠷᠢᠭᠦᠨ ᠤ ᠬᠢ ᠦᠢᠯᠡᠳᠬᠦ ᠦᠢᠯᠡᠰ᠂ ᠰᠢᠨ᠎ᠡ ᠨᠢᠭᠡ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ ᠤᠨ ᠠᠵᠤ ᠦᠢᠯᠡᠰ ᠤᠨ ᠵᠠᠭᠠᠭ ᠠᠯᠤᠰᠯᠠᠨ ᠠᠭᠤᠰᠤᠯᠴᠠᠬᠤ ᠶᠢ ᠢᠳᠡᠪᠬᠢᠲᠡᠶ ᠠᠬᠢᠭᠤᠯᠵᠤ᠂ ᠣᠶᠤᠨᠴᠢ ᠪᠦᠲᠦᠭᠡᠨ ᠪᠠᠶᠢᠭᠤᠯᠤᠯᠲᠠ ᠶᠢᠨ ᠬᠡᠷᠡᠭᠯᠡᠭᠡᠨ ᠤ ᠪᠠᠶᠢᠳᠠᠯ ᠢ ᠲᠠᠰᠤᠷᠠᠯᠲᠠ ᠥᠬᠡᠶ ᠥᠷᠭᠡᠳᠬᠡᠨ᠂ ᠬᠡᠰᠡᠭᠴᠢᠯᠡᠭᠰᠡᠨ ᠪᠠᠷᠢᠯᠭ᠎ᠠ᠂ ᠪᠠᠷᠢᠯᠭ᠎ᠠ ᠶᠢᠨ ᠠᠵᠤ ᠦᠢᠯᠡᠰ ᠤᠨ ᠢᠨᠲ᠋ᠧᠷ ᠰᠦᠯᠵᠢᠶ᠎ᠡ᠂ ᠵᠣᠬᠢᠶᠠᠮᠠᠯ ᠣᠶᠤᠨᠴᠢ ᠲᠤᠰᠠᠯᠠᠬᠤ ᠵᠢᠷᠤᠭ ᠲᠥᠯᠥᠪᠯᠡᠭᠡ ᠵᠡᠷᠭᠡ 6 ᠵᠦᠢᠯ ᠤᠨ ᠰᠢᠨ᠎ᠡ ᠶᠢ ᠡᠭᠦᠳᠬᠦ ᠠᠵᠤ ᠦᠢᠯᠡᠰ ᠤᠨ ᠪᠠᠶᠢᠷᠢᠰᠢᠭᠤᠯᠤᠯᠲᠠ ᠶᠢ ᠠᠩᠬ᠎ᠠ ᠠᠯᠬᠤᠮ ᠪᠦᠷᠢᠯᠳᠦᠭᠦᠯᠵᠦ᠂ ᠣᠶᠤᠨᠴᠢ ᠪᠦᠲᠦᠭᠡᠨ ᠪᠠᠶᠢᠭᠤᠯᠤᠯᠲᠠ ᠶᠢᠨ ︽ᠮᠡᠷᠭᠡᠵᠢᠯ ᠤᠨ ᠭᠤᠯᠣᠮᠲᠠ︾ ᠶᠢ ᠬᠦᠴᠦᠯᠡᠨ ᠪᠠᠶᠢᠭᠤᠯᠪᠠ᠃ ᠰᠦᠵᠸᠤ ᠬᠤᠳᠠ  ᠨᠢ ᠤᠶᠤᠨᠴᠢ ᠲᠤᠨᠤᠬᠯᠠᠯ ᠤᠨ ︽ᠬᠠᠳᠠᠭᠤ ᠲᠤᠨᠤᠬᠯᠠᠯ︾᠂ ᠢᠵᠢ ᠪᠦᠷᠢᠳᠦᠬᠦᠯᠬᠦ ᠮᠡᠷᠭᠡᠵᠢᠯ ᠤᠨ ︽ᠵᠦᠭᠡᠯᠡᠨ ᠲᠤᠨᠤᠭ︾ ᠢ ᠪᠤᠢ ᠪᠤᠯᠭᠠᠬᠤ ᠠᠷᠭ᠎ᠠ ᠵᠠᠮ ᠤᠨ ᠲᠦᠯᠦᠪᠵᠢᠬᠦᠯᠭᠡ ᠶᠢ ᠲᠤᠷᠠᠳᠴᠤ᠂ ᠪᠠᠷᠢᠯᠭ᠎ᠠ ᠶᠢᠨ ᠮᠠᠰᠢᠨ ᠬᠦᠮᠦᠨ ᠵᠡᠷᠭᠡ ᠪᠠᠷᠢᠯᠭ᠎ᠠ ᠶᠢᠨ ᠲᠤᠨᠤᠬᠯᠠᠯ ᠤᠨ ᠪᠡᠯᠡ ᠤᠷᠤᠭᠤᠯᠤᠯᠳᠠ ᠶᠢᠨ ᠪᠦᠳᠦᠭᠡᠨ ᠪᠠᠶᠢᠭᠤᠯᠤᠯᠳᠠ ᠶᠢᠨ ᠠᠵᠤ ᠦᠢᠯᠡᠰ ᠤᠨ ᠪᠤᠳᠠᠳᠤ ᠴᠤᠬᠴᠠ ᠳᠤ ᠠᠩᠬᠠᠷᠤᠯ ᠢᠶᠠᠨ ᠲᠦᠪᠯᠡᠷᠡᠬᠦᠯᠤᠨ᠂ ᠮᠡᠷᠭᠡᠵᠢᠯ ᠤᠨ ᠰᠤᠳᠤᠯᠤᠨ ᠨᠡᠭᠡᠭᠡᠯᠳᠡ᠂ ᠢᠨᠵᠧᠨᠧᠷᠢᠩ ᠤᠨ ᠭᠡᠷᠡᠭᠯᠡᠭᠡᠨ ᠤ ᠦᠢᠯᠡᠴᠢᠯᠡᠭᠡ᠂ ᠲᠤᠰᠬᠠᠢ ᠮᠡᠷᠭᠡᠵᠢᠯ ᠤᠨ ᠴᠢᠳᠠᠪᠤᠷᠢᠳᠠᠨ ᠢ ᠬᠦᠮᠦᠵᠢᠬᠦᠯᠬᠦ᠂ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠳᠠ ᠬᠠᠮᠢᠶᠠᠷᠤᠯᠳᠠ ᠵᠡᠷᠭᠡ ᠲᠠᠯ᠎ᠡ ᠪᠠᠷ ᠲᠦᠬᠦᠷᠵᠢᠬᠦᠯᠬᠦ ᠠᠷᠭ᠎ᠠ ᠭᠡᠮᠵᠢᠶ᠎ᠠ ᠶᠢ ᠲᠡᠬᠦᠯᠳᠡᠷᠵᠢᠬᠦᠯᠵᠤ᠂ ᠤᠶᠤᠨᠴᠢ ᠪᠦᠲᠦᠭᠡᠨ ᠪᠠᠶᠢᠭᠤᠯᠤᠯᠲᠠ ᠶᠢᠨ ᠦᠢᠯᠡᠰ ᠤᠨ ᠬᠦᠭᠵᠢᠯᠳᠡ  ᠶᠢ ᠠᠬᠢᠭᠤᠯᠵᠠᠢ᠃ ᠦᠬᠠᠨ ᠬᠤᠲᠠ ᠨᠢ ᠲᠣᠮᠣ ᠬᠡᠯᠪᠡᠷᠢ ᠶᠢᠨ ᠠᠵᠤ ᠠᠬᠤᠶᠢᠯᠠᠯ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠤᠨ ᠴᠤᠭᠯᠠᠷᠠᠯ ᠤᠨ ᠳᠠᠪᠠᠭᠤᠯᠢᠭ ᠢᠶᠠᠨ ᠪᠠᠳᠠᠷᠠᠭᠤᠯᠵᠤ᠂ ᠠᠰᠠᠷ ᠪᠠᠷᠢᠬᠤ ᠮᠠᠰᠢᠨ᠂ ᠬᠥᠭᠦᠷᠭᠡ ᠲᠠᠯᠪᠢᠬᠤ ᠮᠠᠰᠢᠨ᠂ ᠰᠤᠪᠤᠷᠭ᠎ᠠ ᠪᠠᠷᠢᠬᠤ ᠮᠠᠰᠢᠨ ᠵᠡᠷᠭᠡ ᠨᠢᠭᠡ ᠪᠦᠯᠦᠭ ᠪᠡᠯᠭᠡ ᠲᠡᠮᠳᠡᠭ ᠤᠨ ᠴᠢᠨᠠᠷᠲᠠᠶ ᠣᠶᠤᠨᠴᠢ ᠪᠦᠲᠦᠭᠡᠨ ᠪᠠᠶᠢᠭᠤᠯᠤᠯᠲᠠ ᠶᠢᠨ ᠮᠡᠷᠭᠡᠵᠢᠯ ᠤᠨ ᠦᠢᠯᠡᠳᠬᠦᠨ ᠢ ᠰᠤᠳᠤᠯᠤᠨ ᠨᠡᠭᠡᠭᠡᠵᠦ᠂ BIM ᠳᠤ ᠰᠠᠭᠤᠷᠢᠯᠠᠭᠰᠠᠨ ᠢᠨᠵᠧᠨᠧᠷᠢᠩ ᠤᠨ ᠲᠥᠷᠥᠯ ᠵᠦᠢᠯ ᠤᠨ ᠪᠥᠬᠦ ᠶᠠᠪᠤᠴᠠ ᠶᠢ ᠬᠢᠨᠠᠨ ᠵᠥᠪᠰᠢᠶᠡᠷᠡᠬᠦ ᠬᠠᠮᠢᠶᠠᠷᠤᠯᠲᠠ ᠶᠢᠨ ᠰᠢᠰᠲ᠋ᠧᠮ ᠢ ᠪᠠᠶᠢᠷᠢᠯᠠᠭᠤᠯᠤᠨ ᠪᠠᠶᠢᠭᠤᠯᠵᠤ᠂ ︽ᠪᠦᠷᠢᠨ ᠬᠢᠬᠦ᠂ ᠲᠣᠭᠠᠴᠢᠯᠠᠭᠰᠠᠨ ᠪᠥᠲᠥᠭᠡᠨ ᠪᠠᠶᠢᠭᠤᠯᠤᠯᠲᠠ᠂ ᠣᠶᠤᠨᠴᠢ ᠬᠢᠨᠠᠯᠲᠠ ᠬᠠᠮᠢᠶᠠᠷᠤᠯᠲᠠ︾ ᠶᠢᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠰᠢᠨ᠎ᠡ ᠵᠠᠭᠪᠤᠷ ᠢ ᠴᠢᠷᠮᠠᠶᠢᠨ ᠰᠦᠪᠡᠭᠴᠢᠯᠡᠪᠡ᠃ ᠾᠧᠹᠸᠢ ᠬᠤᠲᠠ ᠨᠢ ᠪᠠᠷᠢᠯᠭ᠎ᠠ ᠶᠢᠨ ᠠᠵᠤ ᠠᠬᠤᠶᠢᠯᠠᠯ ᠠᠴᠠ ᠪᠡᠯᠡ ᠣᠷᠣᠭᠤᠯᠵᠤ ᠣᠶᠤᠨᠴᠢ ᠵᠥᠭᠡᠯᠡᠨ ᠲᠣᠨᠤᠭ ᠢ ᠰᠤᠳᠤᠯᠤᠨ ᠨᠡᠭᠡᠭᠡᠬᠦ᠂ ᠲᠥᠬᠦᠭᠡᠷᠦᠮᠵᠢ ᠬᠤᠳᠠᠯᠳᠤᠨ ᠠᠪᠬᠤ᠂ ᠮᠡᠳᠡᠭᠡ ᠵᠠᠩᠭᠢ ᠶᠢᠨ ᠮᠡᠷᠭᠡᠵᠢᠯ ᠤᠨ ᠦᠢᠯᠡᠴᠢᠯᠡᠭᠡ ᠳᠤ ᠪᠡᠯᠡ ᠮᠥᠩᠭᠦ ᠶᠢᠨ ᠱᠠᠩᠨᠠᠯ ᠣᠯᠭᠤᠵᠤ᠂ ᠪᠠᠷᠢᠯᠭ᠎ᠠ ᠶᠢᠨ ᠠᠵᠤ ᠦᠢᠯᠡᠰ ᠤᠨ ᠢᠨᠲ᠋ᠧᠷ ᠰᠦᠯᠵᠢᠶᠡᠨ ᠤ ᠬᠡᠰᠡᠭ ᠣᠷᠣᠨ ᠤ ᠲᠤᠷᠰᠢᠯᠲᠠ ᠶᠢ ᠥᠷᠨᠢᠭᠦᠯᠬᠦ ᠪᠠᠷ ᠳᠠᠮᠵᠢᠨ ᠠᠵᠤ ᠦᠢᠯᠡᠰ ᠤᠨ ᠬᠡᠯᠬᠢᠶ᠎ᠡ ᠶᠢᠨ ᠬᠠᠮᠵᠢᠯᠴᠠᠬᠤ ᠴᠢᠳᠠᠪᠤᠷᠢ ᠶᠢ ᠳᠡᠭᠡᠭᠰᠢᠯᠡᠭᠦᠯᠵᠦ᠂ ᠨᠢᠭᠡ ᠪᠦᠯᠦᠭ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠳᠠᠬᠢ ︽ᠲᠤᠰᠬᠠᠢ ᠨᠠᠷᠢᠯᠢᠭ ᠣᠨᠴᠠ ᠰᠢᠨ᠎ᠡ︾ ᠠᠵᠤ ᠠᠬᠤᠶᠢᠯᠠᠯ ᠢ ᠪᠤᠶᠢᠵᠢᠭᠤᠯᠤᠨ ᠪᠦᠷᠢᠯᠳᠦᠭᠦᠯᠵᠦ᠂ ᠳᠤᠮᠳᠠ ᠵᠢᠵᠢᠭ ᠠᠵᠤ ᠠᠬᠤᠶᠢᠯᠠᠯ ᠤᠨ ᠬᠡᠯᠪᠡᠷᠢ  ᠶᠢ ᠬᠤᠪᠢᠷᠠᠭᠤᠯᠤᠨ ᠬᠦᠭᠵᠢᠭᠦᠯᠬᠦ ᠰᠢᠨ᠎ᠡ ᠵᠠᠭᠪᠤᠷ ᠢ ᠵᠤᠬᠢᠶᠠᠪᠠ᠃ ᠭᠤᠸᠠᠩᠵᠧᠦ ᠬᠤᠲᠠ ᠨᠢ BIM ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠮᠡᠳᠡᠭᠦᠯᠦᠨ ᠪᠠᠶᠢᠭᠤᠯᠬᠤ ᠶᠢ ᠬᠢᠨᠠᠨ ᠵᠥᠪᠰᠢᠶᠡᠷᠡᠬᠦ ᠳᠤ ᠬᠡᠷᠡᠭᠯᠡᠬᠦ  ᠬᠠᠤᠯᠢ ᠳᠤ ᠲᠣᠳᠣᠷᠬᠠᠶ ᠲᠤᠭᠳᠠᠭᠠᠪᠠ᠃ ᠠᠵᠤ ᠦᠢᠯᠡᠳᠪᠦᠷᠢᠵᠢᠯᠲᠡ ᠨᠢ ᠲᠣᠭᠠᠴᠢᠯᠠᠭᠰᠠᠨ ᠪᠥᠲᠥᠭᠡᠨ ᠪᠠᠶᠢᠭᠤᠯᠤᠯᠲᠠ ᠶᠢᠨ ᠶᠠᠪᠤᠴᠠ ᠶᠢᠨ ᠲᠣᠭᠤᠷᠢᠨ ᠳᠤ ᠣᠷᠣᠨ ᠨᠤᠲᠤᠭ ᠤᠨ ᠪᠠᠷᠢᠮᠵᠢᠶ᠎ᠠ ᠶᠢᠨ ᠵᠢᠷᠤᠮᠵᠢᠯ ᠢ ᠨᠡᠶᠢᠲᠡᠯᠡᠵᠦ᠂ ︽ᠪᠠᠷᠢᠯᠭ᠎ᠠ ᠶᠢᠨ ᠭᠠᠵᠠᠷ ᠤᠨ ᠬᠠᠮᠢᠶᠠᠷᠤᠯᠳᠠ︾ ᠶᠢᠨ ᠣᠶᠤᠨᠴᠢ ᠬᠢᠨᠠᠯᠲᠠ ᠬᠠᠮᠢᠶᠠᠷᠤᠯᠲᠠ ᠶᠢ ᠨᠢᠭᠡ ᠴᠤᠭᠴᠠᠵᠢᠭᠤᠯᠤᠭᠰᠠᠨ ᠲᠠᠪᠴᠠᠩ ᠢ ᠪᠠᠶᠢᠭᠤᠯᠤᠨ ᠬᠡᠷᠡᠭᠯᠡᠵᠦ᠂ ᠣᠶᠤᠨᠴᠢ ᠪᠠᠶᠢᠭᠤᠯᠤᠯᠲᠠ ᠲᠠᠢ ᠵᠣᠬᠢᠴᠠᠭᠰᠠᠨ ᠪᠠᠷᠢᠯᠭ᠎ᠠ ᠶᠢᠨ ᠦᠢᠯᠡᠰ ᠤᠨ ᠬᠠᠤᠯᠢ ᠲᠣᠭᠲᠠᠭᠠᠯ  ᠬᠠᠤᠯᠢ ᠲᠦᠷᠢᠮ ᠤᠨ ᠰᠢᠰᠲ᠋ᠧᠮ ᠢ ᠲᠦᠷᠭᠡᠪᠴᠢᠯᠡᠨ ᠲᠡᠭᠦᠯᠳᠡᠷᠵᠢᠭᠦᠯᠪᠡ᠃ ᠴᠠᠩᠱᠠ ᠬᠤᠲᠠ ᠨᠢ ᠲᠤᠰᠬᠠᠶ ᠮᠡᠷᠭᠡᠵᠢᠯᠲᠡᠨ ᠤ ᠪᠦᠯᠬᠦᠮ ᠢ ᠵᠣᠬᠢᠶᠠᠨ ᠪᠠᠶᠢᠭᠤᠯᠤᠨ ᠤᠶᠤᠨᠴᠢ ᠪᠦᠲᠦᠭᠡᠨ ᠪᠠᠶᠢᠭᠤᠯᠤᠯᠲᠠ ᠶᠢᠨ ᠠᠵᠤ ᠦᠢᠯᠡᠰ ᠤᠨ ᠰᠢᠰᠲ᠋ᠧᠮ ᠪᠣᠯᠤᠨ ᠮᠡᠷᠭᠡᠵᠢᠯ ᠤᠨ ᠰᠢᠰᠲ᠋ᠧᠮ ᠤᠨ ᠰᠤᠳᠤᠯᠭᠠᠨ ᠢ ᠴᠢᠩᠭᠠᠳᠬᠠᠵᠤ ᠲᠤᠷᠰᠢᠯᠲᠠ ᠶᠢᠨ  ᠵᠢᠱᠢᠶᠠᠴᠢ ᠢᠨᠵᠧᠨᠧᠷᠢᠩ ᠤᠨ ᠲᠥᠷᠥᠯ ᠵᠦᠢᠯ ᠳᠤ ᠮᠡᠷᠭᠡᠵᠢᠯ ᠤᠨ ᠯᠠᠪᠯᠠᠯᠭ᠎ᠠ ᠶᠢᠨ ᠦᠢᠯᠡᠴᠢᠯᠡᠭᠡ ᠬᠠᠩᠭᠠᠵᠤ᠂ ᠪᠠᠶᠢᠭᠤᠯᠤᠯᠳᠠ ᠶᠢᠨ ᠰᠢᠨ᠎ᠡ ᠠᠷᠭ᠎ᠠ ᠮᠠᠶ᠋ᠢᠭ ᠪᠣᠯᠤᠨ ᠪᠦᠲᠦᠭᠡᠨ ᠪᠠᠶᠢᠭᠤᠯᠬᠤ ᠬᠠᠮᠢᠶᠠᠷᠤᠯᠲᠠ ᠶᠢᠨ ᠵᠠᠭᠪᠤᠷ ᠤᠨ ᠰᠥᠪᠡᠭᠴᠢᠯᠡᠯᠲᠡ ᠪᠣᠯᠤᠨ ᠦᠢᠯᠡᠳᠦᠯᠭᠡ ᠶᠢ ᠢᠳᠡᠪᠬᠢᠲᠡᠶ ᠠᠬᠢᠭᠤᠯᠵᠠᠶ᠃ ᠸᠧᠨᠵᠸᠦ ᠬᠤᠳᠠ ᠨᠢ ︽ᠤᠶᠤᠨᠴᠢ ᠲᠤᠨᠤᠬᠯᠠᠯ ᠤᠨ ᠠᠵᠦ ᠦᠢᠯᠡᠰ ᠤᠨ ᠠᠵᠢᠯᠴᠢᠨ︾ ᠤ ᠰᠢᠨ᠎ᠡ ᠬᠡᠯᠪᠡᠷᠢ ᠶᠢᠨ ᠬᠦᠳᠡᠯᠮᠤᠷᠢ ᠬᠦᠴᠦᠨ ᠤ ᠵᠠᠭᠪᠤᠷ ᠢ ᠢᠳᠡᠪᠬᠢᠳᠡᠢ ᠬᠠᠶᠢᠨ ᠰᠦᠪᠡᠭᠴᠢᠯᠡᠵᠦ᠂ ᠤᠶᠤᠨᠴᠢ ᠲᠤᠨᠤᠬᠯᠠᠯ ᠤᠨ ᠬᠦᠮᠦᠷᠬᠡ᠂ ᠬᠦᠳᠡᠯᠮᠤᠷᠢ ᠦᠢᠯᠡᠴᠢᠯᠡᠬᠡᠨ ᠤ ᠠᠩᠬᠢ ᠵᠤᠬᠢᠶᠠᠨ ᠪᠠᠶᠢᠭᠤᠯᠬᠤ ᠬᠦᠮᠦᠷᠭᠡ ᠪᠠ ᠲᠤᠷᠰᠢᠯᠳᠠ ᠶᠢᠨ ᠴᠡᠭ ᠤᠨ ᠲᠦᠷᠦᠯ ᠵᠦᠢᠯ ᠤᠨ ᠬᠦᠮᠦᠷᠭᠡ  ᠵᠡᠷᠭᠡ ︽ᠭᠤᠷᠪᠠᠨ ᠬᠦᠮᠦᠷᠬᠡ︾ ᠶᠢ ᠵᠤᠬᠢᠴᠠᠭᠤᠯᠤᠨ ᠬᠦᠭᠵᠢᠬᠦᠯᠬᠦ ᠶᠢ ᠨᠢᠭᠡᠳᠦᠯᠳᠠᠢ ᠲᠦᠯᠦᠪᠯᠡᠨ ᠠᠬᠢᠭᠤᠯᠬᠤ ᠪᠠᠷ ᠲᠠᠮᠵᠢᠨ᠂ ᠪᠠᠷᠢᠯᠭ᠎ᠠ ᠶᠢᠨ ᠲᠤᠬᠠᠢ ᠶᠢᠨ ᠭᠠᠵᠠᠷ ᠤᠨ ᠬᠦᠮᠦᠨ ᠪᠠ ᠮᠠᠰᠢᠨ ᠤ ᠬᠠᠮᠵᠢᠯᠴᠠᠬᠤ ᠤᠷ᠎ᠠ ᠮᠡᠷᠬᠡᠵᠢᠯ ᠢ ᠪᠤᠯᠪᠠᠰᠤᠷᠠᠩᠭᠤᠢ ᠡᠵᠡᠮᠰᠢᠭᠰᠡᠨ ᠲᠤᠰᠬᠠᠢ ᠬᠦᠳᠡᠯᠮᠤᠷᠢ ᠦᠢᠯᠡᠴᠢᠯᠡᠬᠡᠨ ᠤ ᠠᠩᠬᠢ ᠪᠤᠯᠤᠨ‌‍ᠲ᠋ᠤᠭᠤᠶᠢᠯᠠᠩ ᠢ ᠬᠦᠴᠦᠯᠡᠨ ᠬᠦᠮᠦᠵᠢᠬᠦᠯᠵᠦ᠂ ᠪᠠᠷᠢᠯᠭ᠎ᠠ ᠶᠢᠨ ᠦᠢᠯᠡᠰ ᠤᠨ ᠬᠡᠯᠪᠡᠷᠢ ᠶᠢ ᠬᠤᠪᠢᠷᠠᠭᠤᠯᠤᠨ ᠲᠡᠰ ᠲᠡᠪᠰᠢᠬᠦᠯᠬᠦ ᠳᠤ ᠴᠢᠳᠠᠪᠤᠷᠢᠳᠠᠨ ᠤ ᠲᠤᠯᠭᠠᠭᠤᠷᠢᠯᠠᠯ ᠢ ᠴᠢᠩᠭᠠᠷᠠᠭᠤᠯᠵᠠᠢ᠃ ᠲᠠᠶᠢᠵᠸᠦ ᠬᠤᠲᠠ ᠨᠢ ᠲᠤᠰ ᠭᠠᠵᠠᠷ ᠤᠨ ᠠᠵᠤ ᠠᠬᠤᠢᠯᠠᠯ ᠤᠨ ᠪᠠᠷᠢᠯᠭ᠎ᠠ ᠶᠢᠨ ᠠᠵᠢᠯ ᠤᠨ ᠬᠦᠷᠢᠶ᠎ᠡ ᠬᠡᠪᠴᠢᠶᠡᠨ ᠳᠠᠬᠢ ᠲᠥᠬᠦᠭᠡᠷᠦᠮᠵᠢ ᠶᠢᠨ ᠰᠢᠨᠡᠴᠢᠯᠡᠯᠳᠡ ᠬᠢᠬᠦ ᠶᠢ ᠳᠡᠮᠵᠢᠵᠦ᠂ ᠬᠦᠨᠳᠦ ᠶᠢ ᠡᠷᠭᠦᠬᠦ ᠮᠠᠰᠢᠨ᠂ ᠪᠣᠯᠣᠳ ᠲᠡᠮᠦᠷ᠂ ᠠᠰᠠᠷ ᠤᠨ ᠬᠠᠪᠲᠠᠰᠤ ᠪᠠᠷ ᠨᠦᠬᠡ ᠭᠠᠷᠭᠠᠬᠤ ᠵᠡᠷᠭᠡ ︽ᠠᠶᠤᠯᠲᠠᠢ ᠪᠤᠳᠤᠯᠢᠶᠠᠨᠲᠠᠢ ᠬᠦᠨᠳᠦ︾ ᠪᠠᠶᠢᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠤᠶᠤᠨᠴᠢ ᠪᠦᠲᠦᠭᠡᠨ ᠪᠠᠶᠢᠭᠤᠯᠤᠯᠲᠠ ᠶᠢᠨ  ᠮᠠᠰᠢᠨ ᠬᠡᠷᠡᠭᠰᠡᠯ ᠢ ᠰᠤᠳᠤᠯᠤᠨ ᠨᠡᠭᠡᠭᠡᠵᠦ ᠬᠡᠷᠡᠭᠯᠡᠬᠦ ᠶᠢᠨ ᠬᠠᠮᠲᠤ᠂ ᠲᠣᠭᠠᠴᠢᠯᠠᠭᠰᠠᠨ ᠠᠷᠭ᠎ᠠ ᠪᠠᠷᠢᠯ ᠢᠶᠠᠷ ᠳᠠᠮᠵᠢᠭᠤᠯᠤᠨ ᠶᠠᠰᠤ ᠴᠢᠨᠠᠷ ᠤᠨ ᠠᠮᠤᠷ ᠲᠦᠪᠰᠢᠨ ᠤ ᠬᠠᠮᠢᠶᠠᠷᠤᠯᠲᠠ ᠪᠠ ᠡᠵᠡᠮᠳᠡᠯ ᠢ ᠴᠢᠩᠭᠠᠳᠬᠠᠵᠤ᠂ ᠪᠦᠬᠦ ᠲᠠᠯ᠎ᠠ ᠪᠠᠷ ᠪᠠᠷᠢᠯᠭ᠎ᠠ ᠶᠢᠨ ᠲᠤᠬᠠᠢ ᠶᠢᠨ ᠲᠠᠯᠠᠪᠠᠢ ᠳᠤ ᠠᠵᠢᠯᠯᠠᠬᠤ ᠠᠷᠭ᠎ᠠ ᠮᠠᠶ᠋ᠢᠭ ᠪᠠ ᠬᠢᠨᠠᠨ ᠬᠠᠮᠢᠶᠠᠷᠬᠤ ᠠᠷᠭ᠎ᠠ ᠮᠠᠶ᠋ᠢᠭ ᠤᠨ ᠬᠡᠯᠪᠡᠷᠢ ᠢᠶᠠᠨ ᠬᠤᠪᠢᠷᠠᠭᠤᠯᠬᠤ ᠶᠢ ᠲᠦᠯᠬᠢᠨ ᠠᠬᠢᠭᠤᠯᠪᠠ᠃        ᠪᠡᠭᠡᠵᠢᠩ᠂ ᠹᠦᠸᠧ ᠱᠠᠨ᠂ ᠰᠢ ᠠᠨ᠂ ᠨᠠᠨᠵᠢᠩ᠂ ᠴᠦᠩᠴᠢᠩ᠂ ᠴᠢᠩᠳᠣᠤ᠂ ᠵᠢᠶᠠ ᠰᠢᠩ᠂ ᠲᠢᠶᠠᠨᠵᠢᠨ ᠂ ᠪᠦᠦ ᠳ᠋ᠢᠩ᠂ ᠰᠢᠶᠠᠮᠧᠨ᠂ ᠰᠢᠶᠦ᠋ᠩ ᠠᠨ ᠰᠢᠨ᠎ᠡ ᠲᠣᠭᠤᠷᠢᠭ᠂ ᠴᠧᠩᠳᠦ᠋᠂ ᠮᠦᠭᠳᠡᠨ᠂ ᠦᠷᠦᠮᠴᠢ᠂ ᠬᠠᠷᠪᠢᠨ ᠵᠡᠷᠭᠡ 16 ᠲᠤᠷᠰᠢᠯᠲᠠ ᠶᠢᠨ ᠴᠡᠭ ᠨᠢ ᠣᠨ ᠤ ᠠᠵᠢᠯ ᠤᠨ ᠲᠥᠯᠥᠪᠯᠡᠭᠡ ᠪᠠᠨ ᠴᠥᠮ ᠤᠷᠤᠭᠰᠢᠲᠠᠶ ᠪᠡᠶᠡᠯᠡᠭᠦᠯᠦᠭᠰᠡᠨ ᠪᠥᠭᠡᠳ ᠣᠷᠣᠨ ᠨᠤᠲᠤᠭ ᠤᠨ ᠣᠨᠴᠠᠯᠢᠭ ᠲᠠᠢ ᠪᠠᠨ ᠤᠶᠠᠯᠳᠤᠭᠤᠯᠤᠨ ᠠᠳᠠᠯᠢ ᠪᠤᠰᠤ ᠲᠥᠷᠥᠯ ᠬᠡᠯᠪᠡᠷᠢ ᠶᠢᠨ ᠤᠶᠤᠨᠴᠢ ᠪᠦᠲᠦᠭᠡᠨ ᠪᠠᠶᠢᠭᠤᠯᠤᠯᠲᠠ ᠶᠢᠨ ᠬᠥᠭᠵᠢᠯᠲᠡ ᠶᠢᠨ ᠵᠠᠭᠪᠤᠷ ᠢ ᠢᠳᠡᠪᠬᠢᠲᠡᠶ ᠪᠠᠷ ᠬᠠᠶᠢᠨ ᠰᠦᠪᠡᠭᠴᠢᠯᠡᠵᠦ᠂ ᠠᠵᠢᠯ ᠤᠨ ᠢᠯᠡᠷᠡᠯ ᠨᠢ ᠶᠡᠷᠦᠩᠬᠡᠶ ᠳᠡᠭᠡᠨ ᠰᠠᠶᠢᠨ ᠪᠠᠶᠢᠨ᠎ᠠ᠃      ᠡᠭᠦᠨ ᠤ ᠬᠠᠮᠲᠤ᠂ ᠲᠤᠷᠰᠢᠯᠲᠠ ᠶᠢᠨ ᠠᠵᠢᠯ ᠳᠤ ᠮᠥᠨ ᠬᠦ ᠵᠠᠷᠢᠮ ᠲᠤᠳᠠᠭᠳᠠᠯ ᠪᠠ ᠬᠦᠷᠦᠯᠴᠡᠬᠦ ᠦᠭᠡᠢ ᠲᠠᠯ᠎ᠠ ᠣᠷᠣᠰᠢᠵᠤ ᠪᠠᠶᠢᠨ᠎ᠠ᠃ ᠵᠠᠷᠢᠮ ᠲᠤᠷᠰᠢᠯᠲᠠ ᠶᠢᠨ  ᠬᠤᠲᠠ ᠨᠢ ᠠᠵᠢᠯ ᠢ ᠲᠦᠯᠬᠢᠨ ᠠᠬᠢᠭᠤᠯᠬᠤ ᠡᠷᠴᠢᠮ ᠢᠶᠠᠨ ᠴᠢᠩᠭᠠᠳᠬᠠᠬᠤ ᠴᠢᠬᠤᠯᠠ ᠲᠠᠢ ᠪᠠᠶᠢᠨ᠎ᠠ᠂ ᠠᠵᠢᠯ ᠤᠨ ᠦᠷ᠎ᠡ ᠪᠦᠲᠦᠮᠵᠢ ᠨᠢ ᠢᠯᠡᠷᠬᠡᠶ ᠪᠤᠰᠤ᠂ ᠲᠤᠷᠰᠢᠯᠲᠠ ᠶᠢᠨ ᠴᠡᠭ ᠤᠨ ᠬᠡᠷᠡᠭᠵᠢᠭᠦᠯᠬᠦ ᠲᠥᠰᠦᠯ ᠤᠨ ᠶᠣᠰᠣᠭᠠᠷ ᠲᠦᠷᠭᠡᠬᠡᠨ ᠪᠦᠲᠦᠮᠵᠢᠲᠡᠶ ᠠᠵᠢᠯ ᠤᠨ ᠠᠷᠭ᠎ᠠ ᠬᠡᠮᠵᠢᠶ᠎ᠡ ᠭᠠᠷᠭᠠᠵᠤ ᠂ ᠠᠵᠢᠯ ᠤᠨ ᠠᠬᠢᠴᠠ ᠪᠠᠨ ᠲᠦᠷᠭᠡᠳᠬᠡᠨ᠂ ᠲᠤᠷᠰᠢᠯᠲᠠ ᠶᠢᠨ ᠴᠡᠭ ᠤᠨ ᠬᠤᠭᠤᠴᠠᠭᠠᠨ ᠳᠤ ᠵᠢᠱᠢᠭᠰᠡᠨ ᠡᠭᠦᠷᠭᠡ ᠪᠠᠨ ᠪᠡᠶᠡᠯᠡᠭᠦᠯᠬᠦ ᠶᠢ ᠦᠨᠡᠨᠬᠦ ᠪᠠᠲᠤᠯᠠᠬᠤ ᠴᠢᠬᠤᠯᠠᠳᠠᠢ᠃ ᠵᠠᠷᠢᠮ ᠲᠤᠷᠰᠢᠯᠲᠠ ᠶᠢᠨ  ᠴᠡᠭ ᠤᠨ ᠬᠤᠲᠠ ᠨᠢ ᠠᠵᠢᠯ ᠤᠨ ᠭᠤᠤᠯᠳᠠᠯᠭ᠎ᠠ ᠪᠠᠨ ᠲᠥᠪᠯᠡᠷᠡᠭᠦᠯᠦᠭᠰᠡᠨ ᠢᠶᠠᠷ ᠬᠦᠷᠦᠯᠴᠡᠬᠦ ᠦᠭᠡᠶ᠂ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠨᠡᠶᠢᠲᠡᠯᠡᠬᠦ ᠬᠠᠨᠳᠤᠯᠭᠠᠲᠤ ᠴᠢᠨᠠᠷ ᠢᠶᠠᠷ ᠴᠢᠩᠭ᠎ᠠ ᠪᠤᠰᠤ ᠪᠠᠶᠢᠭ᠎ᠠ ᠪᠣᠯᠬᠤᠷ᠂ ᠲᠤᠷᠰᠢᠯᠲᠠ ᠶᠢᠨ  ᠴᠡᠭ ᠤᠨ ᠠᠵᠢᠯ ᠤᠨ ᠰᠡᠳᠬᠢᠮᠵᠢ ᠶᠢᠨ ᠰᠤᠳᠤᠯᠤᠯ ᠪᠣᠯᠤᠨ ᠲᠥᠯᠥᠪᠵᠢᠭᠦᠯᠭᠡ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠳᠠᠷᠠᠭᠠᠴᠢ ᠶᠢᠨ ᠠᠯᠬᠤᠮ ᠤᠨ ᠠᠵᠢᠯ ᠤᠨ ᠴᠢᠭᠯᠡᠯ  ᠢᠶᠠᠨ ᠲᠤᠷᠰᠢᠯᠲᠠ ᠶᠢᠨ ᠴᠡᠭ ᠤᠨ ᠡᠭᠦᠷᠭᠡ ᠲᠦᠰᠦᠯ ᠤᠨ ᠱᠠᠭᠠᠷᠳᠠᠯᠭ᠎ᠠ  ᠳᠠᠭᠠᠨ ᠨᠡᠶᠢᠴᠡᠭᠦᠯᠬᠦ ᠶᠢ ᠦᠨᠡᠨᠬᠦ ᠪᠠᠲᠤᠯᠠᠬᠤ ᠴᠢᠬᠤᠯᠠ ᠲᠠᠢ ᠪᠠᠶᠢᠨ᠎ᠠ᠃      3. ᠲᠠᠷᠠᠭᠠᠴᠢ ᠶᠢᠨ ᠠᠯᠬᠤᠮ ᠤᠨ ᠠᠵᠢᠯ ᠤᠨ ᠱᠠᠭᠠᠷᠳᠠᠯᠭ᠎ᠠ        2024 ᠤᠨ ᠪᠣᠯ ᠲᠤᠷᠰᠢᠯᠲᠠ ᠶᠢᠨ ᠴᠡᠭ ᠤᠨ ᠠᠵᠢᠯ ᠢᠶᠠᠨ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠤᠯᠬᠤ ᠵᠠᠩᠭᠢᠯᠠᠭ᠎ᠠ ᠶᠢᠨ ᠨᠢᠭᠡ ᠵᠢᠯ ᠪᠣᠯᠤᠨ᠎ᠠ᠂ ᠡᠯ᠎ᠡ ᠲᠤᠷᠰᠢᠯᠲᠠ ᠶᠢᠨ ᠬᠤᠲᠠ ᠶᠢᠨ ᠬᠢᠨ ᠲᠠᠨᠢᠯᠲᠠ ᠪᠠᠨ ᠤᠯᠠᠮ ᠴᠢᠨᠠᠭᠰᠢᠳᠠ ᠳᠡᠭᠡᠭᠰᠢᠯᠡᠭᠦᠯᠵᠦ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠲᠠᠢ ᠨᠢᠭᠲᠠ ᠤᠶᠠᠯᠳᠤᠭᠤᠯᠤᠨ᠂ ᠪᠥᠬᠦ ᠤᠯᠤᠰ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠠᠵᠢᠯ ᠤᠨ ᠬᠤᠷᠠᠯ ᠤᠨ ᠠᠵᠢᠯ ᠤᠨ ᠲᠣᠬᠢᠷᠠᠭᠤᠯᠤᠯᠲᠠ ᠶᠢ ᠨᠠᠷᠢᠨ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠥᠷᠥ ᠶᠢᠨ ᠪᠣᠳᠣᠯᠭ᠎ᠠ ᠶᠢᠨ ᠬᠥᠲᠥᠯᠦᠨ ᠵᠢᠯᠣᠭᠤᠳᠬᠤ ᠦᠢᠯᠡᠳᠦᠯ ᠢ ᠭᠦᠢᠴᠡᠳ ᠪᠠᠳᠠᠷᠠᠭᠤᠯᠤᠨ᠂ ᠡᠵᠡᠩᠨᠡᠯᠲᠡ ᠶᠢᠨ ᠭᠤᠤᠯ ᠴᠣᠭᠴᠠ ᠶᠢᠨ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠪᠦᠲᠦᠮᠵᠢᠲᠡᠶ ᠬᠥᠭᠵᠢᠭᠡᠵᠦ᠂ ᠲᠤᠷᠰᠢᠯᠲᠠ ᠶᠢᠨ ᠴᠡᠭ ᠤᠨ ᠠᠵᠢᠯ  ᠢᠶᠠᠨ ᠬᠦᠨᠵᠡᠭᠡᠶᠢᠷᠡᠭᠦᠯᠦᠨ  ᠪᠤᠳᠠᠶᠢᠵᠢᠭᠤᠯᠬᠤ ᠶᠢ ᠲᠠᠰᠤᠷᠠᠯᠲᠠ ᠥᠬᠡᠶ ᠳᠥᠯᠭᠢᠨ ᠠᠬᠢᠭᠤᠯᠵᠤ᠂ 2024 ᠣᠨ ᠤ ᠠᠵᠢᠯ ᠤᠨ ᠡᠭᠦᠷᠭᠡ ᠪᠠᠨ ᠲᠣᠭᠲᠠᠭᠰᠠᠨ ᠬᠤᠭᠤᠴᠠᠭᠠᠨ ᠳᠠᠭᠠᠨ ᠪᠡᠶᠡᠯᠡᠭᠦᠯᠬᠦ ᠶᠢ ᠦᠨᠡᠨ ᠬᠦ ᠪᠠᠲᠤᠯᠠᠵᠤ᠂ ᠣᠶᠢᠯᠠᠭᠠᠵᠤ ᠪᠣᠯᠬᠤ᠂ ᠬᠡᠮᠵᠢᠶᠡᠵᠢᠭᠦᠯᠵᠦ ᠪᠣᠯᠬᠤ᠂ ᠦᠨᠡᠯᠡᠵᠦ ᠪᠣᠯᠬᠤ ᠠᠵᠢᠯ ᠤᠨ ᠦᠷ᠎ᠡ ᠪᠦᠲᠦᠮᠵᠢ ᠶᠢ ᠴᠢᠷᠮᠠᠶᠢᠨ ᠤᠯᠬᠤ ᠬᠡᠷᠡᠭᠲᠡᠶ᠃      ︵ᠨᠢᠭᠡ︶ ᠲᠥᠷᠥ ᠶᠢᠨ ᠪᠣᠳᠣᠯᠭ᠎ᠠ ᠶᠢ ᠨᠠᠶᠢᠳᠠᠪᠦᠷᠢᠵᠢᠭᠤᠯᠤᠨ᠎ᠠ᠃ ᠰᠠᠯᠠᠭ᠎ᠠ ᠮᠥᠴᠢᠷ ᠠᠯᠤᠰᠯᠠᠭᠰᠠᠨ ᠵᠤᠬᠢᠴᠠᠯ ᠲᠣᠭᠲᠠᠴᠠ ᠶᠢᠨ ᠦᠢᠯᠡᠳᠦᠯ  ᠢᠶᠠᠨ ᠭᠦᠢᠴᠡᠳ ᠪᠠᠳᠠᠷᠠᠭᠤᠯᠵᠤ᠂ ᠰᠢᠨᠵᠢᠯᠡᠬᠦ ᠤᠬᠠᠭᠠᠨ ᠤ ᠰᠤᠳᠤᠯᠭᠠᠨ᠂ ᠮᠥᠩᠭᠦᠨ ᠭᠦᠢᠯᠭᠡᠭᠡ᠂ ᠴᠢᠳᠠᠪᠤᠷᠢᠲᠠᠨ ᠵᠡᠷᠭᠡ ᠲᠥᠷᠥ ᠶᠢᠨ ᠪᠣᠳᠣᠯᠭ᠎ᠠ ᠶᠢᠨ ᠡᠬᠢ ᠪᠠᠶᠠᠯᠢᠭ ᠢ ᠣᠶᠤᠨᠴᠢ ᠪᠦᠲᠦᠭᠡᠨ ᠪᠠᠶᠢᠭᠤᠯᠤᠯᠳᠠ ᠶᠢᠨ ᠬᠦᠷᠢᠶ᠎ᠡ ᠴᠠᠷᠠᠭ᠎ᠠ ᠳᠤ ᠣᠷᠣᠭᠤᠯᠬᠤ ᠶᠢ ᠬᠥᠲᠥᠯᠥᠨ ᠵᠢᠯᠣᠭᠤᠳᠴᠤ᠂ ᠪᠠᠷᠢᠯᠭ᠎ᠠ ᠶᠢᠨ ᠠᠵᠤ ᠠᠬᠤᠶᠢᠯᠠᠯ ᠤᠨ ᠬᠡᠯᠪᠡᠷᠢ ᠶᠢ ᠬᠤᠪᠢᠷᠠᠭᠤᠯᠤᠨ  ᠬᠦᠭᠵᠢᠭᠦᠯᠬᠦ ᠬᠡᠷᠡᠭᠴᠡᠭᠡ ᠱᠠᠭᠠᠷᠳᠠᠯᠭ᠎ᠠ ᠶᠢ ᠳᠡᠮᠵᠢᠨ᠎ᠡ᠃ ᠨᠢᠭᠡᠨᠲᠡ ᠨᠡᠶᠢᠲᠡᠯᠡᠭᠰᠡᠨ  ᠲᠡᠮᠵᠢᠯᠭᠡᠳᠦ ᠲᠥᠷᠥ ᠶᠢᠨ ᠪᠣᠳᠣᠯᠭ᠎ᠠ ᠶᠢ ᠲᠦᠷᠭᠡᠳᠬᠡᠨ ᠨᠠᠶᠢᠳᠠᠪᠤᠷᠢᠵᠢᠭᠤᠯᠵᠤ᠂ ᠬᠠᠮᠢᠶ᠎ᠠ ᠪᠦᠬᠦᠢ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠨᠢ ᠠᠵᠤ ᠠᠬᠤᠶᠢᠯᠠᠯ ᠪᠠ ᠲᠥᠷᠥᠯ ᠵᠦᠢᠯ  ᠢ ᠰᠢᠭᠤᠳ ᠲᠡᠮᠵᠢᠬᠦ ᠶᠢ ᠦᠨᠡᠨᠬᠦ ᠪᠠᠲᠤᠯᠠᠵᠤ᠂ ᠪᠦᠲᠦᠮᠵᠢᠲᠡᠶ ᠤᠷᠮᠠᠰᠢᠭᠤᠯᠤᠯ ᠢ ᠪᠣᠶ ᠪᠣᠯᠭᠠᠨ᠎ᠠ᠃ ᠬᠤᠯᠪᠣᠭᠳᠠᠯ ᠪᠦᠬᠦᠢ ᠪᠠᠷᠢᠮᠵᠢᠶ᠎ᠠ ᠶᠢ ᠨᠠᠶᠢᠷᠠᠭᠤᠯᠤᠨ ᠵᠣᠬᠢᠶᠠᠬᠤ ᠪᠠ ᠬᠡᠷᠡᠭᠵᠢᠭᠦᠯᠬᠦ ᠶᠢ ᠰᠤᠳᠤᠯᠤᠨ ᠠᠬᠢᠭᠤᠯᠵᠤ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠰᠢᠨ᠎ᠡ ᠵᠠᠭᠪᠤᠷ ᠪᠣᠯᠤᠨ ᠦᠨ᠎ᠡ ᠪᠣᠳᠣᠬᠤ ᠰᠢᠨ᠎ᠡ ᠳᠦᠷᠢᠮ ᠢ ᠬᠠᠶᠢᠨ ᠰᠦᠪᠡᠭᠴᠢᠯᠡᠨ᠎ᠡ᠃ ᠢᠵᠢ ᠪᠦᠷᠢᠳᠦᠭᠦᠯᠬᠦ ᠳᠦᠷᠢᠮ ᠤᠨ ᠪᠠᠶᠢᠭᠤᠯᠤᠯᠲᠠ ᠶᠢ ᠴᠢᠩᠭᠠᠳᠬᠠᠵᠤ᠂ ᠪᠠᠷᠢᠯᠭ᠎ᠠ ᠶᠢᠨ ᠵᠠᠬ᠎ᠠ ᠳᠡᠯᠭᠡᠭᠦᠷ ᠪᠣᠯᠤᠨ ᠶᠠᠰᠤ ᠴᠢᠨᠠᠷ ᠤᠨ ᠠᠶᠦᠯᠭᠦᠢ ᠶᠢᠨ ᠬᠢᠨᠠᠯᠲᠠ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ  ᠲᠡᠭᠦᠯᠳᠡᠷᠵᠢᠭᠦᠯᠦᠨ᠎ᠡ᠃        ︵ᠬᠤᠶᠠᠷ︶ ᠮᠡᠷᠭᠡᠵᠢᠯ ᠨᠢ ᠪᠤᠳᠠᠳᠤ ᠬᠡᠷᠡᠭᠴᠡᠭᠡ ᠲᠠᠢ ᠨᠡᠶᠢᠴᠡᠬᠦ ᠬᠡᠷᠡᠭᠲᠡᠢ  ᠣᠶᠤᠨᠴᠢ ᠪᠦᠲᠦᠭᠡᠨ ᠪᠠᠶᠢᠭᠤᠯᠤᠯᠳᠠ ᠶᠢᠨ ᠲᠤᠷᠰᠢᠯᠲᠠ ᠶᠢᠨ ᠵᠢᠱᠢᠶᠠᠴᠢ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠢᠶᠠᠷ ᠲᠦᠯᠬᠢᠨ ᠠᠬᠢᠭᠤᠯᠵᠤ᠂ ᠲᠥᠷᠥᠯ ᠵᠦᠢᠯ ᠤᠨ ᠬᠡᠷᠡᠭᠵᠢᠭᠦᠯᠬᠦ ᠦᠷ᠎ᠡ ᠠᠰᠢᠭ ᠢ ᠮᠥᠷᠳᠡᠨ ᠦᠨᠡᠯᠡᠨ ᠵᠢᠱᠢᠵᠦ᠂ ᠶᠠᠰᠤ ᠴᠢᠨᠠᠷ ᠢ ᠳᠡᠭᠡᠭᠰᠢᠯᠡᠭᠦᠯᠬᠦ᠂ ᠥᠪᠡᠷ ᠤᠨ ᠥᠷᠲᠡᠭ ᠢ ᠪᠠᠭᠤᠷᠠᠭᠤᠯᠬᠤ ᠵᠡᠷᠭᠡ ᠲᠠᠯ᠎ᠠ ᠪᠠᠷ ᠨᠢᠭᠡ ᠪᠦᠯᠦᠭ ᠢᠯᠡᠷᠬᠡᠢ ᠦᠷ᠎ᠡ ᠪᠦᠲᠦᠮᠵᠢ ᠤᠯᠬᠤ ᠬᠡᠷᠡᠭᠯᠡᠭᠡᠨ ᠤ ᠮᠡᠷᠭᠡᠵᠢᠯ ᠢ ᠪᠣᠯᠪᠠᠰᠤᠷᠠᠭᠤᠯᠤᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠢ ᠰᠠᠶᠢᠲᠤᠷ ᠬᠡᠷᠡᠭᠯᠡᠵᠦ᠂ ᠦᠢᠯᠡᠳᠪᠦᠷᠢᠯᠡᠯ ᠵᠢᠭᠠᠨ ᠰᠤᠷᠭᠠᠯᠳᠠ ᠰᠤᠳᠤᠯᠭᠠᠨ ᠤ ᠠᠭᠤᠰᠤᠯᠴᠠᠯ ᠢ ᠴᠢᠩᠭᠠᠳᠬᠠᠵᠤ᠂ ᠣᠶᠤᠨᠴᠢ ᠪᠦᠲᠦᠭᠡᠨ ᠪᠠᠶᠢᠭᠤᠯᠤᠯᠳᠠ ᠶᠢᠨ ᠬᠦᠷᠢᠶᠡᠨ ᠤ ᠲᠡᠷᠢᠭᠦᠨ ᠤ ᠮᠡᠷᠭᠡᠵᠢᠯ ᠢ ᠪᠠᠬᠢᠵᠢᠭᠦᠯᠦᠨ ᠳᠡᠭᠡᠭᠰᠢᠯᠡᠭᠦᠯᠦᠨ᠎ᠡ᠃ ᠰᠢᠨᠵᠢᠯᠡᠬᠦ ᠤᠬᠠᠭᠠᠨ ᠤ ᠰᠤᠳᠤᠯᠭᠠᠨ ᠤ ᠲᠥᠷᠥᠯ ᠵᠦᠢᠯ ᠪᠠ ᠲᠤᠷᠰᠢᠯᠲᠠ ᠶᠢᠨ ᠴᠡᠭ ᠤᠨ ᠢᠨᠵᠧᠨᠧᠷᠢᠩ ᠳᠤ ᠲᠦᠰᠢᠭᠯᠡᠨ᠂ ᠨᠢᠭᠡ ᠪᠦᠯᠦᠭ ᠣᠶᠤᠨᠴᠢ ᠪᠦᠲᠦᠭᠡᠨ ᠪᠠᠶᠢᠭᠤᠯᠤᠯᠳᠠ ᠶᠢᠨ ᠬᠦᠷᠢᠶᠡᠨ ᠳᠠᠬᠢ ᠰᠢᠨᠵᠢᠯᠡᠬᠦ ᠤᠬᠠᠭᠠᠨ ᠤ ᠰᠤᠳᠤᠯᠭᠠᠨ ᠤ ᠳᠠᠭᠠᠭᠤᠯᠤᠭᠴᠢ ᠴᠢᠳᠠᠪᠤᠷᠢᠲᠠᠨ᠂ ᠲᠤᠰᠬᠠᠢ ᠮᠡᠷᠭᠡᠵᠢᠯ ᠤᠨ ᠠᠵᠢᠯᠲᠠᠨ ᠪᠠ ᠰᠢᠨ᠎ᠡ ᠬᠡᠯᠪᠡᠷᠢ ᠶᠢᠨ ᠬᠥᠳᠡᠯᠮᠦᠷᠢ ᠦᠢᠯᠡᠴᠢᠯᠡᠭᠡᠨ ᠤ ᠳᠤᠭᠤᠶᠢᠯᠠᠩ ᠢ ᠬᠥᠮᠥᠵᠢᠭᠦᠯᠦᠨ᠎ᠡ᠃      ︵ᠭᠤᠷᠪᠠ︶ ᠠᠵᠤ ᠦᠢᠯᠡᠰ ᠤᠨ ᠬᠡᠯᠪᠡᠷᠢ ᠶᠢ ᠪᠦᠷᠢᠯᠳᠦᠭᠦᠯᠬᠦ ᠬᠡᠷᠡᠭᠲᠡᠶ᠃ ᠨᠥᠬᠦᠴᠡᠯ ᠲᠠᠢ ᠲᠤᠷᠰᠢᠯᠲᠠ ᠶᠢᠨ ᠬᠤᠳᠠ ᠨᠢ ᠣᠶᠤᠨᠴᠢ ᠪᠦᠲᠦᠭᠡᠨ ᠪᠠᠶᠢᠭᠤᠯᠤᠯᠳᠠ ᠶᠢᠨ ᠠᠵᠤ ᠦᠢᠯᠡᠰ ᠤᠨ ᠬᠡᠯᠬᠢᠶ᠎ᠡ ᠶᠢᠨ ᠵᠢᠷᠤᠭ ᠢ ᠰᠤᠳᠤᠯᠤᠨ ᠦᠢᠯᠡᠳᠬᠦ ᠶᠢ ᠵᠣᠷᠢᠭᠵᠢᠭᠤᠯᠵᠤ᠂ ᠠᠵᠤ ᠦᠢᠯᠡᠰ ᠤᠨ ᠬᠥᠭᠵᠢᠯᠲᠡ ᠶᠢᠨ ᠭᠤᠣᠯᠳᠠᠯᠭ᠎ᠠ ᠶᠢ ᠲᠣᠳᠣᠷᠬᠠᠶᠢᠯᠠᠵᠤ᠂ ᠭᠤᠣᠯᠯᠠᠭᠴᠢ ᠠᠵᠤ ᠠᠬᠤᠶᠢᠯᠠᠯ ᠢ ᠯᠠᠪᠳᠠᠭᠤᠨ ᠢᠶᠠᠷ ᠪᠤᠶᠢᠵᠢᠭᠤᠯᠤᠨ᠎ᠠ᠃ ᠣᠶᠤᠨᠴᠢ ᠪᠦᠲᠦᠭᠡᠨ ᠪᠠᠶᠢᠭᠤᠯᠤᠯᠳᠠ ᠶᠢᠨ ᠦᠢᠯᠡᠳᠬᠦᠨ ᠤ ᠦᠷᠳᠡᠭ ᠢ ᠬᠡᠮᠵᠢᠨ ᠪᠤᠳᠤᠬᠤ ᠰᠤᠳᠤᠯᠭᠠᠨ ᠥᠷᠨᠢᠭᠦᠯᠬᠦ ᠶᠢ ᠵᠣᠷᠢᠭᠵᠢᠭᠤᠯᠵᠤ᠂ ᠠᠵᠤ ᠦᠢᠯᠡᠰ ᠤᠨ ᠬᠦᠷᠢᠶᠡᠯᠡᠩ ︵ᠲᠣᠭᠤᠷᠢᠭ︶ ᠢᠶᠠᠷ ᠭᠤᠣᠯᠳᠠᠯᠭ᠎ᠠ ᠪᠣᠯᠭᠠᠨ᠂ ᠦᠢᠯᠡᠳᠬᠦᠨ ᠤ ᠦᠷᠳᠡᠭ ᠢ ᠪᠦᠷᠢᠳᠬᠡᠬᠦ ᠠᠵᠢᠯ ᠥᠷᠨᠢᠭᠦᠯᠬᠦ ᠶᠢ ᠰᠦᠪᠡᠭᠴᠢᠯᠡᠨ᠎ᠡ᠃ ᠣᠷᠣᠨ ᠨᠤᠲᠤᠭ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠮᠡᠷᠭᠡᠵᠢᠯ ᠤᠨ ᠰᠣᠯᠢᠯᠴᠠᠭ᠎ᠠ ᠪᠠ ᠠᠵᠤ ᠦᠢᠯᠡᠰ ᠤᠨ ᠲᠠᠨᠢᠯᠴᠠᠭᠤᠯᠭ᠎ᠠ ᠶᠢᠨ ᠠᠵᠢᠯᠯᠠᠭ᠎ᠠ ᠶᠢ ᠲᠥᠯᠥᠪᠯᠡᠨ ᠡᠷᠭᠢᠯᠡᠵᠦ᠂ ᠬᠠᠭᠤᠯᠪᠤᠷᠢᠯᠠᠵᠤ ᠪᠣᠯᠬᠤ ᠲᠤᠷᠰᠢᠯᠭ᠎ᠠ ᠠᠷᠭ᠎ᠠ ᠬᠢᠳᠡᠯ ᠪᠠ ᠨᠡᠶᠢᠲᠡᠯᠢᠭ ᠬᠡᠷᠡᠭ ᠤᠨ ᠵᠢᠱᠢᠶ᠎ᠡ ᠶᠢ ᠤᠬᠠᠭᠤᠯᠤᠨ ᠳᠡᠯᠭᠡᠷᠡᠭᠦᠯᠵᠦ᠂ ᠰᠢᠯᠢᠳᠡᠭ ᠪᠠᠷᠢᠯᠭ᠎ᠠ ᠶᠢᠨ ᠠᠵᠤ ᠠᠬᠤᠶᠢᠯᠠᠯ ᠤᠨ ᠴᠢᠨᠠᠷ ᠰᠠᠶᠢᠲᠠᠶ ︽ᠭᠠᠳᠠᠭᠰᠢ ᠭᠠᠷᠬᠤ︾ ᠶᠢ ᠳᠡᠮᠵᠢᠨ᠎ᠡ᠃      ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠠᠴᠠ ᠡᠯ᠎ᠡ ᠲᠤᠷᠰᠢᠯᠲᠠ ᠶᠢᠨ ᠬᠤᠲᠠ ᠶᠢᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠠᠬᠢᠴᠠ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ᠂ ᠠᠵᠤ ᠠᠬᠤᠶ ᠨᠡᠶᠢᠭᠡᠮ ᠤᠨ ᠦᠷ᠎ᠡ ᠠᠰᠢᠭ ᠵᠡᠷᠭᠡ ᠶᠢ ᠦᠷᠭᠦᠯᠵᠢᠯᠡᠨ ᠮᠥᠷᠳᠡᠨ ᠪᠠᠶᠢᠴᠠᠭᠠᠨ ᠰᠤᠳᠤᠯᠵᠤ᠂ ᠬᠠᠭᠤᠯᠪᠤᠷᠢᠯᠠᠵᠤ ᠪᠣᠯᠬᠤ ᠲᠤᠷᠰᠢᠯᠭ᠎ᠠ ᠠᠷᠭ᠎ᠠ ᠬᠢᠳᠡᠯ᠂ ᠲᠡᠷᠢᠭᠦᠨ ᠤ ᠬᠡᠷᠡᠭᠯᠡᠭᠡᠨ ᠤ ᠮᠡᠷᠭᠡᠵᠢᠯ ᠪᠠ ᠨᠡᠶᠢᠲᠡᠯᠢᠭ ᠢᠨᠵᠧᠨᠧᠷᠢᠩ ᠤᠨ ᠬᠡᠷᠡᠭ ᠤᠨ ᠵᠢᠱᠢᠶ᠎ᠡ ᠶᠢ ᠠᠵᠢᠯ ᠲᠥᠷᠥᠯ ᠤᠨ ᠬᠦᠷᠢᠶᠡᠨ ᠳᠤ ᠳᠡᠯᠭᠡᠷᠡᠭᠦᠯᠦᠨ᠎ᠡ᠃    ᠢᠷᠡᠯᠲᠡ᠄ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ ᠤ ᠰᠦᠯᠵᠢᠶ᠎ᠡ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1