ᠰᠢᠨ᠎ᠡ ᠶᠢᠩᠽᠢ ᠪᠠᠯᠭᠠᠰᠤ 2024 ᠣᠨ ᠤ ︽ᠦᠨᠡᠨᠴᠢ ᠢᠲᠡᠭᠡᠮᠵᠢ ᠶᠢᠨ ᠪᠠᠶᠢᠭᠤᠯᠤᠯᠲᠠ︾ ᠶᠢᠨ ᠭᠤᠤᠯ ᠰᠡᠳᠦᠪᠲᠦ ᠤᠬᠠᠭᠤᠯᠤᠨ ᠲᠠᠶᠢᠯᠪᠤᠷᠢᠯᠠᠬᠤ ᠬᠤᠷᠠᠯ ᠡᠷᠭᠢᠯᠡᠪᠡ
ᠨᠡᠶᠢᠲᠡᠯᠡᠭᠰᠡᠨ ᠴᠠᠭ᠄
2024/6/24
      ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠤᠯᠠᠮ ᠨᠢᠭᠡ ᠠᠯᠬᠤᠮ ᠲᠦᠯᠬᠢᠨ ᠠᠬᠢᠭᠤᠯᠵᠤ᠂ ᠠᠯᠪᠠᠲᠠᠨ ᠤ ᠦᠨᠡᠨᠴᠢ ᠢᠲᠡᠭᠡᠮᠵᠢ ᠶᠢᠨ ᠬᠥᠮᠦᠵᠢᠯ ᠢ ᠴᠢᠩᠭᠠᠳᠬᠠᠨ᠂ ᠠᠯᠪᠠᠲᠠᠨ ᠤ ᠨᠡᠶᠢᠭᠡᠮ ᠤᠨ ᠦᠨᠡᠨᠴᠢ ᠢᠲᠡᠭᠡᠮᠵᠢ ᠶᠢᠨ ᠳᠤᠮᠳᠠᠬᠢ ᠦᠯᠢᠭᠡᠷ ᠳᠠᠭᠤᠷᠢᠶᠠᠯ ᠤᠨ ᠦᠢᠯᠡᠳᠦᠯ ᠢ ᠭᠦᠢᠴᠡᠳ ᠪᠠᠳᠠᠷᠠᠭᠤᠯᠬᠤ ᠶᠢᠨ ᠲᠥᠯᠥᠭᠡ᠂ 6 ᠳ᠋ᠤᠭᠠᠷ ᠰᠠᠷ᠎ᠠ ᠶᠢᠨ 21 ᠤ ᠡᠳᠦᠷ᠂ ᠰᠢᠨ᠎ᠡ ᠶᠢᠩᠽᠢ ᠪᠠᠯᠭᠠᠰᠤ ︽ᠦᠨᠡᠨᠴᠢ ᠢᠲᠡᠭᠡᠮᠵᠢ ᠶᠢᠨ ᠪᠠᠶᠢᠭᠤᠯᠤᠯᠲᠠ︾ ᠶᠢᠨ ᠭᠤᠣᠯ ᠰᠡᠳᠦᠪᠲᠦ ᠤᠬᠠᠭᠤᠯᠤᠨ ᠲᠠᠶᠢᠯᠪᠤᠷᠢᠯᠠᠬᠤ ᠬᠤᠷᠠᠯ ᠢ ᠡᠷᠬᠢᠯᠡᠪᠡ᠃
     ᠤᠬᠠᠭᠤᠯᠤᠨ ᠲᠠᠶᠢᠯᠪᠤᠷᠢᠯᠠᠬᠤ ᠬᠤᠷᠠᠯ ᠨᠢ ᠥᠪᠥᠷ ᠮᠣᠩᠭᠤᠯ ᠤᠨ ᠱᠠᠩᠳᠤ ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠤᠨ ᠳ᠋ᠢᠶᠤᠤ ᠶᠠᠨ ᠨᠠᠨ ᠬᠠᠤᠯᠢᠴᠢ ᠶᠢ ᠤᠷᠢᠵᠤ ᠵᠠᠰᠠᠭ ᠤᠨ ᠣᠷᠳᠣᠨ ᠤ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠭᠤᠣᠯᠳᠠᠯᠭ᠎ᠠ ᠲᠠᠢ ᠠᠵᠢᠯ ᠲᠠᠢ ᠨᠢᠭᠲᠠ ᠤᠶᠠᠯᠳᠤᠭᠤᠯᠤᠨ᠂ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ ᠠᠵᠢᠯ ᠤᠨ ᠭᠤᠣᠯᠳᠠᠯᠭ᠎ᠠ ᠲᠠᠢ ᠡᠭᠦᠷᠭᠡ ᠶᠢ ᠵᠠᠳᠠᠯᠵᠤ᠂ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ ᠦᠨᠳᠦᠰᠦᠨ ᠤᠬᠠᠭᠳᠠᠬᠤᠨ᠂ ᠦᠨᠳᠦᠰᠦᠨ ᠪᠣᠷᠣ ᠲᠥᠯᠥᠪ ᠢ ᠨᠠᠷᠢᠨ ᠲᠠᠨᠢᠯᠴᠠᠭᠤᠯᠬᠤ ᠶᠢᠨ ᠬᠠᠮᠲᠤ ᠨᠢᠭᠡᠳ ᠨᠢᠭᠡ ᠪᠠᠷ ᠲᠠᠶᠢᠯᠤᠮᠵᠢ ᠬᠢᠪᠡ᠃ ᠪᠤᠯᠪᠠᠰᠤᠷᠠᠯ ᠤᠨ ᠠᠭᠤᠯᠭ᠎ᠠ ᠶᠢᠨ ᠲᠣᠭᠤᠷᠢᠨ ᠳᠤ᠂ ᠠᠯᠪᠠᠲᠠᠨ ᠤ ᠦᠨᠡᠨᠴᠢ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢᠨ ᠴᠢᠬᠤᠯᠠ ᠠᠴᠢ ᠬᠤᠯᠪᠣᠭᠳᠠᠯ ᠢ ᠭᠦᠨᠵᠡᠭᠡᠶ ᠣᠶᠢᠯᠠᠭᠠᠬᠤ ᠶᠢ ᠵᠣᠷᠢᠭᠵᠢᠭᠤᠯᠵᠤ᠂ ᠠᠯᠪᠠᠲᠠᠨ ᠤ ᠠᠵᠢᠯ ᠮᠡᠷᠭᠡᠵᠢᠯ ᠤᠨ ᠶᠣᠰᠣ ᠮᠣᠷᠠᠯ ᠪᠠ ᠠᠵᠢᠯ ᠮᠡᠷᠭᠡᠵᠢᠯ ᠤᠨ ᠬᠡᠪ ᠴᠢᠨᠠᠷ ᠤᠨ ᠬᠥᠮᠦᠵᠢᠯ ᠢ ᠤᠬᠠᠮᠰᠠᠷ ᠠᠴᠠ ᠪᠠᠨ ᠴᠢᠩᠭᠠᠳᠬᠠᠵᠤ᠂ ᠲᠣᠭᠲᠠᠬᠤ ᠶᠢᠨ ᠬᠠᠤᠯᠢ ᠪᠠᠷ ᠵᠠᠰᠠᠬᠤ ᠪᠠᠶᠢᠭᠤᠯᠤᠯᠲᠠ ᠶᠢ ᠠᠬᠢᠭᠤᠯᠬᠤ ᠳᠤ ᠬᠤᠪᠢ ᠬᠥᠮᠦᠨ ᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠶ᠃ ᠠᠯᠪᠠᠲᠠᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠦᠨᠡᠨᠬᠦ ᠴᠢᠩᠭᠠᠳᠬᠠᠵᠤ᠂ ᠦᠨᠡᠨᠴᠢ ᠰᠢᠳᠤᠷᠭᠤ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠬᠦ ᠰᠠᠶᠢᠨ ᠺᠠᠳ᠋ᠷ ᠪᠤᠯᠵᠤ᠂ ᠢᠲᠡᠭᠡᠯ ᠵᠣᠷᠢᠭ ᠢᠶᠠᠨ ᠪᠠᠲᠤᠳᠬᠠᠨ ᠦᠨᠡᠨᠴᠢ ᠢᠲᠡᠭᠡᠮᠵᠢᠲᠡᠢ ᠪᠠᠶᠢᠬᠤ ᠶᠢ ᠡᠷᠬᠢᠮᠯᠡᠵᠦ᠂ ᠠᠷᠠᠳ ᠲᠦᠮᠡᠨ ᠳᠤ ᠦᠢᠯᠡᠴᠢᠯᠡᠵᠦ ᠦᠨᠡᠨᠴᠢ ᠢᠲᠡᠭᠡᠮᠵᠢᠲᠡᠢ ᠪᠠᠶᠢᠬᠤ᠂ ᠲᠥᠪ ᠭᠤᠣᠯᠴᠢ ᠠᠷᠢᠭᠤᠨ ᠴᠢᠬᠡᠴᠢ ᠦᠨᠡᠨᠴᠢ ᠢᠲᠡᠭᠡᠮᠵᠢ ᠲᠠᠢ ᠪᠠᠶᠢᠬᠤ ᠶᠢ ᠪᠠᠲᠤᠯᠠᠵᠤ᠂ ᠢᠮᠠᠭᠲᠠ ᠵᠢᠱᠢᠶ᠎ᠡ ᠦᠵᠡᠭᠦᠯᠬᠦ ᠴᠢᠨᠠᠷ᠂ ᠦᠯᠢᠭᠡᠷ ᠳᠠᠭᠤᠷᠢᠶᠠᠯ ᠤᠨ ᠴᠢᠨᠠᠷ ᠪᠣᠯᠤᠨ ᠬᠦᠳᠦᠯᠦᠨ ᠵᠢᠯᠣᠭᠤᠳᠬᠤ ᠴᠢᠨᠠᠷ ᠢ ᠠᠵᠢᠯ ᠤᠨ ᠳᠤᠮᠳᠠᠬᠢ ᠠᠵᠢᠯᠯᠠᠭᠠᠨ ᠤ ᠵᠢᠷᠤᠮᠵᠢᠯ ᠤᠨ ᠪᠠᠷᠢᠮᠵᠢᠶ᠎ᠠ ᠪᠣᠯᠭᠠᠵᠤ᠂ ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠦᠨᠡᠨᠴᠢ ᠢᠲᠡᠭᠡᠮᠵᠢ ᠶᠢᠨ ᠤᠤᠷ ᠴᠢᠨᠠᠷ ᠢᠶᠠᠨ ᠢᠯᠡᠷᠡᠭᠦᠯᠵᠦ᠂ ᠦᠨᠡᠨᠴᠢ ᠢᠲᠡᠭᠡᠮᠵᠢᠲᠡᠢ ᠶᠣᠰᠣ ᠰᠤᠷᠲᠠᠬᠤᠨ ᠤ ᠵᠢᠱᠢᠶᠡᠴᠢ ᠪᠣᠯᠬᠤ ᠪᠠᠷ ᠴᠢᠷᠮᠠᠶᠢᠬᠤ ᠬᠡᠷᠡᠭᠲᠡᠢ᠃ ᠲᠣᠰ ᠤᠳᠠᠭᠠᠨ ᠤ  ᠪᠤᠯᠪᠠᠰᠤᠷᠠᠯ ᠤᠨ ᠠᠵᠢᠯᠯᠠᠭ᠎ᠠ ᠨᠢ ᠦᠨᠡᠨᠴᠢ ᠢᠲᠡᠭᠡᠮᠵᠢᠲᠡᠶ ᠪᠠᠷ ᠡᠭᠦᠷᠭᠡ ᠲᠤᠰᠢᠶᠠᠯ ᠢᠶᠠᠨ ᠭᠦᠢᠴᠡᠳᠭᠡᠬᠦ ᠦᠵᠡᠯ ᠤᠬᠠᠮᠰᠠᠷ ᠢ ᠤᠯᠠᠮ ᠨᠢᠭᠡ ᠠᠯᠬᠤᠮ ᠴᠢᠩᠭᠠᠷᠠᠭᠤᠯᠵᠤ᠂ ᠬᠤᠪᠢ ᠬᠥᠮᠦᠨ ᠤ ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠳᠠᠬᠢ ᠦᠢᠯᠡᠳᠦᠯ ᠢ ᠭᠦᠢᠴᠡᠳ ᠪᠠᠳᠠᠷᠠᠭᠤᠯᠬᠤ ᠳᠤ ᠰᠠᠭᠤᠷᠢ ᠶᠢ ᠪᠠᠲᠤᠳᠬᠠᠪᠠ᠃
     ᠲᠣᠰ ᠤᠳᠠᠭᠠᠨ ᠤ ᠰᠤᠷᠤᠯᠴᠠᠯᠭ᠎ᠠ ᠪᠠᠷ ᠳᠠᠮᠵᠢᠭᠤᠯᠤᠨ᠂ ᠺᠠᠳ᠋ᠷ ᠠᠵᠢᠯᠲᠠᠨ ᠠᠵᠢᠯᠴᠢᠨ ᠤ ᠦᠨᠡᠨᠴᠢ ᠢᠲᠡᠭᠡᠮᠵᠢ ᠶᠢᠨ ᠤᠬᠠᠮᠰᠠᠷ ᠢ ᠪᠦᠲᠦᠮᠵᠢᠲᠡᠶ ᠳᠡᠭᠡᠭᠰᠢᠯᠡᠭᠦᠯᠪᠡ᠃ ᠳᠠᠷᠠᠭᠠᠴᠢ ᠶᠢᠨ ᠠᠯᠬᠤᠮ ᠳᠤ᠂ ᠰᠢᠨ᠎ᠡ ᠶᠢᠩᠽᠢ ᠪᠠᠯᠭᠠᠰᠤᠨ ᠤ ᠵᠠᠰᠠᠭ ᠤᠨ ᠣᠷᠳᠣᠨ ᠪᠣᠯᠤᠨ ᠬᠠᠤᠯᠢ ᠴᠠᠭᠠᠵᠠ ᠶᠢᠨ ᠰᠠᠯᠪᠣᠷᠢ ᠨᠢ ᠦᠨᠡᠨᠴᠢ ᠢᠲᠡᠭᠡᠮᠵᠢ ᠶᠢᠨ ᠤᠬᠠᠭᠤᠯᠭ᠎ᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠡᠷᠬᠡ ᠲᠡᠭᠰᠢ᠂ ᠲᠥᠪ ᠭᠤᠣᠯᠴᠢ᠂ ᠬᠠᠤᠯᠢ ᠶᠣᠰᠣᠭᠠᠷ᠂ ᠲᠦᠷᠢᠮ ᠲᠣᠭᠲᠠᠭᠠᠯ ᠶᠣᠰᠣᠭᠠᠷ᠂ ᠦᠨᠡᠨᠴᠢ ᠢᠲᠡᠭᠡᠮᠵᠢ᠂ ᠪᠣᠳᠠᠲᠠᠢ ᠶᠢ ᠡᠷᠬᠢᠮᠯᠡᠬᠦ ᠣᠷᠴᠢᠨ ᠲᠣᠭᠤᠷᠢᠨ ᠢ ᠪᠤᠢ ᠪᠣᠯᠭᠠᠵᠤ᠂ ᠪᠦᠬᠦ ᠪᠠᠯᠭᠠᠰᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠣᠯᠤᠨ᠎ᠠ᠃ ᠢᠷᠡᠯᠳᠡ᠄ ᠲᠣᠭᠲᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠶᠦᠨ ᠵᠦᠩ ᠬᠠᠮ ᠵᠠᠭᠤᠴᠢᠯᠠᠭᠤᠷ  
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1