ᠤᠶᠢᠷ᠎ᠠ ᠳᠤ᠂ ᠲᠢᠶᠠᠨᠵᠢᠨ ᠬᠤᠲᠠ ᠶᠢᠨ ᠾᠧ ᠰᠢ ᠲᠣᠭᠤᠷᠢᠭ ᠤᠨ ᠯᠢ ᠮᠢᠨ ᠵᠠᠮ ᠤᠨ ᠬᠦᠴᠦᠳᠡᠯ | ᠥᠭᠡᠷᠡᠴᠢᠯᠡᠬᠦ ᠥᠷᠲᠡᠭᠡ ᠶᠢᠨ ᠪᠠᠶᠢᠴᠠᠭᠠᠨ ᠵᠠᠰᠠᠬᠤ ᠲᠤᠬᠠᠢ ᠶᠢᠨ ᠲᠠᠯᠠᠪᠠᠢ ᠳᠤ᠂ ᠶᠡᠷᠦᠩᠬᠡᠢ ᠬᠦᠨᠳᠦ ᠨᠢ 160 | ᠭᠠᠷᠤᠢ ᠲᠤᠨ ᠤ ᠰᠢᠨ᠎ᠡ ᠬᠦᠴᠦᠳᠡᠯ ᠥᠭᠡᠷᠡᠴᠢᠯᠡᠭᠴᠢ ᠶᠢ ᠤᠭᠰᠠᠷᠠᠵᠤ ᠲᠠᠭᠤᠰᠬᠠᠪᠠ᠂ ᠨᠢᠭᠡᠨᠲᠡ 23 ᠵᠢᠯ | ᠬᠡᠷᠡᠭᠯᠡᠭᠰᠡᠨ ᠬᠠᠭᠤᠴᠢᠨ ᠬᠦᠴᠦᠳᠡᠯ ᠥᠭᠡᠷᠡᠴᠢᠯᠡᠭᠴᠢ ᠶᠢ ᠰᠤᠯᠢᠪᠠ᠃ | ᠣᠶᠢᠯᠠᠭᠠᠭᠰᠠᠨ ᠢᠶᠠᠷ᠂ ᠲᠢᠶᠠᠨᠵᠢᠨ ᠤ ᠴᠠᠬᠢᠯᠭᠠᠨ ᠲᠣᠤᠷ ᠤᠨ ᠲᠣᠭᠲᠠᠪᠤᠷᠢᠲᠤ ᠴᠢᠨᠠᠷ ᠢ ᠤᠯᠠᠮ ᠨᠢᠭᠡ | ᠠᠯᠬᠤᠮ ᠴᠢᠩᠭᠠᠳᠬᠠᠬᠤ ᠶᠢᠨ ᠲᠥᠯᠥᠭᠡ᠂ ᠤᠯᠤᠰ ᠤᠨ ᠴᠠᠬᠢᠯᠭᠠᠨ ᠲᠣᠤᠷ ᠤᠨ ᠲᠢᠶᠠᠨᠵᠢᠨ ᠬᠤᠲᠠ ᠶᠢᠨ ᠴᠠᠬᠢᠯᠭᠠᠨ | ᠬᠦᠴᠦᠨ ᠤ ᠺᠣᠮᠫᠠᠨᠢ ᠡᠨᠧᠷᠭᠢ ᠶᠢᠨ ᠲᠥᠬᠦᠭᠡᠷᠦᠮᠵᠢ ᠶᠢᠨ ᠰᠢᠨᠡᠴᠢᠯᠡᠯᠳᠡ ᠪᠠ ᠮᠡᠷᠭᠡᠵᠢᠯ ᠤᠨ ᠥᠭᠡᠷᠡᠴᠢᠯᠡᠯᠲᠡ ᠶᠢ | ᠳᠥᠯᠭᠢᠨ ᠠᠬᠢᠭᠤᠯᠤᠨ᠎ᠠ᠂ 2024 ᠣᠨ ᠳᠤ 7 ᠳ᠋ᠦᠩᠰᠢᠭᠤᠷ ᠲᠥᠭᠦᠷᠢᠭ ᠪᠡᠯᠡ ᠤᠷᠤᠭᠤᠯᠵᠦ ᠬᠠᠭᠤᠴᠢᠨ | ᠴᠠᠬᠢᠯᠭᠠᠨ ᠤᠳᠠᠰᠤ᠂ ᠨᠡᠭᠡᠯᠬᠡᠢ ᠶᠢᠨ ᠬᠤᠷᠭᠤ᠂ ᠬᠠᠭᠤᠴᠢᠨ ᠴᠠᠬᠢᠯᠭᠠᠨ ᠤᠳᠠᠰᠤ ᠶᠢᠨ ᠪᠠᠭᠠᠨ᠎ᠠ ᠵᠡᠷᠭᠡ | ᠵᠠᠩᠭᠢᠯᠠᠭ᠎ᠠ ᠶᠢᠨ ᠴᠠᠬᠢᠯᠭᠠᠨ ᠬᠦᠴᠦᠨ ᠤ ᠲᠥᠬᠦᠭᠡᠷᠦᠮᠵᠢ ᠶᠢ ᠲᠠᠰ ᠳᠡᠪᠰᠢᠭᠦᠯᠬᠦ ᠪᠠᠷ ᠲᠥᠯᠥᠪᠯᠡᠵᠦ᠂ ᠵᠢᠱᠢᠯᠲᠡ ᠪᠠᠷ | ᠡᠨᠧᠷᠭᠢ ᠶᠢᠨ ᠬᠤᠷᠣᠭᠳᠠᠯ ᠶᠡᠬᠡᠲᠡᠶ 400 ᠭᠠᠷᠤᠶ ᠬᠦᠴᠦᠳᠡᠯ ᠥᠭᠡᠷᠡᠴᠢᠯᠡᠭᠴᠢ ᠶᠢ ᠰᠢᠨᠡᠳᠬᠡᠨ ᠲᠠᠰ | ᠳᠡᠪᠰᠢᠭᠦᠯᠦᠨ᠎ᠡ᠃ | ᠡᠨᠡ ᠪᠣᠯ ᠡᠯ᠎ᠡ ᠭᠠᠵᠠᠷ ᠤᠨ ᠶᠡᠭᠡ ᠬᠡᠪᠴᠢᠶᠡᠨ ᠤ ᠲᠣᠨᠤᠭ ᠲᠥᠬᠦᠭᠡᠷᠦᠮᠵᠢ ᠶᠢᠨ ᠰᠢᠨᠡᠴᠢᠯᠡᠯᠲᠡ ᠶᠢ | ᠠᠬᠢᠭᠤᠯᠬᠤ ᠬᠤᠷᠢᠶᠠᠩᠭᠤᠢ ᠳᠦᠷᠰᠦ ᠪᠣᠯᠣᠨ᠎ᠠ᠃ | ᠲᠣᠨᠤᠭ ᠲᠥᠬᠦᠭᠡᠷᠦᠮᠵᠢ ᠶᠢᠨ ᠰᠢᠨᠡᠴᠢᠯᠡᠯᠲᠡ ᠶᠢᠨ ᠬᠠᠷᠠᠯᠳᠠ ᠠᠷᠭ᠎ᠠ ᠮᠠᠶ᠋ᠢᠭ ᠲᠤᠳᠤᠷᠬᠠᠢ | ᠲᠣᠨᠤᠭ ᠲᠥᠬᠦᠭᠡᠷᠦᠮᠵᠢ ᠶᠢᠨ ᠰᠢᠨᠡᠴᠢᠯᠡᠯᠲᠡ ᠶᠢᠨ ᠵᠠᠬ᠎ᠠ ᠳᠡᠯᠭᠡᠭᠦᠷ ᠤᠨ ᠬᠡᠪᠴᠢᠶ᠎ᠡ ᠨᠢ ᠠᠤᠭ᠎ᠠ ᠶᠡᠭᠡ᠃ | ᠲᠤᠭ᠎ᠠ ᠪᠠᠷᠢᠮᠲᠠ ᠠᠴᠠ ᠦᠵᠡᠪᠡᠯ᠂ ᠨᠢᠳᠤᠨᠤᠨ ᠮᠠᠨ ᠤ ᠤᠯᠤᠰ ᠤᠨ ᠠᠵᠤ ᠦᠢᠯᠡᠳᠪᠦᠷᠢ᠂ ᠬᠥᠳᠡᠭᠡ ᠠᠵᠤ | ᠠᠬᠤᠶ ᠵᠡᠷᠭᠡ ᠭᠤᠣᠯᠳᠠᠯᠭ᠎ᠠ ᠲᠠᠢ ᠬᠦᠷᠢᠶᠡᠨ ᠤ ᠲᠥᠬᠦᠭᠡᠷᠦᠮᠵᠢ ᠶᠢᠨ ᠪᠡᠯᠡ ᠣᠷᠣᠭᠤᠯᠤᠯᠲᠠ ᠶᠢᠨ ᠬᠡᠪᠴᠢᠶ᠎ᠡ ᠪᠠᠷᠤᠭ | 4 .9 ᠲᠦᠮᠡᠨ ᠳ᠋ᠦᠩᠰᠢᠭᠤᠷ ᠲᠦᠭᠦᠷᠢᠭ ᠬᠦᠷᠴᠡᠶ᠃ | ᠡᠨᠡ ᠵᠢᠯ ᠤᠨ 3 ᠳ᠋ᠤᠭᠠᠷ ᠰᠠᠷ᠎ᠠ ᠳᠤ᠂ ᠲᠥᠷᠥ ᠶᠢᠨ ᠶᠠᠪᠤᠳᠠᠯ ᠤᠨ ᠬᠤᠷᠢᠶ᠎ᠠ ᠠᠴᠠ ︽ᠶᠡᠭᠡ ᠬᠡᠪᠴᠢᠶᠡᠨ ᠤ | ᠲᠥᠬᠦᠭᠡᠷᠦᠮᠵᠢ ᠶᠢᠨ ᠰᠢᠨᠡᠴᠢᠯᠡᠯᠲᠡ ᠪᠠ ᠬᠡᠷᠡᠭᠯᠡᠭᠡᠨ ᠤ ᠵᠦᠢᠯᠡᠰ ᠢ ᠬᠠᠭᠤᠴᠢᠨ ᠢᠶᠠᠷ ᠰᠢᠨ᠎ᠡ ᠶᠢ ᠰᠣᠯᠢᠬᠤ ᠶᠢ | ᠠᠬᠢᠭᠤᠯᠬᠤ ᠠᠵᠢᠯᠯᠠᠭᠠᠨ ᠤ ᠲᠥᠰᠥᠯ︾ ︵ᠳᠣᠷᠣᠭᠰᠢ ︽ᠠᠵᠢᠯᠯᠠᠭᠠᠨ ᠤ ᠲᠥᠰᠥᠯ︾ ᠭᠡᠵᠦ ᠲᠣᠪᠴᠢᠯᠠᠨ᠎ᠠ︶ ᠢ | ᠳᠠᠷᠤᠮᠠᠯᠯᠠᠨ ᠲᠠᠷᠬᠠᠭᠠᠵᠤ᠂ 2027 ᠤᠨ ᠪᠤᠯᠳᠠᠯ᠎ᠠ᠂ ᠠᠵᠤ ᠦᠢᠯᠡᠳᠪᠦᠷᠢ᠂ ᠲᠠᠷᠢᠶᠠᠯᠠᠩ᠂ ᠪᠠᠷᠢᠯᠭ᠎ᠠ᠂ ᠵᠠᠮ | ᠬᠠᠷᠢᠯᠴᠠᠭ᠎ᠠ᠂ ᠰᠤᠷᠭᠠᠨ ᠬᠥᠮᠦᠵᠢᠯ᠂ ᠰᠣᠶᠣᠯ ᠵᠢᠭᠤᠯᠴᠢᠯᠠᠯ᠂ ᠡᠮᠴᠢᠯᠡᠭᠡ ᠵᠡᠷᠭᠡ ᠬᠦᠷᠢᠶᠡᠨ ᠤ ᠲᠥᠬᠦᠭᠡᠷᠦᠮᠵᠢ ᠶᠢᠨ | ᠪᠡᠯᠡ ᠣᠷᠣᠭᠤᠯᠤᠯᠲᠠ ᠶᠢ 2023 ᠣᠨ ᠤ ᠬᠢ ᠠᠴᠠ 25% ᠠᠴᠠ ᠳᠡᠭᠡᠭᠰᠢ ᠨᠡᠮᠡᠭᠳᠡᠭᠦᠯᠦᠨ᠎ᠡ ᠭᠡᠵᠦ ᠲᠤᠷᠠᠳᠤᠨ | ᠭᠠᠷᠭᠠᠪᠠ᠃ | ᠲᠣᠨᠤᠭ ᠲᠥᠬᠦᠭᠡᠷᠦᠮᠵᠢ ᠶᠢᠨ ᠰᠢᠨᠡᠴᠢᠯᠡᠯᠲᠡ ᠨᠢ ᠨᠡᠭᠡᠨᠳᠡ ᠲᠤᠳᠤᠷᠬᠠᠢ ᠬᠠᠷᠠᠯᠳᠠ ᠠᠷᠭ᠎ᠠ ᠮᠠᠶ᠋ᠢᠭ ᠲᠠᠢ | ᠪᠣᠯᠵᠠᠢ᠃ | ︽ᠠᠵᠢᠯᠯᠠᠭᠠᠨ ᠤ ᠲᠥᠰᠦᠯ︾ ᠳᠤ᠂ ︽ᠲᠥᠬᠦᠭᠡᠷᠦᠮᠵᠢ ᠶᠢᠨ ᠰᠢᠨᠡᠴᠢᠯᠡᠯᠲᠡ ᠶᠢᠨ ᠠᠵᠢᠯᠯᠠᠭ᠎ᠠ︾ ᠶᠢ | ᠬᠡᠷᠡᠭᠵᠢᠭᠦᠯᠬᠦ ᠳᠤ ᠭᠤᠤᠯᠳᠠᠭᠤ ᠭᠤᠤᠯᠳᠠᠯᠭ᠎ᠠ ᠲᠠᠢ ᠠᠵᠢᠯ ᠲᠥᠷᠥᠯ ᠤᠨ ᠲᠥᠬᠦᠭᠡᠷᠦᠮᠵᠢ ᠶᠢ ᠰᠢᠨᠡᠳᠬᠡᠨ | ᠥᠭᠡᠷᠡᠴᠢᠯᠡᠬᠦ ᠶᠢ ᠠᠬᠢᠭᠤᠯᠬᠤ᠂ ᠪᠠᠷᠢᠯᠭ᠎ᠠ ᠪᠠ ᠬᠤᠲᠠ ᠶᠢᠨ ᠶᠠᠪᠤᠳᠠᠯ ᠤᠨ ᠰᠠᠭᠤᠷᠢ ᠲᠥᠬᠦᠭᠡᠷᠦᠮᠵᠢ ᠶᠢᠨ | ᠰᠢᠨᠡᠴᠢᠯᠡᠯᠲᠡ ᠶᠢ ᠲᠦᠷᠭᠡᠳᠬᠡᠬᠦ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠥᠬᠦᠭᠡᠷᠦᠮᠵᠢ ᠪᠠ ᠬᠠᠭᠤᠴᠢᠨ | ᠲᠠᠷᠢᠶᠠᠯᠠᠩ ᠤᠨ ᠮᠠᠰᠢᠨ ᠢ ᠰᠢᠨᠡᠳᠬᠡᠬᠦ ᠶᠢ ᠳᠡᠮᠵᠢᠵᠦ᠂ ᠰᠤᠷᠭᠠᠨ ᠬᠥᠮᠦᠵᠢᠯ ᠰᠣᠶᠣᠯ ᠵᠢᠭᠤᠯᠴᠢᠯᠠᠯ ᠡᠮᠴᠢᠯᠡᠭᠡᠨ ᠤ | ᠲᠥᠬᠦᠭᠡᠷᠦᠮᠵᠢ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠵᠡᠷᠭᠡ 4 ᠲᠠᠯ᠎ᠠ ᠠᠴᠠ ᠭᠠᠷᠳᠠᠨ᠎ᠠ ᠭᠡᠵᠤ ᠲᠤᠷᠠᠳᠤᠨ | ᠭᠠᠷᠭᠠᠵᠠᠢ᠃ | ︽ᠠᠵᠢᠯᠯᠠᠭᠠᠨ ᠤ ᠲᠥᠰᠦᠯ︾ ᠳᠤ᠂ ᠭᠤᠤᠯᠳᠠᠯᠭ᠎ᠠ ᠲᠠᠢ ᠠᠵᠢᠯ ᠲᠥᠷᠥᠯ ᠤᠨ ᠲᠥᠬᠦᠭᠡᠷᠦᠮᠵᠢ ᠶᠢ | ᠰᠢᠨᠡᠳᠬᠡᠨ ᠥᠭᠡᠷᠡᠴᠢᠯᠡᠬᠦ ᠲᠠᠯ᠎ᠠ ᠪᠠᠷ᠂ ᠪᠣᠯᠣᠳ ᠲᠡᠮᠦᠷ᠂ ᠥᠩᠭᠡᠲᠦ ᠲᠡᠮᠦᠷᠯᠢᠭ᠂ ᠴᠢᠯᠠᠭᠤᠨ ᠲᠣᠰᠣ᠂ ᠬᠢᠮᠢ ᠶᠢᠨ | ᠠᠵᠤ ᠦᠢᠯᠡᠳᠪᠦᠷᠢ᠂ ᠪᠠᠷᠢᠯᠭ᠎ᠠ ᠶᠢᠨ ᠮᠠᠲ᠋ᠧᠷᠢᠶᠠᠯ᠂ ᠴᠠᠬᠢᠯᠭᠠᠨ ᠬᠦᠴᠦᠨ᠂ ᠮᠠᠰᠢᠨ ᠮᠢᠸ᠋ᠬᠠᠨᠢᠭ᠂ ᠠᠭᠠᠷ ᠠᠶᠠᠯᠠᠯ᠂ | ᠣᠩᠭᠤᠴᠠ ᠰᠠᠯ᠂ ᠬᠥᠩᠭᠡᠨ ᠨᠡᠬᠡᠮᠡᠯ᠂ ᠡᠯᠧᠺᠲᠷᠣᠨ ᠵᠡᠷᠭᠡ ᠭᠤᠤᠯᠳᠠᠯᠭ᠎ᠠ ᠲᠠᠢ ᠠᠵᠢᠯ ᠲᠥᠷᠥᠯ ᠳᠤ | ᠠᠩᠬᠠᠷᠤᠯ ᠢᠶᠠᠨ ᠲᠥᠪᠯᠡᠷᠡᠭᠦᠯᠵᠦ᠂ ᠦᠢᠯᠡᠳᠪᠦᠷᠢᠯᠡᠯ ᠤᠨ ᠲᠥᠬᠦᠭᠡᠷᠦᠮᠵᠢ᠂ ᠡᠨᠧᠷᠭᠢ ᠬᠡᠷᠡᠭᠯᠡᠬᠦ ᠲᠥᠬᠦᠭᠡᠷᠦᠮᠵᠢ᠂ | ᠴᠠᠬᠢᠯᠭᠠᠨ ᠳᠠᠮᠵᠢᠭᠤᠯᠵᠤ ᠴᠠᠬᠢᠯᠭᠠᠨ ᠲᠦᠭᠡᠭᠡᠬᠦ ᠲᠥᠬᠦᠭᠡᠷᠦᠮᠵᠢ ᠶᠢ ᠰᠢᠨᠡᠳᠬᠡᠬᠦ ᠪᠠ ᠮᠡᠷᠭᠡᠵᠢᠯ ᠤᠨ | ᠥᠭᠡᠷᠡᠴᠢᠯᠡᠯᠲᠡ ᠶᠢ ᠶᠡᠬᠡᠪᠡᠷ ᠠᠬᠢᠭᠤᠯᠤᠨ᠎ᠠ ᠭᠡᠵᠦ ᠳᠤᠷᠠᠳᠤᠨ ᠭᠠᠷᠭᠠᠪᠠ᠃ | ︽ᠠᠵᠢᠯᠯᠠᠭᠠᠨ ᠤ ᠲᠥᠰᠦᠯ︾ ᠳᠤ᠂ ᠪᠠᠷᠢᠯᠭ᠎ᠠ ᠪᠠ ᠬᠤᠲᠠ ᠶᠢᠨ ᠶᠠᠪᠤᠳᠠᠯ ᠤᠨ ᠰᠠᠭᠤᠷᠢ ᠲᠦᠭᠦᠭᠡᠷᠦᠮᠵᠢ ᠶᠢᠨ | ᠰᠢᠨᠡᠴᠢᠯᠡᠯᠲᠡ ᠶᠢᠨ ᠲᠠᠯ᠎ᠠ ᠪᠠᠷ᠂ ︽ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠶᠢᠨ ᠪᠥᠲᠥᠭᠡᠨ | ᠪᠠᠶᠢᠬᠤᠯᠤᠯᠳᠠ ᠶᠢᠨ ᠲᠣᠭᠤᠷᠢᠨ ᠳᠤ᠂ ᠬᠤᠲᠠ ᠶᠢᠨ ᠰᠢᠨᠡᠴᠢᠯᠡᠯᠲᠡ᠂ ᠬᠠᠭᠤᠴᠢᠨ ᠰᠠᠭᠤᠭᠠᠯᠢ ᠠᠷᠠᠳ ᠤᠨ | ᠲᠣᠭᠤᠷᠢᠭ ᠤᠨ ᠥᠭᠡᠷᠡᠴᠢᠯᠡᠯᠲᠡ ᠶᠢ ᠠᠬᠢᠭᠤᠯᠬᠤ ᠲᠠᠢ ᠤᠶᠠᠯᠳᠤᠭᠤᠯᠤᠨ᠂ ᠣᠷᠣᠨ ᠰᠠᠭᠤᠴᠠ ᠶᠢᠨ ᠴᠠᠬᠢᠯᠭᠠᠨ | ᠱᠠᠲᠤ᠂ ᠤᠰᠤ ᠬᠠᠩᠭᠠᠬᠤ᠂ ᠢᠯᠴᠢ ᠬᠠᠩᠭᠠᠬᠤ᠂ ᠬᠡᠶ ᠬᠠᠩᠭᠠᠬᠤ᠂ ᠪᠣᠬᠢᠷ ᠤᠰᠤ ᠰᠢᠢᠳᠪᠦᠷᠢᠯᠡᠬᠦ᠂ ᠣᠷᠴᠢᠨ | ᠲᠣᠭᠤᠷᠢᠨ ᠤ ᠠᠷᠢᠭᠤᠨ ᠴᠡᠪᠡᠷ᠂ ᠬᠤᠲᠠ ᠶᠢᠨ ᠠᠮᠢ ᠨᠠᠰᠤᠨ ᠤ ᠱᠤᠭᠤᠮ ᠤᠨ ᠢᠨᠵᠧᠨᠧᠷᠢᠩ᠂ ᠠᠮᠤᠷ ᠲᠦᠪᠰᠢᠨ ᠤ | ᠰᠡᠷᠭᠡᠶᠢᠯᠡᠯᠲᠡ ᠵᠡᠷᠭᠡ ᠪᠠᠷ ᠭᠤᠤᠯᠳᠠᠯᠭ᠎ᠠ ᠪᠣᠯᠭᠠᠵᠤ᠂ ᠲᠥᠷᠥᠯ ᠬᠤᠪᠢᠶᠠᠨ ᠰᠢᠨᠡᠴᠢᠯᠡᠨ ᠥᠭᠡᠷᠡᠴᠢᠯᠡᠬᠦ ᠶᠢ | ᠠᠬᠢᠭᠤᠯᠤᠨ᠎ᠠ ᠭᠡᠵᠦ ᠳᠤᠷᠠᠳᠤᠨ ᠭᠠᠷᠭᠠᠪᠠ᠃ | ︽ᠠᠵᠢᠯᠯᠠᠭᠠᠨ ᠤ ᠲᠥᠰᠦᠯ︾ ᠳᠤ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠥᠬᠦᠭᠡᠷᠦᠮᠵᠢ ᠪᠠ | ᠬᠠᠭᠤᠴᠢᠷᠠᠭᠰᠠᠨ ᠲᠠᠷᠢᠶᠠᠯᠠᠩ ᠤᠨ ᠮᠠᠰᠢᠨ ᠢ ᠰᠢᠨᠡᠳᠬᠡᠬᠦ ᠲᠠᠯ᠎ᠠ ᠪᠠᠷ᠂ ᠬᠤᠲᠠ ᠶᠢᠨ ᠨᠡᠶᠢᠲᠡ ᠶᠢᠨ ᠮᠠᠰᠢᠨ ᠲᠡᠷᠭᠡᠨ ᠤ | ᠴᠠᠬᠢᠯᠭᠠᠨ ᠬᠥᠳᠡᠯᠭᠡᠭᠦᠷᠲᠦ ᠣᠷᠣᠯᠠᠭᠤᠯᠤᠯᠲᠠ ᠶᠢ ᠦᠷᠭᠦᠯᠵᠢᠯᠡᠨ ᠠᠬᠢᠭᠤᠯᠵᠤ᠂ ᠬᠠᠭᠤᠴᠢᠷᠠᠭᠰᠠᠨ ᠰᠢᠨ᠎ᠡ | ᠡᠨᠧᠷᠭᠢ ᠶᠢᠨ ᠨᠡᠶᠢᠲᠡ ᠶᠢᠨ ᠮᠠᠰᠢᠨ ᠲᠡᠷᠭᠡ ᠪᠠ ᠬᠥᠳᠡᠯᠭᠡᠬᠦ ᠬᠦᠴᠦᠨ ᠤ ᠴᠡᠨᠡᠭ ᠤᠨ ᠰᠢᠨᠡᠴᠢᠯᠡᠯᠳᠡ ᠶᠢ ᠲᠡᠮᠵᠢᠨ᠎ᠡ᠃ | ᠤᠯᠤᠰ ᠤᠨ ᠭᠤᠷᠪᠠᠳᠤᠭᠠᠷ ᠦᠶ᠎ᠡ ᠵᠢᠴᠢ ᠲᠡᠭᠦᠨ ᠠᠴᠠ ᠳᠣᠷᠣᠭᠰᠢᠬᠢ ᠭᠠᠳᠠᠭᠰᠢᠯᠠᠭᠤᠯᠬᠤ ᠪᠠᠷᠢᠮᠵᠢᠶ᠎ᠠ ᠶᠢᠨ | ᠲᠡᠭᠡᠭᠡᠪᠦᠷᠢ ᠶᠢᠨ ᠲᠥᠷᠥᠯ ᠤᠨ ᠴᠠᠶᠢᠶ᠋ᠢᠦ ᠲᠣᠰᠣᠨ ᠤ ᠪᠠᠷᠠᠭᠠᠨ ᠤ ᠲᠡᠷᠭᠡ ᠶᠢ ᠲᠦᠷᠭᠡᠪᠴᠢᠯᠡᠨ ᠰᠢᠭᠰᠢᠭᠳᠡᠭᠦᠯᠦᠨ᠎ᠡ᠃ | ᠴᠠᠬᠢᠯᠭᠠᠨ ᠬᠦᠳᠡᠯᠭᠡᠬᠦᠷ᠂ ᠤᠰᠤᠳᠦ᠋ᠷᠦᠭᠴᠢ ᠡᠨᠧᠷᠬᠢ ᠵᠡᠷᠭᠡ ᠪᠤᠬᠢᠷᠳᠤᠯ ᠦᠭᠡᠢ ᠠᠭᠠᠷ ᠠᠶᠠᠯᠠᠯ ᠤᠨ ᠲᠤᠨᠤᠭᠯᠠᠯ ᠤᠨ | ᠠᠵᠤ ᠦᠢᠯᠡᠰᠵᠢᠬᠦᠯᠬᠦ ᠴᠢᠳᠠᠪᠤᠷᠢ ᠶᠢᠨ ᠪᠠᠶᠢᠭᠤᠯᠤᠯᠳᠠ ᠶᠢ ᠴᠢᠩᠭᠠᠳᠬᠠᠨ᠎ᠠ ᠭᠡᠵᠤ ᠲᠤᠷᠠᠳᠤᠨ ᠭᠠᠷᠭᠠᠪᠠ᠃ | ︽ᠠᠵᠢᠯᠯᠠᠭᠠᠨ ᠤ ᠲᠥᠰᠦᠯ︾ ᠳᠤ᠂ ᠰᠤᠷᠭᠠᠨ ᠬᠥᠮᠦᠵᠢᠯ ᠰᠣᠶᠣᠯ ᠵᠢᠭᠤᠯᠴᠢᠯᠠᠯ ᠡᠮᠴᠢᠯᠡᠭᠡᠨ ᠤ | ᠲᠥᠬᠦᠭᠡᠷᠦᠮᠵᠢ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠲᠠᠯ᠎ᠠ ᠪᠠᠷ᠂ ᠨᠥᠬᠦᠴᠡᠯ ᠳᠤ ᠨᠡᠶᠢᠴᠡᠬᠦ ᠶᠡᠭᠡ ᠳᠡᠭᠡᠳᠦ | ᠰᠤᠷᠭᠠᠭᠤᠯᠢ᠂ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ︵ᠮᠡᠷᠭᠡᠵᠢᠯ ᠤᠨ ᠠᠵᠢᠯᠴᠢᠨ ᠤ ᠳᠡᠭᠡᠳᠦ ᠰᠤᠷᠭᠠᠭᠤᠯᠢ | ᠪᠠᠭᠲᠠᠨ᠎ᠠ︶ ᠶᠢᠨ ᠲᠡᠷᠢᠭᠦᠨ ᠤ ᠵᠢᠭᠠᠨ ᠰᠤᠷᠭᠠᠯᠲᠠ ᠵᠢᠴᠢ ᠰᠢᠨᠵᠢᠯᠡᠬᠦ ᠤᠬᠠᠭᠠᠨ ᠤ ᠰᠤᠳᠤᠯᠭᠠᠨ ᠤ ᠮᠡᠷᠭᠡᠵᠢᠯ ᠤᠨ | ᠲᠥᠬᠦᠭᠡᠷᠦᠮᠵᠢ ᠶᠢ ᠰᠢᠨᠡᠳᠬᠡᠨ ᠰᠣᠯᠢᠬᠤ ᠶᠢ ᠠᠬᠢᠭᠤᠯᠵᠤ᠂ ᠵᠢᠭᠠᠨ ᠰᠤᠷᠭᠠᠯᠲᠠ ᠶᠢᠨ ᠰᠢᠨᠵᠢᠯᠡᠬᠦ ᠤᠬᠠᠭᠠᠨ ᠤ | ᠰᠤᠳᠤᠯᠭᠠᠨ ᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠬᠢᠴᠢᠶᠡᠯ ᠲᠥᠷᠥᠯ ᠤᠨ ᠵᠢᠭᠠᠨ ᠰᠤᠷᠭᠠᠬᠤ ᠲᠣᠨᠤᠭ | ᠲᠥᠬᠦᠭᠡᠷᠦᠮᠵᠢ ᠲᠣᠬᠢᠷᠠᠭᠤᠯᠬᠤ ᠪᠠᠷᠢᠮᠵᠢᠶ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠴᠢᠨᠠᠷ ᠪᠣᠯᠤᠨ ᠲᠤᠭ᠎ᠠ ᠬᠡᠮᠵᠢᠶ᠎ᠡ ᠶᠢ | ᠪᠠᠲᠤᠯᠠᠨ ᠲᠣᠬᠢᠷᠠᠭᠤᠯᠬᠤ ᠶᠢᠨ ᠬᠠᠮᠲᠤ ᠵᠢᠭᠠᠨ ᠰᠤᠷᠭᠠᠬᠤ ᠬᠡᠮᠵᠢᠭᠦᠷᠯᠢᠭ ᠲᠥᠬᠦᠭᠡᠷᠦᠮᠵᠢ ᠶᠢ ᠴᠠᠭ ᠲᠤᠬᠠᠶ ᠳᠤᠨᠢ | ᠰᠢᠨᠡᠳᠭᠡᠨ᠎ᠡ᠃ ᠵᠤᠭ᠎ᠠ ᠴᠡᠩᠭᠡᠯ ᠤᠨ ᠲᠥᠬᠦᠭᠡᠷᠦᠮᠵᠢ᠂ ᠤᠷᠠᠨ ᠲᠣᠭᠯᠠᠯᠲᠠ ᠶᠢᠨ ᠲᠥᠬᠦᠭᠡᠷᠦᠮᠵᠢ ᠵᠡᠷᠭᠡ ᠰᠣᠶᠣᠯ | ᠵᠢᠭᠤᠯᠴᠢᠯᠠᠯ ᠤᠨ ᠲᠥᠬᠦᠭᠡᠷᠦᠮᠵᠢ ᠶᠢ ᠰᠢᠨᠡᠳᠬᠡᠨ ᠳᠡᠭᠡᠭᠰᠢᠯᠡᠭᠦᠯᠬᠦ ᠵᠡᠷᠭᠡ ᠶᠢ ᠠᠬᠢᠭᠤᠯᠤᠨ᠎ᠠ ᠭᠡᠵᠤ ᠲᠤᠷᠠᠳᠤᠨ | ᠭᠠᠷᠭᠠᠪᠠ᠃ | ᠡᠯ᠎ᠡ ᠬᠦᠷᠢᠶᠡᠨ ᠤ ᠲᠣᠨᠤᠭ ᠲᠥᠬᠦᠭᠡᠷᠦᠮᠵᠢ ᠶᠢᠨ ᠰᠢᠨᠡᠴᠢᠯᠡᠯᠲᠡ ᠶᠢᠨ ᠳᠠᠯᠳᠠ ᠬᠦᠴᠦᠨ ᠯᠤᠲᠤ ᠶᠡᠭᠡ᠃ | ᠠᠵᠤ ᠦᠢᠯᠡᠳᠪᠦᠷᠢ ᠪᠠᠷ ᠵᠢᠱᠢᠶᠡᠯᠡᠪᠡᠯ᠂ ᠳᠤᠮᠳᠠᠳᠤ ᠤᠯᠤᠰ ᠪᠣᠯ ᠦᠢᠯᠡᠳᠬᠦ ᠦᠢᠯᠡᠰ ᠤᠨ ᠲᠤᠮᠤ ᠤᠯᠤᠰ | ᠪᠣᠯᠤᠨ᠎ᠠ᠂ ᠮᠠᠰᠢ ᠤᠯᠠᠨ ᠲᠥᠬᠦᠭᠡᠷᠦᠮᠵᠢ ᠶᠢᠨ ᠬᠠᠳᠠᠭᠠᠯᠠᠯᠲᠠ ᠶᠢᠨ ᠬᠡᠮᠵᠢᠶ᠎ᠡ ᠪᠦᠬᠦ ᠳᠡᠯᠡᠬᠡᠢ ᠳᠤ ᠲᠡᠷᠢᠭᠦᠯᠡᠵᠦ᠂ | ᠨᠢᠳᠤᠨᠤᠨ ᠤ ᠵᠢᠯ ᠤᠨ ᠡᠴᠦᠰ ᠲᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ | ᠡᠳ᠋ ᠬᠥᠷᠥᠩᠭᠡ ᠨᠢᠭᠡᠨᠲᠡ 160 ᠲᠦᠮᠡᠨ ᠳ᠋ᠦᠩᠰᠢᠭᠤᠷ ᠲᠥᠭᠦᠷᠢᠭ ᠢ ᠳᠠᠪᠠᠵᠤ᠂ ᠰᠢᠨ᠎ᠡ ᠬᠡᠯᠪᠡᠷᠢ ᠶᠢᠨ ᠠᠵᠤ | ᠦᠢᠯᠡᠳᠪᠦᠷᠢᠵᠢᠯᠲᠡ ᠶᠢᠨ ᠭᠦᠨᠵᠡᠭᠡᠢ ᠠᠬᠢᠬᠤ ᠶᠢ ᠳᠠᠭᠠᠯᠳᠤᠨ᠂ ᠲᠡᠷᠢᠭᠦᠨ ᠤ ᠲᠥᠬᠦᠭᠡᠷᠦᠮᠵᠢ ᠶᠢᠨ ᠬᠡᠷᠡᠭᠴᠡᠭᠡ ᠪᠠᠰᠠ | ᠲᠠᠰᠤᠷᠠᠯᠲᠠ ᠦᠭᠡᠢ ᠨᠡᠮᠡᠭᠳᠡᠵᠦ ᠪᠠᠶᠢᠨ᠎ᠠ᠃ | ︽ᠠᠵᠢᠯᠯᠠᠭᠠᠨ ᠤ ᠲᠥᠰᠦᠯ︾ ᠨᠢ ᠢᠷᠡᠬᠦ ᠬᠡᠳᠦᠨ ᠵᠢᠯ ᠳᠤ ᠮᠠᠨ ᠤ ᠤᠯᠤᠰ ᠤᠨ ᠠᠵᠤ ᠦᠢᠯᠡᠳᠪᠦᠷᠢ ᠶᠢᠨ | ᠬᠦᠷᠢᠶᠡᠨ ᠤ ᠲᠥᠬᠦᠭᠡᠷᠦᠮᠵᠢ ᠶᠢᠨ ᠰᠢᠨᠡᠴᠢᠯᠡᠯᠳᠡ ᠶᠢᠨ ᠪᠡᠯᠡ ᠣᠷᠣᠭᠤᠯᠤᠯᠲᠠ ᠶᠢᠨ ᠴᠢᠭᠯᠡᠯ ᠢ ᠲᠣᠳᠣᠷᠬᠠᠶᠢᠯᠠᠵᠤ᠂ | ᠠᠵᠤ ᠦᠢᠯᠡᠳᠪᠦᠷᠢ ᠶᠢᠨ ᠬᠦᠷᠢᠶᠡᠨ ᠤ ᠲᠥᠬᠦᠭᠡᠷᠦᠮᠵᠢ ᠶᠢ ᠰᠢᠨᠡᠳᠬᠡᠬᠦ ᠳᠠᠯᠳᠠ ᠬᠦᠴᠦᠨ ᠢ ᠪᠦᠲᠦᠮᠵᠢᠲᠡᠶ | ᠬᠥᠭᠵᠢᠭᠡᠵᠦ᠂ ᠲᠡᠷᠢᠭᠦᠨ ᠤ ᠦᠢᠯᠡᠳᠪᠦᠷᠢᠯᠡᠯ ᠤᠨ ᠴᠢᠳᠠᠪᠤᠷᠢ ᠶᠢ ᠨᠡᠮᠡᠭᠳᠡᠭᠦᠯᠵᠦ᠂ ᠦᠢᠯᠡᠳᠪᠦᠷᠢᠯᠡᠯ ᠤᠨ ᠦᠷ᠎ᠡ | ᠪᠦᠲᠦᠮᠵᠢ ᠶᠢ ᠳᠡᠭᠡᠭᠰᠢᠯᠡᠭᠦᠯᠬᠦ ᠪᠣᠯᠤᠨ᠎ᠠ᠃ ᠳᠤᠮᠳᠠᠳᠤ ᠤᠯᠤᠰ ᠤᠨ ᠮᠡᠳᠡᠭᠡ ᠵᠠᠩᠭᠢ ᠴᠢᠮᠡᠭᠡ ᠬᠤᠯᠪᠣᠭᠠᠨ ᠤ | ᠰᠤᠳᠤᠯᠭᠠᠨ ᠤ ᠬᠦᠷᠢᠶᠡᠯᠡᠩ ᠤᠨ ᠳᠠᠷᠤᠭ᠎ᠠ ᠢᠦᠶ ᠰᠢᠶᠤᠤ ᠬᠤᠶ ᠶᠢᠨ ᠦᠵᠡᠬᠦ ᠪᠠᠷ᠂ ᠠᠵᠤ ᠦᠢᠯᠡᠳᠪᠦᠷᠢ ᠨᠢ ᠡᠯ᠎ᠡ | ᠲᠥᠷᠥᠯ ᠤᠨ ᠲᠥᠬᠦᠭᠡᠷᠦᠮᠵᠢ ᠬᠠᠩᠭᠠᠬᠤ ᠪᠠᠷ ᠪᠠᠷᠠᠬᠤ ᠥᠬᠡᠶ᠂ ᠮᠦᠨ ᠴᠦ ᠬᠡᠷᠡᠭᠴᠡᠭᠡ ᠱᠠᠭᠠᠷᠳᠠᠯᠭ᠎ᠠ ᠶᠢᠨ ᠡᠳᠦᠭᠡᠳ | ᠪᠤᠯᠤᠨ᠎ᠠ᠂ ᠶᠡᠭᠡ ᠬᠡᠪᠴᠢᠶᠡᠨ ᠤ ᠲᠥᠬᠦᠭᠡᠷᠦᠮᠵᠢ ᠶᠢᠨ ᠰᠢᠨᠡᠴᠢᠯᠡᠯᠲᠡ ᠨᠢ ᠪᠠᠯᠠ ᠣᠷᠣᠭᠤᠯᠤᠯᠲᠠ ᠶᠢ ᠪᠦᠳᠦᠮᠵᠢᠳᠡᠢ | ᠳᠠᠶᠢᠴᠢᠯᠠᠵᠤ ᠴᠢᠳᠠᠬᠤ ᠮᠥᠷᠲᠡᠭᠡᠨ ᠬᠥᠭᠵᠢᠯᠲᠡ ᠶᠢᠨ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠲᠡᠭᠡᠭᠰᠢᠯᠡᠭᠦᠯᠬᠦ ᠶᠢ | ᠠᠬᠢᠭᠤᠯᠵᠦ ᠴᠢᠳᠠᠨ᠎ᠠ᠂ ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠳᠡ ᠶᠢ ᠠᠬᠢᠭᠤᠯᠬᠤ᠂ ᠣᠳᠣᠬᠢᠴᠢᠯᠠᠭᠰᠠᠨ | ᠠᠵᠤ ᠦᠢᠯᠡᠰ ᠤᠨ ᠰᠢᠰᠲ᠋ᠧᠮ ᠢ ᠪᠠᠶᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ | ᠲᠣᠨᠤᠭ ᠲᠥᠬᠦᠭᠡᠷᠦᠮᠵᠢ ᠶᠢᠨ ᠰᠢᠨᠡᠴᠢᠯᠡᠯᠲᠡ ᠳᠤ ᠡᠯ᠎ᠡ ᠲᠠᠯ᠎ᠠ ᠶᠢᠨ ᠬᠢᠨ ᠬᠥᠳᠡᠯᠦᠯᠴᠡᠵᠦ ᠪᠠᠶᠢᠨ᠎ᠠ | 6 ᠳ᠋ᠤᠭᠠᠷ ᠰᠠᠷ᠎ᠠ ᠶᠢᠨ 12 ᠤᠨ ᠡᠳᠦᠷ᠂ ᠶᠡᠭᠡ ᠬᠡᠪᠴᠢᠶᠡᠨ ᠤ ᠲᠥᠬᠦᠭᠡᠷᠦᠮᠵᠢ ᠶᠢᠨ ᠰᠢᠨᠡᠴᠢᠯᠡᠯᠲᠡ ᠪᠠ | ᠬᠡᠷᠡᠭᠯᠡᠭᠡᠨ ᠤ ᠵᠦᠢᠯ ᠤᠨ ᠬᠠᠭᠤᠴᠢᠨ ᠢᠶᠠᠷ ᠰᠢᠨ᠎ᠡ ᠶᠢ ᠰᠤᠯᠢᠬᠤ ᠶᠢ ᠠᠬᠢᠭᠤᠯᠬᠤ ᠶᠠᠮᠤᠨ ᠤ ᠬᠤᠭᠤᠷᠣᠨᠳᠣᠬᠢ | ᠬᠠᠮᠲᠤᠷᠠᠭᠰᠠᠨ ᠵᠦᠪᠯᠡᠯ ᠤᠨ ᠪᠥᠬᠦᠳᠡ ᠬᠤᠷᠠᠯ ᠬᠤᠷᠠᠯᠳᠤᠪᠠ᠃ | ᠬᠤᠷᠠᠯ ᠠᠴᠠ᠂ ᠣᠶᠢᠷ᠎ᠠ ᠶᠢᠨ ᠬᠤᠭᠤᠴᠠᠭᠠᠨ ᠳᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ | ᠢᠳᠡᠪᠬᠢᠲᠡᠶ ᠬᠥᠳᠡᠯᠦᠯᠴᠡᠵᠦ᠂ ᠲᠥᠪ ᠠᠴᠠ ᠨᠢᠭᠡᠳᠦᠯᠲᠡᠶ ᠲᠥᠯᠥᠪᠯᠡᠬᠦ᠂ ᠰᠠᠯᠠᠭ᠎ᠠ ᠮᠥᠴᠢᠷ ᠬᠠᠮᠵᠢᠯᠴᠠᠬᠤ᠂ ᠲᠥᠪ | ᠣᠷᠣᠨ ᠨᠤᠳᠤᠭ ᠬᠤᠯᠪᠣᠭᠠᠯᠠᠨ ᠬᠥᠳᠡᠯᠦᠯᠴᠡᠬᠦ᠂ ᠠᠵᠤ ᠠᠬᠤᠶᠢᠯᠠᠯ ᠪᠠ ᠨᠡᠶᠢᠭᠡᠮ ᠤᠨ ᠡᠯ᠎ᠡ ᠡᠲᠡᠭᠡᠳ ᠤᠨ ᠬᠢᠨ | ᠥᠷᠭᠡᠨ ᠢᠶᠠᠷ ᠣᠷᠣᠯᠴᠠᠬᠤ ᠠᠵᠢᠯ ᠤᠨ ᠪᠠᠶᠢᠷᠢᠰᠢᠯ ᠢ ᠦᠨᠳᠦᠰᠦᠨ ᠳᠡᠭᠡᠨ ᠪᠠᠶᠢᠭᠤᠯᠵᠤ᠂ ᠠᠩᠬ᠎ᠠ ᠠᠯᠬᠤᠮ ᠤᠨ | ᠦᠷ᠎ᠡ ᠪᠦᠲᠦᠮᠵᠢ ᠤᠯᠪᠠ ᠭᠡᠵᠤ ᠵᠢᠭᠠᠨ ᠭᠠᠷᠭᠠᠪᠠ᠃ | ᠡᠯ᠎ᠡ ᠭᠠᠵᠠᠷ ᠣᠷᠣᠨ ᠵᠠᠯᠭᠠᠭ᠎ᠠ ᠪᠠᠷ ᠲᠥᠰᠦᠯ ᠲᠣᠭᠲᠠᠭᠠᠵᠤ᠂ ᠲᠤᠬᠠᠢ ᠶᠢᠨ ᠭᠠᠵᠠᠷ ᠤᠨ ᠪᠠᠶᠢᠳᠠᠯ ᠲᠠᠢ ᠪᠠᠨ | ᠤᠶᠠᠯᠳᠤᠭᠤᠯᠤᠨ ᠠᠵᠢᠯ ᠤᠨ ᠪᠠᠶᠢᠷᠢᠯᠠᠭᠤᠯᠤᠯᠲᠠ ᠬᠢᠪᠡ᠃ | ᠵᠢᠱᠢᠶᠡᠯᠡᠪᠡᠯ 4 ᠳ᠋ᠤᠭᠡᠷ ᠰᠠᠷ᠎ᠠ ᠶᠢᠨ ᠬᠤᠷᠢᠳ ᠢᠶᠠᠷ ︽ᠪᠡᠭᠡᠵᠢᠩ ᠬᠤᠳᠠ ᠶᠢᠨ ᠲᠤᠨᠤᠭ ᠲᠥᠬᠦᠭᠡᠷᠦᠮᠵᠢ ᠶᠢᠨ | ᠰᠢᠨᠡᠴᠢᠯᠡᠯᠳᠡ ᠪᠠ ᠬᠡᠷᠡᠭᠯᠡᠭᠡᠨ ᠤ ᠵᠦᠢᠯᠡᠰ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠶᠢ ᠢᠳᠡᠪᠬᠢᠲᠡᠢ ᠠᠬᠢᠭᠤᠯᠬᠤ | ᠠᠵᠢᠯᠯᠠᠭ᠎ᠠ ᠶᠢᠨ ᠲᠥᠰᠦᠯ︾ ᠢ ᠳᠠᠷᠤᠮᠠᠯᠯᠠᠨ ᠲᠠᠷᠬᠠᠭᠠᠪᠠ᠃ ᠲᠥᠰᠦᠯ ᠢ ᠦᠨᠳᠦᠰᠦᠯᠡᠪᠡᠯ᠂ ᠪᠡᠭᠡᠵᠢᠩ ᠨᠢ ᠰᠠᠭᠤᠷᠢ | ᠲᠥᠬᠦᠭᠡᠷᠦᠮᠵᠢ᠂ ᠣᠯᠠᠨ ᠨᠡᠶᠢᠳᠡ ᠶᠢᠨ ᠠᠮᠤᠷ ᠲᠦᠪᠰᠢᠨ ᠪᠣᠯᠤᠨ ᠣᠯᠠᠨ ᠨᠡᠶᠢᠳᠡ ᠶᠢᠨ ᠦᠢᠯᠡᠴᠢᠯᠡᠭᠡ᠂ ᠠᠵᠤ | ᠦᠢᠯᠡᠰ ᠤᠨ ᠬᠥᠭᠵᠢᠯᠲᠡ ᠶᠢᠨ ᠬᠦᠷᠢᠶᠡᠨ ᠳᠤ ᠲᠣᠨᠤᠭ ᠲᠥᠬᠦᠭᠡᠷᠦᠮᠵᠢ ᠶᠢᠨ ᠰᠢᠨᠡᠴᠢᠯᠡᠯᠳᠡ ᠬᠢᠬᠦ ᠶᠢ ᠠᠬᠢᠭᠤᠯᠤᠨ᠎ᠠ᠃ | | ᠰᠠᠭᠤᠷᠢ ᠲᠥᠬᠦᠭᠡᠷᠦᠮᠵᠢ ᠶᠢᠨ ᠬᠦᠷᠢᠶᠡᠨ ᠳᠤ᠂ ᠪᠡᠭᠡᠵᠢᠩ ᠬᠤᠳᠠ ᠶᠢᠨ ᠬᠢᠨ ᠵᠢᠮᠳᠤ ᠵᠠᠮ ᠬᠠᠷᠢᠯᠴᠠᠭᠠᠨ ᠤ | ᠲᠥᠬᠦᠭᠡᠷᠦᠮᠵᠢ ᠶᠢᠨ ᠰᠢᠨᠡᠴᠢᠯᠡᠯᠲᠡ ᠶᠢ ᠡᠮᠬᠢ ᠵᠢᠷᠤᠮ ᠲᠠᠢ ᠠᠬᠢᠭᠤᠯᠵᠤ᠂ ᠢᠯᠴᠢ ᠬᠠᠩᠭᠠᠬᠤ ᠪᠠ ᠪᠠᠶᠢᠭᠠᠯᠢ ᠶᠢᠨ | ᠰᠢᠲᠠᠮᠠᠬᠠᠢ ᠬᠡᠢ ᠶᠢᠨ ᠲᠥᠬᠦᠭᠡᠷᠦᠮᠵᠢ ᠶᠢᠨ ᠰᠢᠨᠡᠴᠢᠯᠡᠯᠲᠡ ᠶᠢ ᠠᠬᠢᠭᠤᠯᠵᠤ᠂ ᠤᠰᠤ ᠬᠠᠩᠭᠠᠬᠤ ᠤᠰᠤ | ᠭᠠᠳᠠᠭᠰᠢᠯᠠᠭᠤᠯᠬᠤ ᠲᠥᠬᠦᠭᠡᠷᠦᠮᠵᠢ ᠶᠢᠨ ᠰᠢᠨᠡᠴᠢᠯᠡᠯᠲᠡ ᠶᠢ ᠲᠦᠷᠭᠡᠳᠬᠡᠵᠦ᠂ ᠣᠷᠴᠢᠨ ᠲᠣᠭᠤᠷᠢᠨ ᠤ ᠠᠷᠢᠭᠤᠨ | ᠴᠡᠪᠡᠷ ᠤᠨ ᠨᠡᠶᠢᠲᠡ ᠶᠢᠨ ᠮᠠᠰᠢᠨ ᠲᠡᠷᠭᠡᠨ ᠤ ᠲᠥᠬᠦᠭᠡᠷᠦᠮᠵᠢ ᠶᠢᠨ ᠰᠢᠨᠡᠴᠢᠯᠡᠯᠲᠡ ᠶᠢ ᠨᠢᠭᠡᠳᠦᠯᠲᠡᠢ | ᠲᠥᠯᠥᠪᠵᠢᠭᠦᠯᠦᠨ ᠬᠡᠷᠡᠭᠵᠢᠭᠦᠯᠦᠨ᠎ᠡ᠃ | ᠣᠯᠠᠨ ᠨᠡᠶᠢᠳᠡ ᠶᠢᠨ ᠠᠮᠤᠷ ᠲᠦᠪᠰᠢᠨ ᠪᠠ ᠣᠯᠠᠨ ᠨᠡᠶᠢᠳᠡ ᠶᠢᠨ ᠦᠢᠯᠡᠴᠢᠯᠡᠭᠡᠨ ᠤ ᠬᠦᠷᠢᠶ᠎ᠡ ᠳᠤ᠂ | ᠪᠡᠭᠡᠵᠢᠩ ᠬᠤᠳᠠ ᠶᠢᠨ ᠬᠢᠨ ᠣᠯᠠᠨ ᠨᠡᠶᠢᠳᠡ ᠶᠢᠨ ᠣᠷᠣᠨ ᠪᠦᠰᠡ ᠶᠢᠨ ᠮᠡᠳᠡᠷᠡᠮᠵᠢ ᠪᠣᠯᠤᠨ ᠦᠢᠯᠡᠴᠢᠯᠡᠭᠡᠨ ᠤ | ᠬᠠᠮᠢᠶᠠᠷᠤᠯᠲᠠ ᠶᠢᠨ ᠲᠥᠬᠦᠭᠡᠷᠦᠮᠵᠢ ᠶᠢ ᠨᠢᠭᠡ ᠴᠣᠭᠴᠠᠵᠢᠭᠤᠯᠤᠨ ᠳᠡᠰ ᠲᠡᠪᠰᠢᠭᠦᠯᠬᠦ ᠶᠢ ᠨᠢᠭᠡᠳᠦᠯᠲᠡᠢ ᠲᠥᠯᠥᠪᠯᠡᠨ | ᠠᠬᠢᠭᠤᠯᠵᠤ᠂ ᠣᠷᠣᠨ ᠰᠠᠭᠤᠴᠠ ᠶᠢᠨ ᠬᠠᠭᠤᠴᠢᠨ ᠴᠠᠬᠢᠯᠭᠠᠨ ᠱᠠᠲᠤ ᠶᠢ ᠰᠢᠨᠡᠳᠭᠡᠬᠦ ᠪᠠ ᠨᠢᠭᠡᠨᠲᠡ ᠪᠠᠶᠢᠭ᠎ᠠ ᠣᠷᠣᠨ | ᠰᠠᠭᠤᠴᠠ ᠳᠤ ᠴᠠᠬᠢᠯᠭᠠᠨ ᠱᠠᠲᠤ ᠨᠡᠮᠡᠵᠦ ᠤᠭᠰᠠᠷᠠᠬᠤ ᠶᠢ ᠢᠳᠡᠪᠬᠢᠲᠡᠢ ᠲᠦᠯᠬᠢᠨ ᠠᠬᠢᠭᠤᠯᠵᠤ᠂ ᠰᠢᠩᠭᠡᠵᠢᠮᠡᠯ | ᠴᠢᠯᠠᠭᠤᠨ ᠲᠣᠰᠣᠨ ᠤ ᠬᠡᠢ ᠶᠢᠨ ᠲᠥᠬᠦᠭᠡᠷᠦᠮᠵᠢ ᠶᠢ ᠰᠢᠨᠡᠳᠭᠡᠬᠦ ᠶᠢ ᠲᠦᠷᠭᠡᠳᠭᠡᠵᠦ᠂ ᠰᠤᠷᠭᠠᠨ | ᠬᠥᠮᠦᠵᠢᠯ ᠡᠮᠴᠢᠯᠡᠭᠡᠨ ᠤ ᠲᠥᠬᠦᠭᠡᠷᠦᠮᠵᠢ ᠶᠢᠨ ᠬᠢᠷᠢ ᠲᠦᠪᠰᠢᠨ ᠢ ᠲᠡᠭᠡᠭᠰᠢᠯᠡᠭᠦᠯᠦᠨ᠎ᠡ᠃ | ᠠᠵᠤ ᠦᠢᠯᠡᠰ ᠤᠨ ᠬᠥᠭᠵᠢᠯᠲᠡ ᠶᠢᠨ ᠬᠦᠷᠢᠶᠡᠨ ᠳᠤ᠂ ᠪᠡᠭᠡᠵᠢᠩ ᠬᠤᠳᠠ ᠶᠢᠨ ᠬᠢᠨ ᠦᠢᠯᠡᠳᠬᠦ | ᠦᠢᠯᠡᠰ ᠤᠨ ᠠᠵᠤ ᠠᠬᠤᠶᠢᠯᠠᠯ ᠤᠨ ᠲᠣᠭᠠᠴᠢᠯᠠᠭᠰᠠᠨ ᠪᠣᠬᠢᠷᠲᠤᠯ ᠦᠭᠡᠢ ᠪᠠᠷᠢᠮᠵᠢᠶᠠᠵᠢᠭᠰᠠᠨ ᠥᠭᠡᠷᠡᠴᠢᠯᠡᠯᠲᠡ ᠶᠢ | ᠠᠬᠢᠭᠤᠯᠵᠤ᠂ ᠳ᠋ᠠᠶᠢᠲ᠋ᠠ ᠶᠢᠨ ᠲᠥᠪ ᠤᠨ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ | ᠥᠭᠡᠷᠡᠴᠢᠯᠡᠯᠲᠡ ᠪᠠ ᠤᠶᠤᠨᠴᠢᠯᠠᠭᠰᠠᠨ ᠪᠤᠳᠤᠯᠭ᠎ᠠ ᠶᠢᠨ ᠬᠦᠴᠦᠨ ᠤ ᠬᠡᠯᠪᠡᠷᠢ ᠬᠤᠪᠢᠷᠠᠭᠤᠯᠬᠤ ᠶᠢ ᠵᠣᠷᠢᠭᠵᠢᠭᠤᠯᠵᠤ᠂ | ᠰᠣᠶᠣᠯ ᠵᠢᠭᠤᠯᠴᠢᠯᠠᠯ ᠤᠨ ᠲᠥᠬᠦᠭᠡᠷᠦᠮᠵᠢ ᠶᠢᠨ ᠰᠢᠨᠡᠴᠢᠯᠡᠯᠲᠡ ᠶᠢ ᠢᠳᠡᠪᠬᠢᠲᠡᠢ ᠬᠦᠳᠦᠯᠦᠨ ᠵᠢᠯᠣᠭᠤᠳᠴᠤ᠂ | ᠴᠠᠬᠢᠯᠭᠠᠨ ᠭᠠᠷᠭᠠᠬᠤ ᠴᠠᠬᠢᠯᠭᠠᠨ ᠲᠦᠭᠡᠭᠡᠬᠦ ᠵᠢᠴᠢ ᠴᠢᠮᠡᠭᠡ ᠬᠤᠯᠪᠣᠭᠠᠨ ᠤ ᠲᠥᠬᠦᠭᠡᠷᠦᠮᠵᠢ ᠶᠢᠨ ᠰᠢᠨᠡᠴᠢᠯᠡᠯᠲᠡ ᠶᠢ | ᠠᠬᠢᠭᠤᠯᠵᠤ᠂ ᠲᠤᠮᠤ ᠬᠡᠯᠪᠡᠷᠢ ᠶᠢᠨ ᠲᠠᠷᠢᠶᠠᠯᠠᠩ ᠤᠨ ᠮᠠᠰᠢᠨ᠂ ᠠᠶᠠᠨ ᠤ ᠮᠠᠰᠢᠨ ᠪᠠ ᠪᠠᠷᠠᠭᠠᠨ ᠤ ᠮᠠᠰᠢᠨ ᠤ | ᠰᠢᠨᠡᠴᠢᠯᠡᠯᠲᠡ ᠶᠢ ᠵᠣᠷᠢᠭᠵᠢᠭᠤᠯᠤᠨ ᠳᠡᠮᠵᠢᠨ᠎ᠠ᠃ | ᠪᠣᠳᠠᠲᠠᠢ ᠪᠠᠷ ᠠᠪᠴᠤ ᠦᠵᠡᠪᠡᠯ᠂ ᠵᠢᠮᠲᠦ ᠵᠠᠮ ᠬᠠᠷᠢᠯᠴᠠᠭᠠᠨ ᠤ ᠲᠠᠯ᠎ᠠ ᠪᠠᠷ᠂ ᠪᠡᠭᠡᠵᠢᠩ ᠬᠤᠳᠠ ᠶᠢᠨ ᠬᠢᠨ | ᠵᠢᠮᠲᠦ ᠵᠠᠮ ᠬᠠᠷᠢᠯᠴᠠᠭᠠᠨ ᠤ ᠮᠠᠰᠢᠨ᠂ ᠳᠣᠬᠢᠶᠠᠨ ᠤ ᠰᠢᠰᠲ᠋ᠧᠮ ᠵᠡᠷᠭᠡ ᠪᠠᠷ ᠭᠤᠣᠯᠳᠠᠯᠭ᠎ᠠ ᠪᠣᠯᠭᠠᠨ ᠡᠮᠬᠢ | ᠵᠢᠷᠤᠮ ᠲᠠᠢ ᠲᠥᠬᠦᠭᠡᠷᠦᠮᠵᠢ ᠶᠢᠨ ᠰᠢᠨᠡᠴᠢᠯᠡᠯᠲᠡ ᠶᠢ ᠬᠡᠷᠡᠭᠵᠢᠭᠦᠯᠦᠨ᠎ᠡ︔ ᠢᠯᠴᠢ ᠬᠠᠩᠭᠠᠬᠤ ᠪᠠ ᠪᠠᠶᠢᠭᠠᠯᠢ ᠶᠢᠨ | ᠰᠢᠲᠠᠮᠠᠬᠠᠢ ᠬᠡᠢ ᠶᠢᠨ ᠲᠠᠯ᠎ᠠ ᠪᠠᠷ᠂ ᠪᠡᠭᠡᠵᠢᠩ ᠬᠤᠳᠠ ᠶᠢᠨ ᠬᠢᠨ ᠢᠯᠴᠢ ᠶᠢᠨ ᠢᠷᠡᠯᠲᠡ᠂ ᠬᠤᠭᠤᠯᠠᠢ ᠲᠣᠣᠷ᠂ | ᠢᠯᠴᠢ ᠶᠢᠨ ᠬᠦᠴᠦᠨ ᠤ ᠦᠷᠳᠡᠭᠡ ᠵᠢᠴᠢ ᠢᠵᠢ ᠪᠦᠷᠢᠳᠦᠭᠰᠡᠨ ᠲᠥᠬᠦᠭᠡᠷᠦᠮᠵᠢ ᠶᠢᠨ ᠥᠭᠡᠷᠡᠴᠢᠯᠡᠯᠲᠡ ᠶᠢ | ᠬᠡᠷᠡᠭᠵᠢᠭᠦᠯᠵᠦ᠂ ᠰᠢᠨ᠎ᠡ ᠡᠨᠧᠷᠭᠢ ᠪᠠᠷ ᠭᠤᠣᠯ ᠪᠣᠯᠭᠠᠭᠰᠠᠨ ᠤᠯᠠᠨ ᠡᠨᠧᠷᠭᠢ ᠪᠠᠷ ᠬᠤᠯᠪᠣᠯᠳᠤᠭᠰᠠᠨ | ᠳᠤᠯᠠᠭᠠᠯᠭ᠎ᠠ ᠶᠢᠨ ᠰᠢᠰᠲ᠋ᠧᠮ ᠢ ᠡᠩ ᠲᠡᠷᠢᠭᠦᠨ ᠳᠤ ᠬᠡᠷᠡᠭᠯᠡᠵᠦ᠂ ᠰᠢᠲᠠᠭᠠᠯᠭ᠎ᠠ ᠶᠢᠨ ᠭᠦᠸᠧᠯᠦ᠂ ᠰᠢᠲᠠᠮᠠᠬᠠᠢ ᠬᠡᠢ ᠶᠢᠨ | ᠬᠠᠭᠤᠴᠢᠨ ᠵᠤᠤᠬ᠎ᠠ ᠶᠢ ᠰᠢᠨᠡᠳᠬᠡᠵᠦ᠂ ᠪᠠᠶᠢᠭᠠᠯᠢ ᠶᠢᠨ ᠰᠢᠲᠠᠮᠠᠬᠠᠢ ᠬᠡᠢ ᠶᠢᠨ ᠬᠠᠭᠤᠴᠢᠨ ᠬᠤᠭᠤᠯᠠᠢ ᠲᠣᠣᠷ ᠤᠨ | ᠥᠭᠡᠷᠡᠴᠢᠯᠡᠯᠲᠡ ᠶᠢ ᠲᠦᠷᠭᠡᠪᠴᠢᠯᠡᠨ ᠬᠡᠷᠡᠭᠵᠢᠭᠦᠯᠦᠨ᠎ᠡ᠃ | ᠮᠥᠨ ᠵᠢᠯ ᠤᠨ 4 ᠳ᠋ᠤᠭᠡᠷ ᠰᠠᠷ᠎ᠠ ᠶᠢᠨ ᠰᠡᠭᠦᠯᠴᠢ ᠪᠠᠷ᠂ ︽ᠱᠠᠩᠬᠠᠢ ᠬᠤᠳᠠ ᠶᠢᠨ ᠬᠢᠨ ᠶᠡᠭᠡ ᠬᠡᠪᠴᠢᠶᠡᠨ ᠤ | ᠲᠥᠬᠦᠭᠡᠷᠦᠮᠵᠢ ᠶᠢᠨ ᠰᠢᠨᠡᠴᠢᠯᠡᠯᠳᠡ ᠪᠠ ᠬᠡᠷᠡᠭᠯᠡᠭᠡᠨ ᠤ ᠵᠦᠢᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠶᠢ | ᠠᠬᠢᠭᠤᠯᠬᠤ ᠠᠵᠢᠯᠯᠠᠭ᠎ᠠ ᠶᠢᠨ ᠲᠥᠯᠥᠪᠯᠡᠭᠡ ︵2024-2027 ᠣᠨ︶︾ ᠶᠢ ᠳᠠᠷᠤᠮᠠᠯᠯᠠᠨ ᠲᠠᠷᠬᠠᠭᠠᠪᠠ᠃ | ᠲᠥᠰᠥᠯ ᠳᠤ᠂ 10 ᠲᠠᠯ᠎ᠠ ᠠᠴᠠ ᠲᠣᠨᠤᠭ ᠲᠥᠬᠦᠭᠡᠷᠦᠮᠵᠢ ᠶᠢᠨ ᠰᠢᠨᠡᠴᠢᠯᠡᠯᠳᠡ ᠶᠢ ᠠᠬᠢᠭᠤᠯᠤᠨ᠎ᠠ ᠭᠡᠵᠤ ᠲᠤᠭᠳᠠᠵᠠᠢ | ᠃ ᠦᠢᠯᠡᠳᠪᠦᠷᠢᠯᠡᠯ ᠤᠨ ᠲᠥᠬᠦᠭᠡᠷᠦᠮᠵᠢ ᠶᠢᠨ ᠲᠤᠭᠠᠴᠢᠯᠠᠯᠳᠠ ᠤᠶᠤᠨᠴᠢᠯᠠᠯᠳᠠ ᠲᠠᠰ ᠲᠡᠪᠰᠢᠭᠦᠯᠬᠦ ᠰᠢᠨᠡᠴᠢᠯᠡᠯᠲᠡ᠂ | ᠡᠨᠧᠷᠭᠢ ᠬᠡᠷᠡᠭᠯᠡᠬᠦ ᠲᠥᠬᠦᠭᠡᠷᠦᠮᠵᠢ ᠶᠢᠨ ᠪᠣᠬᠢᠷᠲᠤᠯ ᠥᠬᠡᠶ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ | ᠰᠢᠨᠡᠴᠢᠯᠡᠯᠲᠡ᠂ ᠳ᠋ᠠᠶᠢᠲ᠋ᠠ ᠶᠢᠨ ᠲᠥᠪ ᠤᠨ ᠪᠣᠬᠢᠷᠲᠤᠯ ᠥᠬᠡᠶ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ | ᠥᠭᠡᠷᠡᠴᠢᠯᠡᠯᠲᠡ᠂ ᠡᠨᠧᠷᠭᠢ ᠴᠠᠬᠢᠯᠭᠠᠨ ᠬᠦᠴᠦᠨ ᠤ ᠲᠥᠬᠦᠭᠡᠷᠦᠮᠵᠢ ᠶᠢᠨ ᠲᠠᠰ ᠳᠡᠪᠰᠢᠭᠦᠯᠦᠨ ᠥᠭᠡᠷᠡᠴᠢᠯᠡᠬᠦ ᠵᠡᠷᠭᠡ | ᠪᠠᠭᠲᠠᠨ᠎ᠠ᠃ | ᠵᠠᠮ ᠬᠠᠷᠢᠯᠴᠠᠭᠠᠨ ᠤ ᠬᠦᠷᠢᠶᠡᠨ ᠳᠠᠬᠢ ᠲᠥᠬᠦᠭᠡᠷᠦᠮᠵᠢ ᠶᠢ ᠰᠢᠯᠢᠳᠡᠭᠵᠢᠭᠦᠯᠦᠨ ᠰᠢᠨᠡᠳᠬᠡᠬᠦ ᠲᠠᠯ᠎ᠠ ᠪᠠᠷ᠂ | ᠱᠠᠩᠬᠠᠶ ᠬᠤᠳᠠ ᠶᠢᠨ ᠬᠢᠨ ᠨᠠᠮ ᠵᠠᠰᠠᠭ ᠤᠨ ᠪᠠᠶᠢᠭᠤᠯᠤᠯᠭ᠎ᠠ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠠᠵᠢᠯ | ᠦᠢᠯᠡᠰ ᠤᠨ ᠨᠢᠭᠡᠴᠢ᠂ ᠣᠷᠴᠢᠨ ᠲᠣᠭᠤᠷᠢᠨ ᠤ ᠠᠷᠢᠭᠤᠨ ᠴᠡᠪᠡᠷ᠂ ᠰᠢᠦᠳᠠᠨ ᠵᠢᠴᠢ ᠨᠡᠶᠢᠲᠡ ᠶᠢᠨ ᠮᠠᠰᠢᠨ ᠲᠡᠷᠭᠡ᠂ | ᠲᠣᠭᠤᠷᠢᠨ ᠵᠤᠭᠠᠴᠠᠬᠤ ᠲᠦᠷᠢᠶᠡᠰᠦᠨ ᠮᠠᠰᠢᠨ ᠲᠡᠷᠭᠡ ᠵᠡᠷᠭᠡ ᠣᠯᠠᠨ ᠨᠡᠶᠢᠲᠡ ᠶᠢᠨ ᠬᠦᠷᠢᠶ᠎ᠡ ᠴᠠᠷᠠᠭ᠎ᠠ ᠳᠤ ᠵᠠᠷᠴᠢᠮ | ᠲᠠᠭᠡᠷ᠎ᠡ ᠪᠠᠨ ᠰᠢᠨ᠎ᠡ ᠡᠨᠧᠷᠭᠢ ᠶᠢᠨ ᠲᠡᠷᠭᠡ ᠬᠡᠷᠡᠭᠯᠡᠨ᠎ᠡ᠃ | ᠲᠥᠬᠦᠭᠡᠷᠦᠮᠵᠢ ᠶᠢᠨ ᠰᠢᠨᠡᠴᠢᠯᠡᠯᠲᠡ ᠪᠠ ᠮᠡᠷᠭᠡᠵᠢᠯ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ᠂ ᠦᠷᠭᠡᠨ | ᠭᠦᠨᠴᠡ ᠲᠠᠢ ᠲᠦᠯᠬᠢᠨ ᠠᠬᠢᠭᠤᠯᠤᠨ᠎ᠠ ᠭᠡᠵᠦ ᠬᠤᠯᠪᠣᠭᠳᠠᠯ ᠪᠦᠬᠦᠢ ᠶᠠᠮᠤᠨ ᠵᠥᠪᠯᠡᠯ ᠲᠥᠷᠥ ᠶᠢᠨ ᠪᠣᠳᠣᠯᠭ᠎ᠠ | ᠨᠡᠶᠢᠳᠡᠯᠡᠪᠡ᠃ | ᠵᠢᠱᠢᠶᠡᠯᠡᠪᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ᠂ ᠤᠯᠤᠰ ᠤᠨ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ ᠵᠡᠷᠭᠡ 7 ᠰᠠᠯᠠᠭ᠎ᠠ ᠮᠥᠴᠢᠷ ᠬᠠᠮᠲᠤᠷᠠᠨ ︽ᠠᠵᠤ ᠦᠢᠯᠡᠳᠪᠦᠷᠢ ᠶᠢᠨ | ᠬᠦᠷᠢᠶᠡᠨ ᠳᠠᠬᠢ ᠲᠥᠬᠦᠭᠡᠷᠦᠮᠵᠢ ᠶᠢᠨ ᠰᠢᠨᠡᠴᠢᠯᠡᠯᠳᠡ ᠶᠢ ᠠᠬᠢᠭᠤᠯᠬᠤ ᠬᠡᠷᠡᠭᠵᠢᠭᠦᠯᠬᠦ ᠲᠥᠰᠦᠯ︾ ᠢ ᠳᠠᠷᠤᠮᠠᠯᠯᠠᠨ | ᠲᠠᠷᠬᠠᠭᠠᠵᠤ᠂ 2027 ᠤᠨ ᠪᠤᠯᠳᠠᠯ᠎ᠠ᠂ ᠠᠵᠤ ᠦᠢᠯᠡᠳᠪᠦᠷᠢ ᠶᠢᠨ ᠬᠦᠷᠢᠶᠡᠨ ᠳᠠᠬᠢ ᠲᠥᠬᠦᠭᠡᠷᠦᠮᠵᠢ ᠶᠢᠨ ᠪᠠᠯᠠ | ᠣᠷᠣᠭᠤᠯᠤᠯᠲᠠ ᠶᠢᠨ ᠬᠡᠪᠴᠢᠶ᠎ᠡ ᠶᠢ 2023 ᠣᠨ ᠤ ᠬᠢ ᠠᠴᠠ 25% ᠠᠴᠠ ᠳᠡᠭᠡᠭᠰᠢ ᠨᠡᠮᠡᠭᠳᠡᠭᠦᠯᠵᠦ᠂ | ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠲᠣᠭᠠᠴᠢᠯᠠᠭᠰᠠᠨ ᠰᠤᠳᠤᠯᠤᠨ | ᠨᠡᠭᠡᠭᠡᠵᠦ ᠵᠢᠷᠤᠵᠤ ᠲᠥᠯᠥᠪᠯᠡᠬᠦ ᠪᠠᠭᠠᠵᠢ ᠶᠢᠨ ᠲᠦᠭᠡᠮᠡᠯᠵᠢᠯᠲᠡ ᠶᠢᠨ ᠨᠣᠷᠮ᠎ᠠ᠂ ᠵᠠᠩᠭᠢᠯᠠᠭ᠎ᠠ ᠶᠢᠨ ᠠᠵᠢᠯ ᠤᠨ ᠳᠡᠰ | ᠳᠠᠷᠠᠭᠠᠯᠠᠯ ᠤᠨ ᠡᠵᠡᠮᠳᠡᠯ ᠤᠨ ᠨᠣᠷᠮ᠎ᠠ ᠶᠢ ᠲᠣᠰ ᠲᠣᠰ 90%᠂ 75% ᠠᠴᠠ ᠳᠠᠪᠠᠭᠤᠯᠵᠤ᠂ ᠠᠵᠤ | ᠦᠢᠯᠡᠳᠪᠦᠷᠢ ᠶᠢᠨ ᠲᠣᠮᠣ ᠮᠤᠵᠢ ᠲᠣᠮᠣ ᠬᠤᠲᠠ ᠪᠠ ᠭᠤᠣᠯᠳᠠᠯᠭ᠎ᠠ ᠲᠠᠢ ᠬᠦᠷᠢᠶᠡᠯᠡᠩ ᠲᠣᠭᠤᠷᠢᠭ ᠤᠨ | ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠲᠣᠭᠠᠴᠢᠯᠠᠭᠰᠠᠨ | ᠥᠭᠡᠷᠡᠴᠢᠯᠡᠯᠲᠡ ᠶᠢ ᠨᠡᠶᠢᠳᠡᠮ ᠪᠦᠷᠬᠦᠭᠦᠯᠵᠦ᠂ ᠭᠤᠣᠯᠳᠠᠯᠭ᠎ᠠ ᠲᠠᠢ ᠠᠵᠢᠯ ᠲᠥᠷᠥᠯ ᠤᠨ ᠡᠨᠧᠷᠭᠢ ᠶᠢᠨ | ᠠᠰᠢᠭᠯᠠᠮᠵᠢ ᠶᠢᠨ ᠪᠠᠷᠢᠮᠵᠢᠶ᠎ᠠ ᠶᠢᠨ ᠬᠢᠷᠢ ᠲᠦᠪᠰᠢᠨ ᠠᠴᠠ ᠳᠣᠷᠣᠭᠰᠢᠬᠢ ᠦᠢᠯᠡᠳᠪᠦᠷᠢᠯᠡᠬᠦ ᠴᠢᠳᠠᠪᠤᠷᠢ ᠶᠢ | ᠦᠨᠳᠦᠰᠦᠨ ᠳᠡᠭᠡᠨ ᠦᠭᠡᠶᠢᠰᠭᠡᠵᠦ᠂ ᠭᠤᠤᠯᠳᠠᠯᠭ᠎ᠠ ᠲᠠᠢ ᠡᠨᠧᠷᠭᠢ ᠬᠡᠷᠡᠭᠯᠡᠬᠦ ᠲᠥᠬᠦᠭᠡᠷᠦᠮᠵᠢ ᠶᠢᠨ ᠡᠨᠧᠷᠭᠢ ᠶᠢᠨ | ᠠᠰᠢᠭᠯᠠᠮᠵᠢ ᠶᠢ ᠦᠨᠳᠦᠰᠦᠨ ᠳᠡᠭᠡᠨ ᠡᠨᠧᠷᠭᠢ ᠠᠷᠪᠢᠯᠠᠬᠤ ᠬᠢᠷᠢ ᠲᠦᠪᠰᠢᠨ ᠳᠤ ᠬᠦᠷᠦᠭᠦᠯᠵᠦ᠂ ᠮᠥᠨ ᠴᠢᠨᠠᠷ ᠤᠨ | ᠠᠮᠤᠷ ᠲᠦᠪᠰᠢᠨ ᠤ ᠬᠢᠷᠢ ᠲᠦᠪᠰᠢᠨ ᠢ ᠢᠯᠡᠳᠲᠡ ᠳᠡᠭᠡᠭᠰᠢᠯᠡᠭᠦᠯᠵᠦ᠂ ᠰᠢᠨ᠎ᠡ ᠶᠢ ᠡᠭᠦᠳᠬᠦ ᠦᠢᠯᠡᠳᠭᠦᠨ ᠢ | ᠲᠡᠯᠭᠡᠷᠡᠭᠦᠯᠦᠨ ᠬᠡᠷᠡᠭᠯᠡᠬᠦ ᠶᠢ ᠲᠦᠷᠭᠡᠳᠭᠡᠵᠦ᠂ ᠲᠡᠷᠢᠭᠦᠨ ᠤ ᠦᠢᠯᠡᠳᠪᠦᠷᠢᠯᠡᠯ ᠤᠨ ᠴᠢᠳᠠᠪᠤᠷᠢ ᠶᠢᠨ ᠬᠤᠪᠢ ᠶᠢᠨ | ᠵᠢᠩ ᠢ ᠦᠷᠭᠦᠯᠵᠢᠯᠡᠨ ᠳᠡᠭᠡᠭᠰᠢᠯᠡᠭᠦᠯᠦᠨ᠎ᠡ᠃ | 4 ᠳ᠋ᠤᠭᠡᠷ ᠰᠠᠷ᠎ᠠ ᠳᠤ᠂ ᠲᠥᠷᠥ ᠶᠢᠨ ᠶᠠᠪᠤᠳᠠᠯ ᠤᠨ ᠬᠤᠷᠢᠶᠠᠨ ᠤ ᠤᠯᠤᠰ ᠤᠨ ᠦᠮᠴᠢᠯᠡᠯᠳᠦ ᠡᠳ᠋ | ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠠᠴᠠ ᠲᠥᠪ ᠤᠨ ᠠᠵᠤ ᠠᠬᠤᠶᠢᠯᠠᠯ ᠤᠨ ᠶᠡᠭᠡ ᠬᠡᠪᠴᠢᠶᠡᠨ ᠤ | ᠲᠥᠬᠦᠭᠡᠷᠦᠮᠵᠢ ᠶᠢᠨ ᠰᠢᠨᠡᠴᠢᠯᠡᠯᠳᠡ ᠶᠢᠨ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠵᠤ᠂ ᠲᠥᠪ ᠤᠨ ᠠᠵᠤ | ᠠᠬᠤᠶᠢᠯᠠᠯ ᠤᠨ ᠶᠡᠭᠡ ᠬᠡᠪᠴᠢᠶᠡᠨ ᠤ ᠲᠥᠬᠦᠭᠡᠷᠦᠮᠵᠢ ᠶᠢᠨ ᠰᠢᠨᠡᠴᠢᠯᠡᠯᠳᠡ ᠶᠢᠨ ᠠᠵᠢᠯ ᠢ ᠠᠬᠢᠭᠤᠯᠬᠤ ᠲᠤᠬᠠᠶ | ᠪᠠᠶᠢᠷᠢᠯᠠᠭᠤᠯᠤᠯᠲᠠ ᠬᠢᠪᠠ᠃ | 6 ᠳ᠋ᠤᠭᠠᠷ ᠰᠠᠷ᠎ᠠ ᠳᠤ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠵᠡᠷᠭᠡ 13 ᠰᠠᠯᠠᠭ᠎ᠠ ᠮᠥᠴᠢᠷ ︽ᠵᠠᠮ | ᠬᠠᠷᠢᠯᠴᠠᠭ᠎ᠠ ᠲᠡᠭᠡᠭᠡᠪᠦᠷᠢ ᠶᠢᠨ ᠶᠡᠭᠡ ᠬᠡᠪᠴᠢᠶᠡᠨ ᠤ ᠲᠥᠬᠦᠭᠡᠷᠦᠮᠵᠢ ᠶᠢᠨ ᠰᠢᠨᠡᠴᠢᠯᠡᠯᠳᠡ ᠶᠢᠨ ᠠᠵᠢᠯᠯᠠᠭᠠᠨ ᠤ | ᠲᠥᠰᠦᠯ︾ ᠢ ᠳᠠᠷᠤᠮᠠᠯᠯᠠᠨ ᠲᠠᠷᠬᠠᠭᠠᠵᠤ᠂ ᠬᠤᠲᠠ ᠶᠢᠨ ᠨᠡᠶᠢᠲᠡ ᠶᠢᠨ ᠮᠠᠰᠢᠨ ᠲᠡᠷᠭᠡᠨ ᠤ ᠴᠠᠬᠢᠯᠭᠠᠨ | ᠬᠥᠳᠡᠯᠭᠡᠭᠦᠷ ᠢᠶᠠᠷ ᠣᠷᠣᠯᠠᠭᠤᠯᠬᠤ᠂ ᠬᠠᠭᠤᠴᠢᠷᠠᠭᠰᠠᠨ ᠪᠠᠷᠠᠭᠠᠨ ᠤ ᠲᠡᠷᠭᠡ ᠶᠢ ᠰᠢᠭᠰᠢᠭᠳᠡᠭᠦᠯᠵᠦ ᠰᠢᠨᠡᠳᠬᠡᠬᠦ᠂ | ᠬᠠᠭᠤᠴᠢᠷᠠᠭᠰᠠᠨ ᠮᠠᠰᠢᠨ ᠲᠡᠷᠭᠡ ᠶᠢ ᠬᠡᠷᠡᠭᠯᠡᠭᠡᠨ ᠠᠴᠠ ᠭᠠᠷᠭᠠᠬᠤ᠂ ᠬᠠᠭᠤᠴᠢᠨ ᠮᠠᠰᠢᠨ ᠲᠡᠷᠭᠡ ᠶᠢ ᠰᠢᠭᠰᠢᠭᠳᠡᠭᠦᠯᠬᠦ᠂ | ᠰᠢᠤᠳᠠᠨ ᠤ ᠲᠦᠷᠭᠡᠨ ᠬᠦᠷᠭᠡᠯᠲᠡ ᠶᠢᠨ ᠬᠠᠭᠤᠴᠢᠨ ᠲᠥᠬᠦᠭᠡᠷᠦᠮᠵᠢ ᠶᠢ ᠰᠤᠯᠢᠬᠤ᠂ ᠪᠠᠷᠠᠭᠠᠨ ᠤ ᠭᠦᠢᠯᠭᠡᠭᠡᠨ ᠤ | ᠲᠥᠬᠦᠭᠡᠷᠦᠮᠵᠢ ᠶᠢ ᠰᠢᠨᠡᠳᠬᠡᠨ ᠥᠭᠡᠷᠡᠴᠢᠯᠡᠬᠦ᠂ ᠪᠠᠷᠢᠮᠵᠢᠶ᠎ᠠ ᠶᠢ ᠳᠡᠭᠡᠭᠰᠢᠯᠡᠭᠦᠯᠬᠦ ᠲᠤᠯᠤᠭᠠᠨ ᠶᠡᠭᠡ ᠠᠵᠢᠯᠯᠠᠭ᠎ᠠ ᠶᠢ | ᠬᠡᠷᠡᠭᠵᠢᠭᠦᠯᠬᠦ ᠪᠠᠷ ᠲᠤᠭᠳᠠᠵᠠᠢ᠃ | ᠲᠥᠰᠦᠯ ᠳᠤ᠂ ᠬᠠᠭᠤᠴᠢᠷᠠᠭᠰᠠᠨ ᠰᠢᠨ᠎ᠡ ᠡᠨᠧᠷᠭᠢ ᠶᠢᠨ ᠨᠡᠶᠢᠲᠡ ᠶᠢᠨ ᠮᠠᠰᠢᠨ ᠲᠡᠷᠭᠡ ᠵᠢᠴᠢ ᠴᠡᠨᠡᠭ ᠢ | ᠰᠢᠨᠡᠳᠬᠡᠬᠦ ᠶᠢ ᠵᠣᠷᠢᠭᠵᠢᠭᠤᠯᠵᠤ᠂ ᠵᠢᠵᠢᠭ ᠬᠡᠯᠪᠡᠷᠢ ᠶᠢᠨ ᠨᠡᠶᠢᠲᠡ ᠶᠢᠨ ᠮᠠᠰᠢᠨ ᠲᠡᠷᠭᠡ ᠶᠢ ᠢᠳᠡᠪᠬᠢᠲᠡᠶ | ᠳᠡᠯᠭᠡᠷᠡᠭᠦᠯᠵᠦ᠂ ᠡᠯ᠎ᠡ ᠭᠠᠵᠠᠷ ᠤᠨ 10 ᠵᠢᠯ ᠵᠢᠴᠢ ᠲᠡᠭᠦᠨ ᠠᠴᠠ ᠳᠡᠭᠡᠭᠰᠢᠬᠢ ᠬᠤᠲᠠ ᠶᠢᠨ ᠨᠡᠶᠢᠲᠡ ᠶᠢᠨ ᠮᠠᠰᠢᠨ | ᠲᠡᠷᠭᠡ ᠶᠢ ᠰᠢᠨᠡᠳᠭᠡᠬᠦ ᠶᠢ ᠠᠬᠢᠭᠤᠯᠬᠤ ᠶᠢ ᠵᠣᠷᠢᠭᠵᠢᠭᠤᠯᠤᠨ᠎ᠠ︔ ᠬᠠᠭᠤᠴᠢᠷᠠᠭᠰᠠᠨ ᠴᠠᠶᠢᠶ᠋ᠢᠦ ᠲᠣᠰᠣᠨ ᠤ | ᠪᠠᠷᠠᠭᠠᠨ ᠤ ᠲᠡᠷᠭᠡ ᠶᠢ ᠰᠢᠭᠰᠢᠭᠳᠡᠭᠦᠯᠵᠦ ᠰᠢᠨᠡᠳᠬᠡᠬᠦ ᠶᠢ ᠲᠦᠷᠭᠡᠳᠬᠡᠵᠦ᠂ ᠰᠢᠨ᠎ᠡ ᠡᠨᠧᠷᠭᠢ ᠶᠢᠨ ᠪᠠᠷᠠᠭᠠᠨ ᠤ | ᠲᠡᠷᠭᠡ ᠶᠢ ᠡᠮᠬᠢ ᠵᠢᠷᠤᠮ ᠲᠠᠢ ᠪᠠᠷ ᠲᠡᠯᠭᠡᠷᠡᠭᠦᠯᠦᠨ᠎ᠡ ᠭᠡᠵᠤ ᠲᠤᠷᠠᠳᠤᠨ ᠭᠠᠷᠭᠠᠪᠠ᠃ | ᠲᠣᠨᠤᠭ ᠲᠥᠬᠦᠭᠡᠷᠦᠮᠵᠢ ᠶᠢᠨ ᠰᠢᠨᠡᠴᠢᠯᠡᠯᠳᠡ ᠨᠢ ᠴᠢᠨᠠᠷ ᠰᠠᠶᠢᠲᠠᠢ ᠬᠥᠭᠵᠢᠯᠲᠡ ᠳᠤ ᠠᠰᠢᠭᠲᠠᠢ᠃ | ᠡᠨᠡ ᠵᠢᠯ ᠤᠨ 3 ᠳ᠋ᠤᠭᠠᠷ ᠰᠠᠷ᠎ᠠ ᠳᠤ᠂ ᠠᠮᠢ ᠠᠬᠤᠢ ᠶᠢᠨ ᠴᠡᠪᠡᠷᠯᠡᠯᠲᠡ ᠶᠢᠨ ᠣᠶᠤᠨᠴᠢᠯᠠᠭᠰᠠᠨ ᠨᠢᠭᠡ | ᠴᠣᠭᠴᠠᠵᠢᠭᠰᠠᠨ ᠲᠠᠪᠴᠠᠩ ᠤᠨ ᠣᠩᠭᠤᠴᠠᠨ ︽ ᠲᠠᠢ ᠬᠤ᠋ ᠣᠳᠣᠨ︾ ᠠᠰᠢᠭᠯᠠᠯᠳᠠ ᠳᠤ ᠤᠷᠤᠵᠦ᠂ ᠡᠳᠦᠷ ᠪᠦᠷᠢ | 5000 ᠪᠣᠰᠤᠭ᠎ᠠ ᠳᠥᠷᠪᠡᠯᠵᠢᠨ ᠮᠧᠲᠷ ᠴᠡᠪᠡᠷᠰᠢᠭᠦᠯᠬᠦ ᠶᠢᠨ ᠬᠠᠮᠲᠤ ᠣᠩᠭᠤᠴᠠᠨ ᠳᠡᠭᠡᠷ᠎ᠡ ᠰᠢᠪᠡᠷ ᠳᠠᠷᠤᠵᠤ | ᠱᠦᠭᠦᠬᠦ ᠠᠵᠢᠯ ᠢ ᠴᠤ ᠬᠢᠵᠦ ᠪᠣᠯᠤᠨ᠎ᠠ᠃ ᠡᠨᠡ ᠬᠦ ᠪᠠᠷᠢᠯᠭ᠎ᠠ ᠶᠢᠨ ᠣᠩᠭᠤᠴᠠ ᠨᠢ ᠣᠳᠣᠬᠠᠨ ᠤ ᠳᠡᠯᠡᠬᠡᠶ ᠶᠢᠨ | ᠣᠷᠴᠢᠨ ᠲᠣᠭᠤᠷᠢᠨ ᠤ ᠬᠠᠮᠠᠭᠠᠯᠠᠯᠲᠠ ᠶᠢᠨ ᠤᠶᠤᠨᠴᠢᠯᠠᠭᠰᠠᠨ ᠬᠠᠮᠤᠭ ᠤᠨ ᠥᠨᠳᠥᠷ ᠬᠢᠷᠢ ᠲᠦᠪᠰᠢᠨ ᠢ | ᠲᠥᠯᠥᠭᠡᠯᠡᠵᠦ ᠪᠠᠶᠢᠨ᠎ᠠ᠂ ᠲᠡᠭᠦᠨ ᠤ ᠠᠰᠢᠭᠯᠠᠯᠲᠠ ᠳᠤ ᠤᠷᠤᠭᠰᠠᠨ ᠨᠢ ᠲᠤᠰ ᠬᠦᠷᠢᠶᠡᠨ ᠤ ᠨᠢᠭᠡ ᠤᠳᠠᠭᠠᠨ ᠤ | ᠴᠢᠬᠤᠯᠠ ᠲᠥᠬᠦᠭᠡᠷᠦᠮᠵᠢ ᠶᠢᠨ ᠰᠢᠨᠡᠴᠢᠯᠡᠯᠲᠡ ᠪᠣᠯᠣᠨ᠎ᠠ᠃ | ᠱᠠᠩᠬᠠᠶ ᠶᠢᠨ ᠶᠠᠩ ᠱᠠᠨ ᠭᠠᠷᠠᠮ ᠤᠨ ᠬᠥᠪᠡᠭᠡᠨ ᠳᠤ ᠂ 4 ᠳ᠋ᠤᠭᠡᠷ ᠰᠠᠷ᠎ᠠ ᠶᠢᠨ 22 ᠤ ᠡᠳᠦᠷ᠂ ᠲᠦᠮᠡᠨ | ᠲᠤᠨ ᠤ ᠳᠡᠰ ᠤᠨ ᠴᠤᠯ ᠴᠠᠬᠢᠯᠭᠠᠨ ᠬᠥᠳᠡᠯᠭᠡᠭᠴᠢ ᠣᠩᠭᠤᠴᠠ᠂ ︽ᠵᠦᠩ ᠶᠤᠸᠠᠨ ᠳᠠᠯᠠᠶ ᠶᠢᠨ ᠲᠡᠭᠡᠭᠡᠪᠦᠷᠢ 01︾ | ᠠᠮᠤᠷ ᠲᠦᠪᠰᠢᠨ ᠢᠶᠠᠷ ᠬᠦᠷᠴᠦ ᠢᠷᠡᠵᠡᠢ᠃ ᠡᠭᠦᠨ ᠠᠴᠠ ᠡᠬᠢᠯᠡᠨ᠂ ᠶᠠᠩ ᠱᠠᠨ ᠭᠠᠷᠠᠮ ᠵᠢᠩᠬᠢᠨᠢ ᠪᠠᠷ ᠲᠠᠯᠠᠢ ᠶᠢᠨ | ᠲᠡᠭᠡᠭᠡᠪᠦᠷᠢ ᠶᠢᠨ ᠪᠥᠬᠦ ᠶᠠᠪᠤᠴᠠ ᠳᠤ ︽ᠭᠠᠳᠠᠭᠰᠢᠯᠠᠭᠤᠯᠬᠤ ᠥᠬᠡᠶ᠂ ᠪᠤᠬᠢᠷᠳᠦᠯ ᠥᠬᠡᠶ᠂ ᠱᠤᠤᠭᠢᠶᠠᠨ ᠥᠬᠡᠶ︾ | ᠰᠢᠨ᠎ᠡ ᠴᠠᠭ ᠦᠶ᠎ᠡ ᠶᠢ ᠨᠡᠭᠡᠭᠡᠵᠦ᠂ ᠤᠰᠤᠨ ᠲᠡᠭᠡᠭᠡᠪᠦᠷᠢ ᠶᠢᠨ ᠦᠢᠯᠡᠰ ᠤᠨ ᠳᠤᠤᠷ᠎ᠠ ᠨᠡᠭᠦᠷᠡᠰᠦᠲᠥ᠋ᠷᠥᠭᠴᠢᠲᠦ | ᠣᠷᠴᠢᠨ ᠲᠣᠭᠤᠷᠢᠨ ᠢ ᠬᠠᠮᠠᠭᠠᠯᠠᠬᠤ ᠬᠡᠯᠪᠡᠷᠢ ᠶᠢᠨ ᠬᠤᠪᠢᠷᠠᠯᠲᠠ ᠳᠤ ᠰᠢᠨ᠎ᠡ ᠬᠡᠪ ᠳᠠᠭᠤᠷᠢᠶᠠᠯ ᠪᠣᠯᠤᠭᠰᠠᠨ ᠪᠠᠶᠢᠨ᠎ᠠ᠃ | | ᠾᠧᠪᠧᠶ ᠶᠢᠨ ᠴᠢᠩ ᠾᠧ ᠰᠢᠶᠠᠨ ᠤ ᠨᠢᠭᠡᠨ ᠺᠣᠮᠫᠠᠨᠢ ᠶᠢᠨ ᠬᠤᠪᠴᠠᠰᠤ ᠬᠢᠬᠦ ᠲᠠᠰᠤᠭ ᠲᠤ ᠬᠤᠪᠴᠠᠰᠤ ᠬᠢᠬᠦ | ᠲᠥᠬᠦᠭᠡᠷᠦᠮᠵᠢ ᠶᠢᠨ ᠬᠠᠵᠠᠭᠤ ᠳᠤ ᠠᠵᠢᠯᠴᠢᠳ ᠲᠤᠩ ᠴᠥᠭᠡᠨ ᠪᠠᠶᠢᠯ᠎ᠠ᠃ ᠤᠤᠯ ᠨᠢ ᠠᠵᠤ ᠠᠬᠤᠶᠢᠯᠠᠯ | ᠤᠶᠤᠨᠴᠢᠯᠠᠯᠳᠠ ᠂ ᠢᠯᠠᠩᠭᠤᠶ᠎ᠠ ᠠᠵᠤ ᠦᠢᠯᠡᠳᠪᠦᠷᠢ ᠶᠢᠨ ᠲᠥᠬᠦᠭᠡᠷᠦᠮᠵᠢ ᠶᠢᠨ ᠤᠶᠤᠨᠴᠢᠯᠠᠯᠳᠠ ᠬᠡᠷᠡᠭᠯᠡᠬᠦ ᠪᠠᠷ | ᠳᠡᠮᠵᠢᠨ᠂ ᠲᠣᠰ ᠺᠣᠮᠫᠠᠨᠢ 3 ᠦᠢᠯᠡᠳᠪᠦᠷᠢ ᠶᠢᠨ ᠲᠣᠭᠤᠷᠢᠭ ᠤᠨ 700 ᠭᠠᠷᠤᠶ ᠮᠠᠰᠢᠨ ᠢ ᠨᠢᠭᠡᠨ | ᠬᠠᠮᠢᠶᠠᠷᠤᠯᠲᠠ ᠶᠢᠨ ᠲᠠᠪᠴᠠᠩ ᠳᠤ ᠲᠥᠪᠯᠡᠷᠡᠭᠦᠯᠵᠦ᠂ ᠦᠢᠯᠡᠳᠪᠦᠷᠢᠯᠡᠯ ᠤᠨ ᠲᠤᠭ᠎ᠠ ᠪᠠᠷᠢᠮᠲᠠ ᠶᠢ ᠴᠠᠭ | ᠲᠤᠬᠠᠶ ᠳᠤᠨᠢ ᠴᠤᠭᠯᠠᠭᠤᠯᠬᠤ ᠪᠠ ᠠᠦ᠋ᠲ᠋ᠣ᠋ ᠬᠠᠷᠢᠭᠤ ᠲᠤᠰᠬᠠᠬᠤ ᠶᠢ ᠪᠡᠶᠡᠯᠡᠭᠦᠯᠵᠦ᠂ ᠠᠵᠤ ᠠᠬᠤᠶᠢᠯᠠᠯ ᠤᠨ | ᠦᠢᠯᠡᠳᠪᠦᠷᠢᠯᠡᠯ ᠤᠨ ᠦᠷ᠎ᠡ ᠪᠦᠲᠦᠮᠵᠢ ᠶᠢ ᠶᠡᠭᠡ ᠪᠠᠷ ᠳᠡᠭᠡᠭᠰᠢᠯᠡᠭᠦᠯᠪᠡ᠃ | ᠲᠤᠨᠤᠭ ᠲᠥᠬᠦᠭᠡᠷᠦᠮᠵᠢ ᠶᠢᠨ ᠰᠢᠨᠡᠴᠢᠯᠡᠯᠳᠡ ᠨᠢ ᠰᠠᠭᠤᠭᠠᠯᠢ ᠠᠷᠠᠳ ᠤᠨ ᠵᠣᠯ ᠵᠢᠷᠭᠠᠯᠲᠤ ᠲᠥᠷᠥᠭᠳᠡᠯ ᠢ | ᠳᠡᠭᠡᠭᠰᠢᠯᠡᠭᠦᠯᠦᠨ᠎ᠡ᠃ | ᠪᠡᠭᠡᠵᠢᠩ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠨ ᠪᠠᠶᠢᠭᠤᠯᠬᠤ ᠠᠵᠢᠯ ᠢ | ᠲᠤᠭᠳᠠᠭᠤᠨ ᠢᠶᠠᠷ ᠠᠬᠢᠭᠤᠯᠵᠦ᠂ ᠨᠢᠭᠡ ᠪᠦᠯᠦᠭ ᠠᠵᠤ ᠦᠢᠯᠡᠳᠪᠦᠷᠢ ᠶᠢᠨ ᠦᠯᠡᠳᠡᠭᠳᠡᠯ ᠢ ᠳᠠᠬᠢᠨ ᠠᠮᠢᠯᠠᠭᠤᠯᠪᠠ᠃ | ᠨᠠᠶᠢᠰᠯᠠᠯ ᠤᠨ ᠪᠣᠯᠣᠳ ᠲᠡᠮᠦᠷ ᠤᠨ ᠠᠵᠤ ᠦᠢᠯᠡᠳᠪᠦᠷᠢ ᠶᠢᠨ ᠬᠠᠭᠤᠴᠢᠨ ᠲᠣᠭᠤᠷᠢᠭ ︵ᠬᠤᠶᠢᠳᠦ ᠲᠣᠭᠤᠷᠢᠭ︶ | ᠤᠨ ᠬᠦᠳᠡᠷ ᠤᠨ ᠲᠦᠭᠦᠬᠡᠢ ᠮᠠᠲ᠋ᠧᠷᠢᠶᠠᠯ ᠤᠨ ᠬᠦᠮᠦᠷᠭᠡ ᠨᠢ ᠡᠪᠦᠯ ᠤᠨ ᠤᠯᠠᠷᠢᠯ ᠤᠨ ᠤᠯᠢᠮᠫᠢᠺ ᠤᠨ ᠲᠠᠮᠢᠷ ᠤᠨ | ᠴᠤᠭᠯᠠᠭᠠᠨ ᠤ ᠵᠣᠬᠢᠶᠠᠨ ᠪᠠᠶᠢᠭᠤᠯᠬᠤ ᠺᠣᠮᠢᠰ ᠤᠨ ᠠᠵᠢᠯᠯᠠᠬᠤ ᠲᠣᠭᠤᠷᠢᠭ ᠪᠣᠯᠵᠤ᠂ ᠨᠠᠷᠢᠯᠢᠭ ᠨᠡᠭᠦᠷᠡᠰᠦᠨ ᠤ | ᠦᠢᠯᠡᠳᠪᠦᠷᠢ ᠶᠢᠨ ᠲᠠᠰᠤᠭ ᠨᠢ ᠮᠥᠰᠥᠨ ᠤᠷᠤᠯᠳᠤᠭᠠᠨ ᠤ ᠲᠠᠯᠠᠪᠠᠢ ᠪᠣᠯᠵᠤ᠂ ︽ᠬᠠᠭᠤᠴᠢᠨ ᠪᠣᠯᠣᠳ ᠲᠡᠮᠦᠷ ᠤᠨ | ᠠᠵᠤ ᠦᠢᠯᠡᠳᠪᠦᠷᠢ︾ ᠨᠢ ︽ᠠᠯᠲᠠᠨ ᠪᠤᠯᠢᠶᠠᠬᠤ ᠭᠠᠵᠠᠷ︾ ᠪᠣᠯᠵᠤ᠂ ᠴᠣ ᠰᠢᠨ᠎ᠡ ︽ᠨᠡᠶᠢᠰᠯᠡᠯ ᠤᠨ ᠪᠣᠯᠣᠳ | ᠲᠡᠮᠦᠷ ᠤᠨ ᠬᠦᠷᠢᠶᠡᠯᠡᠩ︾ ᠪᠣᠯᠵᠤ᠂ ᠬᠤᠲᠠ ᠶᠢᠨ ᠠᠷᠠᠳ ᠤᠨ ᠭᠠᠷᠠᠭ ᠤᠨ ᠰᠡᠭᠦᠯᠴᠢ ᠶᠢᠨ ᠰᠡᠯᠡᠭᠦᠴᠡᠯ︾ ᠤᠨ | ᠭᠠᠵᠠᠷ ᠪᠣᠯᠤᠭᠰᠠᠨ ᠪᠠᠶᠢᠨ᠎ᠠ᠃ | ᠴᠦᠩᠴᠢᠩ ᠂ ᠲᠣᠰ ᠬᠤᠲᠠ ᠶᠢᠨ 15 ᠵᠢᠯ ᠠᠴᠠ ᠳᠡᠭᠡᠭᠰᠢ᠂ ᠲᠣᠬᠢᠷᠠᠭᠤᠯᠤᠯᠲᠠ ᠶᠢᠨ ᠬᠢᠷᠢ ᠲᠦᠪᠰᠢᠨ | ᠳᠣᠤᠷ᠎ᠠ᠂ ᠠᠵᠢᠯᠯᠠᠭᠠᠨ ᠤ ᠰᠠᠭᠠᠳ ᠶᠡᠬᠡᠲᠡᠶ᠂ ᠠᠮᠤᠷ ᠲᠦᠪᠰᠢᠨ ᠤ ᠳᠠᠯᠳᠠ ᠬᠡᠮ ᠲᠣᠪᠤᠶᠢᠮ᠎ᠠ᠂ ᠣᠯᠠᠨ ᠲᠦᠮᠡᠨ ᠤ | ᠰᠢᠨᠡᠳᠬᠡᠬᠦ ᠬᠦᠰᠡᠯ ᠡᠷᠡᠮᠡᠯᠵᠡᠯ ᠴᠢᠩᠭ᠎ᠠ ᠣᠷᠣᠨ ᠰᠠᠭᠤᠴᠠ ᠶᠢᠨ ᠴᠠᠬᠢᠯᠭᠠᠨ ᠱᠠᠲᠤ ᠶᠢ ᠰᠢᠨᠡᠳᠬᠡᠬᠦ᠂ ᠥᠭᠡᠷᠡᠴᠢᠯᠡᠬᠦ | ᠪᠤᠶᠤ ᠶᠡᠭᠡ ᠵᠠᠰᠠᠯᠲᠠ ᠬᠢᠬᠦ ᠶᠢ ᠭᠤᠤᠯᠳᠠᠯᠭ᠎ᠠ ᠲᠠᠢ ᠠᠬᠢᠭᠤᠯᠬᠤ ᠪᠠᠶᠢᠨ᠎ᠠ᠃ | ᠵᠢᠶᠠᠩᠰᠦ ᠮᠤᠵᠢ᠂ ᠳᠡᠭᠦᠵᠢᠩ ᠵᠠᠮ ᠤᠨ ᠲᠡᠷᠭᠡ᠂ ᠵᠤᠭ᠎ᠠ ᠴᠡᠩᠭᠡᠯ ᠤᠨ ᠲᠥᠬᠦᠭᠡᠷᠦᠮᠵᠢ᠂ ᠤᠷᠠᠨ | ᠲᠣᠭᠯᠠᠯᠲᠠ ᠶᠢᠨ ᠲᠥᠬᠦᠭᠡᠷᠦᠮᠵᠢ᠂ ᠦᠵᠡᠮᠵᠢ ᠶᠢᠨ ᠣᠷᠣᠨ ᠤ ᠣᠶᠤᠨᠴᠢ ᠲᠥᠬᠦᠭᠡᠷᠦᠮᠵᠢ ᠵᠡᠷᠭᠡ ᠶᠢ ᠰᠢᠨᠡᠳᠬᠡᠨ | ᠳᠡᠭᠡᠭᠰᠢᠯᠡᠭᠦᠯᠬᠦ ᠶᠢ ᠥᠷᠨᠢᠭᠦᠯᠵᠦ᠂ ᠵᠤᠬᠢᠶᠠᠮᠠᠯ ᠤᠶᠤᠨ᠂ ᠣᠶᠤᠨᠴᠢ ᠡᠮᠦᠰᠴᠦ ᠵᠡᠭᠦᠬᠦ ᠵᠡᠷᠭᠡ ᠮᠡᠷᠭᠡᠵᠢᠯ ᠤᠨ | ᠬᠡᠷᠡᠭᠯᠡᠯᠲᠡ ᠶᠢ ᠳᠡᠯᠭᠡᠷᠡᠭᠦᠯᠵᠦ᠂ 2027 ᠤᠨ ᠪᠤᠯᠳᠠᠯ᠎ᠠ ᠰᠣᠶᠣᠯ ᠵᠢᠭᠤᠯᠴᠢᠯᠠᠯ ᠤᠨ ᠲᠥᠬᠦᠭᠡᠷᠦᠮᠵᠢ ᠶᠢ ᠨᠡᠶᠢᠲᠡ | 60 ᠰᠠᠭᠤᠷᠢ ︵ᠢᠵᠢ︶ ᠠᠴᠠ ᠳᠡᠭᠡᠭᠰᠢ ᠰᠢᠨᠡᠴᠢᠯᠡᠨ᠎ᠡ᠃ | ᠭᠢᠷᠢᠨ᠂ ᠲᠤᠰ ᠮᠤᠵᠢ ᠶᠢᠨ ᠬᠢᠨ ᠭᠤᠷᠪᠠᠨ ᠵᠢᠯ ᠤᠨ ᠳᠣᠲᠣᠷ᠎ᠠ 150 ᠲᠦᠮᠡᠨ ᠡᠷᠦᠬᠡ ᠶᠢᠨ ᠤᠰᠤᠨ ᠤ | ᠬᠡᠮᠵᠢᠭᠦᠷ ᠤᠨ ᠤᠶᠤᠨᠴᠢᠯᠠᠭᠰᠠᠨ ᠳᠡᠰ ᠳᠠᠪᠰᠢᠯᠲᠠ ᠶᠢ ᠪᠡᠶᠡᠯᠡᠭᠦᠯᠬᠦ ᠪᠠᠷ ᠲᠥᠯᠥᠪᠯᠡᠵᠦ ᠪᠤᠶ᠃ | ᠲᠣᠨᠤᠭ ᠲᠥᠬᠦᠭᠡᠷᠦᠮᠵᠢ ᠶᠢᠨ ᠰᠢᠨᠡᠴᠢᠯᠡᠯᠳᠡ ᠳᠤ ᠥᠨᠳᠥᠷ ᠪᠠᠷᠢᠮᠵᠢᠶ᠎ᠠ ᠲᠠᠢ ᠬᠠᠷᠭᠤᠭᠤᠯᠤᠨ᠎ᠠ᠃ | ᠲᠥᠯᠥᠪᠯᠡᠭᠡ ᠶᠣᠰᠣᠭᠠᠷ᠂ ᠮᠠᠨ ᠤ ᠤᠯᠤᠰ ᠳᠡᠯᠡᠬᠡᠶ ᠶᠢᠨ ᠲᠡᠷᠢᠭᠦᠨ ᠤ ᠬᠢᠷᠢ ᠲᠦᠪᠰᠢᠨ ᠲᠠᠢ ᠬᠠᠷᠭᠤᠭᠤᠯᠵᠦ | ᠂ ᠡᠨᠧᠷᠭᠢ ᠶᠢᠨ ᠬᠤᠷᠤᠭᠳᠠᠯ ᠤᠨ ᠬᠢᠵᠠᠭᠠᠷ ᠲᠤᠭ᠎ᠠ᠂ ᠦᠢᠯᠡᠳᠬᠦᠨ ᠤ ᠲᠥᠬᠦᠭᠡᠷᠦᠮᠵᠢ ᠶᠢᠨ ᠡᠨᠧᠷᠭᠢ ᠶᠢᠨ | ᠠᠰᠢᠭᠯᠠᠮᠵᠢ ᠶᠢᠨ ᠠᠯᠪᠠᠳᠠᠯᠭ᠎ᠠ ᠶᠢᠨ ᠴᠢᠨᠠᠷᠲᠠᠶ ᠤᠯᠤᠰ ᠤᠨ ᠪᠠᠷᠢᠮᠵᠢᠶ᠎ᠠ ᠶᠢ ᠲᠦᠷᠭᠡᠳᠬᠡᠨ ᠲᠣᠭᠲᠠᠭᠠᠨ ᠵᠠᠰᠠᠪᠤᠷᠢ | ᠣᠷᠣᠭᠤᠯᠵᠤ᠂ ᠭᠤᠤᠯᠳᠠᠯᠭ᠎ᠠ ᠲᠠᠢ ᠡᠨᠧᠷᠭᠢ ᠬᠡᠷᠡᠭᠯᠡᠬᠦ ᠦᠢᠯᠡᠳᠬᠦᠨ ᠤ ᠲᠥᠬᠦᠭᠡᠷᠦᠮᠵᠢ ᠶᠢᠨ ᠡᠨᠧᠷᠭᠢ ᠶᠢᠨ | ᠠᠰᠢᠭᠯᠠᠮᠵᠢ ᠶᠢᠨ ᠲᠡᠷᠢᠭᠦᠨ ᠤ ᠬᠢᠷᠢ ᠲᠦᠪᠰᠢᠨ᠂ ᠡᠨᠧᠷᠭᠢ ᠠᠷᠪᠢᠯᠠᠬᠤ ᠬᠢᠷᠢ ᠲᠦᠪᠰᠢᠨ ᠪᠣᠯᠤᠨ ᠵᠥᠪᠰᠢᠶᠡᠷᠡᠨ | ᠣᠷᠣᠭᠤᠯᠬᠤ ᠬᠢᠷᠢ ᠲᠦᠪᠰᠢᠨ ᠶᠢ ᠬᠥᠳᠡᠯᠦᠩᠭᠦᠶ ᠪᠠᠷ ᠰᠢᠨᠡᠳᠬᠡᠵᠦ᠂ ᠡᠨᠧᠷᠭᠢ ᠠᠷᠪᠢᠯᠠᠬᠤ ᠭᠦᠢᠴᠡᠳᠭᠡᠯ ᠲᠤᠭ᠎ᠠ | ᠪᠣᠯᠤᠨ ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ ᠬᠤᠷᠢᠭ᠎ᠠ ᠵᠡᠷᠭᠡ ᠶᠢ ᠲᠦᠷᠭᠡᠳᠬᠡᠨ ᠳᠡᠭᠡᠭᠰᠢᠯᠡᠭᠦᠯᠦᠨ᠎ᠡ᠃ | ᠤᠯᠤᠰ ᠤᠨ ᠳᠣᠲᠣᠭᠠᠳᠤ ᠭᠠᠳᠠᠭᠠᠳᠤ ᠶᠢᠨ ᠪᠠᠷᠢᠮᠵᠢᠶ᠎ᠠ ᠲᠠᠢ ᠬᠡᠷᠬᠢᠨ ᠵᠣᠯᠭᠠᠯᠳᠤᠭᠤᠯᠬᠤ᠂ ᠣᠷᠣᠨ | ᠨᠤᠲᠤᠭ ᠤᠨ ᠪᠠᠷᠢᠮᠵᠢᠶ᠎ᠠ ᠶᠢ ᠲᠡᠭᠦᠯᠳᠡᠷᠵᠢᠭᠦᠯᠬᠦ᠂ ᠠᠵᠤ ᠠᠬᠤᠶᠢᠯᠠᠯ ᠤᠨ ᠪᠠᠷᠢᠮᠵᠢᠶᠠᠵᠢᠭᠤᠯᠤᠯᠳᠠ ᠳᠡᠰ | ᠳᠡᠪᠰᠢᠭᠦᠯᠬᠦ ᠶᠢ ᠬᠥᠲᠥᠯᠥᠨ ᠵᠢᠯᠣᠭᠤᠳᠬᠤ ᠪᠣᠯ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ | ᠲᠥᠬᠦᠭᠡᠷᠦᠮᠵᠢ ᠶᠢᠨ ᠰᠢᠨᠡᠴᠢᠯᠡᠯᠲᠡ ᠶᠢ ᠠᠬᠢᠭᠤᠯᠬᠤ ᠶᠢᠨ ᠴᠢᠬᠤᠯᠠ ᠠᠩᠬᠠᠷᠬᠤ ᠴᠡᠭ ᠪᠣᠯᠤᠨ᠎ᠠ᠃ ᠵᠢᠱᠢᠶᠡᠯᠡᠪᠡᠯ | ᠬᠤᠪᠧᠶ ᠮᠤᠵᠢ ᠤᠯᠤᠰ ᠤᠨ ᠦᠢᠯᠡᠳᠬᠦᠨ ᠤ ᠲᠥᠬᠦᠭᠡᠷᠦᠮᠵᠢ ᠶᠢᠨ ᠡᠨᠧᠷᠭᠢ ᠶᠢᠨ ᠬᠤᠷᠣᠭᠳᠠᠯ᠂ | ᠭᠠᠳᠠᠭᠰᠢᠯᠠᠭᠤᠯᠤᠯᠲᠠ᠂ ᠮᠡᠷᠭᠡᠵᠢᠯ ᠵᠡᠷᠭᠡ ᠪᠠᠷᠢᠮᠵᠢᠶ᠎ᠠ ᠶᠢᠨ ᠱᠠᠭᠠᠷᠳᠠᠯᠭ᠎ᠠ ᠶᠢ ᠴᠢᠩᠭ᠎ᠠ ᠨᠠᠶᠢᠳᠠᠪᠦᠷᠢᠵᠢᠭᠤᠯᠪᠠ᠃ | ᠮᠤᠵᠢ ᠶᠢᠨ ᠳᠣᠲᠣᠷᠠᠬᠢ ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ᠂ ᠳᠡᠭᠡᠳᠦ ᠰᠤᠷᠭᠠᠭᠤᠯᠢ᠂ ᠠᠵᠤ | ᠠᠬᠤᠶᠢᠯᠠᠯ ᠵᠡᠷᠭᠡ ᠶᠢᠨ ᠣᠯᠠᠨ ᠤᠯᠤᠰ ᠪᠠ ᠤᠯᠤᠰ ᠤᠨ ᠳᠣᠲᠣᠭᠠᠳᠤ ᠶᠢᠨ ᠪᠠᠷᠢᠮᠵᠢᠶ᠎ᠠ ᠶᠢ ᠲᠣᠭᠲᠠᠭᠠᠵᠤ ᠵᠠᠰᠠᠪᠤᠷᠢ | ᠣᠷᠣᠭᠤᠯᠬᠤ ᠪᠠᠷ ᠭᠤᠤᠯᠯᠠᠬᠤ ᠪᠤᠶᠤ ᠣᠷᠣᠯᠴᠠᠬᠤ ᠶᠢ ᠵᠣᠷᠢᠭᠵᠢᠭᠤᠯᠤᠨ᠎ᠠ᠃ ᠧᠦ᠋ᠷᠣᠫᠠ ᠶᠢᠨ ᠬᠤᠯᠪᠣᠭ᠎ᠠ᠂ ᠵᠡᠭᠦᠨ | ᠡᠮᠦᠨᠡᠲᠦ ᠠᠽᠢᠶ᠎ᠠ ᠵᠡᠷᠭᠡ ᠭᠤᠣᠯᠳᠠᠯᠭ᠎ᠠ ᠲᠠᠢ ᠭᠠᠳᠠᠭᠠᠳᠤ ᠶᠢᠨ ᠵᠠᠬ᠎ᠠ ᠳᠡᠯᠭᠡᠭᠦᠷ ᠤᠨ ᠪᠠᠷᠢᠮᠵᠢᠶ᠎ᠠ ᠲᠠᠢ ᠬᠠᠷᠢᠴᠠᠭᠤᠯᠤᠨ | ᠵᠠᠳᠠᠯᠬᠤ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠲᠤᠰ ᠮᠤᠵᠢ ᠶᠢᠨ ᠨᠡᠩ ᠤᠯᠠᠨ ᠰᠢᠨ᠎ᠡ ᠡᠨᠧᠷᠭᠢ ᠶᠢᠨ ᠮᠠᠰᠢᠨ | ᠲᠡᠷᠭᠡ᠂ ᠮᠠᠰᠢᠨ ᠴᠠᠬᠢᠯᠭᠠᠨ ᠵᠡᠷᠭᠡ ᠳᠠᠪᠠᠭᠤᠯᠢᠭ ᠦᠢᠯᠡᠳᠬᠦᠨ ᠢ ᠭᠠᠳᠠᠭᠠᠳᠤ ᠳᠤ ᠭᠠᠷᠭᠠᠬᠤ ᠶᠢ ᠠᠬᠢᠭᠤᠯᠪᠠ᠃ | ᠲᠥᠯᠥᠪᠯᠡᠭᠡ ᠶᠣᠰᠣᠭᠠᠷ᠂ ᠵᠧᠵᠢᠶᠠᠩ ᠮᠤᠵᠢ ᠶᠢᠨ ᠬᠢᠨ ᠤᠯᠤᠰ ᠤᠨ ᠪᠠᠷᠢᠮᠵᠢᠶ᠎ᠠ ᠠᠴᠠ ᠴᠢᠩᠭ᠎ᠠ ᠡᠨᠧᠷᠭᠢ ᠶᠢᠨ | ᠰᠤᠷᠪᠤᠯᠵᠢ ᠶᠢᠨ ᠡᠨᠧᠷᠭᠢ ᠶᠢᠨ ᠬᠤᠷᠣᠭᠳᠠᠯ ᠤᠨ ᠭᠠᠳᠠᠭᠰᠢᠯᠠᠭᠤᠯᠤᠯᠲᠠ ᠶᠢᠨ ᠪᠠᠷᠢᠮᠵᠢᠶ᠎ᠠ ᠶᠢ ᠲᠦᠷᠭᠡᠨ ᠲᠣᠭᠲᠠᠭᠠᠵᠤ | ᠂ ᠬᠤᠴᠣᠷᠤᠩᠭᠤᠢ ᠦᠢᠯᠡᠳᠪᠦᠷᠢᠯᠡᠯ ᠤᠨ ᠴᠢᠳᠠᠪᠤᠷᠢ ᠶᠢ ᠭᠡᠳᠡᠷᠭᠦ ᠰᠢᠬᠠᠮᠳᠠᠭᠤᠯᠵᠤ ᠪᠠᠶᠢᠭᠠᠳ ᠲᠦᠷᠭᠡᠨ | ᠢᠯᠭᠠᠷᠠᠭᠤᠯᠵᠤ᠂ ᠭᠤᠣᠯᠳᠠᠯᠭ᠎ᠠ ᠲᠠᠢ ᠠᠵᠤ ᠦᠢᠯᠡᠰ ᠢ ᠲᠦᠷᠭᠡᠨ ᠲᠡᠭᠡᠭᠰᠢᠯᠡᠭᠦᠯᠪᠡ᠃ ᠲᠤᠰ ᠮᠤᠵᠢ ᠡᠨᠡ ᠵᠢᠯ 37 | ᠮᠤᠵᠢ ᠶᠢᠨ ᠣᠷᠣᠨ ᠨᠤᠲᠤᠭ ᠤᠨ ᠪᠠᠷᠢᠮᠵᠢᠶ᠎ᠠ᠂ ︽ᠵᠧᠵᠢᠶᠠᠩ ᠤᠨ ᠦᠢᠯᠡᠳᠬᠦ ᠪᠠᠷᠢᠮᠵᠢᠶ᠎ᠠ︾ ᠶᠢ 124 ᠵᠦᠢᠯ ᠢ | ᠨᠡᠶᠢᠲᠡᠯᠡᠨ ᠬᠡᠷᠡᠭᠵᠢᠭᠦᠯᠦᠨ᠎ᠡ᠃ | ᠲᠣᠨᠤᠭ ᠲᠥᠬᠦᠭᠡᠷᠦᠮᠵᠢ ᠶᠢᠨ ᠰᠢᠨᠡᠴᠢᠯᠡᠯᠳᠡ ᠳᠤ ᠳᠦᠷᠦ ᠶᠢᠨ ᠪᠤᠳᠤᠯᠭ᠎ᠠ ᠶᠢᠨ ᠪᠠᠳᠤᠯᠠᠭ᠎ᠠ ᠪᠠᠶᠢᠬᠤ ᠬᠡᠷᠡᠭᠳᠡᠢ | ᠲᠣᠨᠤᠭ ᠲᠥᠬᠦᠭᠡᠷᠦᠮᠵᠢ ᠶᠢᠨ ᠰᠢᠨᠡᠴᠢᠯᠡᠯᠳᠡ ᠨᠢ ᠲᠥᠷᠥ ᠶᠢᠨ ᠪᠣᠳᠣᠯᠭ᠎ᠠ ᠶᠢᠨ ᠪᠠᠲᠤᠯᠭ᠎ᠠ ᠠᠴᠠ ᠰᠠᠯᠵᠤ | ᠴᠢᠳᠠᠬᠤ ᠥᠬᠡᠶ ᠶᠤᠮ᠃ | ᠠᠵᠢᠯᠯᠠᠭ᠎ᠠ ᠶᠢᠨ ᠲᠥᠰᠦᠯ ᠢ ᠦᠨᠳᠦᠰᠦᠯᠡᠪᠡᠯ᠂ ᠮᠠᠨ ᠤ ᠤᠯᠤᠰ ᠡᠳ᠋ ᠤᠨ ᠵᠠᠰᠠᠭ ᠤᠨ ᠲᠥᠷᠥ ᠶᠢᠨ | ᠪᠣᠳᠣᠯᠭ᠎ᠠ ᠶᠢᠨ ᠳᠡᠮᠵᠢᠯᠭᠡ ᠶᠢᠨ ᠡᠷᠴᠢᠮ ᠢᠶᠠᠨ ᠴᠢᠩᠭᠠᠷᠠᠭᠤᠯᠵᠤ᠂ ︽ᠨᠥᠬᠦᠴᠡᠯ ᠳᠤ ᠨᠡᠶᠢᠴᠡᠬᠦ ᠲᠥᠬᠦᠭᠡᠷᠦᠮᠵᠢ ᠶᠢᠨ | ᠰᠢᠨᠡᠴᠢᠯᠡᠯᠳᠡ᠂ ᠡᠷᠭᠢᠯᠳᠦᠭᠦᠯᠦᠨ ᠠᠰᠢᠭᠯᠠᠬᠤ ᠲᠥᠷᠥᠯ ᠵᠦᠢᠯ ᠢ ᠲᠥᠪ ᠤᠨ ᠲᠥᠰᠦᠪ ᠤᠨ ᠳᠣᠲᠣᠷᠠᠬᠢ ᠪᠠᠯᠠ | ᠣᠷᠣᠭᠤᠯᠤᠯᠲᠠ ᠵᠡᠷᠭᠡ ᠶᠢᠨ ᠪᠠᠯᠠ ᠮᠥᠩᠭᠦ ᠶᠢᠨ ᠳᠡᠮᠵᠢᠯᠭᠡ ᠶᠢᠨ ᠬᠡᠪᠴᠢᠶᠡᠨ ᠳᠤ ᠤᠷᠤᠭᠤᠯᠤᠨ᠎ᠠ︾᠃ | ᠮᠠᠨ ᠤ ᠤᠯᠤᠰ ᠭᠠᠶᠢᠯᠢ ᠲᠠᠲᠠᠪᠤᠷᠢ ᠶᠢᠨ ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠵᠦ᠂ | ︽ᠡᠨᠧᠷᠭᠢ ᠠᠷᠪᠢᠯᠠᠬᠤ ᠤᠰᠤ ᠠᠷᠪᠢᠯᠠᠬᠤ᠂ ᠣᠷᠴᠢᠨ ᠲᠣᠭᠤᠷᠢᠨ ᠤ ᠬᠠᠮᠠᠭᠠᠯᠠᠯᠲᠠ᠂ ᠠᠶᠤᠯᠭᠦᠶ | ᠦᠢᠯᠡᠳᠪᠦᠷᠢᠯᠡᠯ ᠤᠨ ᠲᠤᠰᠬᠠᠶ ᠬᠡᠷᠡᠭᠯᠡᠭᠡᠨ ᠤ ᠲᠥᠬᠦᠭᠡᠷᠦᠮᠵᠢ ᠶᠢᠨ ᠭᠠᠶᠢᠯᠢ ᠲᠠᠲᠠᠪᠤᠷᠢ ᠶᠢᠨ ᠬᠠᠷᠠᠭᠠᠯᠵᠠᠯ ᠤᠨ | ᠳᠡᠮᠵᠢᠯᠭᠡ ᠶᠢᠨ ᠡᠷᠴᠢᠮ ᠢᠶᠠᠨ ᠴᠢᠩᠭᠠᠷᠠᠭᠤᠯᠵᠤ᠂ ᠲᠣᠭᠠᠴᠢᠯᠠᠭᠰᠠᠨ ᠤᠶᠤᠨᠴᠢᠯᠠᠭᠰᠠᠨ ᠥᠭᠡᠷᠡᠴᠢᠯᠡᠯᠲᠡ ᠶᠢ | ᠬᠠᠷᠠᠭᠠᠯᠵᠠᠯ ᠤᠨ ᠬᠡᠪᠴᠢᠶᠡᠨ ᠳᠤ ᠤᠷᠤᠭᠤᠯᠤᠨ᠎ᠠ︾︔ ᠮᠥᠩᠭᠦᠨ ᠭᠦᠢᠯᠭᠡᠭᠡᠨ ᠤ ᠳᠡᠮᠵᠢᠯᠭᠡ ᠶᠢ ᠰᠢᠯᠢᠳᠡᠭᠵᠢᠭᠦᠯᠵᠦ᠂ | ︽ᠳᠠᠬᠢᠨ ᠵᠢᠭᠡᠯᠡᠯᠭᠡ ᠶᠢᠨ ᠲᠥᠷᠥ ᠶᠢᠨ ᠪᠣᠳᠣᠯᠭ᠎ᠠ ᠶᠢ ᠬᠡᠷᠡᠭᠯᠡᠵᠦ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ | ᠬᠥᠲᠥᠯᠦᠨ ᠵᠢᠯᠣᠭᠤᠳᠴᠤ ᠪᠠᠶᠢᠭᠠᠳ ᠲᠥᠬᠦᠭᠡᠷᠦᠮᠵᠢ ᠶᠢᠨ ᠰᠢᠨᠡᠴᠢᠯᠡᠯᠲᠡ ᠪᠠ ᠮᠡᠷᠭᠡᠵᠢᠯ ᠤᠨ ᠥᠭᠡᠷᠡᠴᠢᠯᠡᠯᠲᠡ ᠳᠤ | ᠦᠵᠡᠭᠦᠯᠬᠦ ᠳᠡᠮᠵᠢᠯᠭᠡ︾ ᠶᠢ ᠴᠢᠩᠭᠠᠳᠬᠠᠨ᠎ᠠ︔ ᠬᠦᠴᠦᠨ ᠵᠦᠢᠯ ᠤᠨ ᠪᠠᠲᠤᠯᠠᠭ᠎ᠠ ᠶᠢ ᠴᠢᠩᠭᠠᠳᠬᠠᠵᠤ᠂ ︽ᠠᠵᠤ | ᠠᠬᠤᠶᠢᠯᠠᠯ ᠤᠨ ᠮᠡᠷᠭᠡᠵᠢᠯ ᠤᠨ ᠥᠭᠡᠷᠡᠴᠢᠯᠡᠯᠲᠡ ᠶᠢᠨ ᠲᠥᠷᠥᠯ ᠵᠦᠢᠯ ᠳᠤ ᠬᠡᠷᠡᠭᠯᠡᠬᠦ ᠭᠠᠵᠠᠷ᠂ ᠡᠨᠧᠷᠭᠢ ᠬᠡᠷᠡᠭᠯᠡᠬᠦ | ᠵᠡᠷᠭᠡ ᠬᠦᠴᠦᠨ ᠵᠦᠢᠯ ᠤᠨ ᠪᠠᠲᠤᠯᠠᠭ᠎ᠠ ᠶᠢ ᠴᠢᠩᠭᠠᠳᠬᠠᠨ᠎ᠠ︾︔ ᠰᠢᠨ᠎ᠡ ᠶᠢ ᠡᠭᠦᠳᠬᠦ ᠲᠤᠯᠭᠠᠭᠤᠷᠢᠯᠠᠯ ᠢ | ᠴᠢᠩᠭᠠᠳᠬᠠᠵᠤ᠂ ︽ᠤᠯᠠᠮᠵᠢᠯᠠᠯᠲᠤ ᠠᠵᠤ ᠦᠢᠯᠡᠰ ᠤᠨ ᠬᠡᠯᠪᠡᠷᠢ ᠬᠤᠪᠢᠷᠠᠭᠤᠯᠤᠨ ᠲᠠᠰ ᠳᠡᠪᠰᠢᠬᠦ ᠶᠢ ᠣᠷᠳᠣ | ᠬᠤᠭᠤᠴᠠᠭ᠎ᠠ ᠪᠠᠷ ᠬᠠᠷᠰᠢᠯᠠᠵᠤ ᠪᠠᠶᠢᠭ᠎ᠠ ᠠᠵᠤ ᠦᠢᠯᠡᠰ ᠤᠨ ᠰᠠᠭᠤᠷᠢᠨ ᠭᠠᠵᠠᠷ᠂ ᠴᠢᠬᠤᠯᠠ ᠶᠡᠭᠡ ᠮᠡᠷᠭᠡᠵᠢᠯ ᠤᠨ | ᠲᠣᠨᠤᠭ ᠲᠥᠬᠦᠭᠡᠷᠦᠮᠵᠢ ᠶᠢ ︿ᠪᠣᠭᠤᠮᠢᠯᠠᠬᠤ﹀ ᠬᠦᠴᠢᠷ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ | ᠴᠢᠬᠤᠯᠠ ᠶᠡᠭᠡ ᠮᠡᠷᠭᠡᠵᠢᠯ ᠤᠨ ᠲᠣᠨᠤᠭ ᠲᠥᠬᠦᠭᠡᠷᠦᠮᠵᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠪᠣᠭᠤᠮᠲᠠ | ᠰᠢᠪᠲᠤᠯᠬᠤ︾ ᠵᠡᠷᠭᠡ ᠶᠢ ᠢᠳᠡᠪᠬᠢᠲᠡᠶ ᠥᠷᠨᠢᠭᠦᠯᠦᠨ᠎ᠡ᠃ | ᠲᠥᠬᠦᠭᠡᠷᠦᠮᠵᠢ ᠶᠢᠨ ᠰᠢᠨᠡᠴᠢᠯᠡᠯᠳᠡ ᠳᠤ ᠪᠡᠯᠡ ᠤᠷᠤᠭᠤᠯᠤᠯᠳᠠ ᠬᠡᠷᠡᠭᠲᠡᠢ᠃ | ᠠᠵᠤ ᠠᠬᠤᠶᠢᠯᠠᠯ ᠤᠨ ᠲᠣᠨᠤᠭ ᠲᠥᠬᠦᠭᠡᠷᠦᠮᠵᠢ ᠶᠢᠨ ᠰᠢᠨᠡᠴᠢᠯᠡᠯᠳᠡ ᠶᠢᠨ ᠪᠡᠯᠡ ᠮᠥᠩᠭᠦ ᠶᠢᠨ ᠳᠠᠷᠤᠯᠲᠠ ᠶᠢ | ᠨᠠᠮᠳᠠᠭᠤᠯᠬᠤ ᠶᠢᠨ ᠲᠤᠰᠠᠳᠠ᠂ ᠡᠯ᠎ᠡ ᠭᠠᠵᠠᠷ ᠤᠳ ᠢᠳᠡᠪᠬᠢᠲᠡᠶ ᠪᠠᠷ ᠠᠷᠭ᠎ᠠ ᠰᠦᠪᠡᠭᠴᠢᠯᠡᠵᠦ ᠪᠠᠶᠢᠨ᠎ᠠ᠃ ᠱᠠᠨᠳᠦ᠋ᠩ | ᠮᠣᠵᠢ ︽ᠰᠲ᠋ᠣᠺ ᠤᠨ ᠪᠡᠯᠡ ᠤᠷᠤᠭᠤᠯᠤᠯᠳᠠ︾ ᠶᠢᠨ ᠬᠡᠯᠪᠡᠷᠢ ᠪᠠᠷ ᠠᠵᠤ ᠠᠬᠤᠶᠢᠯᠠᠯ ᠤᠨ ᠲᠥᠬᠦᠭᠡᠷᠦᠮᠵᠢ ᠶᠢᠨ | ᠰᠢᠨᠡᠴᠢᠯᠡᠯᠳᠡ ᠶᠢ ᠳᠡᠮᠵᠢᠵᠡᠢ᠃ ᠴᠦᠩᠴᠢᠩ ᠬᠤᠲᠠ ᠨᠢ ᠬᠤᠲᠠ ᠶᠢᠨ ᠳᠡᠰ ᠤᠨ ᠲᠤᠰᠬᠠᠢ ᠪᠡᠯᠡ ᠮᠥᠩᠭᠦ ᠶᠢ | ᠨᠢᠭᠡᠳᠦᠯᠲᠡᠢ ᠲᠥᠯᠥᠪᠯᠡᠨ ᠰᠠᠶᠢᠳᠦᠷ ᠬᠡᠷᠡᠭᠯᠡᠬᠦ ᠪᠠᠷ ᠳᠤᠷᠠᠳᠴᠤ᠂ ᠡᠳ᠋ ᠤᠨ ᠵᠠᠰᠠᠭ ᠤᠨ ᠱᠠᠩᠨᠠᠯ ᠨᠥᠬᠦᠪᠥᠷᠢ᠂ | ᠵᠢᠭᠡᠯᠡᠯᠭᠡ ᠶᠢᠨ ᠬᠦᠦ ᠮᠦᠩᠭᠦ ᠥᠭᠬᠦ᠂ ᠳᠠᠭᠠᠭᠠᠯᠲᠠ ᠶᠢᠨ ᠨᠥᠬᠦᠪᠥᠷᠢ᠂ ᠵᠠᠰᠠᠭ ᠤᠨ ᠣᠷᠳᠣᠨ ᠤ ᠪᠣᠬᠢᠷᠲᠤᠯ ᠥᠬᠡᠢ | ᠬᠤᠳᠠᠯᠳᠤᠨ ᠠᠪᠬᠤ ᠵᠡᠷᠭᠡ ᠲᠥᠷᠥ ᠶᠢᠨ ᠪᠣᠳᠣᠯᠭ᠎ᠠ ᠪᠠᠷ ᠲᠡᠮᠵᠢᠨ᠎ᠡ᠃ ᠭᠤᠸᠠᠩᠳᠦ᠋ᠩ ᠮᠣᠵᠢ ᠪᠠᠶᠢᠭᠤᠯᠭ᠎ᠠ | ᠨᠢᠭᠡᠴᠢ ᠶᠢᠨ ᠵᠠᠰᠠᠭ ᠤᠨ ᠣᠷᠳᠣᠨ ᠤ ᠪᠣᠬᠢᠷᠲᠤᠯ ᠥᠬᠡᠢ ᠬᠤᠳᠠᠯᠳᠤᠨ ᠠᠪᠬᠤ ᠲᠥᠷᠥ ᠶᠢᠨ ᠪᠣᠳᠣᠯᠭ᠎ᠠ ᠶᠢ | ᠨᠠᠢᠳᠠᠪᠤᠷᠢᠵᠢᠭᠤᠯᠬᠤ ᠶᠢ ᠠᠬᠢᠭᠤᠯᠵᠤ᠂ ᠤᠯᠤᠰ ᠤᠨ ᠥᠮᠴᠢᠯᠡᠯᠲᠦ ᠠᠵᠤ ᠠᠬᠤᠢᠯᠠᠯ ᠤᠨ ᠪᠣᠬᠢᠷᠲᠤᠯ ᠥᠬᠡᠢ | ᠦᠢᠯᠡᠳᠬᠦᠨ ᠬᠤᠳᠠᠯᠳᠤᠨ ᠠᠪᠬᠤ ᠶᠢ ᠴᠢᠩᠭᠠᠳᠭᠠᠬᠤ ᠶᠢ ᠵᠣᠷᠢᠭᠵᠢᠭᠤᠯᠤᠨ᠎ᠠ᠃ ᠨᠢᠩᠰᠢᠶᠠ ᠶᠢᠨ ᠬᠤᠲᠣᠩ | ᠦᠨᠳᠦᠰᠦᠲᠡᠨ ᠤ ᠥᠪᠡᠷᠲᠡᠭᠡᠨ ᠵᠠᠰᠠᠬᠤ ᠣᠷᠣᠨ ᠠᠴᠠ ᠪᠠᠩᠬᠢ ᠶᠢᠨ ᠢᠲᠡᠭᠡᠮᠵᠢᠲᠦ ᠵᠢᠭᠡᠯᠡᠯᠭᠡ ᠶᠢᠨ ᠪᠠᠯᠠ | ᠮᠥᠩᠭᠦ ᠶᠢᠨ ᠣᠷᠣᠭᠤᠯᠤᠯᠲᠠ ᠶᠢ ᠲᠦᠷᠭᠡᠳᠬᠡᠬᠦ ᠶᠢ ᠠᠬᠢᠭᠤᠯᠵᠤ᠂ ᠨᠥᠬᠦᠴᠡᠯ ᠳᠤ ᠨᠡᠶᠢᠴᠡᠬᠦ ᠡᠵᠡᠩᠨᠡᠯᠲᠡ ᠶᠢᠨ | ᠭᠤᠤᠯ ᠴᠣᠭᠴᠠ ᠶᠢᠨ ︽ᠮᠡᠳᠡᠪᠡᠯ ᠵᠣᠬᠢᠬᠤ ᠪᠦᠬᠦᠨ ᠳᠤ ᠮᠡᠳᠡᠭᠦᠯᠵᠦ︾᠂ ᠨᠥᠬᠦᠴᠡᠯ ᠳᠤ ᠨᠡᠶᠢᠴᠡᠬᠦ ᠵᠢᠭᠡᠯᠡᠯᠭᠡ ᠶᠢ | ︽ᠤᠯᠭᠤᠬᠤ ᠪᠦᠬᠦᠨ ᠳᠤ ᠴᠥᠮ ᠤᠯᠭᠤᠨ᠎ᠠ︾᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ᠂ | ᠲᠥᠬᠦᠭᠡᠷᠦᠮᠵᠢ ᠶᠢᠨ ᠰᠢᠨᠡᠴᠢᠯᠡᠯᠳᠡ ᠪᠠ ᠮᠡᠷᠭᠡᠵᠢᠯ ᠤᠨ ᠥᠭᠡᠷᠡᠴᠢᠯᠡᠯᠲᠡ ᠶᠢᠨ ᠬᠦᠷᠢᠶᠡᠨ ᠳᠠᠬᠢ ᠮᠥᠩᠭᠦᠨ | ᠭᠦᠢᠯᠭᠡᠭᠡᠨ ᠤ ᠳᠡᠮᠵᠢᠯᠭᠡ ᠶᠢᠨ ᠡᠷᠴᠢᠮ ᠢ ᠪᠥᠬᠦ ᠲᠠᠯ᠎ᠠ ᠪᠠᠷ ᠴᠢᠩᠭᠠᠳᠬᠠᠨ᠎ᠠ᠃ | ᠲᠣᠨᠤᠭ ᠲᠥᠬᠦᠭᠡᠷᠦᠮᠵᠢ ᠶᠢᠨ ᠰᠢᠨᠡᠴᠢᠯᠡᠯᠳᠡ ᠳᠤ ᠭᠠᠵᠠᠷ ᠰᠢᠷᠣᠢ ᠪᠣᠯᠤᠨ ᠴᠢᠳᠠᠪᠤᠷᠢᠲᠠᠨ ᠵᠡᠷᠭᠡ ᠬᠦᠴᠦᠨ | ᠵᠦᠢᠯ ᠤᠨ ᠳᠡᠮᠵᠢᠯᠭᠡ ᠬᠡᠷᠡᠭᠲᠡᠢ᠃ | ᠯᠢᠶᠣᠤᠨᠢᠩ ᠮᠤᠵᠢ ᠂ ᠣᠳᠣ ᠶᠢᠨ ᠪᠠᠶᠢᠭ᠎ᠠ ᠦᠢᠯᠡᠳᠪᠦᠷᠢ ᠶᠢᠨ ᠭᠡᠷ ᠪᠠᠶᠢᠰᠢᠩ ᠪᠤᠶᠤ ᠠᠵᠤ | ᠦᠢᠯᠡᠳᠪᠦᠷᠢ ᠶᠢᠨ ᠬᠡᠷᠡᠭᠯᠡᠬᠦ ᠭᠠᠵᠠᠷ ᠢᠶᠠᠨ ᠬᠠᠤᠯᠢ ᠲᠣᠭᠲᠠᠭᠠᠯ ᠶᠣᠰᠣᠭᠠᠷ ᠠᠰᠢᠭᠯᠠᠨ ᠪᠠᠷᠢᠯᠭ᠎ᠠ ᠪᠠᠷᠢᠬᠤ ᠪᠦᠲᠦᠭᠡᠨ | ᠪᠠᠶᠢᠭᠤᠯᠤᠯᠲᠠ ᠬᠢᠵᠦ᠂ ᠦᠢᠯᠡᠳᠪᠦᠷᠢ ᠶᠢᠨ ᠭᠡᠷ ᠪᠠᠶᠢᠰᠢᠩ ᠤᠨ ᠳᠠᠪᠬᠤᠷᠭ᠎ᠠ ᠶᠢ ᠨᠡᠮᠡᠭᠳᠡᠭᠦᠯᠬᠦ᠂ ᠥᠭᠡᠷᠡᠴᠢᠯᠡᠨ | ᠥᠷᠭᠡᠳᠬᠡᠨ ᠪᠠᠶᠢᠭᠤᠯᠬᠤ᠂ ᠭᠠᠵᠠᠷ ᠳᠣᠤᠷᠠᠬᠢ ᠣᠷᠣᠨ ᠵᠠᠶ ᠶᠢ ᠨᠡᠭᠡᠭᠡᠬᠦ ᠵᠡᠷᠭᠡ ᠭᠠᠵᠠᠷ ᠰᠢᠷᠣᠶ ᠶᠢᠨ ᠪᠡᠯᠡ | ᠣᠷᠣᠭᠤᠯᠤᠯᠲᠠ ᠶᠢᠨ ᠬᠦᠴᠦᠯᠡᠴᠡ᠂ ᠠᠰᠢᠭᠯᠠᠬᠤ ᠦᠷ᠎ᠡ ᠪᠦᠲᠦᠮᠵᠢ ᠪᠠ ᠪᠠᠭᠲᠠᠭᠠᠮᠵᠢ ᠶᠢᠨ ᠨᠣᠷᠮ᠎ᠠ ᠶᠢ | ᠲᠡᠭᠡᠭᠰᠢᠯᠡᠭᠦᠯᠬᠦ ᠠᠵᠤ ᠦᠢᠯᠡᠳᠪᠦᠷᠢ ᠶᠢᠨ ᠠᠵᠤ ᠠᠬᠤᠶᠢᠯᠠᠯ ᠳᠤ ᠭᠠᠵᠠᠷ ᠰᠢᠷᠣᠶ ᠶᠢᠨ ᠦᠨ᠎ᠡ ᠨᠡᠮᠡᠬᠦ ᠦᠭᠡᠶ᠃ | ᠵᠢᠶᠠᠩᠰᠦ ᠮᠤᠵᠢ᠂ ︽ᠵᠢᠶᠠᠩᠰᠦ ᠮᠤᠵᠢ ᠶᠢᠨ ᠠᠵᠤ ᠦᠢᠯᠡᠳᠪᠦᠷᠢ ᠶᠢᠨ ᠬᠦᠷᠢᠶᠡᠨ ᠲᠠᠬᠢ ᠲᠤᠨᠤᠭ | ᠲᠦᠭᠦᠭᠡᠷᠤᠮᠵᠢ ᠶᠢᠨ ᠰᠢᠨᠡᠴᠢᠯᠡᠯᠳᠡ ᠶᠢ ᠠᠭᠢᠭᠤᠯᠬᠤ ᠲᠤᠬᠠᠢ ᠬᠡᠷᠡᠭᠵᠢᠭᠦᠯᠭᠦ ᠳᠦᠰᠦᠯ︾ ᠢ ᠨᠡᠶᠢᠲᠡᠯᠡᠭᠦ ᠲᠡᠭᠡᠨ᠂ | ᠲᠤᠨᠤᠭ ᠲᠦᠭᠦᠭᠡᠷᠤᠮᠵᠢ ᠶᠢᠨ ᠰᠢᠨᠡᠴᠢᠯᠡᠯᠳᠡ ᠦᠭᠡᠷᠡᠴᠢᠯᠡᠯᠳᠡ ᠳᠤ ᠪᠤᠢ ᠪᠤᠯᠤᠭᠰᠠᠨ ᠨᠡᠶᠢᠯᠡᠮᠡᠯ ᠬᠡᠯᠪᠡᠷᠢ ᠶᠢᠨ | ᠮᠡᠷᠬᠡᠵᠢᠯ ᠴᠢᠲᠠᠪᠤᠷᠢ ᠶᠢᠨ ᠠᠵᠢᠯ ᠤᠨ ᠪᠠᠶᠢᠷᠢ ᠶᠢᠨ ᠬᠡᠷᠡᠭᠴᠡᠭᠡ ᠶᠢᠨ ᠲᠤᠭᠤᠷᠢᠨ ᠳᠤ᠂ ᠳᠤᠰᠬᠠᠢ ᠮᠡᠷᠬᠡᠵᠢᠯ ᠤᠨ | ᠴᠢᠲᠠᠪᠤᠷᠢᠲᠠᠨ ᠢ ᠬᠦᠮᠦᠵᠢᠭᠦᠯᠭᠦ ᠪᠠ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠠᠵᠢᠯ ᠤᠨ ᠪᠠᠶᠢᠷᠢ ᠶᠢᠨ | ᠮᠡᠷᠬᠡᠵᠢᠯ ᠴᠢᠲᠠᠪᠤᠷᠢ ᠶᠢ ᠲᠡᠬᠡᠭᠰᠢᠯᠡᠭᠦᠯᠭᠦ ᠪᠤᠯᠪᠠᠰᠤᠷᠠᠯ ᠢ ᠴᠢᠩᠭᠠᠳᠬᠠᠨ᠎ᠠ ᠭᠡᠵᠤ ᠲᠤᠷᠠᠳᠴᠠᠢ᠃ | ᠲᠥᠬᠦᠭᠡᠷᠦᠮᠵᠢ ᠶᠢᠨ ᠰᠢᠨᠡᠴᠢᠯᠡᠯᠳᠡ ᠳᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ | ᠲᠤᠯᠭᠠᠭᠤᠷᠢᠯᠠᠯ ᠢ ᠪᠠᠲᠤᠳᠬᠠᠬᠤ ᠬᠡᠷᠡᠭᠲᠡᠢ᠃ | ᠵᠢᠱᠢᠶᠡᠯᠡᠪᠡᠯ᠂ ᠱᠠᠨᠰᠢ ᠮᠤᠵᠢ ᠶᠢᠨ ᠬᠢᠨ ᠴᠢᠬᠤᠯᠠ ᠶᠡᠭᠡ ᠮᠡᠷᠭᠡᠵᠢᠯ ᠤᠨ ᠲᠤᠨᠤᠭ ᠲᠥᠬᠦᠭᠡᠷᠦᠮᠵᠢ ᠶᠢᠨ | ᠰᠢᠨᠵᠢᠯᠡᠬᠦ ᠤᠬᠠᠭᠠᠨ ᠮᠡᠷᠭᠡᠵᠢᠯ ᠤᠨ ᠪᠣᠭᠤᠮᠲᠠ ᠰᠢᠪᠲᠤᠯᠬᠤ ᠠᠵᠢᠯ ᠢ ᠢᠳᠡᠪᠬᠢᠲᠡᠢ ᠥᠷᠨᠢᠭᠦᠯᠵᠦ᠂ ᠳᠡᠭᠡᠳᠦ | ᠲᠡᠰᠴᠢᠯᠡᠭᠰᠡᠨ ᠤᠶᠤᠨᠴᠢᠯᠠᠭᠰᠠᠨ ᠪᠣᠬᠢᠷᠲᠤᠯ ᠦᠭᠡᠢ ᠦᠢᠯᠡᠳᠪᠦᠷᠢᠯᠡᠯ ᠤᠨ ᠲᠤᠨᠤᠭ ᠲᠥᠬᠦᠭᠡᠷᠦᠮᠵᠢ᠂ ᠰᠢᠨ᠎ᠡ | ᠡᠨᠧᠷᠭᠢ ᠶᠢᠨ ᠲᠤᠨᠤᠭ ᠲᠥᠬᠦᠭᠡᠷᠦᠮᠵᠢ᠂ ᠰᠢᠨ᠎ᠡ ᠬᠡᠯᠪᠡᠷᠢ ᠶᠢᠨ ᠲᠠᠷᠢᠶᠠᠯᠠᠩ ᠤᠨ ᠮᠠᠰᠢᠨ ᠮᠧᠬᠠᠨᠢᠭ᠂ ᠲᠠᠬᠢᠨ | ᠦᠢᠯᠡᠳᠬᠦ᠂ ᠠᠵᠢᠯ ᠲᠦᠷᠦᠯ ᠤᠨ ᠪᠠᠷᠢᠮᠵᠢᠶ᠎ᠠ ᠶᠢ ᠳᠡᠭᠡᠭᠰᠢᠯᠡᠭᠦᠯᠬᠦ ᠵᠡᠷᠭᠡ ᠬᠦᠷᠢᠶᠡᠨ ᠳᠤ ᠠᠩᠬᠠᠷᠤᠯ ᠢᠶᠠᠨ | ᠲᠥᠪᠯᠡᠷᠡᠭᠦᠯᠵᠦ᠂ ᠨᠢᠭᠡ ᠪᠦᠯᠦᠭ ᠠᠵᠢᠯ ᠲᠦᠷᠦᠯ ᠤᠨ ᠨᠡᠶᠢᠲᠡᠯᠢᠭ ᠴᠢᠨᠠᠷᠲᠠᠢ ᠮᠡᠷᠭᠡᠵᠢᠯ ᠪᠣᠯᠤᠨ ᠵᠠᠩᠭᠢᠯᠠᠭ᠎ᠠ ᠶᠢᠨ | ᠭᠤᠣᠯᠯᠠᠬᠤ ᠮᠡᠷᠭᠡᠵᠢᠯ ᠢ ᠲᠥᠪᠯᠡᠷᠡᠭᠦᠯᠦᠨ ᠰᠢᠪᠲᠤᠯᠤᠯᠲᠠ ᠬᠢᠨ᠎ᠡ᠃ ᠱᠠᠨ ᠰᠢ ᠮᠤᠵᠢ ︽ᠱᠠᠨ ᠰᠢ ᠶᠢᠨ ᠡᠭᠦᠳᠦᠯᠳᠡ | ︾ ᠶᠢᠨ ᠪᠦᠳᠦᠭᠡᠨ ᠪᠠᠶᠢᠭᠤᠯᠤᠯᠲᠠ ᠶᠢ ᠠᠬᠢᠭᠤᠯᠵᠤ᠂ ᠦᠢᠯᠡᠳᠬᠡᠯ ᠤᠨ ᠦᠢᠯᠡᠰ ᠤᠨ ᠲᠤᠷᠰᠢᠯᠲᠠ ᠶᠢᠨ ᠰᠠᠭᠤᠷᠢᠨ | ᠭᠠᠵᠠᠷ ᠪᠣᠯᠣᠨ ᠦᠷ᠎ᠡ ᠪᠦᠲᠦᠮᠵᠢ ᠶᠢ ᠬᠤᠪᠢᠷᠠᠭᠤᠯᠬᠤ ᠠᠵᠤ ᠠᠬᠤᠶᠢᠯᠠᠯ ᠤᠨ ᠪᠠᠶᠢᠷᠢᠯᠠᠭᠤᠯᠤᠯᠲᠠ ᠶᠢ | ᠰᠢᠯᠢᠳᠡᠭᠵᠢᠭᠦᠯᠵᠦ᠂ ᠰᠢᠨᠵᠢᠯᠡᠬᠦ ᠮᠡᠷᠭᠡᠵᠢᠯ ᠤᠨ ᠦᠷ᠎ᠡ ᠪᠦᠲᠦᠮᠵᠢ ᠶᠢ ᠬᠤᠪᠢᠷᠠᠭᠤᠯᠤᠨ ᠬᠡᠷᠡᠭᠯᠡᠬᠦ ᠶᠢ ᠲᠦᠷᠭᠡᠳᠬᠡᠨ᠎ᠡ᠃ | | ᠢᠦᠢ ᠰᠢᠶᠤᠤ ᠬᠤᠢ᠂ ᠶᠡᠭᠡ ᠬᠡᠪᠴᠢᠶᠡᠨ ᠤ ᠲᠥᠬᠦᠭᠡᠷᠦᠮᠵᠢ ᠶᠢᠨ ᠰᠢᠨᠡᠴᠢᠯᠡᠯᠳᠡ ᠶᠢ ᠠᠬᠢᠭᠤᠯᠬᠤ ᠪᠣᠯ ᠨᠢᠭᠡ | ᠵᠦᠢᠯ ᠤᠨ ᠰᠢᠰᠲ᠋ᠧᠮᠲᠦ ᠢᠨᠵᠧᠨᠧᠷᠢᠩ ᠪᠣᠯᠤᠨ᠎ᠠ᠂ ᠠᠵᠢᠯ ᠤᠨ ᠲᠣᠭᠲᠠᠴᠠ ᠪᠠᠨ ᠦᠷᠭᠦᠯᠵᠢᠯᠡᠨ ᠲᠡᠭᠦᠯᠳᠡᠷᠵᠢᠭᠦᠯᠵᠦ᠂ | ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠪᠠᠨ ᠴᠢᠩᠭᠠᠳᠬᠠᠵᠤ᠂ ᠡᠯ᠎ᠡ ᠰᠠᠯᠠᠭ᠎ᠠ ᠮᠥᠴᠢᠷ ᠤᠨ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠬᠠᠮᠤᠭ ᠤᠨ ᠶᠡᠭᠡ ᠬᠠᠮᠲᠤᠷᠠᠯ ᠤᠨ ᠬᠦᠴᠦᠨ ᠢ ᠪᠦᠷᠢᠯᠳᠦᠭᠦᠯᠵᠦ᠂ | ᠠᠵᠤ ᠠᠬᠤᠶᠢᠯᠠᠯ ᠤᠨ ᠳᠠᠷᠤᠭᠠᠰᠤ ᠶᠢ ᠤᠯᠠᠮ ᠴᠢᠨᠠᠭᠰᠢᠳᠠ ᠬᠥᠩᠭᠡᠷᠡᠭᠦᠯᠵᠦ᠂ ᠵᠠᠬ᠎ᠠ ᠳᠡᠯᠭᠡᠭᠦᠷ ᠤᠨ ᠠᠮᠢᠵᠢᠷᠠᠯ ᠤᠨ | ᠬᠦᠴᠦᠨ ᠢ ᠲᠠᠶᠢᠴᠢᠯᠠᠵᠤ᠂ ᠨᠡᠩ ᠤᠯᠠᠨ ᠴᠢᠳᠠᠪᠦᠷᠢ ᠡᠨᠧᠷᠬᠢ ᠶᠢ ᠬᠥᠭᠵᠢᠭᠡᠬᠦ ᠬᠡᠷᠡᠭᠲᠡᠢ ᠭᠡᠵᠦ ᠦᠵᠡᠵᠦ ᠪᠠᠶᠢᠨ᠎ᠠ᠃ | | | ᠢᠷᠡᠯᠲᠡ᠄ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠰᠣᠨᠢᠨ᠂ ᠠᠷᠠᠳ ᠤᠨ ᠡᠳᠦᠷ ᠤᠨ ᠰᠣᠨᠢᠨ | |