2024 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠭᠠᠨᠮᠥ᠋ᠴᠢᠷ ᠤᠨ ᠰᠠᠷ᠎ᠠ ᠶᠢᠨ ᠠᠵᠢᠯᠯᠠᠭ᠎ᠠ ᠶᠢᠨ ᠲᠣᠭᠲᠠᠬᠤ ᠰᠢᠶᠠᠨ ᠤ ᠤᠯᠠᠭᠠᠨᠮᠥ᠋ᠴᠢᠷ  ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2024/6/24
      6 ᠳ᠋ᠤᠭᠠᠷ ᠰᠠᠷ᠎ᠠ ᠶᠢᠨ 21 ᠤ ᠡᠳᠦᠷ᠂ ᠲᠣᠭᠲᠠᠬᠤ ᠰᠢᠶᠠᠨ ᠤ ᠤᠮᠠᠷᠠᠲᠤ ᠬᠢᠯᠢ ᠶᠢᠨ ᠰᠣᠶᠣᠯ ᠤᠨ ᠣᠷᠳᠣ ᠬᠤᠩᠭᠢᠯ ᠶᠦᠨ ᠵᠦᠩ ᠵᠦᠴᠦᠭᠡ ᠶᠢᠨ ᠬᠦᠷᠢᠶᠡᠯᠡᠩ ᠳᠤ ᠬᠥᠷ ᠬᠥᠭᠵᠢᠶᠡᠨ ᠲᠠᠢ ᠪᠠᠶᠢᠵᠤ᠂ ᠲᠣᠭᠲᠠᠬᠤ ᠰᠢᠶᠠᠨ ᠤ ᠤᠯᠠᠭᠠᠨᠮᠥ᠋ᠴᠢᠷ ᠤᠨ ᠲᠣᠭᠯᠠᠭᠴᠢᠳ ᠭᠤᠶᠢᠳᠠ ᠰᠠᠶᠢᠬᠠᠨ ᠬᠤᠪᠴᠠᠰᠤ ᠵᠠᠰᠠᠯ ᠢᠶᠠᠷ ᠢᠶᠠᠨ ᠲᠤᠬᠠᠶ ᠶᠢᠨ ᠲᠠᠯᠠᠪᠠᠶ ᠶᠢᠨ ᠦᠵᠡᠭᠴᠢᠳ ᠲᠤ ᠭᠤᠶᠢᠳᠠ ᠰᠠᠶᠢᠬᠠᠨ ᠤᠷᠠᠨ ᠰᠠᠶᠢᠬᠠᠨ ᠤ ᠲᠣᠭᠯᠠᠯᠲᠠ ᠦᠵᠡᠭᠦᠯᠪᠡ᠃       ︽ᠪᠥᠬᠦ ᠣᠷᠣᠨ ᠤ ᠤᠯᠠᠭᠠᠨᠮᠥ᠋ᠴᠢᠷ ᠤᠨ ᠰᠠᠷ᠎ᠠ ᠶᠢᠨ ᠠᠵᠢᠯᠯᠠᠭ᠎ᠠ ᠨᠢ 7 ᠳ᠋ᠤᠭᠠᠷ ᠰᠠᠷ᠎ᠠ ᠶᠢᠨ 17 ᠤ ᠡᠳᠦᠷ ᠪᠣᠯᠲᠠᠯ᠎ᠠ ᠦᠷᠭᠦᠯᠵᠢᠯᠡᠵᠦ᠂  ᠲᠣᠭᠲᠠᠬᠤ ᠰᠢᠶᠠᠨ ᠤ ᠤᠯᠠᠭᠠᠨᠮᠥ᠋ᠴᠢᠷ ᠤᠨ ᠬᠢᠨ ᠲᠣᠰ ᠤᠳᠠᠭᠠᠨ ᠤ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ᠦᠨᠳᠦᠰᠦᠨ ᠱᠠᠲᠤᠨ ᠤ ᠠᠷᠠᠳ ᠲᠤ ᠠᠰᠢᠭ ᠬᠦᠷᠲᠡᠭᠡᠬᠦ ᠲᠣᠭᠯᠠᠯᠲᠠ ᠶᠢᠨ ᠠᠵᠢᠯ ᠢ ᠦᠷᠭᠦᠯᠵᠢᠯᠡᠨ ᠠᠬᠢᠭᠤᠯᠵᠤ᠂ ᠡᠨᠡ ᠬᠦ ᠰᠠᠷ᠎ᠠ ᠶᠢᠨ ᠬᠤᠭᠤᠴᠠᠭᠠᠨ ᠳᠤ᠂ ᠪᠢᠳᠡ ︿ᠠᠷᠠᠳ ᠲᠦᠮᠡᠨ ᠤ ᠳᠤᠮᠳᠠ ᠣᠴᠢᠬᠤ﹀ ᠪᠠᠷ ᠭᠤᠤᠯ ᠰᠡᠳᠦᠪ ᠪᠣᠯᠭᠠᠵᠤ᠂ ᠲᠠᠪᠤᠨ ᠶᠡᠭᠡ ᠡᠭᠦᠷᠭᠡ᠂ ᠮᠣᠩᠭᠤᠯ ᠮᠣᠷᠢᠨ ᠤ ᠵᠣᠷᠢᠭ ᠰᠠᠨᠠᠭ᠎ᠠ᠂ ︿ᠭᠤᠷᠪᠠᠨ ᠤᠮᠠᠷᠠᠲᠤ ᠶᠢᠨ ᠵᠣᠷᠢᠭ ᠰᠠᠨᠠᠭ᠎ᠠ﹀ ᠳᠤ ᠠᠩᠬᠠᠷᠤᠯ ᠢᠶᠠᠨ ᠲᠥᠪᠯᠡᠷᠡᠭᠦᠯᠵᠦ᠂ ᠰᠢᠨ᠎ᠡ ᠴᠠᠭ ᠦᠶ᠎ᠡ ᠶᠢᠨ ︿ᠬᠤᠪᠢᠰᠬᠠᠯᠲᠤ ᠤᠳᠬ᠎ᠠ ᠤᠷᠠᠯᠢᠭ ᠤᠨ ᠬᠥᠩᠭᠡᠨ ᠮᠣᠷᠢᠲᠤ ᠴᠡᠷᠢᠭ﹀ ᠤᠨ ᠦᠢᠯᠡᠳᠦᠯ ᠢᠶᠠᠨ ᠭᠦᠶ᠋ᠴᠡᠳ ᠪᠠᠳᠠᠷᠠᠭᠤᠯᠵᠤ᠂ ᠠᠷᠠᠳ ᠣᠯᠠᠨ ᠤ ᠤᠳᠬ᠎ᠠ ᠤᠷᠠᠯᠢᠭ ᠤᠨ ᠬᠡᠷᠡᠭᠴᠡᠭᠡ ᠱᠠᠭᠠᠷᠳᠠᠯᠭ᠎ᠠ ᠲᠠᠢ ᠣᠨᠣᠴᠠᠲᠠᠶ ᠵᠣᠯᠭᠠᠭᠤᠯᠵᠤ ᠂ ︿ᠬᠠᠲᠤᠨ ᠭᠤᠤᠯ ᠤᠨ ᠬᠥᠪᠡᠭᠡ ᠶᠢᠨ ᠵᠠᠭᠤᠨ ᠬᠦᠴᠦᠷᠬᠡᠭ ᠰᠢᠶᠠᠨ﹀︾ ᠵᠡᠷᠭᠡ ᠲᠣᠭᠯᠠᠯᠲᠠ ᠶᠢ ᠡᠷᠭᠢᠯᠡᠵᠦ᠂ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨᠠᠬᠢ ᠶᠢ ᠤᠶᠠᠯᠳᠤᠭᠤᠯᠬᠤ ᠠᠷᠭ᠎ᠠ ᠮᠠᠶ᠋ᠢᠭ ᠢᠶᠠᠷ ᠡᠯ᠎ᠡ ᠪᠠᠯᠭᠠᠰᠤ᠂ ᠨᠡᠶᠢᠭᠡᠮ ᠲᠣᠭᠤᠷᠢᠭ᠂ ᠰᠤᠷᠭᠠᠭᠤᠯᠢ᠂ ᠴᠡᠷᠢᠭ ᠠᠩᠭᠢ ᠵᠡᠷᠭᠡ ᠭᠠᠵᠠᠷ ᠲᠤ ᠭᠦᠨᠵᠡᠭᠡᠶᠢᠷᠡᠨ ᠠᠷᠠᠳ ᠲᠤ ᠠᠰᠢᠭ ᠬᠦᠷᠲᠡᠭᠡᠬᠦ ᠲᠣᠭᠯᠠᠯᠲᠠ᠂ ᠰᠣᠯᠢᠯᠴᠠᠭᠠᠨ ᠤ ᠦᠵᠡᠭᠦᠯᠦᠯᠭᠡ ᠶᠢᠨ ᠲᠣᠭᠯᠠᠯᠲᠠ ᠥᠷᠨᠢᠭᠦᠯᠵᠦ᠂ ᠤᠳᠬ᠎ᠠ ᠤᠷᠠᠯᠢᠭ ᠤᠨ ᠬᠡᠯᠪᠡᠷᠢ ᠪᠠᠷ ᠨᠠᠮ ᠤᠨ ᠲᠠᠭᠤᠨ ᠪᠠ ᠬᠠᠶᠢᠷ᠎ᠠ ᠬᠠᠯᠠᠮᠵᠢ ᠶᠢ ᠳᠠᠮᠵᠢᠭᠤᠯᠵᠤ᠂ ᠰᠢᠨ᠎ᠡ ᠴᠠᠭ ᠦᠶ᠎ᠡ ᠶᠢᠨ ᠤᠯᠠᠭᠠᠨᠮᠥ᠋ᠴᠢᠷ ᠤᠨ ᠭᠡᠰᠢᠭᠦᠳ ᠤᠨ ᠴᠤᠭ ᠵᠢᠪᠬᠤᠭ᠎ᠠ ᠪᠠ ᠡᠭᠦᠷᠭᠡᠯᠡᠯ ᠢ ᠢᠯᠡᠷᠡᠭᠦᠯᠪᠡ᠃      ᠣᠶᠢᠯᠠᠭᠠᠭᠰᠠᠨ ᠢᠶᠠᠷ᠂ ᠲᠣᠰ ᠤᠳᠠᠭᠠᠨ ᠤ ᠠᠵᠢᠯᠯᠠᠭ᠎ᠠ ᠳᠤ ᠲᠣᠭᠲᠠᠬᠤ ᠰᠢᠶᠠᠨ ᠤ ᠤᠯᠠᠭᠠᠨᠮᠥ᠋ᠴᠢᠷ ᠨᠢ ᠦᠨᠳᠦᠰᠦᠨ ᠱᠠᠲᠤᠨ ᠤ ᠠᠷᠠᠳ ᠲᠤ ᠠᠰᠢᠭ ᠬᠦᠷᠲᠡᠭᠡᠬᠦ ᠲᠣᠭᠯᠠᠯᠲᠠ ᠪᠠ ᠬᠡᠪ ᠰᠤᠷᠲᠠᠯ ᠤᠨ ᠵᠣᠬᠢᠶᠠᠨ ᠪᠦᠲᠦᠭᠡᠬᠦ ᠠᠵᠢᠯᠯᠠᠭ᠎ᠠ ᠪᠠᠷ ᠰᠠᠭᠤᠷᠢ ᠪᠣᠯᠭᠠᠵᠤ᠂ ᠲᠣᠭᠲᠠᠬᠤ ᠰᠢᠶᠠᠨ ᠤ ᠥᠷᠭᠡᠨ ᠣᠯᠠᠨ ᠬᠥᠳᠡᠭᠡ ᠲᠣᠰᠬᠤᠨ ᠤ ᠨᠡᠶᠢᠭᠡᠮ ᠲᠣᠭᠤᠷᠢᠭ ᠲᠤ ᠦᠨᠳᠦᠰᠦᠯᠡᠵᠦ᠂ ︽ᠨᠠᠮ ᠤᠨ ᠳᠠᠭᠤᠨ ᠪᠠ ᠬᠠᠶᠢᠷ᠎ᠠ ᠬᠠᠯᠠᠮᠵᠢ ᠶᠢ ᠳᠠᠮᠵᠢᠭᠤᠯᠬᠤ︾᠂ ᠮᠣᠩᠭᠤᠯ ᠮᠣᠷᠢᠨ ᠤ ᠵᠣᠷᠢᠭ ᠰᠠᠨᠠᠭ᠎ᠠ ᠵᠡᠷᠭᠡ ᠭᠤᠤᠯ ᠰᠡᠳᠦᠪ ᠤᠨ ᠲᠣᠭᠤᠷᠢᠨ ᠳᠤ ᠨᠢᠭᠡ ᠪᠦᠯᠦᠭ ᠣᠯᠠᠨ ᠲᠦᠮᠡᠨ ᠲᠠᠢ ᠣᠶᠢᠷᠠᠲᠤᠭᠰᠠᠨ᠂ ᠤᠯᠠᠮᠵᠢᠯᠠᠭᠳᠠᠭᠰᠠᠨ ᠰᠢᠯᠢᠳᠡᠭ ᠪᠦᠲᠦᠭᠡᠯ ᠢ ᠵᠣᠬᠢᠶᠠᠨ ᠪᠦᠲᠦᠭᠡᠵᠦ᠂ ᠲᠣᠭᠯᠠᠯᠲᠠ ᠶᠢᠨ ᠠᠭᠤᠯᠭ᠎ᠠ ᠨᠢ ᠰᠢᠨ᠎ᠡ ᠴᠠᠭ ᠦᠶ᠎ᠡ ᠶᠢ ᠮᠠᠭᠲᠠᠨ ᠳᠠᠭᠤᠯᠠᠵᠤ᠂ ᠰᠢᠨ᠎ᠡ ᠠᠮᠢᠳᠤᠷᠠᠯ ᠢ ᠮᠠᠭᠲᠠᠨ ᠰᠠᠶᠢᠰᠢᠶᠠᠬᠤ ᠪᠠᠷ ᠭᠤᠤᠯ ᠪᠤᠯᠭᠠᠵᠠᠢ᠃ ᠤᠯᠠᠭᠠᠨᠮᠥ᠋ᠴᠢᠷ ᠤᠨ ᠠᠮᠢᠳᠤᠷᠠᠯ ᠤᠨ ᠦᠩ ᠰᠢᠮᠡᠯᠢᠭ ᠬᠥᠷᠥᠰᠥᠨ ᠳᠤ ᠦᠨᠳᠦᠰᠦᠯᠡᠵᠦ᠂ ᠠᠷᠠᠳ ᠤᠯᠠᠨ ᠳᠤ ᠦᠢᠯᠡᠴᠢᠯᠡᠬᠦ ᠰᠢᠯᠢᠳᠡᠭ ᠤᠯᠠᠮᠵᠢᠯᠠᠯ ᠢ ᠶᠡᠬᠡᠪᠡᠷ ᠪᠠᠳᠠᠷᠠᠭᠤᠯᠵᠤ᠂ ᠰᠢᠨ᠎ᠡ ᠴᠠᠭ ᠦᠶ᠎ᠡ ᠶᠢᠨ ᠤᠯᠠᠭᠠᠨᠮᠥ᠋ᠴᠢᠷ ᠤᠨ ᠡᠷᠡᠮᠡᠬᠡᠶᠢᠯᠡᠨ ᠤᠷᠤᠭᠰᠢᠯᠠᠬᠤ᠂ ᠡᠷᠡᠯᠬᠡᠭᠯᠡᠨ ᠤᠷᠤᠭᠰᠢᠯᠠᠬᠤ ᠰᠢᠨ᠎ᠡ ᠴᠤᠭ ᠵᠢᠪᠬᠤᠭ᠎ᠠ ᠶᠢ ᠪᠦᠬᠦ ᠲᠠᠯ᠎ᠠ ᠪᠠᠷ ᠳᠡᠯᠭᠡᠨ  ᠦᠵᠡᠭᠦᠯᠪᠡ᠃   ᠢᠷᠡᠯᠳᠡ᠄ ᠲᠣᠭᠲᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠶᠦᠨ ᠵᠦᠩ ᠬᠠᠮ ᠵᠠᠭᠤᠴᠢᠯᠠᠭᠤᠷ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1