ᠭᠠᠵᠠᠷ ᠰᠢᠷᠣᠢ ᠪᠣᠯ ᠬᠥᠮᠦᠨ ᠲᠥᠷᠥᠯᠬᠢᠲᠡᠨ ᠤ ᠣᠷᠣᠰᠢᠨ ᠲᠣᠭᠲᠠᠨᠢᠬᠤ ᠶᠢᠨ ᠴᠢᠬᠤᠯᠠ ᠨᠥᠬᠦᠴᠡᠯ ᠮᠥᠨ᠂ | ᠬᠠᠷᠢᠨ ᠲᠠᠷᠢᠶᠠᠨ ᠭᠠᠵᠠᠷ ᠪᠣᠯ ᠮᠠᠨ ᠤ ᠤᠯᠤᠰ ᠤᠨ ᠬᠠᠮᠤᠭ ᠤᠨ ᠡᠷᠬᠢᠮ ᠨᠠᠨᠳᠢᠨ ᠡᠬᠢ ᠪᠠᠶᠠᠯᠢᠭ ᠮᠥᠨ᠂ ᠠᠮᠤ | ᠪᠤᠳᠠᠭᠠᠨ ᠤ ᠦᠢᠯᠡᠳᠪᠦᠷᠢᠯᠡᠯ ᠤᠨ ᠠᠮᠢᠨ ᠰᠤᠳᠠᠰᠤ ᠮᠥᠨ︕ | 6 ᠳ᠋ᠤᠭᠠᠷ ᠰᠠᠷ᠎ᠠ ᠶᠢᠨ 25 ᠤ ᠡᠳᠦᠷ ᠪᠣᠯ ᠪᠥᠬᠦ ᠤᠯᠤᠰ ᠤᠨ ᠭᠠᠵᠠᠷ ᠰᠢᠷᠣᠶ ᠶᠢᠨ ᠡᠳᠦᠷ ᠮᠥᠨ᠂ ︽ | ᠭᠠᠵᠠᠷ ᠰᠢᠷᠣᠶ ᠶᠢᠨ ᠡᠳᠦᠷ︾ ᠤᠨ ᠲᠤᠬᠠᠶ ᠲᠠ ᠬᠡᠳᠦᠶ ᠣᠶᠢᠯᠠᠭᠠᠬᠤ ᠪᠣᠶ︖ | 1. ᠲᠤᠭᠳᠠᠭᠠᠭᠰᠠᠨ ᠠᠬᠤᠶ ᠪᠠᠶᠢᠳᠠᠯ | 1986 ᠣᠨ ᠤ 6 ᠳ᠋ᠤᠭᠠᠷ ᠰᠠᠷ᠎ᠠ ᠶᠢᠨ 25 ᠤ ᠡᠳᠦᠷ᠂ ᠵᠢᠷᠭᠤᠳᠤᠭᠠᠷ ᠬᠤᠭᠤᠴᠠᠭᠠᠨ ᠤ ᠪᠦᠬᠦ ᠤᠯᠤᠰ ᠤᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠪᠠᠨ ᠵᠢᠷᠭᠤᠳᠤᠭᠠᠷ | ᠬᠤᠷᠠᠯᠳᠤᠭᠠᠨ ᠠᠴᠠ ᠮᠠᠨ ᠤ ᠤᠯᠤᠰ ᠤᠨ ᠠᠩᠬᠠᠳᠠᠭᠴᠢ ᠲᠤᠰᠬᠠᠢ ᠭᠠᠵᠠᠷ ᠰᠢᠷᠣᠢ ᠶᠢᠨ ᠬᠠᠷᠢᠴᠠᠭ᠎ᠠ ᠶᠢ | ᠲᠣᠬᠢᠷᠠᠭᠤᠯᠬᠤ ᠶᠡᠭᠡ ᠬᠠᠤᠯᠢ - ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠵᠠᠷ ᠰᠢᠷᠣᠢ ᠶᠢᠨ | ᠬᠠᠮᠢᠶᠠᠷᠤᠯᠲᠠ ᠶᠢᠨ ᠬᠠᠤᠯᠢ︾ ᠶᠢ ᠪᠠᠲᠤᠯᠠᠨ ᠨᠡᠶᠢᠲᠡᠯᠡᠪᠡ᠃ | ᠡᠨᠠ ᠡᠳᠦᠷ ᠲᠤ᠂ 1991 ᠣᠠ ᠤ 5 ᠳ᠋ᠤᠭᠠᠷ ᠰᠠᠷ᠎ᠠ ᠶᠢᠨ 24 ᠤ ᠡᠳᠦᠷ ᠳᠦᠷᠤ ᠶᠢᠨ ᠶᠠᠪᠤᠲᠠᠯ ᠤᠨ | ᠬᠤᠷᠢᠶᠠᠨ ᠤ 83 ᠳ᠋ᠤᠭᠠᠷ ᠣᠲᠠᠭᠠᠨ ᠤ ᠪᠠᠶᠢᠩᠬᠤ ᠶᠢᠨ ᠬᠤᠷᠠᠯᠲᠣᠭᠠᠨ ᠠᠴᠠ 1991 ᠣᠠ ᠠᠴᠠ ᠡᠭᠢᠯᠠᠨ ᠵᠢᠯ | ᠪᠦᠷᠢ ᠶᠢᠨ 6 ᠳ᠋ᠤᠭᠠᠷ ᠰᠠᠷ᠎ᠠ ᠶᠢᠨ 25 ᠤ ᠡᠳᠦᠷ ︽ᠭᠠᠵᠠᠷ ᠰᠢᠷᠣᠢ ᠶᠢᠨ ᠬᠠᠮᠢᠶᠠᠷᠣᠯᠲᠠ ᠶᠢᠨ ᠬᠠᠣᠯᠢ︾ ᠶᠢ | ᠨᠠᠶᠢᠲᠠᠯᠠᠭᠰᠠᠨ ᠡᠲᠣᠷ ᠢ ᠪᠦᠭᠦ ᠤᠯᠤᠰ ᠤᠨ ᠭᠠᠵᠠᠷ ᠰᠢᠷᠣᠢ ᠶᠢᠨ ᠡᠳᠦᠷ ᠢᠶᠠᠷ ᠳᠣᠬᠲᠠᠭᠠᠨᠠ ᠬᠡᠵᠤ ᠳᠣᠬᠲᠠᠭᠠᠪᠠ᠃ | 2. ᠲᠤᠭᠳᠠᠭᠠᠭᠰᠠᠨ ᠠᠴᠢ ᠬᠤᠯᠪᠣᠭᠳᠠᠯ | ᠭᠠᠵᠠᠷ ᠰᠢᠷᠣᠶ ᠶᠢᠨ ᠡᠳᠦᠷ ᠪᠣᠯ ᠲᠥᠷᠥ ᠶᠢᠨ ᠶᠠᠪᠤᠳᠠᠯ ᠤᠨ ᠬᠤᠷᠢᠶᠠᠨ ᠠᠴᠠ ᠲᠣᠭᠲᠠᠭᠠᠭᠰᠠᠨ ᠠᠩᠬᠠᠳᠠᠭᠴᠢ | ᠪᠦᠬᠦ ᠤᠯᠤᠰ ᠤᠨ ᠳᠤᠷᠠᠰᠬᠠᠯ ᠤᠨ ᠤᠬᠠᠭᠤᠯᠭ᠎ᠠ ᠶᠢᠨ ᠡᠳᠦᠷ ᠪᠣᠯᠤᠨ᠎ᠠ᠃ ᠳᠤᠮᠳᠠᠳᠤ ᠤᠯᠤᠰ ᠪᠣᠯ ᠳᠡᠯᠡᠬᠡᠢ | ᠳᠡᠭᠡᠷᠡᠬᠢ ᠠᠩᠬᠠᠳᠠᠭᠴᠢ ᠭᠠᠵᠠᠷ ᠰᠢᠷᠣᠢ ᠶᠢ ᠬᠠᠮᠠᠭᠠᠯᠠᠬᠤ ᠶᠢᠨ ᠲᠥᠯᠥᠭᠡ ᠲᠤᠰᠬᠠᠢ ᠳᠤᠷᠠᠰᠬᠠᠯ ᠤᠨ ᠡᠳᠦᠷ | ᠲᠤᠭᠳᠠᠭᠠᠭᠰᠠᠨ ᠤᠯᠤᠰ ᠪᠣᠯᠤᠨ᠎ᠠ᠃ | 3. ᠤᠬᠠᠭᠤᠯᠭ᠎ᠠ ᠶᠢᠨ ᠭᠤᠤᠯ ᠰᠡᠳᠦᠪ | ᠵᠢᠯ ᠪᠦᠷᠢ ᠶᠢᠨ ᠭᠠᠵᠠᠷ ᠰᠢᠷᠤᠶ ᠶᠢᠨ ᠡᠳᠦᠷ ᠤᠨ ᠤᠬᠠᠬᠤᠯᠭᠠ ᠶᠢᠨ ᠭᠤᠤᠯ ᠰᠡᠳᠦᠪ ᠪᠤᠯ ᠪᠦᠷ ᠤᠯᠤᠰ ᠤᠨ | ᠲᠥᠷᠥ ᠶᠢᠨ ᠪᠤᠳᠣᠯᠭ᠎ᠠ ᠪᠠ ᠴᠠᠭ ᠤᠨ ᠪᠠᠶᠢᠳᠠᠯ ᠲᠠᠢ ᠤᠶᠠᠯᠳᠤᠭᠤᠯᠤᠨ ᠲᠤᠭᠳᠠᠭᠠᠭᠰᠠᠨ ᠶᠤᠮ᠃ ᠣᠶᠢᠷ᠎ᠠ ᠶᠢᠨ | ᠵᠢᠯ ᠳᠤ᠂ ᠠᠮᠤ ᠪᠤᠳᠠᠭᠠᠨ ᠤ ᠠᠮᠤᠷ ᠲᠥᠪᠰᠢᠨ ᠤ ᠠᠰᠠᠭᠤᠳᠠᠯ ᠬᠦᠮᠦᠰ ᠤᠨ ᠠᠩᠬᠠᠷᠤᠯ ᠢ ᠲᠠᠲᠠᠮ᠎ᠠ ᠬᠠᠯᠠᠭᠤᠨ ᠴᠡᠭ | ᠪᠣᠯᠤᠭᠰᠠᠨ ᠪᠠᠶᠢᠨ᠎ᠠ᠃ ᠡᠨᠡ ᠵᠢᠯ ᠤᠨ ᠤᠬᠠᠭᠤᠯᠭ᠎ᠠ ᠶᠢᠨ ᠭᠤᠣᠯ ᠰᠡᠳᠦᠪ᠄ ︽ᠭᠠᠵᠠᠷ ᠰᠢᠷᠣᠶ ᠶᠢ ᠠᠷᠪᠢᠲᠠᠶ | ᠡᠷᠴᠢᠮᠯᠢᠭ ᠬᠡᠷᠡᠭᠯᠡᠵᠦ᠂ ᠲᠠᠷᠢᠶᠠᠨ ᠭᠠᠵᠠᠷ ᠤᠨ ᠤᠯᠠᠭᠠᠨ ᠱᠤᠭᠤᠮ ᠢ ᠴᠢᠩᠭ᠎ᠠ ᠰᠠᠬᠢᠶ᠎ᠠ︾ ᠪᠤᠯᠤᠨ᠎ᠠ᠃ | | ᠢᠷᠡᠯᠳᠡ᠄ ᠲᠣᠭᠲᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠶᠦᠨ ᠵᠦᠩ ᠬᠠᠮ ᠵᠠᠭᠤᠴᠢᠯᠠᠭᠤᠷ |