ᠤᠢᠢᠷ᠎ᠠ ᠶᠢᠨ ᠵᠢᠯ ᠠᠴᠠ᠂ ᠲᠣᠭᠲᠠᠬᠤ ᠰᠢᠶᠠᠨ ᠤ ᠱᠤᠸᠠᠩ ᠾᠧ ᠪᠠᠯᠭᠠᠰᠤᠨ ᠤ ᠨᠠᠮ ᠤᠨ ᠬᠤᠷᠢᠶ᠎ᠠ ︽ | ᠬᠦᠴᠢᠷ ᠠᠰᠠᠭᠤᠳᠠᠯ ᠢ ᠰᠢᠢᠳᠪᠦᠷᠢᠯᠡᠬᠦ᠂ ᠦᠢᠯᠡᠴᠢᠯᠡᠭᠡ ᠶᠢ ᠴᠢᠩᠭᠠᠳᠬᠠᠬᠤ᠂ ᠠᠮᠢᠵᠢᠷᠠᠯ ᠤᠨ ᠬᠦᠴᠦᠨ ᠢ | ᠬᠥᠭᠵᠢᠭᠡᠬᠦ︾ ᠪᠠᠷ ᠬᠠᠷᠠᠯᠲᠠ ᠪᠣᠯᠭᠠᠵᠤ᠂ ᠳᠠᠪᠠᠭᠤᠯᠢᠭ ᠢᠶᠠᠨ ᠪᠠᠳᠠᠷᠠᠭᠤᠯᠵᠤ᠂ ᠬᠥᠭᠵᠢᠯᠲᠡ ᠶᠢ ᠠᠬᠢᠭᠤᠯᠵᠤ᠂ | ᠬᠠᠮᠲᠤᠷᠠᠯ ᠤᠨ ᠬᠦᠴᠦᠨ ᠢ ᠨᠢᠭᠲᠠᠷᠠᠭᠤᠯᠵᠤ᠂ ᠤᠨᠢᠨ ᠳᠡᠭᠡᠷ᠎ᠡ ᠨᠢ ᠲᠦᠷᠦ ᠶᠢᠨ ᠪᠤᠳᠤᠯᠭ᠎ᠠ ᠶᠢ ᠬᠡᠷᠡᠭᠵᠢᠭᠦᠯᠵᠦ᠂ | ᠵᠢᠱᠢᠶᠡᠴᠢ ᠨᠠᠮ ᠤᠨ ᠡᠭᠦᠷ ᠢ ᠡᠭᠦᠳᠦᠨ ᠪᠠᠶᠢᠭᠤᠯᠬᠤ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠭᠦᠨᠵᠡᠭᠡᠢ | ᠠᠬᠢᠭᠤᠯᠪᠠ᠃ | ᠨᠠᠮ ᠤᠨ ᠪᠠᠶᠢᠭᠤᠯᠤᠯᠲᠠ ᠶᠢᠨ ᠨᠡᠷᠡᠲᠦ ᠲᠡᠮᠳᠡᠭ ᠢ ᠡᠭᠦᠳᠦᠨ ᠪᠠᠶᠢᠭᠤᠯᠵᠤ᠂ ᠦᠨᠳᠦᠰᠦᠨ ᠱᠠᠲᠤᠨ ᠤ | ᠵᠠᠰᠠᠯᠲᠠ ᠶᠢᠨ ᠰᠢᠨ᠎ᠡ ᠵᠠᠭᠪᠤᠷ ᠢ ᠬᠠᠶᠢᠨ ᠰᠦᠪᠡᠭᠴᠢᠯᠡᠪᠡ᠃ | ᠶᠡᠷᠦ ᠠᠴᠠ᠂ ᠱᠤᠸᠠᠩ ᠾᠧ ᠪᠠᠯᠭᠠᠰᠤ ᠦᠨᠳᠦᠰᠦᠨ ᠱᠠᠲᠤᠨ ᠤ ᠵᠠᠰᠠᠯᠲᠠ ᠶᠢᠨ ᠭᠤᠤᠯᠳᠠᠯᠭ᠎ᠠ ᠲᠠᠢ ᠬᠦᠴᠢᠷ | ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠣᠯᠠᠨ ᠲᠦᠮᠡᠨ ᠤ ᠵᠥᠷᠢᠴᠡᠯ ᠢ ᠠᠷᠢᠯᠭᠠᠬᠤ᠂ | ᠭᠤᠤᠯᠳᠠᠯᠭ᠎ᠠ ᠲᠠᠢ ᠬᠥᠮᠦᠰ ᠢ ᠠᠩᠬᠠᠷᠬᠤ ᠲᠠᠯ᠎ᠠ ᠪᠠᠷ ᠬᠦᠴᠦ ᠲᠠᠯᠪᠢᠵᠤ᠂ ᠲᠦᠷᠪᠡᠨ 8 ᠤᠳᠤᠨ ᠨᠡᠶᠢᠭᠡᠮ | ᠲᠣᠭᠤᠷᠢᠭ ᠤᠨ ᠨᠠᠮ ᠤᠨ ᠡᠭᠦᠷ ᠢ ᠨᠡᠶᠢᠭᠡᠮ ᠲᠣᠭᠤᠷᠢᠭ ᠤᠨ ᠨᠠᠮ ᠤᠨ ᠪᠠᠶᠢᠭᠤᠯᠤᠯᠲᠠ ᠶᠢᠨ ᠨᠠᠷᠠᠲᠤ ᠲᠡᠮᠳᠡᠭ | ᠪᠣᠯᠭᠠᠬᠤ ᠪᠠᠷ ᠬᠦᠴᠦᠯᠡᠨ ᠴᠢᠷᠮᠠᠶᠢᠪᠠ᠃ ᠵᠦᠩ ᠲᠠᠨ ᠨᠡᠶᠢᠭᠡᠮ ᠲᠣᠭᠤᠷᠢᠭ ᠤᠨ ᠨᠠᠮ ᠤᠨ ᠶᠡᠷᠦᠩᠬᠡᠢ ᠡᠭᠦᠷ ᠤᠨ ᠬᠢᠨ | ᠪᠠᠲᠤ ᠪᠠᠬᠢ ᠪᠠᠬᠢᠯᠡᠯᠲᠡ ᠶᠢᠨ ᠨᠠᠮ ᠤᠨ ᠡᠭᠦᠷ ᠤᠨ ᠥᠨᠳᠥᠷ ᠪᠠᠶᠢᠷᠢ ᠶᠢᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ | ᠵᠦᠩ ᠵᠢᠤᠢ ᠠᠳᠠᠯ ᠠᠬᠤᠢ ᠶᠢᠨ ᠬᠠᠮᠢᠶᠠᠷᠤᠯᠲᠠ ᠶᠢᠨ ᠦᠢᠯᠡᠴᠢᠯᠡᠭᠡᠨ ᠤ ᠬᠢᠵᠠᠭᠠᠷᠲᠤ ᠺᠣᠮᠫᠠᠨᠢ ᠶᠢ ᠪᠠᠶᠢᠭᠤᠯᠵᠤ᠂ | ᠠᠳᠠᠯ ᠠᠬᠤᠢ ᠶᠢᠨ ᠵᠢᠩᠬᠢᠨᠢ ᠬᠠᠮᠢᠶᠠᠷᠤᠯᠲᠠ ᠪᠠᠷ ᠳᠠᠮᠵᠢᠭᠤᠯᠵᠤ᠂ ᠰᠠᠭᠤᠭᠠᠯᠢ ᠠᠷᠠᠳ ᠤᠨ ᠲᠣᠭᠤᠷᠢᠭ ᠤᠨ ᠣᠷᠴᠢᠨ | ᠲᠣᠭᠤᠷᠢᠨ ᠤ ᠡᠷᠡᠭᠦᠯ ᠬᠠᠮᠠᠭᠠᠯᠠᠯ ᠢ ᠬᠠᠮᠠᠭᠠᠯᠠᠬᠤ᠂ ᠰᠠᠭᠤᠷᠢ ᠲᠥᠬᠦᠭᠡᠷᠦᠮᠵᠢ ᠶᠢᠨ ᠪᠠᠲᠤᠯᠠᠭ᠎ᠠ᠂ ᠠᠮᠤᠷ ᠲᠦᠪᠰᠢᠨ ᠤ | ᠭᠡᠮ ᠰᠣᠭᠤᠭ ᠢ ᠠᠷᠢᠯᠭᠠᠬᠤ ᠵᠡᠷᠭᠡ ᠳᠥᠭᠦᠮ ᠳᠥᠲᠡ ᠦᠢᠯᠡᠴᠢᠯᠡᠭᠡ ᠬᠠᠩᠭᠠᠵᠤ᠂ ᠰᠠᠭᠤᠭᠠᠯᠢ ᠠᠷᠠᠳ ᠤᠨ | ᠠᠮᠢᠳᠤᠷᠠᠯ ᠢ ᠪᠠᠲᠤᠯᠠᠪᠠ᠃ ᠡᠭᠦᠨ ᠤ ᠬᠠᠮᠲᠤ᠂ ᠬᠡᠦᠬᠡᠳ᠂ ᠡᠮᠡᠭᠲᠡᠶᠢᠴᠦᠳ᠂ ᠬᠥᠭᠰᠢᠨ ᠪᠠᠭᠤᠷᠠᠶ ᠡᠪᠡᠳᠴᠢᠨ ᠲᠠᠢ | ᠵᠡᠮᠳᠡᠭ ᠵᠡᠷᠭᠡ ᠠᠳᠠᠯᠢ ᠪᠤᠰᠤ ᠬᠠᠮᠲᠤᠯᠢᠭ ᠤᠨ ᠬᠡᠷᠡᠭᠴᠡᠭᠡ ᠳᠤ ᠴᠢᠭᠯᠡᠭᠦᠯᠦᠨ ᠲᠥᠷᠥ ᠶᠢᠨ ᠪᠣᠳᠣᠯᠭ᠎ᠠ ᠶᠢ | ᠣᠨᠣᠪᠴᠢᠲᠠᠶ ᠬᠡᠷᠡᠭᠵᠢᠭᠦᠯᠵᠦ᠂ ︽ᠡᠭᠦᠳᠡ ᠳᠤ ᠬᠦᠷᠴᠦ ᠦᠢᠯᠡᠴᠢᠯᠡᠬᠦ ᠠᠵᠢᠯᠯᠠᠭ᠎ᠠ︾᠂ ︽ᠰᠠᠶᠢᠨ ᠳᠤᠷ᠎ᠠ ᠶᠢᠨ | ᠦᠢᠯᠡᠴᠢᠯᠡᠭᠡ ᠳᠤ ᠲᠦᠰᠢᠭᠯᠡᠨ ᠲᠠᠨ ᠳᠤ ᠲᠤᠰᠠᠯᠠᠶ᠎ᠠ︾ ᠵᠡᠷᠭᠡ ᠠᠵᠢᠯᠯᠠᠭ᠎ᠠ ᠳᠤ ᠲᠦᠰᠢᠭᠯᠡᠨ ᠰᠠᠶᠢᠨ ᠳᠤᠷ᠎ᠠ ᠶᠢᠨ | ᠬᠠᠪᠰᠤᠷᠤᠨ ᠲᠡᠳᠬᠦᠬᠦ ᠠᠵᠢᠯᠯᠠᠭ᠎ᠠ ᠶᠢ 50 ᠭᠠᠷᠤᠶ ᠤᠳᠠᠭ᠎ᠠ ᠥᠷᠨᠢᠭᠦᠯᠪᠡ᠃ | ᠨᠠᠮ ᠤᠨ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠴᠡᠭ ᠢ ᠪᠠᠶᠢᠭᠤᠯᠵᠤ᠂ ᠨᠠᠮ ᠤᠨ ᠡᠭᠦᠷ ᠤᠨ ᠵᠢᠱᠢᠶᠡᠴᠢ | ᠲᠤᠭ᠎ᠠ ᠬᠡᠮᠵᠢᠶ᠎ᠡ ᠶᠢ ᠦᠷᠭᠡᠳᠭᠡᠪᠡ | ᠲᠣᠭᠲᠠᠬᠤ ᠰᠢᠶᠠᠨ ᠤ ᠱᠤᠸᠠᠩ ᠾᠧ ᠪᠠᠯᠭᠠᠰᠤ 6 ᠣᠳᠣ᠂ 7 ᠣᠳᠣᠨ ᠨᠠᠮ ᠤᠨ ᠡᠭᠦᠷ ᠢ ᠡᠭᠦᠳᠦᠨ | ᠪᠠᠶᠢᠭᠤᠯᠬᠤ ᠳᠠᠯᠳᠠ ᠬᠦᠴᠦᠨ ᠢ ᠭᠦᠨᠵᠡᠭᠡᠢ ᠠᠭᠤᠳᠠᠯᠵᠤ᠂ ︽ᠨᠠᠮ ᠤᠨ ᠪᠠᠶᠢᠭᠤᠯᠤᠯᠲᠠ ᠪᠠᠷ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠶᠢ ᠬᠥᠲᠥᠯᠥᠨ ᠲᠠᠭᠠᠭᠤᠯᠤᠶᠠ︾ ᠪᠠᠷ ᠭᠤᠣᠯ ᠰᠡᠳᠦᠪ ᠪᠣᠯᠭᠠᠵᠤ᠂ ᠬᠥᠳᠡᠭᠡ | ᠲᠣᠰᠬᠤᠨ ᠤ ᠨᠠᠮ ᠤᠨ ᠡᠭᠦᠷ ᠢ ᠭᠤᠣᠯᠳᠠᠯᠭ᠎ᠠ ᠲᠠᠢ ᠪᠠᠶᠢᠭᠤᠯᠤᠨ᠎ᠠ᠃ ᠨᠢᠭᠡ ᠲᠠᠯ᠎ᠠ ᠪᠠᠷ ᠬᠥᠳᠡᠭᠡ ᠲᠣᠰᠬᠤᠨ ᠤ | ᠨᠠᠮ ᠤᠨ ᠡᠭᠦᠷ ᠢ ᠵᠣᠷᠢᠭᠵᠢᠭᠤᠯᠵᠤ ᠪᠠᠶᠢᠭᠠᠳ ᠰᠢᠨ᠎ᠡ ᠮᠠᠶ᠋ᠢᠭ ᠤᠨ ᠬᠤᠷᠰᠢᠯᠴᠠᠬᠤ ᠠᠷᠭ᠎ᠠ ᠬᠡᠯᠪᠡᠷᠢ ᠶᠢ ᠬᠠᠶᠢᠨ | ᠰᠦᠪᠡᠭᠴᠢᠯᠡᠵᠦ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠦᠨ᠎ᠡ᠃ ᠵᠠᠩ ᠰᠧ ᠬᠤᠤ ᠲᠣᠰᠬᠤᠨ ᠤ ᠨᠠᠮ ᠤᠨ | ᠡᠭᠦᠷ ᠠᠴᠠ ︽ᠨᠠᠮ ᠤᠨ ᠡᠭᠦᠷ ᠬᠤᠷᠰᠢᠶᠠᠵᠢᠯ ᠲᠠᠷᠢᠶᠠᠴᠢᠨ ᠡᠷᠦᠬᠡ︾᠂ ︽ᠲᠠᠭᠠᠭᠤᠯᠤᠭᠴᠢ ᠠᠵᠤ ᠠᠬᠤᠶᠢᠯᠠᠯ ᠤᠨ | ᠨᠠᠮ ᠤᠨ ᠡᠭᠦᠷ ᠬᠤᠷᠰᠢᠶᠠᠵᠢᠯ ᠲᠠᠷᠢᠶᠠᠴᠢᠨ ᠡᠷᠦᠬᠡ︾ ᠵᠡᠷᠭᠡ ᠬᠥᠭᠵᠢᠯᠲᠡ ᠶᠢᠨ ᠵᠠᠭᠪᠤᠷ ᠢ ᠢᠳᠡᠪᠬᠢᠲᠡᠢ | ᠰᠦᠪᠡᠭᠴᠢᠯᠡᠵᠦ᠂ 2023 ᠣᠨ ᠳᠤ᠂ ᠵᠠᠩ ᠰᠧ ᠬᠤᠤ ᠲᠣᠰᠬᠤᠨ ᠤ ᠬᠠᠮᠲᠤ ᠶᠢᠨ ᠠᠵᠤ ᠠᠬᠤᠢ 20 ᠲᠦᠮᠡᠨ | ᠲᠥᠭᠦᠷᠢᠭ ᠢ ᠳᠠᠪᠠᠭᠰᠠᠨ ᠪᠥᠭᠡᠳ 60 ᠭᠠᠷᠤᠢ ᠬᠥᠯᠥᠰᠥᠨ ᠠᠵᠢᠯᠴᠢᠨ ᠢ ᠲᠠᠶᠢᠴᠢᠯᠠᠨ ᠤᠢᠢᠷ᠎ᠠ ᠬᠠᠪᠢ ᠳᠠᠭᠠᠨ | ᠠᠵᠢᠯ ᠬᠢᠯᠭᠡᠪᠡ᠃ ᠪᠧᠶ ᠵᠢᠶᠧ ᠲᠣᠰᠬᠤᠨ ᠪᠠᠯᠠ ᠣᠷᠣᠭᠤᠯᠤᠯᠲᠠ ᠶᠢᠨ ᠬᠠᠮᠲᠤᠷᠠᠯᠴᠠᠭ᠎ᠠ ᠪᠠᠷ ᠲᠣᠰᠬᠤᠨ ᠠᠵᠤ | ᠠᠬᠤᠶᠢᠯᠠᠯ ᠢ ᠬᠠᠮᠲᠤ ᠪᠠᠷ ᠪᠠᠶᠢᠭᠤᠯᠬᠤ ᠶᠢ ᠠᠬᠢᠭᠤᠯᠵᠤ᠂ ︽ᠲᠣᠰᠬᠤᠨ ᠠᠵᠤ ᠠᠬᠤᠶᠢᠯᠠᠯ ᠤᠨ ᠬᠠᠮᠲᠤᠷᠠᠯᠴᠠᠭᠠᠨ ᠤ | ᠬᠡᠯᠪᠡᠷᠢ︾ ᠶᠢᠨ ᠵᠠᠭᠪᠤᠷ ᠢ ᠪᠣᠶ ᠪᠣᠯᠭᠠᠵᠤ᠂ 100 ᠲᠦᠮᠡᠨ ᠲᠥᠭᠦᠷᠢᠭ ᠤᠨ ᠪᠠᠯᠠ ᠣᠷᠣᠭᠤᠯᠵᠤ ᠶᠦᠨ ᠵᠥᠩ | ᠠᠷᠢᠬᠢᠨ ᠤ ᠦᠢᠯᠡᠰ ᠤᠨ ᠪᠦᠯᠦᠭᠯᠡᠯ ᠳᠤ ᠬᠤᠪᠢ ᠣᠷᠣᠭᠤᠯᠵᠤ᠂ ᠵᠢᠯ ᠤᠨ ᠠᠰᠢᠭ ᠣᠷᠣᠯᠭ᠎ᠠ ᠨᠢ 6 ᠲᠦᠮᠡᠨ | ᠲᠥᠭᠦᠷᠢᠭ ᠨᠡᠮᠡᠭᠳᠡᠪᠡ᠃ ᠨᠥᠭᠦᠭᠡ ᠲᠠᠯ᠎ᠠ ᠪᠠᠷ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠬᠥᠳᠡᠭᠡ | ᠲᠣᠰᠬᠤᠨ ᠤ ᠵᠢᠭᠤᠯᠴᠢᠯᠠᠯ ᠤᠨ ᠠᠵᠤ ᠦᠢᠯᠡᠰ ᠢ ᠬᠥᠭᠵᠢᠭᠦᠯᠦᠨ᠎ᠡ᠃ ᠪᠧᠶ ᠵᠢᠶᠧ ᠲᠣᠰᠬᠤᠨ ᠤ ᠨᠠᠮ ᠤᠨ ᠡᠭᠦᠷ | ᠲᠤᠭᠳᠠᠬᠤ ᠰᠢᠶᠠᠨ ᠤ ᠬᠠᠲᠤᠨ ᠭᠤᠤᠯ ᠳᠠᠭᠠᠤ ᠶᠢᠨ ᠵᠢᠭᠤᠯᠴᠢᠯᠠᠯ ᠤᠨ ᠰᠠᠶᠢᠨ ᠰᠠᠶᠢᠬᠠᠨ ᠬᠥᠭᠵᠢᠯᠲᠡ ᠶᠢᠨ | ᠪᠠᠶᠢᠳᠠᠯ ᠢ ᠠᠰᠢᠭᠯᠠᠨ᠂ ᠲᠣᠰᠬᠤᠨ ᠬᠠᠮᠲᠤ ᠪᠠᠷ 100 ᠲᠦᠮᠡᠨ ᠲᠥᠭᠦᠷᠢᠭ ᠬᠤᠪᠢ ᠣᠷᠣᠭᠤᠯᠵᠤ | ᠳ᠋ᠦᠩᠱᠧᠩ ᠡᠷᠡᠭᠦᠯ ᠬᠠᠮᠠᠭᠠᠯᠠᠯ ᠰᠣᠶᠣᠯ ᠵᠢᠭᠤᠯᠴᠢᠯᠠᠯ ᠤᠨ ᠦᠵᠡᠮᠵᠢ ᠶᠢᠨ ᠣᠷᠣᠨ ᠤ ᠪᠥᠲᠥᠭᠡᠨ ᠪᠠᠶᠢᠭᠤᠯᠤᠯᠲᠠ ᠳᠤ | ᠣᠷᠣᠯᠴᠠᠵᠤ᠂ ᠠᠷᠠᠳ ᠤᠨ ᠵᠠᠩ ᠦᠢᠯᠡ ᠶᠢᠨ ᠰᠣᠶᠣᠯ ᠤᠨ ᠦᠵᠡᠭᠦᠯᠦᠯᠭᠡ ᠶᠢᠨ ᠲᠢᠩᠬᠢᠮ ᠢ ᠬᠦᠴᠦ ᠪᠠᠨ | ᠬᠠᠮᠲᠤᠳᠬᠠᠨ ᠪᠠᠶᠢᠭᠤᠯᠪᠠ᠃ ᠳ᠋ᠦᠩᠱᠧᠩ ᠬᠠᠭᠤᠴᠢᠨ ᠬᠤᠲᠠ ᠶᠢᠨ ᠵᠢᠭᠤᠯᠴᠢᠯᠠᠯ ᠤᠨ ᠡᠬᠢ ᠪᠠᠶᠠᠯᠢᠭ ᠲᠤ | ᠲᠦᠰᠢᠭᠯᠡᠨ᠂ ᠲᠣᠰᠬᠤᠨ ᠤ ᠠᠷᠠᠳ ᠤᠨ ᠬᠦᠷᠢᠶᠡᠨ ᠤ ᠠᠵᠤ ᠠᠬᠤᠶ ᠪᠠᠨ ᠬᠥᠭᠵᠢᠭᠦᠯᠬᠦ ᠶᠢ ᠵᠣᠷᠢᠭᠵᠢᠭᠤᠯᠵᠤ᠂ | ᠲᠣᠰᠬᠤᠨ ᠤ ᠠᠷᠠᠳ ᠤᠨ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠬᠤ ᠠᠷᠭ᠎ᠠ ᠵᠠᠮ ᠢ ᠥᠷᠭᠡᠳᠬᠡᠵᠦ᠂ ᠬᠥᠳᠡᠭᠡ | ᠲᠣᠰᠬᠤᠨ ᠤ ᠵᠢᠭᠤᠯᠴᠢᠯᠠᠯ ᠤᠨ ᠬᠥᠭᠵᠢᠯᠲᠡ ᠳᠤ ᠬᠦᠴᠦᠨ ᠨᠡᠮᠡᠷᠢᠯᠡᠪᠡ᠃ ᠲᠣᠭᠲᠠᠮᠠᠯ ᠬᠤᠭᠤᠴᠠᠭ᠎ᠠ ᠲᠠᠢ ᠪᠠᠷ ︽ | ᠦᠵᠡᠰᠬᠦᠯᠡᠩᠲᠦ ᠰᠠᠶᠢᠬᠠᠨ ᠬᠦᠷᠢᠶ᠎ᠡ ᠬᠠᠰᠢᠶ᠎ᠠ︾᠂ ︽ᠬᠠᠮᠤᠭ ᠤᠨ ᠭᠤᠶᠣ ᠪᠡᠷᠢ︾᠂ ︽ᠬᠠᠮᠤᠭ ᠤᠨ ᠭᠤᠶᠣ | ᠨᠤᠲᠤᠭ ᠤᠨ ᠮᠡᠷᠭᠡᠳ︾ ᠵᠡᠷᠭᠡ ᠰᠢᠯᠭᠠᠷᠠᠭᠤᠯᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ︽ | ᠪᠣᠯᠪᠠᠰᠤᠨ ᠪᠦᠯᠬᠦᠮᠳᠡᠯ ᠬᠡᠲᠦ ᠳᠡᠯᠭᠡᠭᠦᠷ ᠲᠤ ᠵᠣᠭᠤᠰ ᠰᠣᠯᠢᠬᠤ︾ ᠠᠵᠢᠯᠯᠠᠭ᠎ᠠ ᠶᠢ ᠪᠠᠶᠢᠩᠭᠤᠵᠢᠭᠤᠯᠤᠨ | ᠥᠷᠨᠢᠭᠦᠯᠵᠦ᠂ ᠬᠡᠪ ᠵᠠᠩᠰᠢᠯ ᠢ ᠥᠭᠡᠷᠡᠴᠢᠯᠡᠬᠦ᠂ ᠬᠠᠭᠤᠴᠢᠨ ᠶᠣᠰᠣ ᠪᠦᠳᠦᠭᠦᠯᠢᠭ ᠳᠠᠳᠬᠠᠯ ᠢ ᠡᠰᠡᠷᠭᠦᠴᠡᠨ | ᠬᠤᠷᠢᠭᠯᠠᠬᠤ ᠶᠢ ᠠᠬᠢᠭᠤᠯᠪᠠ᠃ ᠡᠭᠦᠨ ᠠᠴᠠ ᠭᠠᠳᠠᠨ᠎ᠠ᠂ ᠤᠶᠤᠨᠲᠤ ᠬᠥᠳᠡᠭᠡ ᠲᠣᠰᠬᠤᠨ ᠤ ᠲᠠᠪᠴᠠᠩ ᠢ | ᠢᠳᠡᠪᠬᠢᠲᠡᠶ ᠪᠠᠶᠢᠭᠤᠯᠵᠤ᠂ ᠭᠤᠤᠯᠳᠠᠯᠭ᠎ᠠ ᠲᠠᠢ ᠣᠷᠣᠨ ᠪᠦᠰᠡ ᠳᠤ ᠳᠦᠷᠰᠦ ᠰᠢᠩᠭᠡᠭᠡᠬᠦ ᠮᠠᠰᠢᠨ᠂ ᠡᠭᠦᠯᠡᠨ | ᠪᠦᠷᠢᠶ᠎ᠡ ᠶᠢᠨ ᠷᠠᠳᠢᠣ᠋ ᠨᠡᠪᠲᠡᠷᠡᠭᠦᠯᠭᠡ ᠵᠡᠷᠭᠡ ᠶᠢ ᠤᠭᠰᠠᠷᠠᠨ ᠣᠯᠠᠨ ᠱᠠᠲᠤ ᠬᠤᠯᠪᠣᠭᠠᠯᠠᠨ ᠬᠥᠳᠡᠯᠦᠯᠴᠡᠭᠰᠡᠨ᠂ | ᠲᠦᠷᠭᠡᠨ ᠪᠠᠶᠢᠷᠢᠯᠠᠭᠤᠯᠤᠭᠰᠠᠨ᠂ ᠪᠥᠬᠦ ᠲᠣᠰᠬᠤᠨ ᠣᠷᠣᠯᠴᠠᠭᠰᠠᠨ ᠥᠨᠳᠥᠷ ᠪᠦᠲᠦᠮᠵᠢᠲᠡᠶ ᠪᠠᠷ ᠨᠡᠪᠲᠡᠷᠡᠯᠴᠡᠨ | ᠠᠭᠤᠰᠤᠯᠴᠠᠭᠰᠠᠨ ᠪᠠᠶᠢᠳᠠᠯ ᠢ ᠪᠣᠶ ᠪᠣᠯᠭᠠᠪᠠ᠃ ᠳᠤᠷ᠎ᠠ ᠪᠠᠷ ᠢᠶᠠᠨ ᠬᠤᠭ ᠨᠣᠪᠰᠢ ᠬᠠᠶᠠᠬᠤ᠂ ᠲᠣᠭᠲᠠᠭᠠᠯ ᠠᠴᠠ | ᠵᠥᠷᠢᠴᠡᠨ ᠵᠠᠮ ᠡᠵᠡᠯᠡᠨ ᠵᠠᠮ ᠪᠥᠭᠯᠡᠬᠦ ᠵᠡᠷᠭᠡ ᠮᠠᠭᠤ ᠦᠢᠯᠡ ᠠᠵᠢᠯᠯᠠᠭ᠎ᠠ ᠶᠢ ᠴᠠᠭ ᠲᠤᠬᠠᠶ ᠳᠤᠨᠢ ᠬᠤᠷᠢᠭᠯᠠᠪᠠ᠃ | ᠬᠠᠮᠲᠤᠷᠠᠨ ᠬᠠᠪᠰᠣᠷᠴᠤ ᠲᠠᠶᠢᠴᠢᠯᠠᠨ᠂ ᠵᠢᠱᠢᠶᠡᠴᠢ ᠨᠠᠮ ᠤᠨ ᠡᠭᠦᠷ ᠤᠨ ᠨᠦᠯᠦᠭᠡᠯᠡᠨ ᠳᠠᠶᠢᠴᠢᠯᠠᠬᠤ | ᠦᠢᠯᠡᠳᠦᠯ ᠢ ᠪᠠᠳᠠᠷᠠᠭᠤᠯᠪᠠ | ᠲᠤᠭᠳᠠᠬᠤ ᠰᠢᠶᠠᠨ ᠤ ᠱᠤᠸᠠᠩ ᠾᠧ ᠪᠠᠯᠭᠠᠰᠤ ᠨᠠᠮ ᠤᠨ ᠪᠠᠶᠢᠭᠤᠯᠤᠯᠲᠠ ᠶᠢᠨ ᠠᠵᠢᠯ ᠤᠨ ᠶᠠᠰᠤ ᠴᠢᠨᠠᠷ ᠢ | ᠳᠡᠭᠡᠭᠰᠢᠯᠡᠭᠦᠯᠬᠦ᠂ ᠦᠢᠯᠡᠴᠢᠯᠡᠭᠡᠨ ᠤ ᠬᠥᠭᠵᠢᠯᠲᠡ ᠶᠢ ᠠᠬᠢᠭᠤᠯᠬᠤ ᠪᠠᠷ ᠬᠠᠷᠠᠯᠲᠠ ᠪᠣᠯᠭᠠᠵᠤ᠂ ︽ᠬᠠᠮᠲᠤᠷᠠᠨ | ᠬᠥᠳᠡᠯᠦᠯᠴᠡᠵᠦ ᠬᠠᠪᠰᠤᠷᠤᠯᠴᠠᠭ᠎ᠠ ᠪᠠᠶᠢᠭᠤᠯᠵᠤ ᠬᠠᠪᠰᠤᠷᠤᠨ ᠳᠠᠶᠢᠴᠢᠯᠠᠬᠤ︾ ᠠᠵᠢᠯ ᠤᠨ ᠲᠣᠭᠲᠠᠴᠠ ᠶᠢ | ᠪᠠᠶᠢᠭᠤᠯᠵᠤ᠂ ᠴᠡᠭ ᠢᠶᠠᠷ ᠨᠡᠶᠢᠳᠡᠮ ᠢ ᠳᠠᠶᠢᠴᠢᠯᠠᠬᠤ ᠪᠠᠷ ᠳᠠᠮᠵᠢᠭᠤᠯᠤᠨ᠂ 5 ᠣᠳᠣᠨ ᠦᠨᠳᠦᠰᠦᠨ ᠱᠠᠲᠤᠨ ᠤ | ᠨᠠᠮ ᠤᠨ ᠵᠣᠬᠢᠶᠠᠨ ᠪᠠᠶᠢᠭᠤᠯᠤᠯᠲᠠ ᠶᠢᠨ ᠪᠥᠬᠦ ᠲᠠᠯ᠎ᠠ ᠪᠠᠷ ᠳᠠᠪᠰᠢᠬᠤ᠂ ᠪᠥᠬᠦ ᠲᠠᠯ᠎ᠠ ᠪᠠᠷ ᠴᠠᠭᠠᠷᠠᠬᠤ ᠶᠢ ᠳᠥᠯᠭᠢᠨ | ᠠᠬᠢᠭᠤᠯᠪᠠ᠃ | ᠢᠷᠡᠯᠳᠡ᠄ ᠲᠣᠭᠲᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠶᠦᠨ ᠵᠦᠩ ᠬᠠᠮ ᠵᠠᠭᠤᠴᠢᠯᠠᠭᠤᠷ |