ᠴᠡᠷᠢᠭ ᠢᠶᠠᠨ ᠬᠦᠷᠢᠶᠡᠯᠡᠬᠦ ᠠᠵᠤ ᠠᠬᠤᠶᠢᠯᠠᠯ ᠳᠤ ︽ᠬᠦᠬᠡᠬᠤᠳᠠ ᠶᠢᠨ ᠴᠡᠷᠢᠭ ᠢᠶᠠᠨ ᠬᠦᠷᠢᠶᠡᠯᠡᠬᠦ ᠦᠢᠯᠡᠴᠢᠯᠡᠭᠡᠨ ᠤ ᠭᠠᠵᠠᠷ︾ ᠤᠨ ᠫᠠᠶᠢᠰᠠ ᠢᠯᠡᠷᠬᠡᠶᠢᠯᠡᠯ ᠣᠯᠭᠤᠪᠠ
ᠨᠡᠶᠢᠲᠡᠯᠡᠭᠰᠡᠨ ᠴᠠᠭ᠄
2024/6/26
      ᠴᠡᠷᠢᠭ ᠢᠶᠠᠨ ᠬᠦᠷᠢᠶᠡᠯᠡᠨ ᠴᠡᠷᠢᠭ ᠤᠨ ᠬᠡᠷ ᠪᠦᠯᠢ ᠶᠢ ᠬᠠᠷᠠᠭᠠᠯᠵᠠᠬᠤ ᠢᠷᠠᠭᠤ ᠠᠯᠳᠠᠷᠲᠤ ᠤᠯᠠᠮᠵᠢᠯᠠᠯ ᠢ ᠭᠦᠢᠴᠡᠳ ᠪᠠᠳᠠᠷᠠᠭᠤᠯᠬᠤ ᠶᠢᠨ ᠲᠥᠯᠥᠭᠡ᠂ ᠡᠨᠡ ᠵᠢᠯ ᠠᠴᠠ ᠨᠠᠰᠢ᠂ ᠲᠤᠭᠳᠠᠬᠤ ᠰᠢᠶᠠᠨ ᠤ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠪᠣᠯᠤᠨ ᠲᠤᠭᠳᠠᠬᠤ ᠰᠢᠶᠠᠨ ᠤ ᠬᠤᠶᠠᠷ ᠢ ᠬᠦᠷᠢᠶᠡᠯᠡᠬᠦ ᠠᠯᠪᠠᠨ ᠬᠡᠷ ᠪᠥᠬᠦ ᠰᠢᠶᠠᠨ ᠳᠤ ︽ᠬᠦᠬᠡᠬᠤᠳᠠ ᠶᠢᠨ ᠴᠡᠷᠢᠭ ᠢᠶᠠᠨ ᠬᠦᠷᠢᠶᠡᠯᠡᠬᠦ ᠦᠢᠯᠡᠴᠢᠯᠡᠭᠡᠨ ᠤ ᠴᠡᠭ︾ ᠤᠨ ᠡᠯᠰᠡᠬᠦ ᠠᠵᠢᠯ ᠢ ᠡᠬᠢᠯᠡᠭᠦᠯᠵᠦ᠂ ᠨᠡᠷ᠎ᠡ ᠮᠡᠳᠡᠭᠦᠯᠬᠦ᠂ ᠰᠢᠭᠰᠢᠨ ᠰᠣᠩᠭᠤᠬᠤ᠂ ᠬᠢᠨᠠᠨ ᠬᠠᠷᠭᠤᠭᠤᠯᠬᠤ ᠵᠡᠷᠭᠡ ᠲᠠᠰ ᠳᠠᠷᠠᠭᠠᠯᠠᠯ ᠢᠶᠠᠷ ᠬᠤᠶᠠᠳᠤᠭᠠᠷ ᠪᠦᠯᠦᠭ ᠤᠨ ︽ᠬᠦᠬᠡᠬᠤᠳᠠ ᠶᠢᠨ ᠴᠡᠷᠢᠭ ᠢᠶᠠᠨ ᠬᠦᠷᠢᠶᠡᠯᠡᠬᠦ ᠦᠢᠯᠡᠴᠢᠯᠡᠭᠡᠨ ᠤ ᠴᠡᠭ︾ ᠢ ᠲᠣᠭᠲᠠᠭᠠᠪᠠ᠃ ᠣᠶᠢᠷ᠎ᠠ ᠳᠤ᠂ ᠲᠤᠭᠳᠠᠬᠤ ᠰᠢᠶᠠᠨ ᠤ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠰᠢᠶᠠᠨ ᠤ ᠬᠤᠶᠠᠷ ᠢ ᠬᠦᠷᠢᠶᠡᠯᠡᠬᠦ ᠠᠯᠪᠠᠨ ᠬᠡᠷ ᠲᠠᠢ ᠬᠠᠮᠲᠤᠷᠠᠨ ᠴᠡᠷᠢᠭ ᠢᠶᠠᠨ ᠬᠦᠷᠢᠶᠡᠯᠡᠬᠦ 5 ᠠᠵᠤ ᠠᠬᠤᠶᠢᠯᠠᠯ ᠳᠤ ︽ᠬᠦᠬᠡᠬᠤᠳᠠ ᠶᠢᠨ ᠴᠡᠷᠢᠭ ᠢᠶᠠᠨ ᠬᠦᠷᠢᠶᠡᠯᠡᠬᠦ ᠦᠢᠯᠡᠴᠢᠯᠡᠭᠡᠨ ᠤ ᠴᠡᠭ︾ ᠤᠨ ᠫᠠᠶᠢᠰᠠ ᠣᠯᠭᠤᠪᠠ᠃      ᠣᠶᠢᠷ᠎ᠠ ᠶᠢᠨ ᠵᠢᠯ ᠠᠴᠠ᠂ ᠥᠪᠥᠷ ᠮᠣᠩᠭᠤᠯ ᠤᠨ ᠲᠣᠭᠲᠠᠬᠤ ᠰᠢᠶᠠᠨ ᠤ ᠬᠥᠳᠡᠭᠡ ᠲᠣᠰᠬᠤᠨ ᠤ ᠬᠤᠳᠠᠯᠳᠤᠭᠠᠨ ᠤ ᠪᠠᠩᠬᠢ ᠶᠢᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ᠂ ᠬᠠᠲᠤᠨ ᠭᠤᠤᠯ ᠤᠨ ᠮᠠᠶ ᠶᠧ ᠭᠦ᠋ ᠂ ᠴᠢᠩ ᠲᠢ  ᠪᠠᠭᠤᠳᠠᠯ᠂ ᠸᠠᠩ ᠮᠢᠨ ᠰᠢᠳᠦᠨ ᠰᠠᠯᠠᠭ᠎ᠠ᠂ ᠲᠣᠭᠲᠠᠬᠤ ᠰᠢᠶᠠᠨ ᠤ  ᠢ ᠱᠠ ᠪᠠᠷᠸᠢᠢᠨ ᠡᠯ ᠭᠡᠷᠡᠯ ᠵᠢᠷᠤᠭ ᠵᠡᠷᠭᠡ 5 ᠠᠵᠤ ᠠᠬᠤᠶᠢᠯᠠᠯ ᠠᠵᠤ ᠠᠬᠤᠶᠢᠯᠠᠯ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠴᠡᠷᠢᠭ ᠠᠴᠠ ᠬᠠᠯᠠᠭᠳᠠᠭᠰᠠᠳ ᠤᠨ ᠠᠵᠢᠯ ᠣᠯᠭᠤᠯᠲᠠ ᠶᠢ ᠰᠢᠢᠳᠪᠦᠷᠢᠯᠡᠬᠦ᠂ ᠴᠡᠷᠢᠭ ᠠᠴᠠ ᠬᠠᠯᠠᠭᠳᠠᠭᠰᠠᠳ ᠲᠤ ᠨᠠᠩ ᠰᠠᠶᠢᠨ ᠦᠢᠯᠡᠴᠢᠯᠡᠭᠡ ᠬᠠᠩᠭᠠᠬᠤ ᠲᠠᠯ᠎ᠠ ᠪᠠᠷ ᠪᠥᠬᠦ ᠰᠢᠶᠠᠨ ᠤ ᠪᠤᠰᠤᠳ ᠠᠵᠤ ᠠᠬᠤᠶᠢᠯᠠᠯ ᠳᠤ ᠥᠯᠢᠭᠡᠷ ᠳᠠᠭᠤᠷᠢᠶᠠᠯ ᠦᠵᠡᠭᠦᠯᠦᠭᠰᠡᠨ ᠪᠥᠭᠡᠳ ᠴᠡᠷᠢᠭ ᠢᠶᠠᠨ ᠬᠦᠷᠢᠶᠡᠯᠡᠨ ᠬᠡᠷ ᠪᠦᠯᠢ ᠶᠢ ᠨᠢ ᠬᠠᠷᠠᠭᠠᠯᠵᠠᠬᠤ ᠨᠡᠶᠢᠭᠡᠮ ᠤᠨ ᠬᠠᠷᠢᠭᠤᠴᠠᠯᠭ᠎ᠠ ᠶᠢ ᠡᠭᠦᠷᠭᠡᠯᠡᠵᠦ᠂ ᠳᠡᠭᠡᠳᠦ ᠬᠡᠮᠵᠢᠶᠡᠨ ᠤ ᠤᠯᠤᠰ ᠲᠥᠷᠥ ᠶᠢᠨ ᠵᠣᠭᠰᠣᠴᠠ ᠪᠠ ᠥᠷᠭᠡᠨ ᠠᠭᠤᠳᠠᠮ ᠠᠵᠤ ᠠᠬᠤᠶᠢᠯᠠᠯ ᠤᠨ ᠪᠠᠶᠢᠷᠢᠰᠢᠯ ᠢ ᠢᠯᠡᠷᠡᠭᠦᠯᠵᠦ᠂ ᠪᠤᠰᠤᠳ ᠠᠵᠤ ᠠᠬᠤᠶᠢᠯᠠᠯ ᠤᠨ ᠰᠤᠷᠤᠯᠴᠠᠬᠤ ᠳᠠᠭᠤᠷᠢᠶᠠᠯ ᠪᠣᠯᠤᠭᠰᠠᠨ ᠪᠠᠶᠢᠨ᠎ᠠ᠃ ᠫᠠᠶᠢᠰᠠ ᠣᠯᠭᠤᠬᠤ ᠶᠣᠰᠣᠯᠠᠯ ᠳᠡᠭᠡᠷ᠎ᠡ ᠴᠡᠷᠢᠭ ᠢᠶᠠᠨ ᠬᠦᠷᠢᠶᠡᠯᠡᠬᠦ ᠠᠵᠤ ᠠᠬᠤᠶᠢᠯᠠᠯ ᠤᠳ ᠠᠴᠠ᠂ ᠴᠡᠷᠢᠭ ᠢᠶᠠᠨ ᠬᠦᠷᠢᠶᠡᠯᠡᠬᠦ ᠠᠵᠢᠯ ᠢ ᠦᠷᠭᠦᠯᠵᠢᠯᠡᠨ ᠰᠠᠶᠢᠲᠤᠷ ᠬᠢᠨ᠎ᠡ᠂ ᠡᠭᠦᠨ ᠤ ᠬᠠᠮᠲᠤ ᠪᠠᠰᠠ ᠨᠡᠩ ᠤᠯᠠᠨ ᠠᠵᠤ ᠠᠬᠤᠶᠢᠯᠠᠯ ᠴᠡᠷᠢᠭ ᠢᠶᠠᠨ ᠬᠦᠷᠢᠶᠡᠯᠡᠬᠦ ᠡᠩᠨᠡᠭᠡᠨ ᠳᠤ ᠣᠷᠣᠬᠤ ᠶᠢ ᠬᠦᠰᠡᠵᠦ ᠪᠠᠶᠢᠨ᠎ᠠ ᠭᠡᠵᠦ ᠢᠯᠡᠳᠬᠡᠵᠡᠭᠡᠪᠡ᠃      ᠲᠣᠰ ᠤᠳᠠᠭ᠎ᠠ ᠴᠡᠷᠢᠭ ᠢᠶᠠᠨ ᠬᠦᠷᠢᠶᠡᠯᠡᠬᠦ ᠠᠵᠤ ᠠᠬᠤᠶᠢᠯᠠᠯ ᠳᠤ ᠫᠠᠶᠢᠰᠠ ᠣᠯᠭᠤᠵᠤ᠂ ᠲᠤᠭᠳᠠᠬᠤ ᠰᠢᠶᠠᠨ ᠤ ᠴᠡᠷᠢᠭ ᠢᠶᠠᠨ ᠬᠦᠷᠢᠶᠡᠯᠡᠨ ᠬᠡᠷ ᠪᠦᠯᠢ ᠶᠢ ᠨᠢ ᠬᠠᠷᠠᠭᠠᠯᠵᠠᠬᠤ᠂ ᠵᠠᠰᠠᠭ ᠢᠶᠠᠨ ᠬᠦᠷᠢᠶᠡᠯᠡᠨ ᠠᠷᠠᠳ ᠢᠶᠠᠨ ᠬᠠᠶᠢᠷᠠᠯᠠᠬᠤ ᠰᠢᠯᠢᠳᠡᠭ ᠤᠯᠠᠮᠵᠢᠯᠠᠯ ᠢ ᠪᠠᠳᠠᠷᠠᠭᠤᠯᠬᠤ ᠪᠣᠳᠠᠲᠠᠶ ᠶᠢ ᠡᠷᠬᠢᠮᠯᠡᠬᠦ ᠠᠷᠭ᠎ᠠ ᠬᠡᠮᠵᠢᠶ᠎ᠡ ᠮᠥᠨ᠂ ᠲᠡᠷᠡ ᠨᠢ ᠲᠤᠭᠳᠠᠬᠤ ᠰᠢᠶᠠᠨ ᠤ ᠬᠤᠶᠠᠷ ᠢ ᠬᠦᠷᠢᠶᠡᠯᠡᠬᠦ ᠠᠵᠢᠯ ᠰᠢᠨ᠎ᠡ ᠳᠡᠭᠲᠡᠷ ᠲᠤ ᠭᠠᠷᠴᠤ᠂ ᠲᠤᠭᠳᠠᠬᠤ ᠰᠢᠶᠠᠨ ᠤ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠪᠣᠯᠤᠨ ᠲᠤᠭᠳᠠᠬᠤ ᠰᠢᠶᠠᠨ ᠤ ᠬᠤᠶᠠᠷ ᠢ ᠬᠦᠷᠢᠶᠡᠯᠡᠬᠦ ᠠᠯᠪᠠᠨ ᠬᠡᠷ ᠨᠢ ᠴᠡᠷᠢᠭ ᠢᠶᠠᠨ ᠬᠦᠷᠢᠶᠡᠯᠡᠬᠦ ᠨᠡᠶᠢᠭᠡᠮᠴᠢᠯᠡᠭᠰᠡᠨ ᠦᠢᠯᠡᠴᠢᠯᠡᠭᠡᠨ ᠤ ᠵᠠᠭᠪᠤᠷ ᠪᠠ ᠦᠷᠭᠡᠴᠡ ᠶᠢ ᠲᠠᠰᠤᠷᠠᠯᠲᠠ ᠥᠬᠡᠶ ᠥᠷᠭᠡᠳᠬᠡᠵᠦ᠂ ᠰᠢᠨ᠎ᠡ ᠴᠠᠭ ᠦᠶ᠎ᠡ ᠶᠢᠨ ᠬᠤᠶᠠᠷ ᠢ ᠬᠦᠷᠢᠶᠡᠯᠡᠬᠦ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠵᠦ᠂ ᠠᠯᠪᠠ ᠬᠠᠭᠠᠵᠤ ᠪᠠᠶᠢᠭ᠎ᠠ ᠴᠡᠷᠢᠭ ᠤᠨ ᠬᠡᠷ ᠪᠦᠯᠢ᠂ ᠴᠡᠷᠢᠭ ᠠᠴᠠ ᠬᠠᠯᠠᠭᠳᠠᠭᠰᠠᠳ ᠪᠠ ᠠᠰᠠᠷᠠᠨ ᠬᠠᠷᠠᠭᠠᠯᠵᠠᠬᠤ ᠡᠲᠡᠭᠡᠳ ᠲᠤ ᠨᠠᠩ ᠣᠯᠠᠨ᠂ ᠨᠠᠩ ᠰᠠᠶᠢᠨ ᠤᠷᠢᠳ ᠢᠶᠠᠷ ᠪᠣᠳᠣᠯᠬᠢᠯᠠᠬᠤ᠂ ᠬᠠᠷᠠᠭᠠᠯᠵᠠᠯ ᠦᠵᠡᠭᠦᠯᠬᠦ ᠦᠢᠯᠡᠴᠢᠯᠡᠭᠡ ᠬᠠᠩᠭᠠᠬᠤ ᠪᠣᠯᠤᠨ᠎ᠠ᠃    ᠢᠷᠡᠯᠳᠡ᠄ ᠲᠣᠭᠲᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠶᠦᠨ ᠵᠦᠩ ᠬᠠᠮ ᠵᠠᠭᠤᠴᠢᠯᠠᠭᠤᠷ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1