ᠰᠢᠨ᠎ᠡ ᠨᠢᠭᠡ ᠡᠭᠡᠯᠵᠢ ᠶᠢᠨ ᠶᠡᠭᠡ ᠬᠡᠪᠴᠢᠶᠡᠨ ᠤ ᠲᠤᠨᠤᠭ ᠲᠥᠬᠦᠭᠡᠷᠦᠮᠵᠢ ᠶᠢᠨ ᠰᠢᠨᠡᠴᠢᠯᠡᠯᠳᠡ ᠪᠠ | ᠬᠡᠷᠡᠭᠯᠡᠭᠡᠨ ᠤ ᠵᠦᠢᠯᠡᠰ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠶᠢ ᠠᠬᠢᠭᠤᠯᠬᠤ ᠪᠣᠯ ᠨᠠᠮ ᠤᠨ ᠲᠥᠪ | ᠬᠤᠷᠢᠶ᠎ᠠ ᠠᠴᠠ ᠴᠢᠨᠠᠷ ᠰᠠᠶᠢᠲᠠᠢ ᠬᠥᠭᠵᠢᠯᠲᠡ ᠶᠢᠨ ᠶᠡᠭᠡ ᠲᠠᠯ᠎ᠠ ᠶᠢ ᠪᠣᠳᠣᠯᠬᠢᠯᠠᠵᠤ ᠭᠠᠷᠭᠠᠭᠰᠠᠨ ᠴᠢᠬᠤᠯᠠ ᠶᠡᠭᠡ | ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠪᠣᠯᠤᠨ᠎ᠠ᠃ ᠡᠨᠡ ᠵᠢᠯ ᠤᠨ 3 ᠳ᠋ᠤᠭᠠᠷ ᠰᠠᠷ᠎ᠠ ᠳᠤ᠂ ᠲᠥᠷᠥ ᠶᠢᠨ | ᠶᠠᠪᠤᠳᠠᠯ ᠤᠨ ᠬᠤᠷᠢᠶ᠎ᠠ ︽ᠶᠡᠭᠡ ᠬᠡᠪᠴᠢᠶᠡᠨ ᠤ ᠲᠥᠬᠦᠭᠡᠷᠦᠮᠵᠢ ᠶᠢᠨ ᠰᠢᠨᠡᠴᠢᠯᠡᠯᠳᠡ ᠪᠠ ᠬᠡᠷᠡᠭᠯᠡᠭᠡᠨ ᠤ ᠵᠦᠢᠯᠡᠰ ᠤᠨ | ᠬᠠᠭᠤᠴᠢᠨ ᠢᠶᠠᠷ ᠰᠢᠨ᠎ᠡ ᠶᠢ ᠰᠣᠯᠢᠬᠤ ᠶᠢ ᠠᠬᠢᠭᠤᠯᠬᠤ ᠠᠵᠢᠯᠯᠠᠭ᠎ᠠ ᠶᠢᠨ ᠲᠥᠰᠦᠯ︾ ᠢ ᠳᠠᠷᠤᠮᠠᠯᠯᠠᠨ ᠲᠠᠷᠬᠠᠭᠠᠵᠤ᠂ | ᠡᠯ᠎ᠡ ᠬᠦᠷᠢᠶᠡᠨ ᠤ ᠪᠣᠳᠠᠲᠠᠶ ᠬᠡᠷᠡᠭᠵᠢᠭᠦᠯᠬᠦ ᠲᠥᠰᠦᠯ ᠢ ᠵᠠᠯᠭᠠᠭ᠎ᠠ ᠪᠠᠷ ᠳᠠᠷᠤᠮᠠᠯᠯᠠᠨ ᠲᠠᠷᠬᠠᠭᠠᠪᠠ᠃ | ᠶᠠᠮᠤᠨ ᠤ ᠬᠤᠭᠤᠷᠤᠨᠳᠤᠬᠢ ᠬᠠᠮᠲᠤᠷᠠᠭᠰᠠᠨ ᠬᠤᠷᠠᠯ ᠤᠨ ᠳᠦᠷᠢᠮ | ᠣᠶᠢᠷ᠎ᠠ ᠳᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠳᠤ ᠮᠡᠳᠡᠭᠦᠯᠦᠨ | ᠵᠥᠪᠰᠢᠶᠡᠷᠡᠭᠦᠯᠬᠦ ᠪᠠᠷ ᠳᠡᠮᠵᠢᠨ᠂ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠢᠶᠠᠷ | ᠲᠤᠯᠤᠭᠠᠶᠢᠯᠠᠭᠤᠯᠤᠭᠰᠠᠨ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ᠂ | ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ ᠵᠡᠷᠭᠡ ᠶᠠᠮᠤᠨ ᠤ ᠬᠤᠭᠤᠷᠣᠨᠳᠣᠬᠢ | ᠬᠠᠮᠲᠤᠷᠠᠭᠰᠠᠨ ᠬᠤᠷᠠᠯ ᠤᠨ ᠳᠡᠳ᠋ ᠬᠤᠷᠠᠯᠳᠤᠭᠤᠯᠤᠭᠴᠢ᠂ 21 ᠰᠠᠯᠠᠭ᠎ᠠ ᠮᠥᠴᠢᠷ ᠪᠠ ᠨᠢᠭᠡᠴᠢ ᠶᠢᠨ ᠣᠷᠣᠯᠴᠠᠭᠰᠠᠨ | ᠶᠡᠭᠡ ᠬᠡᠪᠴᠢᠶᠡᠨ ᠤ ᠲᠥᠬᠦᠭᠡᠷᠦᠮᠵᠢ ᠶᠢᠨ ᠰᠢᠨᠡᠴᠢᠯᠡᠯᠲᠡ ᠪᠠ ᠬᠡᠷᠡᠭᠯᠡᠭᠡᠨ ᠤ ᠵᠦᠢᠯ ᠤᠨ ᠬᠠᠭᠤᠴᠢᠨ ᠢᠶᠠᠷ ᠰᠢᠨ᠎ᠡ ᠶᠢ | ᠰᠤᠯᠢᠬᠤ ᠶᠢ ᠳᠥᠯᠭᠢᠨ ᠠᠬᠢᠭᠤᠯᠬᠤ ᠶᠠᠮᠤᠨ ᠤ ᠬᠤᠭᠤᠷᠣᠨᠳᠣᠬᠢ ᠬᠠᠮᠲᠤᠷᠠᠭᠰᠠᠨ ᠬᠤᠷᠠᠯ ᠤᠨ ᠲᠦᠷᠢᠮ ᠢ | ᠵᠢᠩᠬᠢᠨᠢ ᠪᠠᠷ ᠪᠠᠶᠢᠭᠤᠯᠪᠠ᠃ ᠣᠲᠣ ᠪᠣᠯᠲᠠᠯ᠎ᠠ᠂ ᠲᠥᠷᠥ ᠶᠢᠨ ᠪᠣᠳᠣᠯᠭ᠎ᠠ ᠶᠢᠨ ᠰᠢᠰᠲ᠋ᠧᠮ ᠢ ᠨᠢᠭᠡᠨᠲᠡ ᠪᠠᠶᠢᠭᠤᠯᠤᠨ | ᠳᠠᠭᠤᠰᠬᠠᠵᠤ᠂ 7 ᠶᠡᠭᠡ ᠬᠦᠷᠢᠶᠡᠨ ᠤ ᠲᠥᠬᠦᠭᠡᠷᠦᠮᠵᠢ ᠶᠢᠨ ᠰᠢᠨᠡᠴᠢᠯᠡᠯᠳᠡ ᠪᠠ ᠬᠡᠷᠡᠭᠯᠡᠭᠡᠨ ᠤ ᠵᠦᠢᠯᠡᠰ ᠤᠨ | ᠬᠠᠭᠤᠴᠢᠨ ᠢᠶᠠᠷ ᠰᠢᠨ᠎ᠡ ᠶᠢ ᠰᠣᠯᠢᠬᠤ᠂ ᠤᠷᠴᠢᠯᠳᠤᠭᠤᠯᠤᠨ ᠠᠰᠢᠭᠯᠠᠬᠤ᠂ ᠪᠠᠷᠢᠮᠵᠢᠶ᠎ᠠ ᠶᠢ ᠳᠡᠭᠡᠭᠰᠢᠯᠡᠭᠦᠯᠬᠦ ᠵᠡᠷᠭᠡ 4 | ᠲᠠᠯ᠎ᠠ ᠶᠢᠨ ᠠᠵᠢᠯᠯᠠᠭᠠᠨ ᠤ ᠲᠥᠰᠦᠯ ᠢ ᠨᠢᠭᠡᠨᠲᠡ ᠪᠦᠬᠦᠨ ᠢ ᠨᠡᠶᠢᠲᠡᠯᠡᠵᠦ᠂ 31 ᠮᠤᠵᠢ ︵ᠣᠷᠣᠨ᠂ ᠬᠤᠲᠠ︶ | ᠴᠥᠮ ᠲᠣᠰ ᠭᠠᠵᠠᠷ ᠣᠷᠣᠨ ᠤ ᠶᠡᠭᠡ ᠬᠡᠪᠴᠢᠶᠡᠨ ᠤ ᠲᠥᠬᠦᠭᠡᠷᠦᠮᠵᠢ ᠶᠢᠨ ᠰᠢᠨᠡᠴᠢᠯᠡᠯᠳᠡ ᠪᠠ ᠬᠡᠷᠡᠭᠯᠡᠭᠡᠨ ᠤ | ᠵᠦᠢᠯᠡᠰ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠶᠢᠨ ᠬᠡᠷᠡᠭᠵᠢᠭᠦᠯᠬᠦ ᠲᠥᠰᠦᠯ ᠢ ᠳᠠᠷᠤᠮᠠᠯᠯᠠᠨ ᠲᠠᠷᠬᠠᠭᠠᠪᠠ᠃ | ᠲᠥᠷᠥ ᠶᠢᠨ ᠪᠣᠳᠣᠯᠭ᠎ᠠ ᠶᠢᠨ ᠰᠢᠰᠲ᠋ᠧᠮ | ᠣᠳᠣᠬᠠᠨ ᠪᠣᠯᠲᠠᠯ᠎ᠠ᠂ ᠲᠥᠷᠥ ᠶᠢᠨ ᠪᠣᠳᠣᠯᠭ᠎ᠠ ᠶᠢᠨ ᠰᠢᠰᠲ᠋ᠧᠮ ᠪᠠᠶᠢᠭᠤᠯᠬᠤ ᠶᠢ ᠨᠢᠭᠡᠨᠲᠡ ᠪᠡᠶᠡᠯᠡᠭᠦᠯᠵᠡᠢ᠂ | 7 ᠶᠡᠭᠡ ᠬᠦᠷᠢᠶᠡᠨ ᠤ ᠲᠥᠬᠦᠭᠡᠷᠦᠮᠵᠢ ᠶᠢᠨ ᠰᠢᠨᠡᠴᠢᠯᠡᠯᠳᠡ ᠪᠠ ᠬᠡᠷᠡᠭᠯᠡᠭᠡᠨ ᠤ ᠵᠦᠢᠯᠡᠰ ᠤᠨ ᠬᠠᠭᠤᠴᠢᠨ ᠢᠶᠠᠷ | ᠰᠢᠨ᠎ᠡ ᠶᠢ ᠰᠣᠯᠢᠬᠤ᠂ ᠤᠷᠴᠢᠯᠳᠤᠭᠤᠯᠤᠨ ᠠᠰᠢᠭᠯᠠᠬᠤ᠂ ᠪᠠᠷᠢᠮᠵᠢᠶ᠎ᠠ ᠶᠢ ᠳᠡᠭᠡᠭᠰᠢᠯᠡᠭᠦᠯᠬᠦ 4 ᠲᠠᠯ᠎ᠠ ᠶᠢᠨ | ᠠᠵᠢᠯᠯᠠᠭᠠᠨ ᠤ ᠲᠥᠰᠦᠯ ᠢ ᠨᠢᠭᠡᠨᠲᠡ ᠪᠦᠬᠦᠨ ᠢ ᠨᠡᠶᠢᠲᠡᠯᠡᠵᠦ᠂ 31 ᠮᠤᠵᠢ ︵ᠣᠷᠣᠨ᠂ ᠬᠤᠲᠠ︶ ᠴᠥᠮ ᠲᠣᠰ | ᠭᠠᠵᠠᠷ ᠣᠷᠣᠨ ᠤ ᠶᠡᠭᠡ ᠬᠡᠪᠴᠢᠶᠡᠨ ᠤ ᠲᠥᠬᠦᠭᠡᠷᠦᠮᠵᠢ ᠶᠢᠨ ᠰᠢᠨᠡᠴᠢᠯᠡᠯᠳᠡ ᠪᠠ ᠬᠡᠷᠡᠭᠯᠡᠭᠡᠨ ᠤ ᠵᠦᠢᠯᠡᠰ ᠤᠨ | ᠬᠠᠭᠤᠴᠢᠨ ᠢᠶᠠᠷ ᠰᠢᠨ᠎ᠡ ᠶᠢ ᠰᠣᠯᠢᠬᠤ ᠶᠢᠨ ᠬᠡᠷᠡᠭᠵᠢᠭᠦᠯᠬᠦ ᠲᠥᠰᠦᠯ ᠢ ᠳᠠᠷᠤᠮᠠᠯᠯᠠᠨ ᠲᠠᠷᠬᠠᠭᠠᠪᠠ᠃ | ᠪᠠᠷᠢᠮᠵᠢᠶ᠎ᠠ | ᠡᠭᠦᠨ ᠠᠴᠠ ᠭᠠᠳᠠᠨ᠎ᠠ᠂ ᠪᠠᠷᠢᠮᠵᠢᠶ᠎ᠠ ᠶᠢ ᠲᠤᠭᠳᠠᠭᠠᠬᠤ ᠶᠢ ᠶᠠᠭ ᠲᠦᠷᠭᠡᠳᠬᠡᠨ ᠠᠬᠢᠭᠤᠯᠵᠤ ᠪᠠᠶᠢᠨ᠎ᠠ᠂ ᠡᠨᠡ | ᠵᠢᠯ ᠲᠣᠭᠲᠠᠭᠠᠬᠤ᠂ ᠵᠠᠰᠠᠪᠤᠷᠢ ᠣᠷᠣᠭᠤᠯᠬᠤ ᠪᠠᠷ ᠪᠠᠶᠢᠭ᠎ᠠ 129 ᠵᠦᠢᠯ ᠤᠨ ᠤᠯᠤᠰ ᠤᠨ ᠪᠠᠷᠢᠮᠵᠢᠶ᠎ᠠ ᠶᠢ ᠨᠢᠭᠡᠨᠲᠡ | ᠪᠦᠬᠦᠨ ᠢ ᠲᠥᠷᠥᠯ ᠵᠦᠢᠯ ᠲᠣᠭᠲᠠᠭᠠᠵᠤ᠂ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠶᠢ ᠪᠠᠭᠠᠰᠬᠠᠬᠤ᠂ ᠣᠷᠴᠢᠨ | ᠲᠣᠭᠤᠷᠢᠨ ᠤ ᠬᠠᠮᠠᠭᠠᠯᠠᠯᠲᠠ᠂ ᠠᠮᠤᠷ ᠲᠦᠪᠰᠢᠨ᠂ ᠣᠷᠴᠢᠯᠳᠤᠭᠤᠯᠤᠨ ᠠᠰᠢᠭᠯᠠᠬᠤ ᠵᠡᠷᠭᠡ ᠬᠦᠷᠢᠶᠡᠨ ᠤ | ᠪᠠᠷᠢᠮᠵᠢᠶ᠎ᠠ ᠶᠢ ᠶᠠᠭ ᠤᠯᠠᠮ ᠨᠢᠭᠡ ᠠᠯᠬᠤᠮ ᠲᠡᠭᠦᠯᠳᠡᠷᠵᠢᠭᠦᠯᠵᠦ ᠪᠠᠶᠢᠨ᠎ᠠ᠃ | ᠪᠡᠯᠡ ᠮᠥᠩᠭᠦ | ᠪᠡᠯᠡ ᠮᠥᠩᠭᠦ ᠶᠢᠨ ᠳᠡᠮᠵᠢᠯᠭᠡ ᠶᠢ ᠠᠯᠬᠤᠮ ᠠᠯᠬᠤᠮ ᠢᠶᠠᠷ ᠨᠠᠶᠢᠳᠠᠪᠤᠷᠢᠵᠢᠭᠤᠯᠵᠤ ᠪᠠᠶᠢᠨ᠎ᠠ᠃ | ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠠᠴᠠ ᠲᠥᠪ ᠤᠨ ᠲᠥᠰᠥᠪ ᠤᠨ ᠳᠣᠲᠣᠷᠠᠬᠢ | ᠪᠡᠯᠡ ᠣᠷᠣᠭᠤᠯᠤᠯᠲᠠ ᠵᠡᠷᠭᠡ ᠪᠡᠯᠡ ᠮᠥᠩᠭᠦ ᠶᠢ ᠲᠣᠬᠢᠷᠠᠭᠤᠯᠵᠤ᠂ ᠲᠥᠬᠦᠭᠡᠷᠦᠮᠵᠢ ᠶᠢᠨ ᠰᠢᠨᠡᠴᠢᠯᠡᠯᠳᠡ ᠵᠢᠴᠢ | ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠶᠢ ᠪᠠᠭᠠᠰᠬᠠᠬᠤ᠂ ᠡᠭᠡᠭᠦᠯᠦᠨ ᠬᠤᠷᠢᠶᠠᠵᠤ ᠤᠷᠴᠢᠯᠳᠤᠭᠤᠯᠤᠨ ᠠᠰᠢᠭᠯᠠᠬᠤ | ᠭᠤᠣᠯᠳᠠᠯᠭ᠎ᠠ ᠲᠠᠢ ᠲᠥᠷᠥᠯ ᠵᠦᠢᠯ ᠢ ᠳᠡᠮᠵᠢᠨ᠎ᠡ︔ | ᠡᠳ᠋ ᠤᠨ ᠵᠠᠰᠠᠭ ᠤᠨ ᠶᠠᠮᠤᠨ ᠲᠥᠪ ᠤᠨ ᠡᠳ᠋ ᠤᠨ ᠵᠠᠰᠠᠭ ᠤᠨ ᠪᠡᠯᠡ ᠮᠦᠩᠭᠦ ᠶᠢ 64.4 ᠳ᠋ᠦᠩᠰᠢᠭᠤᠷ | ᠲᠦᠭᠦᠷᠢᠭ ᠤᠷᠢᠳᠴᠢᠯᠠᠨ ᠪᠠᠭᠤᠯᠭᠠᠵᠤ᠂ ᠮᠠᠰᠢᠨ ᠲᠡᠷᠭᠡ ᠶᠢᠨ ᠬᠠᠭᠤᠴᠢᠨ ᠢᠶᠠᠷ ᠰᠢᠨ᠎ᠡ ᠶᠢ ᠰᠣᠯᠢᠬᠤ ᠶᠢ ᠲᠡᠮᠵᠢᠨ᠎ᠡ᠂ | 5 ᠳ᠋ᠦᠩᠰᠢᠭᠤᠷ ᠲᠦᠭᠦᠷᠢᠭ ᠪᠠᠭᠤᠯᠭᠠᠵᠤ ᠬᠠᠭᠤᠴᠢᠨ ᠲᠠᠷᠢᠶᠠᠯᠠᠩ ᠤᠨ ᠮᠠᠰᠢᠨ ᠤ ᠬᠡᠷᠡᠭᠯᠡᠭᠡᠨ ᠠᠴᠠ ᠭᠠᠷᠭᠠᠬᠤ ᠶᠢ | ᠲᠡᠮᠵᠢᠨ᠎ᠡ᠃ | ᠳᠤᠮᠳᠠᠳᠤ ᠤᠯᠤᠰ ᠤᠨ ᠠᠷᠠᠳ ᠤᠨ ᠪᠠᠩᠬᠢ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠ ᠮᠡᠷᠭᠡᠵᠢᠯ ᠤᠨ ᠥᠭᠡᠷᠡᠴᠢᠯᠡᠯᠲᠡ ᠶᠢᠨ ᠳᠠᠬᠢᠨ | ᠵᠢᠭᠡᠯᠡᠯᠭᠡ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠦᠷᠢᠵᠢᠭᠤᠯᠤᠨ᠎ᠠ᠂ ᠤᠳᠤ ᠶᠠᠭ ᠲᠥᠷᠥᠯ ᠵᠦᠢᠯ ᠢ ᠬᠢᠨᠠᠨ | ᠬᠠᠷᠭᠤᠭᠤᠯᠵᠤ ᠲᠠᠨᠢᠯᠴᠠᠭᠤᠯᠬᠤ ᠠᠵᠢᠯ ᠢ ᠥᠷᠨᠢᠭᠦᠯᠵᠦ ᠪᠠᠶᠢᠨ᠎ᠠ᠃ | ᠱᠠᠲᠤᠴᠢ ᠴᠢᠨᠠᠷᠲᠠᠢ ᠲᠤᠭ᠎ᠠ ᠪᠠᠷᠢᠮᠲᠠ | ᠶᠡᠭᠡ ᠬᠡᠪᠴᠢᠶᠡᠨ ᠤ ᠲᠥᠬᠦᠭᠡᠷᠦᠮᠵᠢ ᠶᠢᠨ ᠰᠢᠨᠡᠴᠢᠯᠡᠯᠳᠡ ᠪᠠ ᠬᠡᠷᠡᠭᠯᠡᠭᠡᠨ ᠤ ᠵᠦᠢᠯ ᠤᠨ ᠬᠠᠭᠤᠴᠢᠨ ᠢᠶᠠᠷ | ᠰᠢᠨ᠎ᠡ ᠶᠢ ᠰᠣᠯᠢᠬᠤ ᠲᠥᠷᠥ ᠶᠢᠨ ᠪᠣᠳᠣᠯᠭ᠎ᠠ ᠶᠢ ᠨᠡᠶᠢᠲᠡᠯᠡᠭᠰᠡᠨ ᠠᠴᠠ ᠨᠠᠰᠢ᠂ ᠦᠢᠯᠡᠳᠪᠦᠷᠢᠯᠡᠯ ᠪᠠ ᠪᠡᠯᠡ | ᠣᠷᠣᠭᠤᠯᠤᠯᠲᠠ ᠬᠡᠷᠡᠭᠯᠡᠭᠡᠨ ᠤ ᠡᠯ᠎ᠡ ᠬᠦᠷᠢᠶᠡᠨ ᠳᠤ ᠴᠥᠮ ᠪᠤᠳᠠᠳᠠᠢ ᠬᠤᠪᠢᠷᠠᠯᠳᠠ ᠭᠠᠷᠴᠠᠢ᠃ | ᠦᠢᠯᠡᠳᠪᠦᠷᠢᠯᠡᠯ ᠤᠨ ᠲᠠᠯ᠎ᠠ ᠪᠠᠷ | 5 ᠳ᠋ᠤᠭᠠᠷ ᠰᠠᠷ᠎ᠠ ᠳᠤ᠂ ᠶᠡᠭᠡ ᠬᠡᠪᠴᠢᠶᠡᠨ ᠤ ᠲᠥᠬᠦᠭᠡᠷᠦᠮᠵᠢ ᠶᠢᠨ ᠰᠢᠨᠡᠴᠢᠯᠡᠯᠳᠡ ᠶᠢᠨ ᠲᠥᠷᠥ ᠶᠢᠨ | ᠪᠣᠳᠣᠯᠭ᠎ᠠ ᠨᠢ ᠷᠠᠳᠢᠣ᠋ ᠲᠧᠯᠸᠢᠰ ᠤᠨ ᠲᠥᠬᠦᠭᠡᠷᠦᠮᠵᠢ ᠦᠢᠯᠡᠳᠬᠦ᠂ ᠴᠢᠮᠡᠭᠡ ᠬᠤᠯᠪᠣᠭᠠᠨ ᠤ ᠲᠥᠬᠦᠭᠡᠷᠦᠮᠵᠢ | ᠦᠢᠯᠡᠳᠬᠦ ᠠᠵᠢᠯ ᠲᠥᠷᠥᠯ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ ᠲᠣᠰ ᠲᠣᠰ 30.7% ᠪᠠ | 15.7% ᠪᠠᠷ ᠨᠡᠮᠡᠭᠳᠡᠪᠡ᠃ | ᠪᠦᠲᠦᠭᠡᠭᠳᠡᠬᠦᠨ ᠠᠴᠠ ᠦᠵᠡᠪᠡᠯ᠂ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠬᠦ ᠲᠤᠰᠬᠠᠶ | ᠲᠥᠬᠦᠭᠡᠷᠦᠮᠵᠢ ᠶᠢᠨ ᠭᠠᠷᠤᠯᠲᠠ ᠠᠳᠠᠯᠢ ᠬᠤᠭᠤᠴᠠᠭᠠᠨ ᠤ ᠬᠢ ᠠᠴᠠ 53.6% ᠪᠠᠷ ᠨᠡᠮᠡᠭᠳᠡᠵᠦ᠂ ᠲᠤᠭᠠᠨ | ᠡᠵᠡᠮᠰᠢᠯᠲᠦ ᠳᠠᠪᠲᠠᠨ ᠬᠡᠪᠰᠢᠭᠦᠯᠬᠦ ᠲᠥᠬᠦᠭᠡᠷᠦᠮᠵᠢ ᠠᠳᠠᠯᠢ ᠬᠤᠭᠤᠴᠠᠭᠠᠨ ᠤ ᠬᠢ ᠠᠴᠠ 17.2% ᠪᠠᠷ ᠨᠡᠮᠡᠭᠳᠡᠵᠦ᠂ | ᠡᠯᠧᠺᠲᠷᠣᠨ ᠠᠵᠤ ᠦᠢᠯᠡᠳᠪᠦᠷᠢ ᠶᠢᠨ ᠲᠤᠰᠬᠠᠶ ᠲᠥᠬᠦᠭᠡᠷᠦᠮᠵᠢ ᠶᠢᠨ ᠭᠠᠷᠤᠯᠲᠠ ᠠᠳᠠᠯᠢ ᠬᠤᠭᠤᠴᠠᠭᠠᠨ ᠤ ᠬᠢ ᠠᠴᠠ | 11% ᠪᠠᠷ ᠨᠡᠮᠡᠭᠳᠡᠪᠡ᠃ | ᠪᠠᠯᠠ ᠣᠷᠣᠭᠤᠯᠤᠯᠲᠠ ᠶᠢᠨ ᠲᠠᠯ᠎ᠠ ᠪᠠᠷ᠂ ᠲᠥᠬᠦᠭᠡᠷᠦᠮᠵᠢ ᠶᠢᠨ ᠪᠠᠭᠠᠵᠢ ᠬᠡᠷᠡᠭᠰᠡᠯ ᠤᠨ ᠪᠠᠯᠠ ᠣᠷᠣᠭᠤᠯᠤᠯᠲᠠ | ᠦᠷᠭᠦᠯᠵᠢᠯᠡᠨ ᠲᠦᠷᠭᠡᠨ ᠨᠡᠮᠡᠭᠳᠡᠬᠦ ᠶᠢ ᠪᠠᠲᠤᠯᠠᠵᠤ᠂ 1 - 5 ᠳ᠋ᠤᠭᠠᠷ ᠰᠠᠷ᠎ᠠ ᠳᠤ᠂ ᠲᠥᠬᠦᠭᠡᠷᠦᠮᠵᠢ ᠶᠢᠨ ᠪᠠᠭᠠᠵᠢ | ᠬᠡᠷᠡᠭᠰᠡᠯ ᠬᠤᠳᠠᠯᠳᠤᠨ ᠠᠪᠬᠤ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 17.5% ᠪᠠᠷ | ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ 1 - 4 ᠳ᠋ᠦ᠋ᠭᠡᠷ ᠰᠠᠷ᠎ᠠ ᠠᠴᠠ 0.3 % ᠳᠡᠭᠡᠭᠰᠢᠯᠡᠵᠦ᠂ ᠪᠥᠬᠦ ᠪᠠᠯᠠ | ᠣᠷᠣᠭᠤᠯᠤᠯᠲᠠ ᠶᠢ ᠳᠠᠶᠢᠴᠢᠯᠠᠨ 2.1% ᠪᠠᠷ ᠨᠡᠮᠡᠭᠳᠡᠭᠦᠯᠵᠦ᠂ ᠪᠥᠬᠦ ᠪᠠᠯᠠ ᠣᠷᠣᠭᠤᠯᠤᠯᠲᠠ ᠶᠢᠨ ᠡᠵᠡᠯᠡᠬᠦ | ᠬᠤᠪᠢ ᠶᠢᠨ ᠵᠢᠩ ᠨᠢ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 1.6 % ᠳᠡᠭᠡᠭᠰᠢᠯᠡᠪᠡ᠃ ᠶᠡᠭᠡ | ᠬᠡᠪᠴᠢᠶᠡᠨ ᠤ ᠲᠣᠨᠤᠭ ᠲᠥᠬᠦᠭᠡᠷᠦᠮᠵᠢ ᠶᠢᠨ ᠰᠢᠨᠡᠴᠢᠯᠡᠯᠳᠡ ᠶᠢᠨ ᠲᠥᠷᠥ ᠶᠢᠨ ᠪᠣᠳᠣᠯᠭ᠎ᠠ ᠶᠢᠨ ᠦᠢᠯᠡᠳᠦᠯ ᠳᠣᠤᠷ᠎ᠠ᠂ | ᠲᠣᠨᠤᠭ ᠲᠥᠬᠦᠭᠡᠷᠦᠮᠵᠢ ᠶᠢᠨ ᠪᠠᠭᠠᠵᠢ ᠬᠡᠷᠡᠭᠰᠡᠯ ᠢ ᠬᠤᠳᠠᠯᠳᠤᠨ ᠠᠪᠬᠤ ᠪᠡᠯᠡ ᠣᠷᠣᠭᠤᠯᠤᠯᠲᠠ ᠶᠢᠨ ᠨᠡᠮᠡᠭᠳᠡᠯ | ᠲᠦᠷᠭᠡᠳᠴᠦ᠂ ᠳᠠᠶᠢᠴᠢᠯᠠᠬᠤ ᠦᠢᠯᠡᠳᠦᠯ ᠶᠡᠭᠡ᠂ ᠪᠦᠬᠦ ᠪᠡᠯᠡ ᠣᠷᠣᠭᠤᠯᠤᠯᠲᠠ ᠶᠢᠨ ᠨᠡᠮᠡᠭᠳᠡᠯ ᠳᠤ ᠦᠵᠡᠭᠦᠯᠦᠭᠰᠡᠨ | ᠬᠤᠪᠢ ᠨᠡᠮᠡᠷᠢ ᠶᠢᠨ ᠨᠣᠷᠮ᠎ᠠ ᠨᠢ 52.8% ᠬᠦᠷᠪᠡ᠃ | ᠬᠡᠷᠡᠭᠯᠡᠭᠡᠨ ᠤ ᠲᠠᠯ᠎ᠠ ᠪᠠᠷ | ᠡᠯ᠎ᠡ ᠭᠠᠵᠠᠷ ᠤᠨ ᠬᠢᠨ ᠬᠡᠷᠡᠭᠯᠡᠭᠡᠨ ᠤ ᠵᠦᠢᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠢᠵᠢ ᠪᠥᠷᠢᠳᠦᠭᠦᠯᠬᠦ | ᠲᠥᠷᠥ ᠶᠢᠨ ᠪᠣᠳᠣᠯᠭ᠎ᠠ ᠶᠢ ᠵᠠᠯᠭᠠᠭ᠎ᠠ ᠪᠠᠷ ᠨᠠᠶᠢᠳᠠᠪᠤᠷᠢᠵᠢᠭᠤᠯᠵᠤ᠂ ︽6 · 18︾ ᠤ ᠰᠦᠯᠵᠢᠶᠡᠨ ᠳᠡᠭᠡᠷ᠎ᠡ | ᠬᠤᠳᠠᠯᠳᠤᠨ ᠠᠪᠴᠤ ᠪᠣᠷᠣᠯᠠᠭᠤᠯᠭ᠎ᠠ ᠂ 5 ᠳ᠋ᠤᠭᠠᠷ ᠰᠠᠷ᠎ᠠ ᠶᠢᠨ ᠬᠡᠷ ᠤᠨ ᠴᠠᠬᠢᠯᠭᠠᠨ ᠬᠡᠷᠡᠭᠰᠡᠯ᠂ ᠴᠢᠮᠡᠭᠡ | ᠬᠤᠯᠪᠣᠭᠠᠨ ᠤ ᠪᠠᠭᠠᠵᠢ ᠬᠡᠷᠡᠭᠰᠡᠯ ᠪᠠ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠲᠥᠷᠥᠯ ᠤᠨ ᠲᠠᠸᠠᠷ ᠤᠨ | ᠪᠣᠷᠣᠯᠠᠭᠤᠯᠭ᠎ᠠ ᠶᠢᠨ ᠥᠰᠥᠯᠲᠡ ᠶᠢ ᠵᠣᠬᠢᠬᠤ ᠬᠡᠮᠵᠢᠶ᠎ᠡ ᠪᠠᠷ ᠲᠠᠶᠢᠴᠢᠯᠠᠪᠠ᠃ | 5 ᠳ᠋ᠤᠭᠠᠷ ᠰᠠᠷ᠎ᠠ ᠳᠤ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠴᠢᠮᠡᠭᠡ ᠬᠤᠯᠪᠣᠭᠠᠨ ᠤ ᠪᠠᠭᠠᠵᠢ | ᠬᠡᠷᠡᠭᠰᠡᠯ᠂ ᠬᠡᠷ ᠤᠨ ᠴᠠᠬᠢᠯᠭᠠᠨ ᠬᠡᠷᠡᠭᠰᠡᠯ ᠪᠠ ᠳᠠᠭᠤ ᠳᠦᠷᠰᠦ ᠰᠢᠩᠭᠡᠭᠡᠯᠲᠡ ᠶᠢᠨ ᠪᠠᠭᠠᠵᠢ ᠬᠡᠷᠡᠭᠰᠡᠯ ᠤᠨ | ᠲᠥᠷᠥᠯ ᠤᠨ ᠲᠠᠸᠠᠷ ᠤᠨ ᠵᠢᠵᠢᠭᠯᠡᠨ ᠬᠤᠳᠠᠯᠳᠤᠭᠰᠠᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ ᠲᠣᠰ ᠲᠣᠰ | 16.6% ᠪᠠ 12.9% ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠲᠣᠰ ᠲᠣᠰ 4 ᠳ᠋ᠤᠭᠡᠷ ᠰᠠᠷ᠎ᠠ ᠠᠴᠠ 3. | 3 % ᠪᠠ 8.4 % ᠪᠠᠷ ᠨᠡᠮᠡᠭᠳᠡᠵᠡᠢ᠃ | ᠳᠤᠮᠳᠠᠳᠤ ᠤᠯᠤᠰ ᠤᠨ ᠮᠠᠰᠢᠨ ᠲᠡᠷᠭᠡᠨ ᠤ ᠭᠦᠢᠯᠭᠡᠭᠡᠨ ᠤ ᠨᠡᠢᠭᠡᠮᠯᠢᠭ ᠤᠨ ᠲᠤᠭ᠎ᠠ ᠪᠠᠷᠢᠮᠲᠠ ᠠᠴᠠ ᠦᠵᠡᠪᠡᠯ᠂ | 5 ᠳ᠋ᠤᠭᠠᠷ ᠰᠠᠷ᠎ᠠ ᠳᠤ᠂ ᠰᠢᠨ᠎ᠡ ᠡᠨᠧᠷᠭᠢ ᠶᠢᠨ ᠰᠠᠭᠤᠳᠠᠯ ᠤᠨ ᠮᠠᠰᠢᠨ ᠤ ᠠᠷᠠᠯᠵᠢᠶᠠᠨ ᠤ ᠬᠡᠮᠵᠢᠶ᠎ᠡ ᠠᠳᠠᠯᠢ | ᠬᠤᠭᠤᠴᠠᠭᠠᠨ ᠠᠴᠠ 38.4% ᠨᠡᠮᠡᠭᠳᠡᠵᠦ᠂ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠪᠤᠷᠤᠯᠠᠭᠤᠯᠭ᠎ᠠ ᠨᠡᠯᠢᠶᠡᠳ | ᠲᠦᠷᠭᠡᠨ ᠦᠰᠦᠯᠳᠡ ᠶᠢ ᠪᠡᠶᠡᠯᠡᠭᠦᠯᠪᠡ᠃ | 1 - 5 ᠳ᠋ᠤᠭᠠᠷ ᠰᠠᠷ᠎ᠠ ᠳᠤ᠂ ᠭᠤᠤᠯ ᠪᠣᠯᠬᠤ ᠡᠯᠧᠺᠲᠷᠣᠨ ᠬᠤᠳᠠᠯᠳᠤᠭᠠᠨ ᠤ ᠲᠠᠪᠴᠠᠩ ᠤᠨ ᠬᠡᠷ ᠤᠨ ᠴᠠᠬᠢᠯᠭᠠᠨ | ᠬᠡᠷᠡᠭᠰᠡᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠪᠣᠷᠣᠯᠠᠭᠤᠯᠭ᠎ᠠ ᠶᠢᠨ ᠬᠡᠮᠵᠢᠶ᠎ᠡ 80% ᠶᠢ ᠳᠠᠪᠠᠵᠤ᠂ | ᠬᠠᠭᠤᠴᠢᠨ ᠢᠶᠠᠷ ᠰᠢᠨ᠎ᠡ ᠶᠢ ᠰᠣᠯᠢᠬᠤ ᠨᠢ ᠬᠡᠷ ᠤᠨ ᠴᠠᠬᠢᠯᠭᠠᠨ ᠬᠡᠷᠡᠭᠰᠡᠯ ᠤᠨ ᠬᠡᠷᠡᠭᠯᠡᠭᠡᠨ ᠤ ᠨᠡᠮᠡᠭᠳᠡᠯ ᠢ ᠠᠬᠢᠭᠤᠯᠬᠤ | ᠴᠢᠬᠤᠯᠠ ᠬᠦᠴᠦᠨ ᠵᠦᠢᠯ ᠪᠣᠯᠪᠠ᠃ | ᠡᠭᠦᠨ ᠤ ᠬᠠᠮᠲᠤ᠂ ᠡᠯ᠎ᠡ ᠭᠠᠵᠠᠷ ᠤᠨ ᠬᠢᠨ ᠪᠠᠰᠠ ᠨᠢᠭᠡ ᠪᠦᠯᠦᠭ ᠤᠶᠤᠨᠴᠢᠯᠠᠭᠰᠠᠨ ᠨᠡᠶᠢᠭᠡᠮ ᠲᠣᠭᠤᠷᠢᠭ ᠤᠨ | ᠬᠤᠷᠢᠶᠠᠨ ᠠᠪᠬᠤ ᠲᠥᠬᠦᠭᠡᠷᠦᠮᠵᠢ ᠶᠢ ᠰᠢᠨ᠎ᠡ ᠪᠠᠷ ᠨᠡᠮᠡᠵᠦ᠂ ᠬᠤᠷᠢᠶᠠᠨ ᠠᠪᠴᠤ ᠤᠷᠴᠢᠯᠳᠤᠭᠤᠯᠤᠨ ᠠᠰᠢᠭᠯᠠᠬᠤ | ᠰᠢᠰᠲ᠋ᠧᠮ ᠨᠡᠩ ᠲᠡᠭᠦᠯᠳᠡᠷᠵᠢᠭᠦᠯᠵᠡᠢ᠃ | | ᠢᠷᠡᠯᠳᠡ᠄ ᠳᠤᠮᠳᠠᠳᠤ ᠤᠯᠤᠰ ᠤᠨ ᠵᠠᠰᠠᠭ ᠤᠨ ᠣᠷᠳᠣᠨ ᠤ ᠰᠦᠯᠵᠢᠶ᠎ᠡ |