ᠪᠡᠭᠡᠵᠢᠩ ᠠᠩᠬ᠎ᠠ ᠤᠳᠠᠭ᠎ᠠ ᠲᠦᠷᠭᠡᠨ ᠤ ᠲᠡᠮᠦᠷ ᠵᠠᠮ ᠤᠨ ᠥᠷᠲᠡᠭᠡ ᠶᠢᠨ ᠠᠦ᠋ᠲ᠋ᠣ᠋ ᠵᠢᠯᠤᠭᠤᠳᠬᠤ ᠵᠠᠮ ᠱᠤᠭᠤᠮ ᠢ ᠰᠢᠯᠭᠠᠨ ᠲᠤᠷᠰᠢᠪᠠ
ᠨᠡᠶᠢᠲᠡᠯᠡᠭᠰᠡᠨ ᠴᠠᠭ᠄
2024/6/3
      ᠵᠠᠯᠠᠭᠤᠷ ᠠᠳᠬᠤᠬᠤ ᠦᠭᠡᠢ᠂ ᠳᠣᠰᠣᠠ ᠤ ᠨᠡᠭᠡᠯᠠᠢ ᠲᠣᠷᠣᠮᠰᠤᠯᠠᠭᠤᠷ ᠭᠢᠰᠬᠢᠬᠦ ᠦᠭᠡᠢ ᠪᠠᠷ ᠲᠡᠷᠭᠡ ᠦᠪᠡᠰᠤᠪᠡᠨ ᠬᠠᠮᠤᠭ ᠤᠨ ᠰᠢᠯᠢᠳᠡᠭ ᠵᠠᠮ ᠱᠤᠭᠤᠮ ᠢ ᠰᠣᠩᠭᠤᠨ ᠠᠶᠠᠯᠠᠵᠤ᠂ ᠬᠠᠮᠤᠭ ᠤᠨ ᠳᠡᠭᠡᠳᠦ ᠬᠤᠷᠳᠤᠴᠠ ᠨᠢ 100 ᠺᠢᠯᠣᠮᠧᠲᠷ / ᠴᠠᠭ ᠲᠤ ᠭᠦᠷᠳᠡᠭ᠃ ᠲᠦᠷᠭᠡᠨ ᠤ ᠵᠠᠰᠠᠮᠠᠯ ᠵᠠᠮ ᠳᠤ ᠭᠠᠷᠴᠤ᠂ ᠲᠣᠭᠤᠷᠢᠯ ᠵᠠᠮ ᠳᠤ ᠣᠷᠣᠬᠤ  ᠳᠠᠭᠠᠨ ᠲᠡᠷᠭᠡ ᠬᠥᠰᠬᠡ ᠡᠮᠬᠢ ᠵᠢᠷᠤᠮ ᠲᠠᠢ᠂ ᠥᠴᠥᠬᠡᠨ ᠴᠦ ᠵᠥᠷᠢᠶ᠎ᠡ ᠭᠠᠷᠬᠤ ᠦᠭᠡᠢ ᠪᠠᠶᠢᠵᠤ᠂ ᠠᠮᠤᠷ ᠲᠦᠪᠰᠢᠨ ᠢᠶᠠᠷ ᠪᠡᠭᠡᠵᠢᠩ ᠤᠨ ᠡᠮᠦᠨ᠎ᠡ ᠥᠷᠲᠡᠭᠡᠨ ᠤ ᠲᠡᠷᠭᠡ ᠵᠣᠬᠰᠣᠬᠤ ᠠᠰᠠᠷ ᠤᠨ ᠲᠤᠰᠬᠠᠢ ᠬᠡᠷᠡᠭᠯᠡᠬᠦ ᠲᠡᠷᠭᠡᠨ ᠵᠣᠭᠰᠣᠭᠠᠯ ᠳᠡᠭᠡᠷ᠎ᠡ ᠵᠣᠭᠰᠣᠨ᠎ᠠ ᠁ ᠰᠢᠶᠣᠣ ᠮᠠ ᠣᠶᠤᠨᠲᠤ ᠠᠶᠠᠯᠠᠯ ᠤᠨ ᠠᠮᠤᠷ ᠲᠦᠪᠰᠢᠨ ᠤ ᠠᠵᠢᠯᠲᠠᠨ ᠲᠠᠩ ᡁᠢ ᠶᠤᠸᠠᠨ 23 ᠤ ᠡᠳᠦᠷ ᠪᠡᠭᠡᠵᠢᠩ ᠤᠨ ᠢ ᠵᠤᠸᠠᠩ ᠠᠴᠠ ᠪᠡᠭᠡᠵᠢᠩ ᠤᠨ ᠡᠮᠦᠨ᠎ᠡ ᠥᠷᠲᠡᠭᠡ ᠬᠦᠷᠬᠦ ᠠᠦ᠋ᠲ᠋ᠣ᠋ ᠵᠢᠯᠤᠭᠤᠳᠬᠤ ᠱᠤᠭᠤᠮ ᠢ ᠰᠢᠯᠭᠠᠨ ᠲᠤᠷᠰᠢᠪᠠ᠃ ᠪᠡᠭᠡᠵᠢᠩ ᠬᠤᠲᠠ ᠶᠢᠨ ᠬᠢᠨ ᠠᠩᠬ᠎ᠠ ᠤᠳᠠᠭ᠎ᠠ ᠲᠦᠷᠭᠡᠨ  ᠤ ᠲᠡᠮᠦᠷ ᠵᠠᠮ ᠤᠨ ᠥᠷᠲᠡᠭᠡ ᠶᠢᠨ ᠠᠦ᠋ᠲ᠋ᠣ᠋ ᠵᠢᠯᠤᠭᠤᠳᠬᠤ ᠱᠤᠭᠤᠮ ᠢ ᠰᠢᠯᠭᠠᠨ ᠲᠤᠷᠰᠢᠭᠰᠠᠨ ᠨᠢ ᠳᠤᠮᠳᠠᠳᠤ ᠤᠯᠤᠰ ᠤᠨ ᠠᠦ᠋ᠲ᠋ᠣ᠋ ᠵᠢᠯᠤᠭᠤᠳᠬᠤ ᠭᠠᠯᠲᠤ ᠲᠡᠷᠭᠡ ᠶᠢᠨ ᠬᠤᠳᠠᠯᠳᠤᠭᠠᠨ ᠤ ᠬᠡᠷᠡᠭᠯᠡᠭᠡᠨ ᠤ ᠠᠯᠬᠤᠴᠠ ᠶᠢ ᠲᠦᠷᠭᠡᠳᠬᠡᠬᠦ ᠳᠤ ᠠᠰᠢᠭᠲᠠᠢ ᠶᠤᠮ᠃      ᠮᠡᠷᠭᠡᠵᠢᠯ ᠤᠨ ︽ᠲᠤᠰᠤᠨ ᠨᠡᠭᠡᠯᠡᠢ︾ ᠪᠣᠯᠣᠨ ᠠᠮᠤᠷ ᠲᠦᠪᠰᠢᠨ ᠤ ︽ᠲᠣᠷᠣᠮᠰᠤᠯᠠᠭᠤᠷ︾ ᠰᠠᠶᠢᠲᠤᠷ ᠬᠠᠮᠲᠤᠷᠠᠯᠴᠠᠪᠠᠯ ᠰᠠᠶ᠋ᠢ ᠠᠦ᠋ᠲ᠋ᠣ᠋ ᠵᠢᠯᠤᠭᠤᠳᠬᠤ ᠭᠠᠯᠲᠤ ᠲᠡᠷᠭᠡ ᠶᠢ ᠲᠣᠭᠲᠠᠭᠤᠨ ᠢᠶᠠᠷ ᠵᠠᠮ ᠳᠤ ᠭᠠᠷᠭᠠᠵᠤ ᠴᠢᠳᠠᠨ᠎ᠠ᠃ ᠪᠡᠭᠡᠵᠢᠩ ᠬᠤᠲᠠ ᠶᠢᠨ ᠭᠤᠣᠯᠳᠠᠯᠭ᠎ᠠ ᠲᠠᠢ ᠥᠷᠲᠡᠭᠡ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠠᠵᠢᠯᠲᠠᠨ ᠯᠢ ᠭᠤᠸᠠᠩ ᠶᠣᠣ᠂ ᠲᠦᠷᠭᠡᠨ ᠤ ᠲᠡᠮᠦᠷ ᠵᠠᠮ ᠤᠨ ᠥᠷᠲᠡᠭᠡ ᠶᠢᠨ ᠰᠢᠯᠭᠠᠨ ᠲᠤᠷᠰᠢᠬᠤ ᠠᠵᠢᠯ ᠨᠢ ᠠᠯᠬᠤᠮ ᠲᠠᠷᠠᠭ᠎ᠠ ᠲᠠᠢ ᠪᠠᠷ ᠠᠬᠢᠵᠤ᠂ ᠲᠣᠰ ᠡᠭᠡᠯᠵᠢ ᠶᠢᠨ ᠰᠢᠯᠭᠠᠨ ᠲᠤᠷᠰᠢᠯᠲᠠ ᠨᠢ ᠠᠶᠠᠨᠴᠢᠳ ᠢ ᠲᠡᠭᠡᠭᠡᠬᠦ ᠲᠤᠬᠠᠶᠢᠯᠠᠭᠰᠠᠨ ᠠᠵᠢᠯ ᠢ ᠨᠡᠭᠡᠭᠡᠬᠦ ᠦᠭᠡᠢ᠂ ᠰᠢᠶᠣᠣ ᠮᠠ ᠣᠶᠤᠨᠲᠤ ᠠᠶᠠᠯᠠᠯ ᠵᠡᠷᠭᠡ ᠳᠥᠷᠪᠡᠨ ᠠᠵᠤ ᠠᠬᠤᠶᠢᠯᠠᠯ ᠤᠨ ᠰᠢᠯᠭᠠᠨ ᠲᠤᠷᠰᠢᠬᠤ ᠲᠡᠷᠭᠡ ᠬᠥᠰᠬᠡ ᠨᠢ ᠲᠦᠷᠭᠡᠨ ᠤ ᠲᠡᠮᠦᠷ ᠵᠠᠮ ᠤᠨ ᠥᠷᠲᠡᠭᠡ ᠶᠢᠨ ᠨᠡᠪᠲᠡᠷᠡᠬᠦ ᠣᠷᠴᠢᠨ ᠲᠣᠭᠤᠷᠢᠨ ᠳᠤ ᠵᠣᠬᠢᠴᠠᠬᠤ ᠶᠢ ᠱᠠᠭᠠᠷᠳᠠᠵᠤ᠂ ᠬᠤᠶᠢᠰᠢᠳᠠ ᠶᠢᠨ ᠦᠷᠭᠦᠯᠵᠢᠯᠡᠨ ᠠᠶᠠᠨᠴᠢᠳ ᠢ ᠲᠡᠭᠡᠭᠡᠵᠦ ᠲᠤᠰᠬᠤ ᠦᠢᠯᠡᠴᠢᠯᠡᠭᠡ ᠥᠷᠨᠢᠭᠦᠯᠬᠦ ᠳᠤ ᠰᠠᠭᠤᠷᠢ  ᠲᠠᠯᠪᠢᠵᠤ ᠥᠭᠬᠦ ᠪᠣᠯᠣᠨ᠎ᠠ ᠭᠡᠵᠦ ᠬᠡᠯᠡᠪᠡ᠃      ᠪᠡᠭᠡᠵᠢᠩ ᠤᠨ ᠡᠮᠦᠨ᠎ᠡ ᠥᠷᠲᠡᠭᠡ ᠨᠢ ᠪᠡᠭᠡᠵᠢᠩ ᠬᠤᠲᠠ ᠶᠢᠨ ᠭᠤᠷᠪᠠᠳᠤᠭᠠᠷ ᠲᠣᠭᠤᠷᠢᠯ ᠵᠠᠮ ᠤᠨ ᠳᠣᠲᠣᠷᠠᠬᠢ ᠬᠤᠳᠠ ᠶᠢᠨ ᠲᠣᠭᠤᠷᠢᠭ ᠲᠤ ᠪᠠᠶᠢᠷᠢᠯᠠᠵᠤ᠂ ᠲᠡᠮᠦᠷ ᠵᠠᠮ᠂ ᠭᠠᠵᠠᠷ ᠳᠣᠣᠷᠠᠬᠢ ᠲᠡᠮᠦᠷ ᠵᠠᠮ᠂ ᠨᠡᠶᠢᠲᠡ ᠶᠢᠨ ᠮᠠᠰᠢᠨ ᠲᠡᠷᠭᠡ᠂ ᠲᠦᠷᠢᠶᠡᠰᠦᠨ ᠮᠠᠰᠢᠨ ᠲᠡᠷᠭᠡ ᠵᠡᠷᠭᠡ ᠣᠯᠠᠨ ᠵᠦᠢᠯ ᠤᠨ ᠵᠠᠮ ᠬᠠᠷᠢᠯᠴᠠᠭᠠᠨ ᠤ ᠭᠡᠯᠪᠡᠷᠢ ᠶᠢ ᠨᠢᠭᠡ ᠴᠣᠭᠴᠠᠵᠢᠭᠤᠯᠵᠤ᠂ ᠡᠷᠭᠢᠨ ᠲᠣᠭᠤᠷᠢᠨ ᠤ ᠲᠡᠷᠭᠡ ᠬᠥᠰᠬᠡ ᠬᠥᠮᠥᠨ ᠬᠠᠷ᠎ᠠ  ᠴᠤᠭᠯᠠᠷᠠᠵᠤ᠂ ᠵᠢᠯᠤᠭᠤᠳᠬᠤ ᠲᠠᠯᠠᠪᠠᠶ ᠶᠢᠨ ᠬᠤᠪᠢᠷᠠᠯᠲᠠ ᠶᠡᠭᠡ᠂ ᠭᠡᠨᠡᠳᠲᠡ ᠶᠢᠨ ᠪᠠᠶᠢᠳᠠᠯ ᠡᠭᠦᠰᠬᠦ ᠪᠣᠯᠣᠮᠵᠢᠲᠤ ᠴᠢᠨᠠᠷ ᠥᠨᠳᠥᠷ ᠪᠠᠶᠢᠵᠤ᠂ ᠠᠦ᠋ᠲ᠋ᠣ᠋ ᠲᠡᠷᠭᠡ ᠵᠢᠯᠤᠭᠤᠳᠬᠤ ᠳᠤ ᠨᠠᠩ ᠪᠤᠳᠤᠯᠢᠶᠠᠨᠲᠠᠢ ︽ᠰᠤᠷᠤᠯᠴᠠᠯᠭ᠎ᠠ︾ ᠶᠢᠨ ᠦᠵᠡᠭᠳᠡᠯ  ᠲᠠᠯᠠᠪᠤᠷ ᠢ ᠬᠠᠩᠭᠠᠵᠤ᠂ ᠮᠡᠷᠭᠡᠵᠢᠯ ᠤᠨ ︽ᠳᠤᠲᠠᠭᠳᠠᠯ︾ ᠢ ᠬᠠᠮᠤᠭ ᠤᠨ ᠶᠡᠭᠡ ᠬᠡᠮᠵᠢᠶ᠎ᠡ ᠪᠠᠷ ᠡᠷᠢᠨ ᠭᠠᠷᠭᠠᠵᠤ᠂ ᠠᠮᠤᠷ ᠲᠦᠪᠰᠢᠨ ᠤ ︽ᠳᠤᠲᠠᠭᠤᠳᠠᠯ︾ ᠢ ᠳᠡᠭᠡᠭᠰᠢᠯᠡᠭᠦᠯᠪᠡ᠃      ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠵᠠᠮ ᠱᠤᠭᠤᠮ ᠤᠨ ᠲᠥᠯᠦᠪᠵᠢᠭᠦᠯᠭᠡ᠂ ᠲᠥᠷᠥ ᠶᠢᠨ ᠪᠣᠳᠣᠯᠭ᠎ᠠ ᠶᠢᠨ ᠨᠡᠭᠡᠭᠡᠯᠲᠡ ᠬᠢᠭᠡᠳ ᠲᠡᠷᠭᠡ ᠬᠥᠰᠬᠡ ᠶᠢᠨ ᠬᠢᠨᠠᠯᠲᠠ ᠬᠠᠮᠢᠶᠠᠷᠤᠯᠲᠠ ᠶᠢᠨ ᠲᠠᠯ᠎ᠠ ᠪᠠᠷ ᠬᠠᠮᠵᠢᠯᠴᠠᠨ ᠬᠠᠮᠢᠶᠠᠷᠬᠤ ᠵᠠᠭᠪᠤᠷ ᠢ ᠲᠦᠷᠭᠡᠳᠬᠡᠨ ᠪᠤᠶ ᠪᠤᠯᠭᠠᠬᠤ ᠶᠢ ᠳᠠᠭᠠᠯᠳᠤᠨ᠂ ᠠᠦ᠋ᠲ᠋ᠣ᠋ ᠵᠢᠯᠤᠭᠤᠳᠬᠤ ᠶᠢᠨ ᠬᠤᠳᠠᠯᠳᠤᠭᠠᠨ ᠤ ᠬᠡᠷᠡᠭᠯᠡᠭᠡᠨ ᠤ ᠠᠯᠬᠤᠴᠠ ᠲᠠᠰᠤᠷᠠᠯᠲᠠ ᠦᠭᠡᠢ ᠲᠦᠷᠭᠡᠳᠪᠡ᠃ ᠱᠧᠨᠵᠧᠨ᠂ ᠱᠠᠩᠬᠠᠢ᠂ ᠬᠠᠩᠵᠧᠦ ᠵᠡᠷᠭᠡ ᠭᠠᠵᠠᠷ ᠨᠢᠭᠡᠨᠲᠡ ᠠᠦ᠋ᠲ᠋ᠣ᠋  ᠵᠢᠯᠤᠭᠤᠳᠬᠤ ᠲᠤᠬᠠᠢ ᠣᠷᠣᠨ ᠨᠤᠲᠤᠭ ᠤᠨ ᠬᠠᠤᠯᠢ ᠲᠣᠭᠲᠠᠭᠠᠬᠤ ᠠᠵᠢᠯ ᠢ ᠥᠷᠨᠢᠭᠦᠯᠵᠦ᠂ ᠪᠡᠭᠡᠵᠢᠩ ᠤᠨ ᠬᠠᠤᠯᠢ ᠲᠣᠭᠲᠠᠭᠠᠬᠤ ᠠᠵᠢᠯ ᠢ ᠨᠢᠭᠡᠨᠲᠡ 2024 ᠣᠨ ᠤ ᠬᠠᠤᠯᠢ ᠲᠣᠭᠲᠠᠭᠠᠵᠤ ᠬᠢᠨᠠᠨ ᠵᠥᠪᠯᠡᠬᠦ ᠲᠥᠷᠥᠯ ᠵᠦᠢᠯ ᠳᠤ ᠣᠷᠣᠭᠤᠯᠪᠠ᠃      ᠣᠶᠢᠯᠠᠭᠠᠭᠰᠠᠨ ᠢᠶᠠᠷ᠂ ᠬᠠᠩᠵᠧᠦ ᠨᠢ 8 ᠬᠤᠲᠠ ᠲᠣᠭᠤᠷᠢᠭ ᠤᠨ 3474 ᠲᠡᠭᠰᠢ ᠳᠥᠷᠪᠡᠯᠵᠢᠨ ᠺᠢᠯᠣᠮᠧᠲᠷ ᠢ ᠨᠡᠭᠡᠭᠡᠵᠦ ᠣᠶᠤᠨᠲᠤ ᠰᠦᠯᠵᠢᠶᠡᠨ ᠤ ᠬᠤᠯᠪᠣᠭᠠᠯᠠᠭᠰᠠᠨ ᠲᠡᠷᠭᠡ ᠬᠥᠰᠬᠡ ᠶᠢᠨ ᠰᠢᠯᠭᠠᠨ ᠲᠤᠷᠰᠢᠯᠲᠠ  ᠶᠢᠨ ᠬᠡᠷᠡᠭᠯᠡᠭᠡᠨ ᠤ ᠣᠷᠣᠨ ᠪᠦᠰᠡ ᠪᠤᠯᠭᠠᠪᠠ᠃ ᠱᠧᠨᠵᠧᠨ ᠤ ᠪᠦᠭᠦ ᠬᠤᠲᠠ ᠶᠢᠨ ᠠᠦ᠋ᠲ᠋ᠣ᠋  ᠵᠢᠯᠤᠭᠤᠳᠬᠤ ᠭᠠᠵᠠᠷ ᠤᠨ ᠵᠠᠮ ᠤᠨ ᠤᠷᠲᠤ ᠶᠢᠨ ᠬᠡᠮᠵᠢᠶ᠎ᠡ 944 ᠺᠢᠯᠣᠮᠧᠲᠷ ᠲᠤ ᠭᠦᠷᠪᠡ᠃  ᠪᠡᠭᠡᠵᠢᠩ ᠬᠤᠲᠠ ᠶᠢᠨ ᠳᠡᠭᠡᠳᠦ ᠲᠠᠰ ᠤᠨ ᠠᠦ᠋ᠲ᠋ᠣ᠋ ᠵᠢᠯᠤᠭᠤᠳᠬᠤ ᠵᠢᠱᠢᠶ᠎ᠡ ᠦᠵᠡᠭᠦᠯᠭᠦ ᠣᠷᠣᠨ ᠤ ᠳᠣᠲᠣᠷ᠎ᠠ᠂ ᠣᠶᠤᠨᠲᠤ ᠰᠦᠯᠵᠢᠶᠡᠨ ᠤ ᠬᠤᠯᠪᠣᠭᠠᠯᠠᠭᠰᠠᠨ ᠨᠡᠶᠢᠲᠡ ᠶᠢᠨ ᠮᠠᠰᠢᠨ ᠲᠡᠷᠭᠡ᠂ ᠵᠢᠯᠣᠭᠤᠴᠢ ᠦᠭᠡᠢ ᠲᠣᠰᠴᠤ ᠬᠦᠷᠭᠡᠬᠦ ᠲᠡᠷᠭᠡ᠂ ᠲᠣᠬᠢᠷᠠᠭᠤᠯᠤᠨ ᠬᠦᠷᠭᠡᠬᠦ ᠲᠡᠷᠭᠡ᠂ ᠴᠡᠪᠡᠷᠯᠡᠨ ᠠᠷᠢᠯᠭᠠᠬᠤ ᠲᠡᠷᠭᠡ᠂ ᠲᠣᠭᠤᠷᠢᠨ ᠴᠠᠭᠳᠠᠬᠤ ᠲᠡᠷᠭᠡ ᠵᠡᠷᠭᠡ 800 ᠭᠠᠷᠤᠢ ᠠᠦ᠋ᠲ᠋ᠣ᠋ ᠵᠢᠯᠤᠭᠤᠳᠬᠤ ᠲᠡᠷᠭᠡ ᠬᠥᠰᠬᠡ ᠨᠠᠭᠠᠰᠢ ᠴᠠᠭᠠᠰᠢ ᠰᠦᠯᠵᠢᠯᠳᠦᠵᠦ᠂ ᠰᠢᠨᠵᠢᠯᠡᠬᠦ ᠤᠬᠠᠭᠠᠨ ᠤ ᠬᠡᠢ ᠪᠤᠳᠤᠯ ᠢᠶᠠᠷ ᠪᠢᠯᠬᠠᠭᠰᠠᠨ ᠢᠷᠡᠭᠡᠳᠦᠢ ᠶᠢᠨ ᠠᠮᠢᠳᠤᠷᠠᠯ ᠢ ᠴᠣᠭᠴᠠᠯᠠᠵᠤ ᠪᠠᠶᠢᠨ᠎ᠠ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1