︽ᠳᠥᠷᠪᠡᠨ ᠵᠢᠵᠢᠭ ᠭᠤᠣᠯ ᠴᠣᠭᠴᠠ︾ ᠰᠦᠯᠵᠢᠶ᠎ᠡ ᠪᠠᠷ ᠪᠣᠷᠣᠯᠠᠭᠤᠯᠬᠤ ᠳᠤ ᠵᠢᠷᠤᠮᠯᠠᠬᠤ ᠬᠠᠤᠯᠢ ᠲᠠᠢ ᠪᠣᠯᠵᠠᠢ
ᠨᠡᠶᠢᠲᠡᠯᠡᠭᠰᠡᠨ ᠴᠠᠭ᠄
2024/6/4
      ᠢᠳᠡᠭᠡᠨ ᠤ ᠵᠢᠵᠢᠭ ᠦᠢᠯᠡᠳᠬᠡᠯ᠂ ᠵᠢᠵᠢᠭ ᠢᠳᠡᠭᠡᠨ ᠤᠮᠳᠠᠭᠠᠨ ᠤ ᠳᠡᠯᠭᠡᠭᠦᠷ᠂ ᠰᠤᠯᠠ ᠢᠳᠡᠭᠡᠨ ᠤ ᠳᠡᠯᠭᠡᠭᠦᠷ ᠪᠠ ᠢᠳᠡᠭᠡᠨ ᠤ ᠵᠠᠳᠠᠭᠠᠢ ᠳᠡᠯᠭᠡᠭᠦᠷ︵ᠳᠣᠷᠣᠭᠰᠢ ︽ᠳᠥᠷᠪᠡᠨ ᠵᠢᠵᠢᠭ ᠭᠤᠣᠯ ᠴᠣᠭᠴᠠ︾ ᠭᠡᠵᠦ ᠲᠣᠪᠴᠢᠯᠠᠨ᠎ᠠ︶ ᠨᠢ ᠢᠳᠡᠭᠡᠨ ᠤ ᠦᠢᠯᠡᠳᠪᠦᠷᠢᠯᠡᠯ ᠡᠵᠡᠩᠨᠡᠯᠲᠡ ᠶᠢᠨ ᠴᠢᠬᠤᠯᠠ ᠭᠡᠯᠪᠡᠷᠢ ᠪᠣᠯᠤᠭᠰᠠᠨ ᠤ ᠬᠤᠪᠢ ᠳᠤ᠂ ᠠᠷᠠᠳ ᠣᠯᠠᠨ ᠤ ᠪᠡᠶ᠎ᠡ ᠮᠠᠬᠠᠪᠤᠳ ᠤᠨ ᠡᠷᠡᠭᠦᠯ ᠮᠡᠨᠳᠦ ᠪᠠ ᠠᠮᠢ ᠨᠠᠰᠤᠨ ᠤ ᠠᠮᠤᠷ ᠲᠦᠪᠰᠢᠨ ᠲᠠᠢ ᠨᠢᠭᠲᠠ ᠬᠤᠯᠪᠤᠭ᠎ᠠ ᠲᠠᠢ ᠶᠤᠮ᠃ ᠣᠶᠢᠷ᠎ᠠ ᠳᠤ᠂ ︽ᠳᠥᠷᠪᠡᠨ ᠵᠢᠵᠢᠭ ᠭᠤᠣᠯ ᠴᠣᠭᠴᠠ︾ ᠶᠢᠨ ᠰᠦᠯᠵᠢᠶᠡᠨ ᠤ ᠬᠤᠳᠠᠯᠳᠤᠭᠠᠨ ᠤ ᠠᠵᠢᠯᠯᠠᠭ᠎ᠠ ᠶᠢ ᠵᠢᠷᠤᠮᠵᠢᠭᠤᠯᠬᠤ ᠶᠢᠨ ᠲᠥᠯᠥᠭᠡ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠢᠳᠡᠭᠡᠨ ᠤ ᠵᠢᠵᠢᠭ ᠦᠢᠯᠡᠳᠬᠡᠯ᠂ ᠵᠢᠵᠢᠭ ᠢᠳᠡᠭᠡᠨ ᠤᠮᠳᠠᠭᠠᠨ ᠤ ᠳᠡᠯᠭᠡᠭᠦᠷ᠂ ᠰᠤᠯᠠ ᠢᠳᠡᠭᠡᠨ ᠤ ᠳᠡᠯᠭᠡᠭᠦᠷ ᠪᠠ ᠢᠳᠡᠭᠡᠨ ᠤ ᠵᠠᠳᠠᠭᠠᠢ ᠳᠡᠯᠭᠡᠭᠦᠷ ᠤᠨ ᠬᠠᠮᠢᠶᠠᠷᠤᠯᠲᠠ ᠶᠢᠨ ᠳᠦᠷᠢᠮ︾ ︵ᠳᠣᠷᠣᠭᠰᠢ ︽ᠳᠦᠷᠢᠮ︾ ᠭᠡᠵᠦ ᠲᠣᠪᠴᠢᠯᠠᠨ᠎ᠠ︶ ᠳᠤ ᠰᠦᠯᠵᠢᠶᠡᠨ ᠤ ᠢᠳᠡᠭᠡᠨ ᠤ ᠡᠵᠡᠩᠨᠡᠯᠲᠡ ᠶᠢᠨ ᠵᠦᠢᠯ ᠵᠤᠷᠪᠤᠰ ᠢ ᠨᠡᠮᠡᠵᠦ᠂ ᠢᠳᠡᠭᠡᠨ ᠤ ᠵᠢᠵᠢᠭ ᠦᠢᠯᠡᠳᠬᠡᠯ᠂ ᠵᠢᠵᠢᠭ ᠢᠳᠡᠭᠡᠨ ᠤᠮᠳᠠᠭᠠᠨ ᠤ ᠳᠡᠯᠭᠡᠭᠦᠷ᠂ ᠰᠤᠯᠠ ᠢᠳᠡᠭᠡᠨ ᠤ ᠳᠡᠯᠭᠡᠭᠦᠷ ᠰᠦᠯᠵᠢᠶᠡᠨ ᠤ ᠢᠳᠡᠭᠡᠨ ᠤ ᠡᠵᠡᠩᠨᠡᠯᠲᠡ ᠬᠢᠵᠦ ᠪᠣᠯᠣᠨ᠎ᠠ᠂ ᠢᠳᠡᠭᠡᠨ ᠤ ᠵᠠᠳᠠᠭᠠᠢ ᠳᠡᠯᠭᠡᠭᠦᠷ ᠥᠪᠡᠷ ᠢᠶᠠᠨ ᠦᠢᠯᠡᠳᠪᠦᠷᠢᠯᠡᠭᠰᠡᠨ ᠢᠳᠡᠭᠡᠨ ᠳᠤ ᠬᠡᠷᠡᠭᠯᠡᠬᠦ ᠲᠠᠷᠢᠶᠠᠯᠠᠩ ᠤᠨ ᠪᠦᠲᠦᠭᠡᠭᠳᠡᠬᠦᠨ ᠢᠶᠠᠨ ᠰᠦᠯᠵᠢᠶ᠎ᠡ ᠪᠠᠷ ᠪᠣᠷᠣᠯᠠᠭᠤᠯᠵᠤ ᠪᠣᠯᠣᠨ᠎ᠠ ᠭᠡᠵᠦ ᠲᠣᠭᠲᠠᠭᠠᠵᠠᠢ᠃      ︽ᠳᠥᠷᠪᠡᠨ ᠵᠢᠵᠢᠭ ᠭᠤᠣᠯ ᠴᠣᠭᠴᠠ︾ ᠶᠢᠨ ᠠᠵᠢᠯ ᠲᠥᠷᠥᠯ ᠨᠢ ᠪᠡᠯᠡ ᠣᠷᠣᠭᠤᠯᠤᠯᠲᠠ ᠪᠠᠷ ᠪᠠᠭ᠎ᠠ᠂ ᠦᠷ᠎ᠡ ᠠᠰᠢᠭ ᠣᠯᠬᠤ ᠨᠢ ᠲᠦᠷᠭᠡᠨ᠂ ᠠᠶᠤᠯ ᠲᠦᠭᠰᠢᠭᠦᠷᠢ ᠪᠠᠭ᠎ᠠ ᠵᠡᠷᠭᠡ ᠣᠨᠴᠠᠯᠢᠭ ᠲᠠᠢ ᠪᠠᠶᠢᠵᠤ᠂ ᠠᠮᠢᠳᠤᠯᠢᠭ ᠠᠵᠢᠯ ᠣᠯᠭᠤᠯᠲᠠ ᠶᠢᠨ ᠭᠤᠣᠯ ᠭᠡᠯᠪᠡᠷᠢ ᠪᠣᠯᠤᠭᠰᠠᠨ ᠪᠠᠶᠢᠨ᠎ᠠ᠃ 4 ᠰᠠᠷ᠎ᠠ ᠪᠤᠯᠲᠠᠯ᠎ᠠ᠂ ᠮᠠᠨ ᠤ ᠣᠷᠣᠨ ᠳᠤ ᠢᠳᠡᠭᠡᠨ ᠤ ᠵᠢᠵᠢᠭ ᠦᠢᠯᠡᠳᠬᠡᠯ ᠤᠨ ᠭᠠᠵᠠᠷ 1.6 ᠲᠦᠮᠡ᠂ ᠢᠳᠡᠭᠡᠨ ᠤᠮᠳᠠᠭᠠᠨ ᠤ ᠵᠢᠵᠢᠭ ᠳᠡᠯᠭᠡᠭᠦᠷ 2.65 ᠲᠦᠮᠡ᠂ ᠰᠤᠯᠠ ᠢᠳᠡᠭᠡᠨ ᠤ ᠳᠡᠯᠭᠡᠭᠦᠷ 4.1 ᠲᠦᠮᠡ᠂ ᠢᠳᠡᠭᠡᠨ ᠤ ᠵᠠᠳᠠᠭᠠᠢ ᠳᠡᠯᠭᠡᠭᠦᠷ 0.86 ᠲᠦᠮᠡ ᠪᠠᠶᠢᠵᠤ᠂ ᠠᠵᠢᠯᠯᠠᠵᠤ ᠪᠠᠶᠢᠭ᠎ᠠ ᠬᠥᠮᠥᠰ 10 ᠭᠠᠷᠤᠢ ᠲᠦᠮᠡ ᠳᠤ ᠬᠦᠷᠴᠡᠢ᠃ ᠣᠶᠢᠷ᠎ᠠ ᠶᠢᠨ ᠵᠢᠯ ᠤᠳ ᠲᠤ ᠰᠦᠯᠵᠢᠶᠡᠨ ᠤ ᠪᠣᠷᠤᠯᠠᠭᠤᠯᠭ᠎ᠠ ᠨᠢ ᠡᠯ᠎ᠡ ᠲᠥᠷᠥᠯ ᠤᠨ ᠡᠵᠡᠩᠨᠡᠭᠴᠢᠳ ᠤᠨ ᠪᠣᠷᠤᠯᠠᠭᠤᠯᠭ᠎ᠠ ᠶᠢᠨ ᠴᠢᠬᠤᠯᠠ ᠠᠷᠭ᠎ᠠ ᠵᠠᠮ ᠪᠤᠯᠬᠤ ᠶᠢ ᠳᠠᠭᠠᠯᠳᠤᠨ︽ᠳᠥᠷᠪᠡᠨ ᠵᠢᠵᠢᠭ ᠭᠤᠣᠯ ᠴᠣᠭᠴᠠ︾ ᠶᠢᠨ ᠰᠦᠯᠵᠢᠶᠡᠨ ᠤ ᠬᠤᠳᠠᠯᠳᠤᠭᠠᠨ ᠤ ᠠᠵᠢᠯᠯᠠᠭ᠎ᠠ ᠨᠢ ᠶᠡᠷᠦ ᠠᠴᠠ ᠬᠤᠯᠪᠣᠭᠳᠠᠯ ᠪᠦᠬᠦᠢ ᠬᠠᠤᠯᠢ ᠴᠠᠭᠠᠵᠠ ᠶᠢᠨ ᠦᠨᠳᠦᠰᠦ ᠪᠠᠷᠢᠮᠲᠠ ᠦᠭᠡᠢ ᠪᠠᠶᠢᠵᠤ᠂ ᠬᠢᠨᠠᠯᠲᠠ ᠬᠠᠮᠢᠶᠠᠷᠤᠯᠲᠠ ᠳᠤ ᠵᠣᠬᠢᠬᠤ ᠬᠦᠴᠢᠷᠳᠡᠯ ᠤᠴᠠᠷᠠᠭᠤᠯᠤᠭᠰᠠᠭᠠᠷ ᠢᠷᠡᠵᠡᠶ᠃︽ᠳᠦᠷᠢᠮ︾ ᠢ ᠬᠡᠷᠡᠭᠵᠢᠭᠦᠯᠦᠭᠰᠡᠨ ᠨᠢ ᠬᠠᠤᠯᠢ ᠲᠣᠭᠲᠠᠭᠠᠬᠤ ᠲᠠᠰ ᠳᠠᠪᠬᠤᠷᠭ᠎ᠠ ᠠᠴᠠ︽ᠳᠥᠷᠪᠡᠨ ᠵᠢᠵᠢᠭ ᠭᠤᠣᠯ ᠴᠣᠭᠴᠠ︾ ᠶᠢᠨ ᠰᠦᠯᠵᠢᠶᠡᠨ ᠤ ᠪᠣᠷᠤᠯᠠᠭᠤᠯᠭ᠎ᠠ ᠶᠢᠨ ᠬᠢᠨᠠᠯᠲᠠ ᠬᠠᠮᠢᠶᠠᠷᠤᠯᠲᠠ ᠶᠢᠨ ᠬᠤᠭᠤᠰᠤᠨ ᠢ ᠵᠢᠷᠤᠮᠵᠢᠭᠤᠯᠵᠤ᠂ ᠬᠠᠮᠢᠶᠠᠷᠤᠯᠲᠠ ᠶᠢᠨ ᠪᠠᠶᠢᠭᠤᠯᠤᠯ  ᠢ ᠰᠢᠯᠤᠭᠤᠳᠬᠠᠨ᠂ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠡᠷᠬᠡ ᠬᠠᠷᠢᠭᠤᠴᠠᠯᠭ᠎ᠠ ᠲᠣᠳᠣᠷᠬᠠᠢ᠂ ᠨᠢᠭᠲᠠ ᠬᠠᠮᠵᠢᠯᠴᠠᠭᠰᠠᠨ᠂ ᠨᠠᠶᠢᠳᠠᠪᠤᠷᠢᠵᠢᠭᠤᠯᠬᠤ ᠶᠢ ᠪᠠᠲᠤᠯᠠᠭᠰᠠᠨ ᠠᠵᠢᠯ ᠤᠨ ᠬᠠᠷᠢᠭᠤᠴᠠᠯᠭ᠎ᠠ ᠶᠢᠨ ᠰᠢᠰᠲ᠋ᠧᠮ ᠢ ᠪᠠᠶᠢᠭᠤᠯᠬᠤ ᠳᠤ ᠠᠰᠢᠭᠲᠠᠢ ᠮᠥᠷᠲᠡᠭᠡᠨ ᠪᠠᠰᠠ ︽ᠰᠦᠯᠵᠢᠶᠡᠨ ᠳᠡᠭᠡᠷᠡᠬᠢ ᠪᠠ ᠪᠣᠳᠠᠲᠤ ᠴᠣᠭᠴᠠ ᠶᠢ ᠨᠢᠭᠡ ᠴᠣᠭᠴᠠᠵᠢᠭᠤᠯᠬᠤ︾ ᠪᠦᠭᠦ ᠶᠠᠪᠤᠴᠠ ᠶᠢᠨ ᠬᠢᠨᠠᠯᠲᠠ ᠬᠠᠮᠢᠶᠠᠷᠤᠯᠲᠠ ᠶᠢ ᠪᠡᠶᠡᠯᠡᠭᠦᠯᠦᠭᠰᠡᠨ ᠪᠠᠶᠢᠨ᠎ᠠ᠃      ᠪᠦᠭᠦ ᠣᠷᠣᠨ ᠤ︽ᠳᠥᠷᠪᠡᠨ ᠵᠢᠵᠢᠭ ᠭᠤᠣᠯ ᠴᠣᠭᠴᠠ︾ ᠶᠢᠨ ᠰᠦᠯᠵᠢᠶᠡᠨ ᠳᠤ ᠤᠷᠤᠭᠰᠢᠲᠠᠢ ᠪᠠᠷ ᠪᠣᠷᠣᠯᠠᠭᠤᠯᠬᠤ ᠶᠢ ᠠᠬᠢᠭᠤᠯᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠰᠦᠯᠵᠢᠶᠡᠨ ᠳᠡᠭᠡᠷᠡᠬᠢ ᠪᠣᠯᠪᠠᠰᠤᠷᠠᠯ ᠡᠷᠭᠢᠯᠡᠵᠦ᠂ ᠲᠡᠳᠡᠨ ᠤ ᠢᠵᠢ ᠪᠦᠷᠢᠳᠦᠭᠦᠯᠬᠦ ᠬᠠᠮᠢᠶᠠᠷᠤᠯᠲᠠ ᠶᠢᠨ ᠠᠷᠭ᠎ᠠ ᠶᠢᠨ ᠬᠤᠯᠪᠣᠭᠳᠠᠯ ᠪᠦᠬᠦᠢ ᠠᠭᠤᠯᠭ᠎ᠠ ᠳᠤ ᠪᠦᠭᠦ ᠲᠠᠯ᠎ᠠ ᠶᠢᠨ ᠲᠠᠶᠢᠯᠤᠮᠵᠢ ᠬᠢᠵᠦ᠂ ᠪᠦᠭᠦ ᠣᠷᠣᠨ ᠤ ︽ᠳᠥᠷᠪᠡᠨ ᠵᠢᠵᠢᠭ ᠭᠤᠣᠯ ᠴᠣᠭᠴᠠ︾ᠵᠢᠴᠢ ᠬᠢᠨᠠᠨ ᠬᠠᠮᠢᠶᠠᠷᠴᠤ ᠬᠠᠤᠯᠢ ᠬᠡᠷᠡᠭᠵᠢᠭᠦᠯᠬᠦ ᠠᠵᠢᠯᠲᠠᠨ 4 ᠲᠦᠮᠡ ᠭᠠᠷᠤᠢ ᠬᠥᠮᠥᠨ ᠪᠣᠯᠪᠠᠰᠤᠷᠠᠯ ᠳᠤ ᠣᠷᠣᠯᠴᠠᠵᠠᠢ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1