ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ᠂ ᠡᠳ᠋ ᠤᠨ ᠵᠠᠰᠠᠭ ᠤᠨ ᠶᠠᠮᠤᠨ᠂ ᠳᠤᠮᠳᠠᠳᠤ ᠤᠯᠤᠰ ᠤᠨ ᠠᠷᠠᠳ ᠤᠨ ᠪᠠᠩᠬᠢ ᠬᠠᠮᠲᠤᠷᠠᠨ ︽ᠪᠥᠬᠦ ᠤᠯᠤᠰ ᠤᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ 2023 ᠣᠨ ᠤ ᠣᠨ ᠤ ᠮᠡᠳᠡᠭᠦᠯᠦᠯᠲᠡ︾ ᠶᠢ ᠨᠡᠶᠢᠲᠡᠯᠡᠪᠡ
ᠨᠡᠶᠢᠲᠡᠯᠡᠭᠰᠡᠨ ᠴᠠᠭ᠄
2024/6/5
       ᠣᠶᠢᠷ᠎ᠠ ᠳᠤ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ᠂ ᠡᠳ᠋ ᠤᠨ ᠵᠠᠰᠠᠭ ᠤᠨ ᠶᠠᠮᠤᠨ᠂ ᠳᠤᠮᠳᠠᠳᠤ ᠤᠯᠤᠰ ᠤᠨ ᠠᠷᠠᠳ ᠤᠨ ᠪᠠᠩᠬᠢ ᠬᠠᠮᠲᠤᠷᠠᠨ ︽ᠪᠥᠬᠦ ᠤᠯᠤᠰ ᠤᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ 2023 ᠣᠨ ᠤ ᠣᠨ ᠤ ᠮᠡᠳᠡᠭᠦᠯᠦᠯᠲᠡ ︾ ︵ᠳᠣᠷᠣᠭᠰᠢ ︽ᠮᠡᠳᠡᠭᠦᠯᠦᠯᠲᠡ︾ ᠭᠡᠵᠦ ᠲᠣᠪᠴᠢᠯᠠᠨ᠎ᠠ︶ ᠶᠢ ᠨᠡᠶᠢᠲᠡᠯᠡᠵᠦ᠂ 2023 ᠣᠨ ᠤ ᠪᠥᠬᠦ ᠤᠯᠤᠰ ᠤᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠠᠵᠢᠯᠯᠠᠭᠠᠨ ᠤ ᠪᠠᠶᠢᠳᠠᠯ ᠢ ᠪᠥᠬᠦ ᠲᠠᠯ᠎ᠠ ᠪᠠᠷ ᠨᠡᠶᠢᠲᠡᠯᠡᠪᠡ᠃      2023 ᠣᠨ ᠳᠤ᠂ ᠪᠥᠬᠦ ᠤᠯᠤᠰ ᠤᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠡᠯ᠎ᠡ ᠵᠦᠢᠯ ᠤᠨ ᠲᠤᠬᠠᠶᠢᠯᠠᠭᠰᠠᠨ ᠠᠵᠢᠯ ᠲᠣᠭᠲᠠᠭᠤᠨ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠤᠰᠢᠶᠠᠨ ᠬᠠᠳᠠᠭᠠᠯᠠᠭᠤᠯᠤᠭᠰᠠᠨ ᠲᠤᠭ᠎ᠠ 34697.69 ᠳ᠋ᠦᠩᠰᠢᠭᠤᠷ ᠲᠥᠭᠦᠷᠢᠭ ᠲᠤ ᠬᠦᠷᠴᠦ᠂ 7620.10 ᠲᠦᠮᠡᠨ ᠬᠥᠮᠦᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢ 26562.71 ᠳ᠋ᠦᠩᠰᠢᠭᠤᠷ ᠲᠥᠭᠦᠷᠢᠭ ᠭᠠᠷᠭᠠᠨ ᠠᠪᠴᠤ᠂ ᠬᠤᠪᠢ ᠬᠥᠮᠦᠨ ᠤ ᠣᠷᠣᠨ ᠰᠠᠭᠤᠴᠠ ᠶᠢᠨ ᠵᠢᠭᠡᠯᠡᠯᠭᠡ ᠶᠢ 286.09 ᠲᠦᠮᠡᠨ ᠬᠤᠪᠢ᠂ 14713.06 ᠳ᠋ᠦᠩᠰᠢᠭᠤᠷ ᠲᠥᠭᠦᠷᠢᠭ ᠲᠠᠷᠬᠠᠭᠠᠪᠠ᠃      ︽ᠮᠡᠳᠡᠭᠦᠯᠦᠯᠲᠡ︾ ᠳᠤ ᠣᠷᠣᠨ ᠰᠠᠭᠤᠴᠠ ᠶᠢᠨ ᠨᠡᠶᠢᠳᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠳᠦᠷᠢᠮ ᠢ ᠲᠦᠭᠡᠮᠡᠯᠵᠢᠭᠦᠯᠬᠦ ᠵᠢᠴᠢ ᠠᠰᠢᠭ ᠬᠦᠷᠳᠡᠭᠰᠡᠨ ᠬᠦᠮᠦᠨ ᠲᠠᠰᠤᠷᠠᠯᠲᠠ ᠦᠭᠡᠢ ᠦᠷᠭᠡᠳᠪᠡ᠃ ᠪᠥᠬᠦ ᠵᠢᠯ ᠳᠤ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢ ᠪᠣᠳᠠᠲᠠᠶ ᠲᠤᠰᠢᠶᠠᠭᠰᠠᠨ ᠨᠢᠭᠡᠴᠢ 494.76 ᠲᠦᠮᠡ᠂ ᠪᠣᠳᠠᠲᠠᠶ ᠲᠤᠰᠢᠶᠠᠭᠰᠠᠨ ᠠᠵᠢᠯᠲᠠᠨ ᠠᠵᠢᠯᠴᠢᠨ 17454.68 ᠲᠦᠮᠡᠨ ᠬᠦᠮᠦᠨ᠂ ᠲᠣᠰ ᠲᠣᠰ ᠳᠡᠭᠡᠷ᠎ᠡ ᠵᠢᠯ ᠤᠨ ᠬᠢ ᠠᠴᠠ 9. 29% ᠪᠠ 2. 80 % ᠪᠠᠷ ᠨᠡᠮᠡᠭᠳᠡᠵᠦ᠂ ᠪᠥᠬᠦ ᠵᠢᠯ ᠳᠤ 7. 15 ᠲᠦᠮᠡᠨ ᠡᠷᠦᠬᠡ ᠰᠢᠨ᠎ᠡ ᠪᠠᠷ ᠨᠡᠮᠡᠭᠳᠡᠵᠦ᠂ ᠰᠢᠨ᠎ᠡ ᠪᠠᠷ ᠡᠷᠦᠬᠡ ᠪᠠᠶᠢᠭᠤᠯᠤᠭᠰᠠᠨ ᠠᠵᠢᠯᠲᠠᠨ 5. 11 ᠲᠦᠮᠡᠨ ᠬᠥᠮᠦᠨ ᠪᠠᠶᠢᠨ᠎ᠠ᠃ ᠬᠤᠲᠠ ᠪᠠᠯᠭᠠᠰᠤᠨ ᠤ ᠬᠤᠪᠢ ᠶᠢᠨ ᠡᠵᠡᠩᠨᠡᠯᠳᠡ ᠶᠢᠨ ᠠᠵᠤ ᠠᠬᠤᠶᠢᠯᠠᠯ ᠵᠡᠷᠭᠡ ᠲᠥᠷᠥᠯ ᠬᠡᠯᠪᠡᠷᠢ ᠶᠢᠨ ᠨᠢᠭᠡᠴᠢ ᠶᠢᠨ ᠠᠵᠢᠯᠲᠠᠨ ᠠᠵᠢᠯᠴᠢᠨ ᠤ ᠡᠵᠡᠯᠡᠬᠦ ᠬᠠᠷᠢᠴᠠᠯ ᠬᠠᠭᠠᠰ ᠠᠴᠠ ᠬᠡᠲᠦᠷᠡᠭᠰᠡᠨ ᠪᠥᠭᠡᠳ ᠦᠷᠭᠦᠯᠵᠢᠯᠡᠨ ᠳᠡᠭᠡᠭᠰᠢᠯᠡᠪᠡ᠃ ᠰᠢᠨ᠎ᠡ ᠪᠠᠶᠢᠭᠤᠯᠤᠭᠰᠠᠨ ᠡᠷᠦᠬᠡ ᠶᠢᠨ ᠳᠣᠲᠣᠷ᠎ᠠ ᠬᠤᠲᠠ ᠪᠠᠯᠭᠠᠰᠤ ᠶᠢᠨ ᠬᠤᠪᠢ ᠶᠢᠨ ᠠᠵᠤ ᠠᠬᠤᠶᠢᠯᠠᠯ ᠵᠡᠷᠭᠡ ᠲᠥᠷᠥᠯ ᠤᠨ ᠨᠢᠭᠡᠴᠢ ᠶᠢᠨ ᠠᠵᠢᠯᠲᠠᠨ ᠠᠵᠢᠯᠴᠢᠨ ᠤ ᠬᠠᠷᠢᠴᠠᠯ ᠨᠢ 75.55% ᠶᠢ ᠡᠵᠡᠯᠡᠵᠦ᠂ ᠲᠤᠰᠢᠶᠠᠨ ᠬᠠᠳᠠᠭᠠᠯᠠᠭᠤᠯᠤᠭᠰᠠᠨ ᠠᠵᠢᠯᠲᠠᠨ ᠠᠵᠢᠯᠴᠢᠨ ᠤ ᠳᠣᠲᠣᠷ᠎ᠠ᠂ ᠳᠡᠭᠡᠷ᠎ᠡ ᠳᠤᠷᠠᠳᠤᠭᠰᠠᠨ ᠨᠢᠭᠡᠴᠢ ᠶᠢᠨ ᠠᠵᠢᠯᠲᠠᠨ ᠠᠵᠢᠯᠴᠢᠨ ᠤ ᠬᠠᠷᠢᠴᠠᠯ ᠨᠢ 53.47% ᠶᠢ ᠡᠵᠡᠯᠡᠵᠦ ᠪᠠᠶᠢᠨ᠎ᠠ᠃ ᠠᠮᠢᠳᠤᠯᠢᠭ ᠢᠶᠠᠷ ᠠᠵᠢᠯ ᠣᠯᠤᠭᠰᠠᠳ ᠤᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠳᠦᠷᠢᠮ ᠤᠨ ᠲᠤᠷᠰᠢᠯᠲᠠ ᠶᠢᠨ ᠴᠡᠭ ᠲᠤ ᠣᠷᠣᠯᠴᠠᠬᠤ ᠬᠡᠪᠴᠢᠶ᠎ᠡ ᠶᠢ ᠯᠠᠪᠳᠠᠭᠤᠨ ᠢᠶᠠᠷ ᠥᠷᠭᠡᠳᠬᠡᠵᠦ᠂ ᠴᠦᠩᠴᠢᠩ ᠵᠡᠷᠭᠡ ᠠᠩᠬᠠᠳᠠᠭᠴᠢ ᠪᠦᠯᠦᠭ ᠲᠤᠷᠰᠢᠯᠲᠠ ᠶᠢᠨ ᠴᠡᠭ ᠤᠨ 6 ᠬᠤᠲᠠ ᠶᠢᠨ ᠰᠠᠭᠤᠷᠢᠨ ᠳᠡᠭᠡᠷ᠎ᠡ ᠵᠢᠨᠠᠨ ᠵᠡᠷᠭᠡ 7 ᠲᠤᠷᠰᠢᠯᠲᠠ ᠶᠢᠨ ᠴᠡᠭ ᠤᠨ ᠬᠤᠲᠠ ᠶᠢ ᠨᠡᠮᠡᠭᠳᠡᠭᠦᠯᠵᠦ᠂ ᠨᠠᠩ ᠣᠯᠠᠨ ᠠᠮᠢᠳᠤᠯᠢᠭ ᠢᠶᠠᠷ ᠠᠵᠢᠯ ᠣᠯᠤᠭᠰᠠᠳ ᠤᠨ ᠠᠵᠢᠯ ᠣᠯᠬᠤ ᠠᠮᠤᠷ ᠲᠦᠪᠰᠢᠨ ᠳᠤ ᠬᠦᠴᠦᠨ ᠨᠡᠮᠡᠷᠢᠯᠡᠪᠡ᠃ 2023 ᠣᠨ ᠤ ᠡᠴᠦᠰ ᠪᠣᠯᠲᠠᠯ᠎ᠠ᠂ 13 ᠲᠤᠷᠰᠢᠯᠲᠠ ᠶᠢᠨ ᠴᠡᠭ ᠤᠨ ᠬᠤᠲᠠ ᠳᠤ 49.37 ᠲᠦᠮᠡᠨ ᠠᠮᠢᠳᠤᠯᠢᠭ ᠢᠶᠠᠷ ᠠᠵᠢᠯ ᠣᠯᠤᠭᠰᠠᠳ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠲᠤᠰᠢᠶᠠᠨ ᠬᠠᠳᠠᠭᠠᠯᠠᠭᠤᠯᠵᠤ᠂ ᠲᠦᠷᠦᠭᠦᠦ ᠵᠢᠯ ᠤᠨ ᠡᠴᠦᠰ ᠤᠨ ᠬᠢ ᠠᠴᠠ 124.10% ᠪᠠᠷ ᠨᠡᠮᠡᠭᠳᠡᠪᠡ᠃      2023 ᠣᠨ ᠳᠤ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠨᠢ ᠲᠤᠰᠢᠶᠠᠨ ᠬᠠᠳᠠᠭᠠᠯᠠᠭᠤᠯᠤᠭᠴᠢ ᠶᠢᠨ ᠣᠷᠣᠰᠢᠨ ᠰᠠᠭᠤᠬᠤ ᠳᠤ ᠲᠣᠬᠢᠷᠠᠮᠵᠢᠲᠠᠶ ᠪᠠᠶᠢᠬᠤ ᠳᠤ ᠨᠠᠩ ᠶᠡᠭᠡ ᠦᠢᠯᠡᠳᠦᠯ ᠦᠵᠡᠭᠦᠯᠵᠡᠶ ᠃ ᠪᠦᠬᠦ ᠵᠢᠯ ᠤᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢ ᠭᠠᠷᠭᠠᠨ ᠠᠪᠤᠭᠰᠠᠨ ᠬᠥᠮᠦᠨ ᠤ ᠲᠤᠭ᠎ᠠ 7620.10 ᠲᠦᠮᠡᠨ ᠬᠦᠮᠦᠨ᠂ ᠪᠣᠳᠠᠲᠠᠶ ᠲᠤᠰᠢᠶᠠᠭᠰᠠᠨ ᠠᠵᠢᠯᠳᠠᠨ ᠠᠵᠢᠯᠴᠢᠨ ᠤ ᠲᠤᠭ᠎ᠠ ᠶᠢᠨ 43.66% ᠶᠢ ᠡᠵᠡᠯᠡᠨ᠎ᠡ︔ ᠭᠠᠷᠭᠠᠨ ᠠᠪᠤᠭᠰᠠᠨ ᠲᠤᠭ᠎ᠠ ᠬᠡᠮᠵᠢᠶ᠎ᠡ ᠨᠢ 26562.71 ᠳ᠋ᠦᠩᠰᠢᠭᠤᠷ ᠲᠥᠭᠦᠷᠢᠭ ᠲᠤ ᠬᠦᠷᠴᠦ᠂ ᠳᠡᠭᠡᠷ᠎ᠡ ᠵᠢᠯ ᠤᠨ ᠬᠢ ᠠᠴᠠ 24.34% ᠨᠡᠮᠡᠭᠳᠡᠪᠡ᠃ ᠲᠦᠷᠢᠶᠡᠰᠦᠨ ᠣᠷᠣᠨ ᠰᠠᠭᠤᠴᠠ ᠳᠤ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠭᠠᠷᠭᠠᠨ ᠠᠪᠬᠤ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠶᠡᠭᠡ ᠬᠤᠲᠠ ᠶᠢᠨ ᠰᠢᠨ᠎ᠡ ᠬᠤᠲᠠ ᠶᠢᠨ ᠠᠷᠠᠳ᠂ ᠵᠠᠯᠠᠭᠤᠴᠤᠳ ᠤᠨ ᠰᠠᠷ᠎ᠠ ᠪᠦᠷᠢ ᠲᠤᠰᠢᠶᠠᠨ ᠬᠠᠳᠠᠭᠠᠯᠠᠭᠰᠠᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠪᠠᠨ ᠪᠦᠬᠦᠨ ᠢ ᠭᠠᠷᠭᠠᠨ ᠠᠪᠴᠤ ᠣᠷᠣᠨ ᠰᠠᠭᠤᠴᠠ ᠶᠢᠨ ᠲᠦᠷᠢᠶᠡᠰᠦᠨ ᠮᠥᠩᠭᠦ ᠲᠤᠰᠢᠶᠠᠬᠤ ᠶᠢ ᠳᠡᠮᠵᠢᠬᠦ ᠶᠢ ᠵᠣᠷᠢᠭᠵᠢᠭᠤᠯᠵᠤ᠂ ᠪᠦᠬᠦ ᠵᠢᠯ ᠳᠤ ᠨᠡᠶᠢᠲᠡ 1846.09 ᠲᠦᠮᠡᠨ ᠬᠥᠮᠦᠨ 2031.28 ᠳ᠋ᠦᠩᠰᠢᠭᠤᠷ ᠲᠥᠭᠦᠷᠢᠭ ᠭᠠᠷᠭᠠᠨ ᠠᠪᠴᠤ ᠲᠦᠷᠢᠶᠡᠰᠦᠨ ᠣᠷᠣᠨ ᠰᠠᠭᠤᠴᠠ ᠳᠤ ᠬᠡᠷᠡᠭᠯᠡᠵᠦ᠂ ᠳᠡᠭᠡᠷ᠎ᠡ ᠵᠢᠯ ᠤᠨ ᠬᠢ ᠠᠴᠠ ᠲᠣᠰ ᠲᠣᠰ 20.04%᠂ 33.52% ᠢᠶᠠᠷ ᠨᠡᠮᠡᠭᠳᠡᠪᠡ᠃ ᠣᠷᠣᠨ ᠨᠤᠲᠤᠭ ᠤᠨ ᠬᠢᠨ ᠢ ᠵᠢᠭᠠᠨ ᠵᠢᠯᠣᠭᠤᠳᠴᠤ ᠪᠠᠶᠢᠭᠠᠳ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠯᠭ᠎ᠠ ᠶᠢᠨ ᠮᠥᠩᠭᠦ ᠶᠢᠨ ᠵᠢᠭᠡᠯᠡᠯᠭᠡ ᠶᠢᠨ ᠲᠥᠷᠥ ᠶᠢᠨ ᠪᠣᠳᠣᠯᠭ᠎ᠠ ᠶᠢ ᠰᠢᠯᠢᠳᠡᠭᠵᠢᠭᠦᠯᠦᠨ᠂ ᠪᠦᠬᠦ ᠵᠢᠯ ᠳᠤ ᠬᠤᠪᠢ ᠬᠥᠮᠦᠨ ᠤ ᠣᠷᠣᠨ ᠰᠠᠭᠤᠴᠠ ᠶᠢᠨ ᠵᠢᠭᠡᠯᠡᠯᠭᠡ ᠶᠢ ᠨᠡᠶᠢᠲᠡ 286.09 ᠲᠦᠮᠡᠨ ᠬᠤᠪᠢ᠂ 14713.06 ᠳ᠋ᠦᠩᠰᠢᠭᠤᠷ ᠲᠥᠭᠦᠷᠢᠭ ᠲᠠᠯᠪᠢᠵᠤ᠂ ᠲᠤᠰ ᠲᠤᠰ ᠳᠡᠭᠡᠷ᠎ᠡ ᠵᠢᠯ ᠤᠨ ᠬᠢ ᠠᠴᠠ 15.48%᠂ 24.25% ᠪᠠᠷ ᠨᠡᠮᠡᠭᠳᠡᠵᠦ᠂ ᠠᠩᠬᠠᠳᠤᠭᠠᠷ ᠢᠵᠢ ᠣᠷᠣᠨ ᠰᠠᠭᠤᠴᠠ᠂ ᠡᠩ ᠤᠨ ᠣᠷᠣᠨ ᠰᠠᠭᠤᠴᠠ ᠵᠢᠴᠢ 40 ︵ᠪᠠᠭᠳᠠᠭᠠᠨ᠎ᠠ︶ ᠨᠠᠰᠤᠨ ᠠᠴᠠ ᠳᠣᠷᠣᠭᠰᠢᠬᠢ ᠬᠦᠮᠦᠰ ᠤᠨ ᠭᠡᠷ ᠪᠠᠶᠢᠰᠢᠩ ᠬᠤᠳᠠᠯᠳᠤᠨ ᠠᠪᠬᠤ ᠶᠢ ᠭᠤᠤᠯᠳᠠᠯᠭ᠎ᠠ ᠲᠠᠢ ᠳᠡᠮᠵᠢᠵᠦ᠂ ᠵᠢᠭᠡᠯᠡᠯᠭᠡ ᠵᠢᠭᠡᠯᠡᠬᠦ ᠠᠵᠢᠯᠲᠠᠨ ᠠᠵᠢᠯᠴᠢᠨ ᠤ ᠣᠷᠣᠨ ᠰᠠᠭᠤᠴᠠ ᠬᠤᠳᠠᠯᠳᠤᠨ ᠠᠪᠬᠤ ᠵᠠᠷᠤᠯᠭ᠎ᠠ ᠶᠢᠨ ᠳᠠᠷᠤᠯᠲᠠ ᠶᠢ ᠪᠦᠲᠦᠮᠵᠢᠲᠡᠶ ᠪᠠᠷ ᠬᠦᠩᠭᠡᠷᠡᠭᠦᠯᠪᠡ᠃ ᠲᠤᠰᠢᠶᠠᠨ ᠬᠠᠳᠠᠭᠠᠯᠠᠭᠤᠯᠤᠭᠴᠢ ᠶᠢᠨ ᠣᠷᠣᠰᠢᠨ ᠰᠠᠭᠤᠴᠠ ᠶᠢᠨ ᠣᠷᠴᠢᠨ ᠲᠣᠭᠤᠷᠢᠨ ᠢᠶᠠᠨ ᠰᠠᠶᠢᠵᠢᠷᠠᠭᠤᠯᠬᠤ ᠶᠢ ᠳᠡᠮᠵᠢᠵᠦ᠂ ᠴᠠᠬᠢᠯᠭᠠᠨ ᠱᠠᠲᠤ ᠨᠡᠮᠡᠵᠦ  ᠤᠭᠰᠠᠷᠠᠬᠤ ᠳᠤ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠥᠷᠥ ᠶᠢᠨ ᠪᠣᠳᠣᠯᠭ᠎ᠠ ᠶᠢᠨ ᠳᠡᠮᠵᠢᠬᠦ ᠬᠡᠪᠴᠢᠶ᠎ᠡ ᠶᠢ ᠬᠤᠪᠢ ᠬᠥᠮᠦᠨ ᠵᠢᠴᠢ ᠬᠠᠨᠢ ᠨᠥᠬᠦᠷ ᠤᠨ ᠬᠤᠶᠠᠷ ᠲᠠᠯ᠎ᠠ ᠶᠢᠨ ᠡᠴᠢᠭᠡ ᠡᠬᠡ ᠶᠢᠨ ᠥᠪᠡᠰᠦᠪᠡᠨ ᠰᠠᠭᠤᠬᠤ ᠣᠷᠣᠨ ᠰᠠᠭᠤᠴᠠ ᠪᠣᠯᠭᠠᠨ ᠥᠷᠭᠡᠳᠬᠡᠵᠦ᠂ ᠪᠥᠬᠦ ᠵᠢᠯ ᠳᠤ ᠨᠡᠶᠢᠲᠡ 4.42 ᠲᠦᠮᠡᠨ ᠬᠥᠮᠦᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢ ᠭᠠᠷᠭᠠᠨ ᠠᠪᠴᠤ᠂ ᠴᠠᠬᠢᠯᠭᠠᠨ ᠱᠠᠲᠤ ᠨᠡᠮᠡᠵᠦ ᠤᠭᠰᠠᠷᠠᠬᠤ ᠵᠡᠷᠭᠡ ᠥᠪᠡᠰᠦᠪᠡᠨ ᠰᠠᠭᠤᠬᠤ ᠣᠷᠣᠨ ᠰᠠᠭᠤᠴᠠ ᠶᠢᠨ ᠥᠭᠡᠷᠡᠴᠢᠯᠡᠯᠲᠡ ᠳᠤ ᠬᠡᠷᠡᠭᠯᠡᠵᠦ᠂ ᠭᠠᠷᠭᠠᠨ ᠠᠪᠤᠭᠰᠠᠨ ᠬᠥᠮᠦᠨ ᠤ ᠲᠤᠭ᠎ᠠ ᠨᠢ ᠲᠦᠷᠦᠭᠦᠤ ᠵᠢᠯ ᠤᠨ ᠬᠢ ᠠᠴᠠ 313.08% ᠪᠠᠷ ᠨᠡᠮᠡᠭᠳᠡᠪᠡ᠃      ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦᠨ ᠤ ᠲᠣᠭᠠᠴᠠᠯᠠᠭᠰᠠᠨ ᠬᠥᠭᠵᠢᠯᠲᠡ ᠶᠢ ᠠᠬᠢᠭᠤᠯᠬᠤ ᠡᠷᠴᠢᠮ ᠴᠢᠩᠭᠠᠷᠠᠪᠠ᠃ ᠳᠥᠭᠦᠮ ᠳᠥᠲᠡ ᠥᠨᠳᠥᠷ ᠪᠦᠲᠦᠮᠵᠢᠲᠡᠶ ᠲᠣᠭᠠᠴᠢᠯᠠᠭᠰᠠᠨ ᠦᠢᠯᠡᠴᠢᠯᠡᠭᠡᠨ ᠤ ᠰᠢᠨ᠎ᠡ ᠵᠠᠭᠪᠤᠷ ᠢ ᠪᠠᠶᠢᠭᠤᠯᠬᠤ ᠶᠢᠨ ᠲᠣᠭᠤᠷᠢᠨ ᠳᠤ᠂ ᠲᠤᠬᠠᠶᠢᠯᠠᠭᠰᠠᠨ ᠠᠵᠢᠯ ᠤᠨ ᠴᠤᠪᠤᠷᠠᠯ ᠢ ᠰᠢᠯᠢᠳᠡᠭᠵᠢᠭᠦᠯᠬᠦ᠂ ᠵᠠᠭᠪᠤᠷ ᠤᠨ ᠰᠢᠨ᠎ᠡ ᠶᠢ ᠡᠭᠦᠳᠬᠦ ᠪᠠ ᠡᠭᠦᠷᠭᠡ ᠲᠤᠰᠢᠶᠠᠯ ᠢᠶᠠᠨ ᠭᠦᠢᠴᠡᠳᠭᠡᠬᠦ ᠴᠢᠳᠠᠪᠤᠷᠢ ᠶᠢ ᠳᠡᠭᠡᠭᠰᠢᠯᠡᠭᠦᠯᠬᠦ ᠶᠢ ᠠᠬᠢᠭᠤᠯᠪᠠ᠃ ᠲᠤᠭ᠎ᠠ ᠪᠠᠷᠢᠮᠲᠠ ᠳᠤ ᠴᠢᠳᠠᠪᠤᠷᠢ ᠣᠯᠭᠤᠬᠤ ᠲᠣᠭᠠᠴᠢᠯᠠᠭᠰᠠᠨ ᠬᠠᠮᠢᠶᠠᠷᠤᠯᠲᠠ ᠶᠢᠨ ᠰᠢᠨ᠎ᠡ ᠲᠣᠭᠲᠠᠴᠠ ᠶᠢ ᠪᠠᠶᠢᠭᠤᠯᠬᠤ ᠶᠢᠨ ᠲᠣᠭᠤᠷᠢᠨ ᠳᠤ᠂ ᠬᠤᠪᠢ ᠬᠥᠮᠦᠨ ᠤ ᠣᠷᠣᠨ ᠰᠠᠭᠤᠴᠠ ᠶᠢᠨ ᠵᠢᠭᠡᠯᠡᠯᠭᠡ ᠶᠢᠨ ᠲᠤᠭ᠎ᠠ ᠪᠠᠷᠢᠮᠲᠠ ᠶᠢ ᠠᠷᠠᠳ ᠤᠨ ᠪᠠᠩᠬᠢ ᠶᠢᠨ ᠢᠲᠡᠭᠡᠮᠵᠢ ᠶᠢᠨ ᠮᠡᠳᠡᠭᠡ ᠵᠠᠩᠭᠢ ᠶᠢᠨ ᠲᠤᠭ᠎ᠠ ᠪᠠᠷᠢᠮᠲᠠ ᠲᠠᠢ ᠪᠥᠬᠦ ᠲᠠᠯ᠎ᠠ ᠪᠠᠷ ᠵᠣᠯᠭᠠᠭᠤᠯᠬᠤ ᠶᠢ ᠪᠡᠶᠡᠯᠡᠭᠦᠯᠬᠦ ᠶᠢ ᠠᠬᠢᠭᠤᠯᠵᠤ᠂ ᠳᠣᠲᠣᠭᠠᠳᠤ ᠶᠢ ᠬᠠᠮᠠᠭᠠᠯᠠᠬᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠵᠡᠷᠭᠡ 7 ᠰᠠᠯᠠᠭ᠎ᠠ ᠮᠥᠴᠢᠷ ᠯᠦᠭᠡ ︽ ᠶᠡᠷᠦᠩᠬᠡᠢ ᠶᠢ ᠶᠡᠷᠦᠩᠬᠡᠶ ᠳᠤ︾ ᠲᠤᠭ᠎ᠠ ᠪᠠᠷᠢᠮᠲᠠ ᠶᠢ ᠬᠠᠮᠲᠤ ᠪᠠᠷ ᠭᠥᠷᠳᠡᠬᠦ ᠶᠢ ᠪᠡᠶᠡᠯᠡᠭᠦᠯᠵᠦ᠂ ᠣᠷᠣᠨ ᠨᠤᠲᠤᠭ ᠤᠨ ᠬᠠᠮᠲᠤ ᠪᠠᠷ ᠭᠥᠷᠳᠡᠬᠦ ᠲᠤᠭ᠎ᠠ ᠪᠠᠷᠢᠮᠲᠠ ᠶᠢ ᠠᠰᠢᠭᠯᠠᠨ ᠭᠡᠷᠡᠴᠢᠯᠡᠬᠦ ᠮᠠᠲ᠋ᠧᠷᠢᠶᠠᠯ ᠢ ᠬᠠᠷᠭᠤᠭᠤᠯᠤᠨ ᠪᠠᠶᠢᠴᠠᠭᠠᠵᠤ ᠳᠥᠭᠦᠮᠴᠢᠯᠡᠬᠦ ᠶᠢ ᠵᠢᠯᠣᠭᠤᠳᠴᠤ᠂ ᠣᠯᠠᠨ ᠲᠦᠮᠡᠨ ᠤ ᠠᠵᠢᠯ ᠶᠠᠪᠤᠳᠠᠯ ᠭᠦᠢᠴᠡᠳᠬᠡᠬᠦ ᠳᠤ ︽ᠴᠤᠪᠤᠷᠠᠯ ᠢ ᠨᠠᠩ ᠰᠢᠯᠢᠳᠡᠭ᠂ ᠮᠠᠲ᠋ᠧᠷᠢᠶᠠᠯ ᠢ ᠨᠠᠩ ᠲᠦᠭᠦᠮ︾ ᠪᠣᠯᠭᠠᠵᠤ᠂ ᠲᠣᠭᠠᠴᠢᠯᠠᠭᠰᠠᠨ ᠵᠠᠰᠠᠭ ᠤᠨ ᠣᠷᠳᠣᠨ ᠤ ᠪᠠᠶᠢᠭᠤᠯᠤᠯᠲᠠ ᠳᠤ ᠬᠦᠴᠦᠨ ᠨᠡᠮᠡᠷᠢᠯᠡᠪᠡ᠃      ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠦᠢᠯᠡᠴᠢᠯᠡᠭᠡᠨ ᠤ ᠬᠦᠴᠦᠨ ᠴᠢᠳᠠᠪᠤᠷᠢ ᠦᠷᠭᠦᠯᠵᠢᠯᠡᠨ ᠳᠡᠭᠡᠭᠰᠢᠯᠡᠪᠡ᠃ ᠠᠷᠠᠳ ᠤᠨ ᠲᠥᠯᠥᠭᠡ ᠪᠣᠳᠠᠲᠠᠶ ᠠᠵᠢᠯ ᠬᠢᠬᠦ ᠶᠢ ᠪᠠᠷᠢᠮᠲᠠᠯᠠᠨ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ 3 ᠵᠦᠢᠯ ᠤᠨ ᠬᠤᠪᠢ ᠬᠥᠮᠦᠨ ᠤ ᠭᠡᠷᠡᠴᠢᠯᠡᠬᠦ ᠵᠦᠢᠯᠡᠰ ᠢ ᠡᠮᠬᠢᠯᠡᠨ ᠨᠡᠶᠢᠯᠡᠭᠦᠯᠵᠦ ᠰᠢᠯᠢᠳᠡᠭᠵᠢᠭᠦᠯᠵᠦ᠂ ᠨᠢᠭᠡᠳᠦᠯᠲᠡᠶ ︽ ᠡᠯᠧᠺᠲᠷᠣᠨ ᠺᠣᠳ᠋︾ ᠢᠶᠠᠷ ᠤᠤᠯ ᠤᠨ ᠴᠠᠭᠠᠰᠤᠨ ᠭᠡᠷᠡᠴᠢ ᠶᠢ ᠣᠷᠣᠯᠠᠭᠤᠯᠵᠤ᠂ ᠬᠤᠪᠢ ᠬᠥᠮᠦᠨ ᠤ ᠭᠡᠷᠡᠴᠢᠯᠡᠬᠦ ᠵᠦᠢᠯᠡᠰ ᠢ ︽ᠢᠯᠡ ᠪᠤᠯᠭᠠᠬᠤ︾ ᠶᠢ ᠪᠡᠶᠡᠯᠡᠭᠦᠯᠵᠦ᠂ ᠲᠤᠰᠢᠶᠠᠨ ᠬᠠᠳᠠᠭᠠᠯᠠᠭᠤᠯᠤᠭᠴᠢ ᠶᠢᠨ ᠣᠨᠳᠣᠤ ᠭᠠᠵᠠᠷ ᠲᠤ ᠵᠢᠭᠡᠯᠡᠯᠭᠡ ᠠᠪᠬᠤ ᠵᠡᠷᠭᠡ ᠬᠠᠮᠢᠶ᠎ᠠ ᠪᠥᠬᠦᠶ ᠲᠤᠬᠠᠶᠢᠯᠠᠭᠰᠠᠨ ᠠᠵᠢᠯ ᠢ ᠭᠦᠢᠴᠡᠳᠭᠡᠬᠦ ᠳᠤ ᠲᠥᠬᠦᠮ ᠦᠵᠡᠭᠦᠯᠵᠦ᠂ ᠣᠨᠳᠣᠤ ᠭᠠᠵᠠᠷ ᠲᠤ ᠬᠠᠮᠵᠢᠯᠴᠠᠨ ᠬᠠᠮᠲᠤᠷᠠᠯᠴᠠᠬᠤ ᠶᠢ ᠴᠢᠩᠭᠠᠳᠬᠠᠨ᠂ ᠲᠤᠰᠢᠶᠠᠨ ᠬᠠᠳᠠᠭᠠᠯᠠᠭᠤᠯᠤᠭᠴᠢ ᠣᠯᠠᠨ ᠭᠠᠵᠠᠷ ᠲᠤ ᠬᠦᠢᠴᠡᠳᠭᠡᠬᠦ ᠶᠢ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠦᠪ ᠤᠨ ᠬᠤᠭᠤᠷᠣᠨᠳᠣ ᠬᠠᠮᠵᠢᠯᠴᠠᠨ ᠭᠦᠢᠴᠡᠳᠭᠡᠬᠦ ᠪᠤᠯᠭᠠᠪᠠ᠃ ᠲᠤᠰᠢᠶᠠᠨ ᠬᠠᠳᠠᠭᠠᠯᠠᠭᠤᠯᠤᠭᠴᠢ ᠳᠤ ᠣᠷᠣᠨ ᠪᠦᠰᠡ ᠠᠯᠤᠰᠯᠠᠨ ᠦᠢᠯᠡᠴᠢᠯᠡᠬᠦ ᠬᠡᠷᠡᠭᠴᠡᠭᠡ ᠶᠢ ᠰᠠᠭᠠᠳ ᠥᠬᠡᠶ ᠨᠡᠪᠲᠡᠷᠡᠭᠦᠯᠵᠦ᠂ ᠣᠨᠳᠣᠤ ᠭᠠᠵᠠᠷ ᠤᠨ ᠲᠤᠬᠠᠶᠢᠯᠠᠭᠰᠠᠨ ᠠᠵᠢᠯ ᠢ ᠭᠦᠢᠴᠡᠳᠭᠡᠬᠦ ᠶᠢ ᠰᠠᠭᠠᠳ ᠥᠬᠡᠶ ᠨᠡᠪᠲᠡᠷᠡᠭᠦᠯᠵᠦ᠂ ︽ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢ ᠭᠠᠷᠭᠠᠨ ᠠᠪᠬᠤ︾ ︽ᠤᠷᠢᠳᠴᠢᠯᠠᠨ ᠠᠵᠢᠯ ᠠᠴᠠ ᠪᠠᠨ ᠪᠠᠭᠤᠵᠤ ᠠᠮᠠᠷᠠᠬᠤ ᠳᠤ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢ ᠭᠠᠷᠭᠠᠨ ᠠᠪᠬᠤ︾ 2 ᠵᠦᠢᠯ ᠤᠨ ᠥᠨᠳᠥᠷ ᠳᠠᠪᠲᠠᠮᠵᠢᠲᠤ ᠦᠢᠯᠡᠴᠢᠯᠡᠭᠡᠨ ᠤ ᠵᠦᠢᠯᠡᠰ ᠢ ︽ᠮᠤᠵᠢ ᠠᠯᠤᠰᠯᠠᠨ ᠨᠡᠶᠢᠳᠡᠮ ᠭᠦᠢᠴᠡᠳᠭᠡᠬᠦ︾ ᠶᠢ ᠰᠢᠨ᠎ᠡ ᠪᠠᠷ ᠨᠡᠮᠡᠭᠳᠡᠭᠦᠯᠵᠦ᠂ ︽ᠮᠤᠵᠢ ᠠᠯᠤᠰᠯᠠᠨ ᠨᠡᠶᠢᠳᠡᠮ ᠭᠦᠢᠴᠡᠳᠭᠡᠬᠦ︾ ᠦᠢᠯᠡᠴᠢᠯᠡᠭᠡᠨ ᠤ ᠵᠦᠢᠯᠡᠰ ᠢ 13 ᠵᠦᠢᠯ ᠪᠣᠯᠭᠠᠨ ᠨᠡᠮᠡᠭᠳᠡᠭᠦᠯᠪᠡ᠃ ᠬᠤᠪᠢ ᠬᠥᠮᠥᠨ ᠤ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠣᠨ ᠤ ᠲᠠᠩᠰᠠᠨ ᠶᠢ ᠪᠠᠶᠢᠴᠠᠭᠠᠨ ᠯᠠᠪᠯᠠᠬᠤ ᠴᠢᠳᠠᠮᠵᠢ ᠶᠢ ᠰᠦᠯᠵᠢᠶᠡᠨ ᠳᠤ ᠭᠠᠷᠭᠠᠵᠤ᠂ ᠲᠤᠰᠢᠶᠠᠨ ᠬᠠᠳᠠᠭᠠᠯᠠᠭᠤᠯᠤᠭᠴᠢ ᠶᠢᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢ ᠲᠤᠰᠢᠶᠠᠨ ᠬᠠᠳᠠᠭᠠᠯᠠᠭᠤᠯᠵᠤ ᠬᠡᠷᠡᠭᠯᠡᠭᠰᠡᠨ ᠪᠠᠶᠢᠳᠠᠯ ᠢ ᠪᠠᠶᠢᠴᠠᠭᠠᠨ ᠦᠵᠡᠬᠦ ᠳᠤ ᠲᠥᠬᠦᠮ ᠦᠵᠡᠭᠦᠯᠪᠡ᠃      ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠠᠵᠢᠯ ᠲᠥᠷᠥᠯ ᠤᠨ ᠬᠠᠮᠢᠶᠠᠷᠤᠯᠲᠠ ᠶᠢ ᠨᠠᠩ ᠵᠢᠷᠤᠮᠵᠢᠭᠤᠯᠪᠠ᠃ ᠤᠯᠤᠰ ᠤᠨ ᠣᠷᠣᠨ ᠪᠦᠰᠡ ᠶᠢᠨ ᠵᠣᠬᠢᠴᠠᠩᠭᠤᠶ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠪᠡᠭᠡᠵᠢᠩ ᠲᠢᠶᠠᠨᠵᠢᠨ ᠾᠧᠪᠧᠶ᠂ ᠬᠥᠬᠡᠮᠥ᠋ᠷᠡᠨ ᠤ ᠭᠤᠷᠪᠠᠯᠵᠢᠨ ᠬᠤᠶᠢᠭ᠂ ᠭᠤᠸᠠᠩᠳᠦ᠋ᠩ ᠰᠢᠶᠠᠩᠭᠠᠩ ᠣᠣᠮᠧᠨ ᠣᠷᠣᠨ᠂ ᠴᠧᠩᠳᠦ᠋ ᠴᠦᠩᠴᠢᠩ ᠬᠤᠲᠠ ᠶᠢᠨ ᠠᠵᠤ ᠠᠬᠤᠶ ᠶᠢᠨ ᠲᠣᠭᠤᠷᠢᠭ ᠤᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢ ᠨᠢᠭᠡ ᠴᠣᠭᠴᠠᠵᠢᠭᠤᠯᠤᠨ ᠬᠥᠭᠵᠢᠭᠦᠯᠬᠦ ᠶᠢ ᠵᠢᠯᠣᠭᠤᠳᠤᠨ ᠠᠬᠢᠭᠤᠯᠵᠤ᠂ ᠨᠠᠩ ᠣᠯᠠᠨ ᠵᠦᠢᠯᠡᠰ ᠢ ᠣᠷᠣᠨ ᠪᠦᠰᠡ ᠠᠯᠤᠰᠯᠠᠨ ᠭᠦᠢᠴᠡᠳᠭᠡᠬᠦ ᠶᠢ ᠬᠠᠶᠢᠨ ᠰᠦᠪᠡᠭᠴᠢᠯᠡᠵᠦ᠂ ᠤᠯᠤᠰ ᠤᠨ ᠳᠣᠲᠣᠭᠠᠳᠤ ᠶᠢᠨ ᠶᠡᠭᠡ ᠣᠷᠴᠢᠯ ᠢ ᠰᠠᠭᠠᠳ ᠥᠬᠡᠶ ᠨᠡᠪᠲᠡᠷᠡᠭᠦᠯᠬᠦ ᠳᠤ ᠢᠳᠡᠪᠬᠢᠲᠡᠶ ᠦᠢᠯᠡᠳᠦᠯ ᠦᠵᠡᠭᠦᠯᠪᠡ᠃ ᠠᠵᠢᠯ ᠲᠥᠷᠥᠯ ᠤᠨ ᠬᠠᠪᠰᠤᠷᠤᠨ ᠲᠡᠳᠬᠦᠬᠦ ᠠᠵᠢᠯ ᠤᠨ ᠲᠣᠭᠲᠠᠴᠠ ᠶᠢ ᠪᠠᠶᠢᠭᠤᠯᠵᠤ᠂ ᠰᠧᠴᠤᠸᠠᠨ᠂ ᠵᠢᠶᠠᠩᠰᠦ᠂ ᠱᠠᠨᠳᠦ᠋ᠩ ᠢ ᠵᠣᠬᠢᠶᠠᠨ ᠪᠠᠶᠢᠭᠤᠯᠤᠨ ᠲᠣᠰ ᠲᠣᠰ ᠲᠥᠪᠡᠳ᠂ ᠬᠥᠬᠡᠨᠠᠭᠤᠷ ᠂ ᠰᠢᠨᠵᠢᠶᠠᠩ ᠤᠨ ᠦᠢᠯᠡᠳᠪᠦᠷᠢᠯᠡᠯ ᠪᠥᠲᠥᠭᠡᠨ ᠪᠠᠶᠢᠭᠤᠯᠤᠯᠲᠠ ᠶᠢᠨ ᠪᠢᠩᠲ᠋ᠤᠸᠠᠨ ᠲᠠᠢ ︽ᠬᠤᠤᠰᠯᠠᠭᠤᠯᠵᠤ︾᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠬᠠᠮᠢᠶᠠᠷᠤᠯᠲᠠ ᠶᠢᠨ ᠠᠵᠢᠯᠯᠠᠭᠠᠨ ᠤ ᠬᠢᠷᠢ ᠲᠦᠪᠰᠢᠨ ᠢ ᠬᠦᠴᠦᠯᠡᠨ ᠳᠡᠭᠡᠭᠰᠢᠯᠡᠭᠦᠯᠪᠡ᠃ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠶᠢ ᠦᠷᠭᠦᠯᠵᠢᠯᠡᠨ ᠴᠢᠩᠭᠠᠳᠬᠠᠵᠤ᠂ ᠠᠵᠢᠯ ᠲᠥᠷᠥᠯ ᠤᠨ ᠬᠤᠪᠢᠶᠠᠷᠢ ᠪᠠᠶᠢᠭᠤᠯᠤᠮᠵᠢ ᠶᠢᠨ ᠬᠠᠷᠢᠶ᠎ᠠ ᠭᠠᠵᠠᠷ ᠲᠠᠬᠢ ᠬᠠᠮᠢᠶᠠᠷᠤᠯᠲᠠ ᠶᠢ ᠪᠡᠶᠡᠯᠡᠭᠦᠯᠬᠦ ᠶᠢ ᠤᠯᠠᠮ ᠨᠢᠭᠡ ᠠᠯᠬᠤᠮ ᠠᠬᠢᠭᠤᠯᠵᠤ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠬᠠᠮᠢᠶᠠᠷᠤᠯᠲᠠ ᠶᠢᠨ ᠲᠥᠪ ᠤᠨ ᠪᠡᠶ᠎ᠡ ᠶᠢᠨ ᠪᠠᠶᠢᠴᠠᠭᠠᠯᠲᠠ ᠶᠢ ᠦᠨᠡᠯᠡᠨ ᠵᠢᠱᠢᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠠᠵᠢᠯ ᠲᠥᠷᠥᠯ ᠤᠨ ᠬᠠᠮᠢᠶᠠᠷᠤᠯᠲᠠ ᠦᠢᠯᠡᠴᠢᠯᠡᠭᠡᠨ ᠤ ᠬᠢᠷᠢ ᠲᠦᠪᠰᠢᠨ ᠢ ᠲᠠᠰᠤᠷᠠᠯᠲᠠ ᠥᠬᠡᠶ ᠲᠡᠭᠡᠭᠰᠢᠯᠡᠭᠦᠯᠪᠡ᠃ ᠪᠦᠬᠦ ᠠᠵᠢᠯ ᠲᠥᠷᠥᠯ  ᠳᠤ ᠲᠤᠰᠬᠠᠶ ᠣᠷᠣᠨ ᠬᠤᠲᠠ ᠶᠢᠨ ᠱᠠᠲᠤᠨ ᠠᠴᠠ ᠳᠡᠭᠡᠭᠰᠢᠬᠢ ᠪᠣᠯᠪᠠᠰᠤᠨ ᠨᠢᠭᠡᠴᠢ ︵ᠠᠵᠢᠯ ᠲᠥᠷᠥᠯ᠂ ᠴᠤᠩᠬᠤᠪᠴᠢ︶ 193᠂ ᠵᠠᠯᠠᠭᠤᠴᠤᠳ ᠤᠨ ᠪᠣᠯᠪᠠᠰᠤᠨ ᠨᠢᠭᠡᠴᠢ 112᠂ ᠠᠵᠢᠯᠴᠢᠨ ᠤ ᠬᠤᠰᠢᠭᠤᠴᠢ ᠨᠢᠭᠡᠴᠢ 31 ᠢᠷᠠᠭᠤ ᠠᠯᠳᠠᠷ ᠢ ᠤᠯᠭᠤᠵᠤ᠂ ᠥᠷᠭᠡᠨ ᠣᠯᠠᠨ ᠲᠤᠰᠢᠶᠠᠨ ᠬᠠᠳᠠᠭᠠᠯᠠᠭᠤᠯᠤᠭᠴᠢ ᠳᠤ ᠨᠠᠩ ᠰᠠᠶᠢᠨ ᠨᠠᠩ ᠰᠢᠯᠢᠳᠡᠭ ᠦᠢᠯᠡᠴᠢᠯᠡᠭᠡ ᠬᠠᠩᠭᠠᠪᠠ᠃   ᠢᠷᠡᠯᠲᠡ᠄ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠰᠣᠨᠢᠨ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1