ᠲᠣᠭᠲᠠᠬᠤ ᠰᠢᠶᠠᠨ 4 ᠳ᠋ᠤᠭᠡᠷ ᠰᠠᠷ᠎ᠠ ᠳᠤ ᠲᠥᠪ  ᠪᠠ ᠥᠪᠡᠷᠲᠡᠭᠡᠨ ᠵᠠᠰᠠᠬᠤ ᠣᠷᠣᠨ ᠳᠤ ᠨᠡᠶᠢᠲᠡ 36270 ᠲᠦᠮᠡᠨ ᠲᠥᠭᠦᠷᠢᠭ ᠤᠨ ᠭᠠᠶᠢᠯᠢ ᠶᠢᠨ ᠣᠷᠣᠯᠭ᠎ᠠ ᠣᠯᠭᠤᠪᠠ
ᠨᠡᠶᠢᠲᠡᠯᠡᠭᠰᠡᠨ ᠴᠠᠭ᠄
2024/6/5
ᠢᠷᠡᠯᠲᠡ᠄ ᠡᠳ᠋ ᠤᠨ ᠵᠠᠰᠠᠭ ᠤᠨ ᠲᠣᠪᠴᠢᠶ᠎ᠠ       2024 ᠣᠨ ᠤ 4 ᠳ᠋ᠤᠭᠡᠷ ᠰᠠᠷ᠎ᠠ ᠳᠤ᠂ ᠥᠪᠥᠷ ᠮᠣᠩᠭᠤᠯ ᠤᠨ ᠬᠥᠬᠡᠬᠤᠲᠠ ᠶᠢᠨ ᠲᠣᠭᠲᠠᠬᠤ ᠰᠢᠶᠠᠨ ᠤ ᠲᠥᠪ ᠤᠨ ᠭᠠᠶᠢᠯᠢ ᠶᠢᠨ ᠣᠷᠣᠯᠭ᠎ᠠ ᠨᠡᠶᠢᠲᠡ 27393 ᠲᠦᠮᠡᠨ ᠲᠥᠭᠦᠷᠢᠭ ᠪᠠᠶᠢᠵᠤ᠂ ᠠᠳᠠᠯᠢ ᠬᠤᠭᠤᠴᠠᠭᠠᠨ ᠤ  ᠬᠢ ᠠᠴᠠ 16.8% ᠪᠠᠷ ᠨᠡᠮᠡᠭᠳᠡᠪᠡ᠃ ᠡᠭᠦᠨ ᠳᠤ᠄ ᠳᠡᠭᠡᠭᠰᠢ ᠲᠤᠰᠢᠶᠠᠭᠰᠠᠨ ᠥᠷᠲᠡᠭ ᠨᠡᠮᠡᠭᠳᠡᠯ ᠤᠨ ᠭᠠᠶᠢᠯᠢ 17096 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 28.9% ᠪᠠᠷ ᠨᠡᠮᠡᠭᠳᠡᠪᠡ︔ ᠳᠡᠭᠡᠭᠰᠢ ᠲᠤᠰᠢᠶᠠᠭᠰᠠᠨ ᠬᠡᠷᠡᠭᠯᠡᠭᠡᠨ ᠤ ᠭᠠᠶᠢᠯᠢ 32 ᠲᠦᠮᠡᠨ ᠲᠥᠭᠦᠷᠢᠭ ᠪᠠᠶᠢᠵᠤ᠂ ᠠᠳᠠᠯᠢ ᠬᠤᠭᠤᠴᠠᠭᠠᠨ ᠤ  ᠬᠢ ᠠᠴᠠ 38.5% ᠪᠠᠷ ᠪᠠᠭᠤᠷᠠᠪᠠ︔ ᠳᠡᠭᠡᠭᠰᠢ ᠲᠤᠰᠢᠶᠠᠭᠰᠠᠨ ᠠᠵᠤ ᠠᠬᠤᠶᠢᠯᠠᠯ ᠤᠨ ᠠᠰᠢᠭ ᠣᠷᠣᠯᠭ᠎ᠠ ᠶᠢᠨ ᠭᠠᠶᠢᠯᠢ 9143 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 0.1% ᠪᠠᠷ ᠨᠡᠮᠡᠭᠳᠡᠪᠡ ︔ ᠳᠡᠭᠡᠭᠰᠢ ᠬᠤᠪᠢ ᠬᠥᠮᠥᠨ ᠤ ᠠᠰᠢᠭ ᠣᠷᠣᠯᠭ᠎ᠠ ᠶᠢᠨ ᠭᠠᠶᠢᠯᠢ 1122 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 25.5%  ᠪᠠᠷ ᠨᠡᠮᠡᠭᠳᠡᠵᠡᠢ᠃      ᠥᠪᠡᠷᠲᠡᠭᠡᠨ ᠵᠠᠰᠠᠬᠤ ᠣᠷᠣᠨ ᠳᠤ ᠲᠤᠰᠢᠶᠠᠭᠰᠠᠨ ᠭᠠᠶᠢᠯᠢ ᠶᠢᠨ ᠣᠷᠣᠯᠭ᠎ᠠ ᠨᠡᠶᠢᠲᠡ 8877 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 20.7% ᠪᠠᠷ ᠨᠡᠮᠡᠭᠳᠡᠪᠡ᠃ ᠡᠭᠦᠨ ᠳᠤ᠄ ᠳᠡᠭᠡᠷ᠎ᠡ ᠵᠢᠭᠰᠠᠭᠠᠭᠰᠠᠨ ᠥᠷᠲᠡᠭ ᠨᠡᠮᠡᠭᠳᠡᠯ ᠤᠨ ᠭᠠᠶᠢᠯᠢ 5129 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 28.9% ᠪᠠᠷ ᠨᠡᠮᠡᠭᠳᠡᠪᠡ︔ ᠳᠡᠭᠡᠭᠰᠢ ᠬᠤᠪᠢᠶᠠᠷᠢᠯᠠᠭᠰᠠᠨ ᠠᠵᠤ ᠠᠬᠤᠶᠢᠯᠠᠯ ᠤᠨ ᠠᠰᠢᠭ ᠣᠷᠣᠯᠭ᠎ᠠ ᠶᠢᠨ ᠭᠠᠶᠢᠯᠢ 1509 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 0.2% ᠢᠶᠠᠷ ᠪᠠᠭᠤᠷᠠᠪᠠ︔ ᠳᠡᠭᠡᠭᠰᠢ ᠲᠤᠰᠢᠶᠠᠭᠰᠠᠨ ᠬᠤᠪᠢ ᠬᠥᠮᠥᠨ ᠤ ᠠᠰᠢᠭ ᠣᠷᠣᠯᠭ᠎ᠠ ᠶᠢᠨ ᠭᠠᠶᠢᠯᠢ 187 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 25.5% ᠪᠠᠷ ᠨᠡᠮᠡᠭᠳᠡᠪᠡ︔ ᠳᠡᠭᠡᠭᠰᠢ ᠲᠤᠰᠢᠶᠠᠭᠰᠠᠨ ᠡᠬᠢ ᠪᠠᠶᠠᠯᠢᠭ ᠤᠨ ᠭᠠᠶᠢᠯᠢ 1634 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ  ᠬᠢ ᠠᠴᠠ 23.4%  ᠪᠠᠷ ᠨᠡᠮᠡᠭᠳᠡᠪᠡ︔ ᠣᠷᠴᠢᠨ ᠠᠬᠤᠢ ᠶᠢᠨ ᠬᠠᠮᠠᠭᠠᠯᠠᠯᠲᠠ ᠶᠢᠨ ᠭᠠᠶᠢᠯᠢ ᠶᠢ 418 ᠲᠦᠮᠡᠨ ᠲᠥᠭᠦᠷᠢᠭ ᠳᠡᠭᠡᠭᠰᠢ  ᠲᠤᠰᠢᠶᠠᠵᠦ᠂ ᠠᠳᠠᠯᠢ ᠬᠤᠭᠤᠴᠠᠭᠠᠨ ᠤ ᠬᠢ ᠠᠴᠠ 17.1% ᠪᠠᠷ ᠨᠡᠮᠡᠭᠳᠡᠪᠡ᠃
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1