ᠭᠡᠷ ᠪᠠᠶᠢᠰᠢᠩ ᠤᠨ ᠠᠮᠤᠷ ᠲᠦᠪᠰᠢᠨ ᠤ ︽ᠠᠮᠢ ᠨᠠᠰᠤᠨ ᠤ ᠬᠡᠷᠡᠮ︾ ᠢ ᠶᠠᠭᠠᠬᠢᠭᠰᠠᠨ ᠴᠦ ᠬᠦᠳᠡᠯᠭᠡᠵᠦ ᠪᠣᠯᠬᠤ ᠦᠭᠡᠢ︕
ᠨᠡᠶᠢᠲᠡᠯᠡᠭᠰᠡᠨ ᠴᠠᠭ᠄
2024/6/5
      ᠰᠢᠨ᠎ᠡ ᠭᠡᠷ ᠢᠶᠠᠨ ᠵᠠᠰᠠᠵᠤ ᠴᠢᠮᠡᠭᠯᠡᠭᠡᠳ ᠨᠢᠭᠡ ᠵᠢᠯ ᠪᠣᠯᠣᠮᠠᠭᠴᠠ ᠲᠤᠤᠷ᠎ᠠ ᠲᠠᠪᠬᠤᠷᠯᠢᠭ ᠤᠨ ᠵᠡᠷᠭᠡᠯᠳᠦᠭᠡ ᠠᠶᠢᠯ ᠤᠨ ᠬᠢᠨ ᠲᠠᠭᠠᠭᠠᠴᠠ ᠬᠡᠷᠡᠮ ᠢ ᠨᠤᠷᠠᠭᠠᠵᠤ᠂ ᠥᠪᠡᠷ ᠤᠨ ᠬᠢᠨ ᠬᠡᠷ ᠪᠠᠶᠢᠰᠢᠩ ᠳᠤ ᠪᠠᠭ᠎ᠠ ᠪᠤᠰᠤ ᠬᠤᠬᠢᠷᠠᠯ ᠤᠴᠠᠷᠠᠭᠤᠯᠪᠠ ᠭᠡᠵᠤ ᠱᠠᠩᠬᠠᠢ ᠶᠢᠨ ᠫᠦ᠋ ᠳ᠋ᠦᠩ ᠤᠨ ᠨᠢᠭᠡᠨ ᠰᠠᠭᠤᠭᠠᠯᠢ ᠠᠷᠠᠳ ᠤᠨ ᠲᠤᠭᠤᠷᠢᠭ ᠤᠨ ᠶᠧ ᠠᠪᠠᠭ᠋ᠠᠢ ᠬᠡᠯᠡᠪᠡ᠃      ᠲᠡᠷᠡ ᠲᠤᠬᠠᠶ ᠶᠢᠨ ᠭᠠᠵᠠᠷ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠲᠤ ᠪᠠᠶᠢᠳᠠᠯ ᠢ ᠲᠤᠰᠬᠠᠵᠤ᠂ ᠬᠠᠤᠯᠢ ᠬᠡᠷᠡᠭᠵᠢᠭᠦᠯᠬᠦ ᠠᠵᠢᠯᠲᠠᠨ ᠲᠠᠢ ᠬᠠᠮᠳᠦ ᠵᠡᠷᠭᠡᠯᠡᠳᠡᠭᠡ ᠠᠶᠢᠯ ᠤᠨ ᠬᠢᠨ ᠵᠣᠴᠢᠨ ᠤ ᠲᠢᠩᠬᠢᠮ ᠪᠣᠯᠤᠨ ᠤᠨᠲᠠᠬᠤ ᠥᠷᠥᠭᠡ ᠶᠢᠨ ᠬᠤᠭᠤᠷᠣᠨᠳᠣᠬᠢ ᠬᠡᠷᠡᠮ ᠢ ᠨᠢᠭᠡ ᠮᠧᠲᠷ ᠭᠠᠷᠤᠢ ᠥᠷᠭᠡᠨ ᠨᠤᠷᠠᠭᠠᠵᠤ ᠤᠯᠠᠭᠠᠨ ᠲᠣᠭᠤᠰᠬ᠎ᠠ ᠨᠢ ᠭᠠᠷᠴᠦ ᠪᠠᠶᠢᠬᠤ ᠶᠢ ᠬᠠᠷᠠᠵᠠᠢ᠃      ᠲᠠᠭᠠᠭᠠᠴᠠ ᠬᠡᠷᠡᠮ ᠨᠢ ᠪᠠᠷᠢᠯᠭ᠎ᠠ ᠶᠢᠨ ︽ᠠᠮᠢ ᠨᠠᠰᠤᠨ ᠤ ᠬᠡᠷᠡᠮ︾ ᠬᠡᠮᠡᠭᠳᠡᠵᠦ᠂ ᠠᠰᠠᠷ ᠤᠨ ᠳᠠᠪᠬᠤᠷᠭ᠎ᠠ ᠶᠢᠨ ᠬᠦᠨᠳᠦ ᠶᠢᠨ ᠬᠡᠮᠵᠢᠶ᠎ᠡ ᠶᠢ ᠲᠤᠯᠭᠠᠭᠤᠷᠯᠠᠵᠤ ᠪᠠᠶᠢᠭ᠎ᠠ ᠬᠡᠷᠡᠮ ᠢ ᠵᠢᠭᠠᠵᠤ ᠪᠠᠶᠢᠨ᠎ᠠ᠂ ᠪᠠᠷᠢᠯᠭ᠎ᠠ ᠶᠢᠨ ᠨᠢᠷᠤᠭᠤ ᠲᠤᠯᠭᠠᠭᠤᠷᠢ ᠪᠤᠯᠵᠤ ᠪᠠᠶᠢᠨ᠎ᠠ᠂ ᠪᠠᠰᠠ ᠴᠤ ᠭᠡᠷ ᠳᠣᠲᠣᠷᠠᠬᠢ ᠠᠮᠤᠷ ᠲᠦᠪᠰᠢᠨ ᠢ ᠲᠣᠭᠲᠠᠭᠠᠬᠤ ᠴᠢᠬᠤᠯᠠ ᠬᠡᠰᠡᠭ ᠮᠥᠨ᠂ ᠲᠠᠭᠠᠭᠠᠴᠠ ᠬᠡᠷᠡᠮ ᠳᠤ ᠠᠰᠠᠭᠤᠳᠠᠯ ᠭᠠᠷᠪᠠᠯ ᠶᠡᠷᠦ ᠨᠢ ᠪᠦᠬᠦᠯᠢ ᠠᠰᠠᠷ ᠤᠨ ᠰᠠᠭᠤᠭᠠᠯᠢ ᠠᠷᠠᠳ ᠤᠨ ᠠᠮᠤᠷ ᠲᠦᠪᠰᠢᠨ ᠢ ᠰᠦᠷᠳᠡᠭᠦᠯᠵᠦ ᠪᠠᠶᠢᠳᠠᠭ᠃ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠤᠨ ᠲᠣᠭᠲᠠᠭᠠᠯ ᠶᠣᠰᠣᠭᠠᠷ᠂ ᠬᠡᠳᠦᠶᠢᠪᠡᠷ ᠲᠠᠭᠠᠭᠠᠴᠠ ᠬᠡᠷᠡᠮ ᠨᠢ ᠥᠮᠴᠢᠲᠡᠨ ᠤ ᠭᠡᠷ ᠲᠤ ᠪᠠᠶᠢᠭ᠎ᠠ ᠪᠣᠯᠪᠠᠴᠤ᠂ ᠮᠥᠨ ᠯᠡ ᠬᠠᠮᠲᠤ ᠶᠢᠨ ᠭᠠᠵᠠᠷ ᠪᠣᠯᠤᠨ᠎ᠠ᠂ ᠥᠮᠴᠢᠲᠡᠨ ᠬᠡᠷᠡᠮ ᠤᠨ ᠬᠡᠷᠡᠭᠯᠡᠯᠲᠡ ᠶᠢᠨ ᠦᠨᠳᠦᠰᠦᠨ ᠴᠢᠳᠠᠮᠵᠢ ᠶᠢ ᠡᠪᠳᠡᠵᠦ ᠪᠣᠯᠬᠤ ᠦᠭᠡᠢ᠃      ᠬᠡᠪᠡᠴᠤ ᠣᠢᠢᠯᠠᠲᠣᠯᠭᠡ ᠶᠢᠨ ᠳᠣᠮᠲᠠ ᠬᠦᠮᠦᠰ ᠬᠤᠪᠢᠨᠴᠢᠷ ᠰᠠᠨᠠᠭᠠᠨ ᠠᠴᠠ ᠪᠤᠯᠵᠤ ᠲᠠᠭᠠᠭᠠᠴᠠ ᠬᠡᠷᠡᠮ ᠢ ᠣᠢᠭᠡᠷᠠᠴᠢᠯᠠᠨ᠂ ᠴᠢᠨᠠᠬᠰᠢᠯᠠᠪᠡᠯ ᠲᠠᠭᠠᠭᠠᠴᠠ ᠬᠡᠷᠡᠮ ᠢ ᠨᠤᠷᠠᠭᠠᠭᠰᠠᠨ ᠠᠴᠠ ᠪᠤᠯᠣᠬᠰᠠᠨ ᠬᠡᠷᠡᠭ ᠪᠤᠶᠤ ᠵᠢᠭᠤᠷᠠᠯᠲᠣᠭᠠᠨ ᠨᠢ ᠴᠦᠬᠡᠨ ᠪᠤᠰᠤ ᠪᠠᠶᠢᠲᠠᠭ᠃ᠵᠡᠷᠭᠡᠯᠳᠦᠭᠡ ᠠᠶᠢᠯ ᠤᠨ ᠬᠢᠨ ᠲᠤᠷ᠎ᠠ ᠪᠠᠷ ᠢᠶᠠᠨ ᠲᠠᠭᠠᠭᠠᠴᠠ ᠬᠡᠷᠡᠮ ᠢ ᠨᠤᠷᠠᠭᠠᠵᠦ ᠢᠯᠡᠴᠢᠯᠡᠭᠳᠡᠭᠰᠡᠨ ᠤ ᠲᠠᠷᠠᠭ᠎ᠠ ᠬᠡᠪ ᠤᠨ ᠪᠠᠶᠢᠳᠠᠯ ᠢ ᠰᠡᠷᠭᠦᠭᠡᠪᠡ      ᠪᠡᠭᠡᠵᠢᠩ ᠬᠤᠲᠠ ᠶᠢᠨ ᠪᠠᠷᠠᠭᠤᠨ ᠬᠤᠲᠠ ᠲᠣᠭᠤᠷᠢᠭ ᠤᠨ ᠲᠤᠤ ᠷᠠᠨ ᠲᠢᠩ ᠵᠡᠭᠡᠯᠢ ᠭᠤᠳᠤᠮᠵᠢ ᠶᠢᠨ ᠨᠢᠭᠡᠨ ᠰᠠᠭᠤᠭᠠᠯᠢ ᠠᠷᠠᠳ ᠤᠨ ᠲᠣᠭᠤᠷᠢᠭ ᠤᠨ ᠭᠡᠷ ᠪᠠᠶᠢᠰᠢᠩ 20 ᠳ᠋ᠤᠭᠠᠷ ᠵᠠᠭᠤᠨ ᠤ ᠨᠠᠶᠠᠭᠠᠳ ᠣᠨ ᠤ ᠦᠶ᠎ᠡ ᠪᠠᠷ ᠪᠠᠶᠢᠭᠤᠯᠤᠭᠳᠠᠵᠠᠢ᠂ ᠱᠧᠨ ᠠᠪᠠᠭ᠋ᠠᠶ ᠪᠣᠯ ᠡᠨᠡᠬᠦ ᠰᠠᠭᠤᠭᠠᠯᠢ ᠠᠷᠠᠳ ᠤᠨ ᠲᠣᠭᠤᠷᠢᠭ ᠤᠨ 5 ᠳ᠋ᠤᠭᠠᠷ ᠳᠠᠪᠬᠤᠷᠯᠢᠭ ᠤᠨ ᠰᠠᠭᠤᠭᠠᠯᠢ ᠡᠷᠦᠬᠡ ᠪᠣᠯᠤᠨ᠎ᠠ᠃ ᠱᠧᠨ ᠠᠪᠠᠭ᠋ᠠᠢ ᠶᠢᠨ ᠲᠠᠨᠢᠯᠴᠠᠭᠤᠯᠤᠭᠰᠠᠨ ᠢᠶᠠᠷ᠂ ᠰᠠᠭᠤᠭᠠᠯᠢ ᠠᠷᠠᠳ ᠤᠨ ᠲᠣᠭᠤᠷᠢᠭ ᠲᠤ ᠠᠳᠠᠯ ᠠᠬᠤᠢ ᠶᠢᠨ ᠺᠣᠮᠫᠠᠨᠢ ᠪᠠᠶᠢᠬᠤ ᠦᠭᠡᠢ᠂ ᠭᠡᠷ ᠪᠠᠶᠢᠰᠢᠩ ᠤᠨ ᠪᠦᠬᠦᠯᠢ ᠴᠣᠭᠴᠠ ᠶᠢᠨ ᠪᠦᠲᠦᠴᠡ ᠶᠢ ᠤᠯᠤᠰ ᠲᠤ ᠥᠮᠴᠢᠯᠡᠵᠦ᠂ ᠭᠡᠷ ᠪᠠᠶᠢᠰᠢᠩ ᠤᠨ ᠬᠠᠮᠢᠶᠠᠷᠤᠯᠲᠠ ᠶᠢᠨ ᠭᠠᠵᠠᠷ ᠤᠨ ᠭᠡᠷ ᠪᠠᠶᠢᠰᠢᠩ ᠤᠨ ᠤᠬᠠᠭᠤᠯᠭ᠎ᠠ ᠶᠢᠨ ᠺᠣᠮᠫᠠᠨᠢ ᠠᠴᠠ ᠣᠷᠣᠯᠠᠨ ᠬᠠᠮᠢᠶᠠᠷᠴᠦ ᠪᠠᠶᠢᠨ᠎ᠠ᠃      2023 ᠣᠨ ᠤ 3 ᠳ᠋ᠤᠭᠠᠷ ᠰᠠᠷ᠎ᠠ ᠳᠤ ᠰᠢᠨ᠎ᠡ ᠵᠡᠷᠭᠡᠯᠡᠳᠡᠭᠡ ᠠᠶᠢᠯ ᠨᠡᠭᠦᠵᠦ ᠢᠷᠡᠭᠰᠡᠨ ᠪᠥᠭᠡᠳ ᠰᠢᠨ᠎ᠡ ᠪᠠᠷ ᠵᠠᠰᠠᠵᠦ ᠴᠢᠮᠡᠭᠯᠡᠪᠡ᠃ ᠲᠠᠭᠠᠭᠠᠴᠠ ᠬᠡᠷᠡᠮ ᠦᠭᠡᠷᠡᠴᠢᠯᠡᠭᠳᠡᠭᠰᠡᠨ ᠠᠴᠠ ᠱᠧᠨ ᠠᠪᠠᠭ᠋ᠠᠶ ᠪᠣᠯᠤᠨ ᠭᠡᠷ ᠤᠨ ᠬᠥᠮᠦᠰ ᠨᠢ ᠠᠰᠠᠭᠤᠳᠠᠯ ᠤᠨ ᠬᠦᠨᠳᠦ ᠨᠣᠴᠢᠲᠠᠶ ᠪᠠᠶᠢᠬᠤ ᠶᠢ ᠮᠡᠳᠡᠵᠡᠢ᠂ ᠰᠠᠭᠤᠭᠠᠯᠢ ᠠᠷᠠᠳ ᠤᠨ ᠲᠣᠭᠤᠷᠢᠭ ᠲᠤ ᠪᠠᠰᠠ ᠠᠳᠠᠯ ᠠᠬᠤᠶ ᠶᠢᠨ ᠺᠣᠮᠫᠠᠨᠢ ᠪᠠᠶᠢᠬᠤ ᠥᠬᠡᠶ ᠪᠣᠯᠬᠤᠷ ᠰᠢᠭᠤᠳ 12345 ᠤᠲᠠᠰᠤᠨ ᠳᠤ ᠠᠰᠠᠭᠤᠳᠠᠯ ᠢ ᠲᠤᠰᠬᠠᠪᠠ᠃      ᠳᠠᠷᠠᠭ᠎ᠠ ᠡᠳᠦᠷ᠂ ᠨᠡᠶᠢᠭᠡᠮ ᠲᠣᠭᠤᠷᠢᠭ ᠤᠨ ᠠᠵᠢᠯᠲᠠᠳ ᠲᠤᠬᠠᠢ ᠶᠢᠨ ᠲᠠᠯᠠᠪᠠᠢ ᠳᠤ ᠬᠦᠷᠴᠦ ᠪᠠᠶᠢᠳᠠᠯ ᠢ ᠣᠶᠢᠯᠠᠭᠠᠪᠠ᠃ ᠥᠮᠴᠢᠲᠡᠨ ᠥᠪᠡᠷ ᠤᠨ ᠬᠢᠳᠡᠯ ᠨᠢ ᠶᠠᠮᠠᠷ ᠵᠣᠬᠢᠰ ᠥᠬᠡᠶ ᠪᠢᠰᠢ᠂ ᠬᠡᠷᠡᠮ ᠢ ᠥᠭᠡᠷᠡᠴᠢᠯᠡᠨ ᠰᠢᠨᠡᠳᠬᠡᠬᠦ ᠨᠢ ᠲᠣᠮᠣ ᠠᠰᠠᠷ ᠤᠨ ᠪᠦᠲᠦᠴᠡ ᠳᠤ ᠨᠥᠯᠥᠭᠡ ᠥᠬᠡᠶ ᠭᠡᠬᠦ ᠦᠵᠡᠯᠳᠡ ᠪᠠᠨ ᠪᠠᠷᠢᠮᠲᠠᠯᠠᠪᠠ᠃ ᠨᠡᠶᠢᠭᠡᠮ ᠲᠤᠭᠤᠷᠢᠭ ᠤᠨ ᠠᠵᠢᠯᠲᠠᠨ ᠵᠥᠪᠬᠡᠨ ᠲᠤᠰᠬᠠᠶ ᠮᠡᠷᠭᠡᠵᠢᠯ ᠤᠨ ᠰᠠᠯᠠᠭ᠎ᠠ ᠮᠥᠴᠢᠷ ᠢ ᠤᠷᠢᠵᠤ ᠲᠤᠬᠠᠶ ᠶᠢᠨ ᠲᠠᠯᠠᠪᠠᠢ ᠳᠤ ᠬᠢᠨᠠᠨ ᠲᠤᠭᠳᠠᠭᠠᠬᠤ ᠪᠠᠷ ᠪᠤᠯᠵᠠᠢ᠃ ᠳᠠᠷᠠᠭ᠎ᠠ ᠡᠳᠦᠷ ᠨᠢ ᠪᠡᠭᠡᠵᠢᠩ ᠬᠤᠲᠠ ᠶᠢᠨ ᠪᠠᠷᠠᠭᠤᠨ ᠬᠤᠳᠠ ᠲᠣᠭᠤᠷᠢᠭ ᠤᠨ ᠣᠷᠣᠨ ᠰᠠᠭᠤᠴᠠ ᠪᠣᠯᠤᠨ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠵᠥᠪᠯᠡᠯ ᠵᠡᠷᠭᠡ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠠᠵᠢᠯᠲᠠᠨ᠂ ᠭᠡᠷ ᠪᠠᠶᠢᠰᠢᠩ ᠤᠨ ᠤᠬᠠᠭᠤᠯᠭ᠎ᠠ ᠶᠢᠨ ᠺᠣᠮᠫᠠᠨᠢ ᠪᠣᠯᠤᠨ ᠵᠡᠭᠡᠯᠢ ᠭᠤᠳᠤᠮᠵᠢ ᠨᠡᠶᠢᠭᠡᠮ ᠲᠣᠭᠤᠷᠢᠭ ᠤᠨ 10 ᠭᠠᠷᠤᠢ ᠠᠵᠢᠯᠲᠠᠨ ᠲᠤᠬᠠᠢ ᠶᠢᠨ ᠲᠠᠯᠠᠪᠠᠢ ᠳᠤ ᠢᠷᠡᠵᠦ᠂ ᠬᠠᠶᠢᠨ ᠪᠠᠶᠢᠴᠠᠭᠠᠭᠰᠠᠨ ᠢᠶᠠᠷ᠂ ᠲᠣᠰ ᠡᠷᠦᠬᠡ ᠶᠢᠨ ᠵᠠᠰᠠᠯ ᠴᠢᠮᠡᠭᠯᠡᠯ ᠨᠢ ᠲᠣᠭᠲᠠᠭᠠᠯ ᠠᠴᠠ ᠵᠥᠷᠢᠴᠡᠨ ᠲᠠᠭᠠᠭᠠᠴᠠ ᠬᠡᠷᠡᠮ ᠢ ᠨᠤᠷᠠᠭᠠᠬᠤ ᠦᠢᠯᠡ ᠠᠵᠢᠯᠯᠠᠭ᠎ᠠ ᠦᠨᠡᠨ ᠬᠦ ᠣᠷᠣᠰᠢᠵᠤ ᠪᠠᠶᠢᠨ᠎ᠠ ᠭᠡᠵᠤ ᠲᠤᠭᠳᠠᠭᠠᠵᠤ᠂ ᠲᠡᠭᠦᠨ ᠢ ᠵᠠᠷᠯᠢᠭᠳᠠᠨ ᠠᠵᠢᠯ ᠵᠣᠭᠰᠣᠭᠠᠵᠤ ᠴᠡᠭᠴᠡᠯᠡᠨ ᠰᠠᠶᠢᠵᠢᠷᠠᠭᠤᠯᠪᠠ᠃ ᠡᠭᠦᠨ ᠠᠴᠠ ᠬᠤᠶᠢᠰᠢ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠤᠨ ᠬᠤᠯᠪᠣᠭᠳᠠᠯ ᠪᠦᠬᠦᠢ ᠨᠢᠭᠡᠴᠢ ᠶᠢᠨ ᠠᠵᠢᠯᠲᠠᠳ ᠣᠯᠠᠨ ᠤᠳᠠᠭ᠎ᠠ ᠲᠤᠬᠠᠶ ᠶᠢᠨ ᠲᠠᠯᠠᠪᠠᠢ ᠳᠤ ᠢᠷᠡᠵᠦ ᠰᠢᠮᠳᠠᠭᠤᠯᠤᠨ ᠪᠠᠶᠢᠴᠠᠭᠠᠪᠠ᠃          ᠵᠠᠷ ᠮᠡᠳᠡᠭᠡ ᠶᠢ ᠬᠦᠩᠭᠡᠨ ᠬᠠᠭᠤᠳᠠᠮ ᠢᠶᠠᠷ ᠢᠳᠡᠭᠡᠵᠦ ᠲᠤᠷ᠎ᠠ ᠪᠠᠷ ᠢᠶᠠᠨ ᠨᠤᠷᠠᠭᠠᠵᠤ ᠦᠭᠡᠷᠡᠴᠢᠯᠡᠪᠡᠯ ᠬᠠᠷᠢᠭᠤᠴᠠᠯᠭ᠎ᠠ ᠡᠭᠦᠷᠭᠡᠯᠡᠨ᠎ᠡ     ᠡᠨᠡ ᠵᠢᠯ ᠤᠨ 3 ᠳ᠋ᠤᠭᠠᠷ ᠰᠠᠷ᠎ᠠ ᠳᠤ᠂ ᠪᠡᠭᠡᠵᠢᠩ ᠬᠤᠲᠠ ᠶᠢᠨ ᠢᠷᠭᠡᠨ ᠼᠤᠤ ᠠᠪᠠᠭ᠋ᠠᠢ ᠣᠷᠣᠨ ᠰᠠᠭᠤᠴᠠ ᠪᠠᠨ ᠵᠠᠰᠠᠵᠤ ᠴᠢᠮᠡᠭᠯᠡᠪᠡ᠃ ᠬᠤᠳᠠᠯᠳᠤᠨ ᠠᠪᠤᠭᠰᠠᠨ ᠭᠡᠷ ᠪᠠᠶᠢᠰᠢᠩ ᠨᠢ 40 ᠭᠠᠷᠤᠢ ᠵᠢᠯ ᠤᠨ ᠡᠮᠦᠨ᠎ᠡ ᠪᠠᠶᠢᠭᠤᠯᠤᠭᠰᠠᠨ ᠬᠠᠭᠤᠴᠢᠨ ᠭᠡᠷ ᠪᠠᠶᠢᠰᠢᠩ ᠪᠣᠯᠬᠤᠷ ᠼᠤᠤ ᠠᠪᠠᠭ᠋ᠠᠶ ᠭᠡᠷ ᠪᠠᠶᠢᠰᠢᠩ ᠤᠨ ᠪᠦᠲᠦᠴᠡ ᠳᠤ ᠮᠠᠰᠢ ᠣᠯᠠᠨ ᠬᠠᠨᠤᠮᠵᠢ ᠦᠭᠡᠢ ᠤᠴᠢᠷ ᠠᠴᠠ ᠲᠠᠭᠠᠭᠠᠴᠠ ᠬᠡᠷᠡᠮ ᠢ ᠪᠠᠯᠪᠠᠴᠢᠵᠦ᠂ ᠭᠡᠷ ᠤᠨ ᠳᠣᠲᠣᠷᠠᠬᠢ ᠣᠷᠣᠨ ᠵᠠᠢ ᠶᠢ ᠨᠡᠮᠡᠭᠳᠡᠭᠦᠯᠬᠦ ᠭᠡᠪᠡ      ᠵᠠᠰᠠᠯ ᠴᠢᠮᠡᠭᠯᠡᠯ ᠤᠨ ᠺᠤᠮᠫᠠᠨᠢ ᠠᠴᠠ ᠡᠳᠡᠭᠡᠷ ᠪᠣᠯ ᠪᠦᠷ ᠲᠠᠭᠠᠭᠠᠴᠠ ᠬᠡᠷᠡᠮ ᠨᠤᠷᠠᠭᠠᠵᠦ ᠪᠠᠯᠪᠠᠴᠢᠵᠤ ᠪᠤᠯᠬᠤ ᠦᠭᠡᠢ ᠭᠡᠵᠦ ᠰᠠᠨᠠᠭᠤᠯᠵᠠᠢ᠃ ᠲᠡᠭᠡᠭᠡᠳ ᠲᠡᠷᠡ ᠰᠦᠯᠵᠢᠶᠡᠨ ᠲᠡᠭᠡᠷ᠎ᠡ ︽ᠬᠥᠬᠡ ᠳᠡᠰ ᠤᠨ ᠵᠢᠷᠤᠭ ᠲᠥᠯᠦᠪᠯᠡᠭᠡᠨ ᠤ ᠬᠦᠷᠢᠶᠡᠯᠡᠩ︾ ᠭᠡᠳᠡᠭ ᠤᠬᠠᠭᠤᠯᠭ᠎ᠠ ᠶᠢᠨ ᠪᠢᠴᠢᠭᠡᠰᠦ ᠶᠢ ᠤᠯᠵᠦ ᠂ ᠪᠦᠷᠢᠨ ᠪᠦᠲᠦᠨ ᠬᠢᠷᠢ ᠭᠡᠮ ᠲᠠᠢ ᠪᠥᠭᠡᠳ ᠼᠤᠤ ᠠᠪᠠᠭ᠋ᠠᠢ ᠶᠢᠨ ᠳᠤᠷᠠᠳᠤᠭᠰᠠᠨ ᠬᠡᠳᠦᠨ ᠭᠠᠵᠠᠷ ᠢ ᠪᠦᠷ ᠨᠤᠷᠠᠭᠠᠵᠤ ᠪᠣᠯᠤᠨ᠎ᠠ ᠭᠡᠵᠦ ᠠᠮᠠᠯᠳᠠᠵᠠᠢ᠃       ᠡᠨᠡᠬᠦ ᠺᠤᠮᠫᠠᠨᠢ ᠶᠢᠨ ᠬᠠᠭᠤᠷᠮᠠᠭ ᠤᠬᠠᠭᠤᠯᠭ᠎ᠠ ᠶᠢ ᠢᠳᠡᠭᠡᠵᠦ᠂ ᠼᠤᠤ ᠠᠪᠠᠭ᠋ᠠᠢ ᠲᠡᠷᠡ ᠳᠣᠣᠷ᠎ᠠ ᠨᠢ ᠭᠡᠷ᠎ᠡ ᠲᠣᠭᠲᠠᠵᠠᠢ᠃ ᠵᠢᠷᠤᠭ ᠲᠥᠯᠥᠪᠯᠡᠭᠡᠨ ᠤ ᠭᠠᠵᠠᠷ ᠬᠦᠮᠦᠨ ᠲᠣᠮᠢᠯᠠᠨ ᠠᠵᠢᠯ ᠡᠬᠢᠯᠡᠭᠦᠯᠪᠡ᠃ ᠭᠡᠪᠡᠴᠦ ᠵᠡᠷᠭᠡᠯᠡᠳᠡᠭᠡ ᠠᠶᠢᠯ ᠨᠢ ᠬᠤᠯᠪᠣᠭᠳᠠᠯ ᠪᠦᠬᠦᠢ ᠨᠢᠭᠡᠴᠢ ᠳᠤ ᠢᠯᠡᠴᠢᠯᠡᠨ ᠮᠡᠳᠡᠭᠦᠯᠦᠭᠰᠡᠨ ᠪᠠᠶᠢᠨ᠎ᠠ᠃      ︽ᠲᠤᠬᠠᠶ ᠶᠢᠨ ᠭᠠᠵᠠᠷ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠵᠥᠪᠯᠡᠯ ᠤᠨ ᠬᠠᠤᠯᠢ ᠬᠡᠷᠡᠭᠵᠢᠭᠦᠯᠬᠦ ᠠᠩᠭᠢ ᠬᠡᠷ ᠲᠤᠨᠢ ᠬᠦᠷᠴᠦ ᠪᠠᠶᠢᠴᠠᠭᠠᠨ ᠦᠵᠡᠭᠰᠡᠨ ᠤ ᠳᠠᠷᠠᠭ᠎ᠠ᠂ ᠲᠠᠭᠠᠭᠠᠴᠠ ᠬᠡᠷᠡᠮ ᠢ ᠨᠤᠷᠠᠭᠠᠵᠤ ᠪᠣᠯᠬᠤ ᠥᠬᠡᠶ᠂ ᠵᠠᠷᠯᠢᠭᠳᠠᠨ ᠴᠡᠭᠴᠡᠯᠡᠨ ᠰᠠᠶᠢᠵᠢᠷᠠᠭᠤᠯᠬᠤ ᠮᠡᠳᠡᠭᠳᠡᠯ ᠤᠨ ᠬᠠᠭᠤᠳᠠᠰᠤ ᠭᠠᠷᠭᠠᠵᠤ᠂ ᠤᠤᠯ ᠪᠠᠶᠢᠳᠠᠯ ᠢ ᠰᠡᠷᠭᠦᠭᠡᠬᠦ ᠶᠢ ᠱᠠᠭᠠᠷᠳᠠᠪᠠ︾᠃ ᠼᠤᠤ ᠠᠪᠠᠭ᠋ᠠᠢ ᠥᠪᠡᠷ ᠢ ᠪᠠᠨ ︽ᠬᠥᠬᠡ ᠳᠡᠰ ᠤᠨ ᠵᠢᠷᠤᠭ ᠲᠥᠯᠥᠪᠯᠡᠭᠡ ᠶᠢᠨ ᠬᠦᠷᠢᠶᠡᠯᠡᠩ︾ ᠲᠤ ᠮᠡᠬᠡᠯᠡᠭᠳᠡᠭᠰᠡᠨ ᠢᠶᠠᠨ ᠮᠡᠳᠡᠵᠦ᠂ ᠲᠤᠬᠠᠢ ᠶᠢᠨ ᠭᠠᠵᠠᠷ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠳᠠ ᠶᠢᠨ ᠵᠥᠪᠯᠡᠯ ᠤᠨ ᠱᠠᠭᠠᠷᠳᠠᠯᠭ᠎ᠠ ᠶᠣᠰᠣᠭᠠᠷ ᠴᠡᠭᠴᠡᠯᠡᠨ ᠰᠠᠢᠵᠢᠷᠠᠭᠤᠯᠤᠭᠰᠠᠨ ᠪᠥᠭᠡᠳ ᠰᠢᠯᠭᠠᠨ ᠠᠪᠤᠭᠰᠠᠨ ᠤ ᠳᠠᠷᠠᠭ᠎ᠠ᠂ ᠡᠨᠡ ᠬᠦ ᠵᠢᠷᠤᠭ ᠲᠥᠯᠦᠪᠯᠡᠭᠡᠨ ᠤ ᠬᠦᠷᠢᠶᠡᠯᠡᠩ ᠢ ᠵᠠᠭᠠᠯᠳᠤᠬᠤ ᠪᠠᠷ ᠲᠣᠭᠲᠠᠪᠠ᠃      ᠬᠥᠬᠡ ᠳᠡᠰ ᠤᠨ ᠵᠢᠷᠤᠭ ᠲᠥᠯᠦᠪᠯᠡᠭᠡᠨ ᠤ ᠬᠦᠷᠢᠶᠡᠯᠡᠩ ᠤᠨ ᠲᠡᠰ ᠲᠤ ᠬᠦᠷᠦᠭᠰᠡᠨ ᠺᠤᠮᠫᠠᠨᠢ ᠨᠢ ᠵᠤᠬᠢᠬᠤ ᠬᠡᠮᠵᠢᠶᠠᠨ ᠤ ᠮᠡᠷᠭᠡᠵᠢᠯ ᠤᠨ ᠬᠢᠷᠢ ᠲᠦᠪᠰᠢᠨ ᠪᠠ ᠬᠠᠮᠢᠶ᠎ᠠ ᠪᠦᠬᠦᠢ ᠮᠠᠲ᠋ᠧᠷᠢᠶᠠᠯ ᠪᠠᠶᠢᠬᠤ ᠬᠡᠷᠡᠭᠳᠡᠢ᠂ ᠭᠡᠪᠡᠴᠦ ᠲᠠᠭᠠᠭᠠᠴᠠ ᠬᠡᠷᠡᠮ ᠢ ᠨᠤᠷᠠᠭᠠᠵᠦ ᠪᠤᠯᠬᠤ ᠦᠭᠡᠢ᠃ ︽ᠨᠢᠭᠡ ᠲᠠᠯ᠎ᠠ ᠪᠠᠷ᠂ ᠡᠩ ᠤᠨ ᠣᠷᠣᠨ ᠰᠠᠭᠤᠴᠠ ᠳᠤ ᠠᠪᠴᠤ ᠬᠡᠯᠡᠪᠡᠯ᠂ ᠥᠭᠡᠷᠡᠴᠢᠯᠡᠬᠦ ᠬᠡᠷᠡᠭᠴᠡᠭᠡ ᠨᠢ ᠦᠨᠡᠨ ᠳᠡᠭᠡᠨ ᠲᠡᠶᠢᠮᠦ ᠶᠡᠭᠡ ᠪᠢᠰᠢ᠂ ᠬᠡᠷᠪᠡ ᠬᠥᠬᠡ ᠳᠡᠰ ᠤᠨ ᠵᠢᠷᠤᠭ ᠲᠥᠯᠦᠪᠯᠡᠭᠡᠨ ᠤ ᠬᠦᠷᠢᠶᠡᠯᠡᠩ ᠢ ᠤᠷᠢᠵᠤ ᠵᠢᠷᠤᠭ ᠲᠥᠯᠥᠪᠯᠡᠭᠡ ᠬᠢᠯᠭᠡᠪᠡᠯ ᠦᠪᠡᠷ ᠤᠨ ᠦᠷᠳᠡᠭ ᠦᠨᠳᠦᠷ︔ ᠨᠥᠭᠦᠭᠡ ᠲᠠᠯ᠎ᠠ ᠪᠠᠷ᠂ ᠬᠥᠬᠡ ᠳᠡᠰ ᠤᠨ ᠵᠢᠷᠤᠭ ᠲᠥᠯᠦᠪᠯᠡᠭᠡᠨ ᠤ ᠬᠦᠷᠢᠶᠡᠯᠡᠩ ᠭᠡᠬᠦ ᠨᠡᠷᠡᠲᠦ ᠲᠡᠮᠳᠡᠭ ᠨᠢ ᠡᠩ ᠤᠨ ᠬᠥᠮᠦᠨ ᠳᠤ ᠨᠢᠭᠡ ᠵᠦᠢᠯ ᠤᠨ ᠰᠣᠬᠤᠷ ᠪᠠᠯᠠᠢ ᠪᠠᠷ ᠢᠲᠡᠭᠡᠬᠦ ᠰᠡᠳᠭᠢᠯᠭᠡ ᠲᠠᠢ ᠪᠣᠯᠭᠠᠵᠤ ᠮᠡᠳᠡᠨ᠎ᠡ᠂ ᠭᠡᠪᠡᠴᠦ ᠪᠣᠢ ᠪᠦᠬᠦᠢ ᠬᠥᠬᠡ ᠳᠡᠰ ᠤᠨ ᠵᠢᠷᠤᠭ ᠲᠥᠯᠦᠪᠯᠡᠭᠡᠨ ᠤ ᠬᠦᠷᠢᠶᠡᠯᠡᠩ ᠳᠤ ᠴᠥᠮ ᠲᠠᠭᠠᠭᠠᠴᠠ ᠬᠡᠷᠡᠮ ᠢ ᠨᠤᠷᠠᠭᠠᠵᠦ ᠥᠭᠡᠷᠡᠴᠢᠯᠡᠬᠦ ᠬᠢᠷᠢ ᠭᠡᠮ ᠪᠠᠶᠢᠬᠤ ᠪᠢᠰᠢ᠃ ᠬᠡᠷᠪᠡ ᠦᠨᠡᠨ ᠬᠦ ᠬᠥᠬᠡ ᠲᠠᠰ ᠤᠨ ᠵᠢᠷᠤᠭ ᠲᠥᠯᠥᠪᠯᠡᠭᠡᠨ ᠤ ᠬᠦᠷᠢᠶᠡᠯᠡᠩ ᠢ ᠰᠣᠩᠭᠤᠵᠤ ᠡᠶᠢᠮᠦ ᠥᠭᠡᠷᠡᠴᠢᠯᠡᠯᠲᠡ ᠬᠢᠬᠦ ᠳᠤ ᠡᠷᠬᠡᠪᠰᠢ ᠠᠯᠢᠪᠠ ᠭᠡᠷᠡᠴᠢ ᠲᠡᠮᠳᠡᠭ ᠢ ᠦᠯᠡᠳᠡᠭᠡᠵᠦ᠂ ᠠᠰᠠᠭᠤᠳᠠᠯ ᠭᠠᠷᠪᠠᠯ ᠵᠢᠷᠤᠵᠤ ᠲᠥᠯᠥᠪᠯᠡᠬᠦ ᠪᠠᠶᠢᠭᠤᠯᠤᠮᠵᠢ ᠠᠴᠠ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠶ︾᠃      ᠦᠢᠯᠡᠳᠦᠯᠭᠡ ᠳᠤᠮᠳᠠ᠂ ᠥᠮᠴᠢᠲᠡᠨ ᠰᠠᠨᠠᠭᠠᠴᠢᠯᠠᠭ᠎ᠠ ᠠᠴᠠ ᠪᠠᠨ ᠬᠡᠷ ᠪᠠᠶᠢᠰᠢᠩ ᠤᠨ ᠬᠡᠷᠡᠭᠯᠡᠭᠡᠨ ᠤ ᠲᠠᠯᠠᠪᠠᠶ ᠶᠢ ᠥᠷᠭᠡᠳᠬᠡᠵᠦ᠂ ᠬᠡᠷ ᠪᠠᠶᠢᠰᠢᠩ ᠤᠨ ᠪᠦᠲᠦᠴᠡ ᠶᠢ ᠬᠤᠪᠢᠷᠠᠭᠤᠯᠬᠤ ᠲᠠᠭᠠᠭᠠᠴᠠ ᠬᠡᠷᠡᠮ ᠢ ᠨᠤᠷᠠᠭᠠᠨ ᠥᠭᠡᠷᠡᠴᠢᠯᠡᠬᠦ ᠠᠴᠠ ᠭᠠᠳᠠᠨ᠎ᠠ ᠪᠠᠰᠠ ᠴᠥᠭᠡᠨ ᠪᠤᠰᠤ ᠥᠮᠴᠢᠲᠡᠨ ᠰᠠᠨᠠᠭᠠᠴᠢᠯᠠᠭ᠎ᠠ ᠥᠬᠡᠶ ᠪᠠᠷ ᠲᠠᠭᠠᠭᠠᠴᠠ ᠬᠡᠷᠡᠮ ᠢ ᠦᠭᠡᠷᠡᠴᠢᠯᠡᠭᠰᠡᠨ ᠬᠡᠷ ᠪᠠᠶᠢᠰᠢᠩ ᠤᠨ ᠡᠵᠡᠨ ᠪᠣᠯᠵᠠᠶ᠃      ᠡᠨᠡ ᠵᠢᠯ ᠤᠨ 4 ᠳ᠋ᠤᠭᠡᠷ ᠰᠠᠷ᠎ᠠ ᠠᠴᠠ ᠡᠬᠢᠯᠡᠨ ᠭᠡᠷ ᠲᠤᠳᠤᠷᠠᠬᠢ ᠵᠠᠰᠠᠯ ᠴᠢᠮᠡᠭᠯᠡᠯ ᠢᠶᠠᠨ ᠡᠬᠢᠯᠡᠭᠦᠯᠦᠭᠰᠡᠨ ᠵᠢᠶᠠᠩᠰᠦ ᠶᠢᠨ ᠨᠠᠨᠵᠢᠩ ᠤᠨ ᠰᠠᠭᠤᠭᠠᠯᠢ ᠠᠷᠠᠳ ᠭᠦᠸᠧ ᠠᠪᠠᠭ᠋ᠠᠶ᠄ ︽ᠤᠤᠯ ᠤᠨ ᠥᠮᠴᠢᠲᠡᠨ ᠲᠠᠭᠠᠭᠠᠴᠠ ᠬᠡᠷᠡᠮ ᠢ ᠪᠠᠯᠪᠠᠴᠢᠵᠤ ᠦᠩᠭᠡᠷᠡᠵᠡᠢ᠃ ᠲᠠᠭᠠᠭᠠᠴᠠ ᠬᠡᠷᠡᠮ ᠤᠨ ᠠᠰᠠᠭᠤᠳᠠᠯ ᠶᠡᠭᠡ᠂ ᠡᠷᠬᠡᠪᠡᠰᠢ ᠴᠢᠬᠤᠯᠠᠴᠢᠯᠠᠬᠤ ᠬᠡᠷᠡᠭᠳᠡᠢ ᠭᠡᠳᠡᠭ ᠵᠠᠰᠠᠵᠤ ᠴᠢᠮᠡᠭᠯᠡᠬᠦ ᠠᠵᠢᠯᠳᠠᠨ ᠤ ᠮᠡᠳᠡᠭᠡ ᠶᠢ ᠣᠯᠪᠠ᠃ ᠭᠦᠸᠧ ᠠᠪᠠᠭ᠋ᠠᠢ ᠲᠡᠷᠡ ᠳᠣᠣᠷ᠎ᠠ ᠨᠢ ᠲᠤᠬᠠᠢ ᠶᠢᠨ ᠭᠠᠵᠠᠷ ᠤᠨ ᠭᠡᠷ ᠪᠠᠶᠢᠰᠢᠩ ᠤᠨ ᠬᠠᠮᠢᠶᠠᠷᠤᠯᠲᠠ ᠶᠢᠨ ᠲᠣᠪᠴᠢᠶ᠎ᠠ ᠲᠠᠢ ᠬᠠᠷᠢᠯᠴᠠᠵᠤ ᠬᠤᠯᠪᠣᠭᠳᠠᠯ ᠪᠦᠬᠦᠢ ᠪᠠᠶᠢᠳᠠᠯ ᠢ ᠲᠤᠳᠤᠷᠬᠠᠶᠢᠯᠠᠪᠠ᠃ ᠭᠡᠷ ᠪᠠᠶᠢᠰᠢᠩ ᠤᠨ ᠬᠠᠮᠢᠶᠠᠷᠣᠯᠳᠠ ᠶᠢᠨ ᠲᠣᠪᠴᠢᠶ᠎ᠠ ᠲᠡᠷᠡ ᠲᠠᠷᠣᠢ ᠲᠤᠨᠢ ᠣᠣᠯ ᠤᠨ ᠪᠠᠶᠢᠳᠠᠯ ᠢ ᠰᠡᠷᠭᠦᠬᠡᠬᠦ ᠪᠠᠷ ᠱᠠᠭᠠᠷᠳᠠᠵᠠᠢ᠂ ᠰᠡᠭᠦᠯᠡᠷ ᠨᠢ ᠵᠠᠰᠠᠨ ᠴᠢᠮᠡᠭᠯᠡᠬᠦ ᠺᠣᠮᠫᠠᠨᠢ ᠶᠢᠨ ᠪᠠᠷᠤᠭᠴᠠᠭᠠᠯᠠᠭᠰᠠᠨ ᠢᠶᠠᠷ ᠬᠢᠷᠢ ᠴᠢᠳᠠᠮᠵᠢ ᠲᠠᠢ ᠵᠢᠷᠤᠭ ᠲᠦᠯᠦᠪᠯᠡᠭᠡᠨ ᠤ ᠬᠦᠷᠢᠶᠡᠯᠡᠩ ᠢ ᠡᠷᠢᠵᠦ ᠲᠠᠬᠢᠨ ᠪᠠᠬᠢᠯᠡᠬᠦ ᠵᠠᠷᠣᠳᠠᠯ ᠲᠦᠮᠨ ᠭᠠᠷᠣᠢ ᠲᠦᠬᠦᠷᠢᠭ ᠠᠴᠠ ᠬᠡᠳᠦᠷᠡᠨ᠎ᠡ᠃      ︽ᠠᠷᠠᠯᠵᠢᠶᠠᠯᠠᠬᠤ ᠦᠶ᠎ᠡ ᠳᠤ ᠤᠤᠯ ᠤᠨ ᠥᠮᠴᠢᠲᠡᠨ ᠡᠨᠡ ᠪᠠᠶᠢᠳᠠᠯ ᠢ ᠳᠤᠷᠠᠳᠤᠭᠰᠠᠨ ᠦᠭᠡᠢ᠂ ᠡᠰᠡ ᠲᠡᠭᠡᠪᠡᠯ ᠪᠢᠳᠡ ᠯᠠᠪᠲᠠᠢ ᠬᠤᠳᠠᠯᠳᠤᠨ ᠠᠪᠬᠤ ᠦᠭᠡᠢ ᠶᠤᠮ᠃ ᠪᠢᠳᠡ ᠣᠯᠵᠤ ᠮᠡᠳᠡᠭᠰᠡᠨ ᠤ ᠳᠠᠷᠠᠭ᠎ᠠ ᠲᠡᠭᠦᠨ ᠲᠠᠢ ᠬᠠᠷᠢᠴᠠᠵᠤ ᠪᠠᠶᠢᠨ᠎ᠠ᠂ ᠡᠨᠡ ᠶᠠᠪᠤᠳᠠᠯ ᠤᠨ ᠲᠥᠯᠥᠪᠦᠷᠢ ᠶᠢ ᠡᠭᠦᠷᠭᠡᠭᠦᠯᠦᠨ᠎ᠡ︾᠂ ᠤᠲᠤᠬᠠᠨ ᠳᠤ ᠲᠡᠷᠡ ᠨᠢᠬᠡᠨᠲᠡ ᠲᠤᠰᠬᠠᠢ ᠮᠡᠷᠬᠡᠵᠢᠯ ᠤᠨ ᠵᠠᠰᠠᠨ ᠴᠢᠮᠡᠭᠯᠡᠬᠦ ᠺᠤᠮᠫᠠᠨᠢ ᠶᠢ ᠡᠷᠢᠵᠦ ᠤᠤᠯ ᠬᠡᠪ ᠲᠤᠨᠢ ᠪᠤᠴᠠᠭᠠᠵᠤ᠂ ᠵᠠᠰᠠᠨ ᠴᠢᠮᠡᠭᠯᠡᠯ ᠲᠠᠭᠤᠰᠤᠭᠰᠠᠨ ᠤ ᠲᠠᠷᠠᠭ᠎ᠠ ᠵᠠᠭᠠᠯᠲᠤᠵᠤ ᠤᠤᠯ ᠦᠮᠴᠢᠯᠡᠭᠴᠢ ᠠᠴᠠ ᠲᠦᠯᠦᠭᠦᠯᠭᠦ ᠪᠠᠷ ᠪᠡᠯᠡᠳᠬᠡᠵᠦ ᠪᠠᠶᠢᠨ᠎ᠠ ᠭᠡᠵᠤ ᠭᠦᠸᠧ ᠠᠪᠠᠭ᠋ᠠᠢ ᠬᠡᠯᠡᠪᠡ᠃ᠬᠤᠸᠠᠳᠦ᠋ᠩ ᠤᠯᠤᠰ ᠲᠥᠷᠥ ᠬᠠᠤᠯᠢ ᠴᠠᠭᠠᠵᠠ ᠶᠢᠨ ᠶᠡᠭᠡ ᠰᠤᠷᠭᠠᠭᠤᠯᠢ ᠶᠢᠨ ᠭᠡᠷ ᠪᠠᠶᠢᠰᠢᠩ ᠭᠠᠵᠠᠷ ᠬᠥᠷᠥᠩᠭᠡ ᠶᠢᠨ ᠲᠥᠷᠥ ᠶᠢᠨ ᠪᠣᠳᠣᠯᠭ᠎ᠠ ᠬᠠᠤᠯᠢ ᠴᠠᠭᠠᠵᠠ ᠶᠢᠨ ᠰᠤᠳᠤᠯᠭᠠᠨ ᠤ ᠭᠠᠵᠠᠷ ᠤᠨ ᠳᠠᠷᠤᠭ᠎ᠠ ᠶᠠᠩ ᠴᠢᠨ ᠹᠠ ᠢᠯᠡᠷᠬᠡᠶᠢᠯᠡᠭᠰᠡᠨ ᠨᠢ᠂ ᠲᠠᠭᠠᠭᠠᠴᠠ ᠬᠡᠷᠡᠮ ᠢ ᠲᠤᠷ᠎ᠠ ᠪᠠᠷ ᠢᠶᠠᠨ ᠨᠤᠷᠠᠭᠠᠪᠠᠯ ᠢᠷᠭᠡᠨ ᠤ ᠬᠡᠷᠡᠭ ᠤᠨ ᠬᠠᠷᠢᠭᠤᠴᠠᠯᠭ᠎ᠠ᠂ ᠵᠠᠰᠠᠭ ᠵᠠᠬᠢᠷᠭᠠᠨ ᠤ ᠬᠠᠷᠢᠭᠤᠴᠠᠯᠭ᠎ᠠ ᠴᠢᠨᠠᠭᠰᠢᠯᠠᠪᠠᠯ ᠡᠷᠡᠭᠦᠦ ᠶᠢᠨ ᠬᠠᠷᠢᠭᠤᠴᠠᠯᠭ᠎ᠠ ᠳᠤ ᠲᠤᠯᠭᠠᠷᠠᠵᠤ ᠮᠡᠳᠡᠨ᠎ᠡ᠃ ᠪᠠᠷᠢᠯᠭ᠎ᠠ ᠶᠢᠨ ᠬᠠᠤᠯᠢ᠂ ᠢᠷᠭᠡᠨ ᠤ ᠬᠠᠤᠯᠢ ᠶᠢᠨ ᠪᠢᠴᠢᠭ᠂ ︽ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠶᠠᠰᠤ ᠴᠢᠨᠠᠷ ᠤᠨ ᠬᠠᠮᠢᠶᠠᠷᠤᠯᠲᠠ ᠶᠢᠨ ᠳᠦᠷᠢᠮ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠳᠤ ᠴᠥᠮ ᠲᠠᠭᠠᠭᠠᠴᠠ ᠬᠡᠷᠡᠮ ᠢ ᠳᠤᠷ᠎ᠠ ᠪᠠᠷ ᠢᠶᠠᠨ ᠨᠤᠷᠠᠭᠠᠨ ᠥᠭᠡᠷᠡᠴᠢᠯᠡᠬᠦ ᠠᠵᠢᠯᠯᠠᠭ᠎ᠠ ᠶᠢᠨ ᠲᠤᠬᠠᠢ ᠲᠤᠳᠤᠷᠬᠠᠢ ᠲᠣᠭᠲᠠᠭᠠᠯ ᠲᠠᠢ᠃ ᠵᠢᠱᠢᠶᠡᠯᠡᠪᠡᠯ᠂ ᠪᠠᠷᠢᠯᠭ᠎ᠠ ᠶᠢᠨ ᠬᠠᠤᠯᠢ ᠶᠢᠨ ᠳᠠᠯᠠᠳᠤᠭᠠᠷ ᠵᠦᠢᠯ ᠳᠤ᠂ ᠲᠤᠰ ᠬᠠᠤᠯᠢ ᠶᠢᠨ ᠲᠣᠭᠲᠠᠭᠠᠯ ᠢ ᠵᠥᠷᠢᠴᠡᠵᠦ᠂ ᠪᠠᠷᠢᠯᠭ᠎ᠠ ᠶᠢᠨ ᠭᠤᠣᠯ ᠴᠣᠭᠴᠠ ᠪᠤᠶᠤ ᠳᠠᠭᠠᠭᠠᠴᠠ ᠪᠦᠲᠦᠴᠡ ᠲᠠᠢ ᠬᠤᠯᠪᠣᠭᠳᠠᠬᠤ ᠵᠠᠰᠠᠨ ᠴᠢᠮᠡᠭᠯᠡᠬᠦ ᠪᠠᠷᠢᠯᠭ᠎ᠠ ᠶᠢ ᠳᠤᠷ᠎ᠠ ᠪᠠᠷ ᠢᠶᠠᠨ ᠦᠭᠡᠷᠡᠴᠢᠯᠡᠨ ᠨᠤᠷᠠᠭᠠᠭᠰᠠᠨ ᠪᠠᠶᠢᠪᠠᠯ᠂ ᠵᠠᠷᠯᠢᠭᠳᠠᠵᠤ ᠪᠠᠶᠢᠭᠠᠳ ᠵᠠᠯᠠᠷᠠᠭᠤᠯᠵᠤ᠂ ᠵᠣᠭᠤᠰ ᠢᠶᠠᠷ ᠲᠣᠷᠭᠠᠨ᠎ᠠ︔ ᠬᠤᠬᠢᠷᠠᠯ ᠤᠴᠠᠷᠠᠭᠤᠯᠤᠭᠰᠠᠨ ᠪᠠᠶᠢᠪᠠᠯ᠂ ᠲᠥᠯᠥᠪᠦᠷᠢ ᠶᠢᠨ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠢ︔ ᠶᠠᠯ᠎ᠠ ᠪᠣᠯᠵᠤ ᠪᠦᠷᠢᠯᠳᠦᠭᠰᠡᠨ ᠪᠠᠶᠢᠪᠠᠯ᠂ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠃ ᠡᠭᠦᠨ ᠤ ᠬᠠᠮᠲᠤ ᠡᠷᠡᠭᠦᠦ ᠶᠢᠨ ᠬᠠᠤᠯᠢ ᠶᠢ ᠦᠨᠳᠦᠰᠦᠯᠡᠪᠡᠯ᠂ ᠲᠠᠭᠠᠭᠠᠴᠠ ᠬᠡᠷᠡᠮ ᠢ ᠳᠤᠷ᠎ᠠ ᠪᠠᠷ ᠢᠶᠠᠨ ᠨᠤᠷᠠᠭᠠᠬᠤ ᠠᠴᠠ ᠪᠣᠯᠵᠤ ᠪᠠᠷᠢᠯᠭ᠎ᠠ ᠶᠢᠨ ᠠᠮᠤᠷ ᠲᠦᠪᠰᠢᠨ ᠳᠤ ᠬᠤᠣᠷ ᠬᠥᠨᠥᠭᠡᠯ ᠤᠴᠠᠷᠠᠭᠤᠯᠬᠤ᠂ ᠡᠳ᠋ ᠬᠥᠷᠥᠩᠭᠡ ᠶᠢᠨ ᠬᠦᠨᠳᠦ ᠶᠡᠭᠡ ᠬᠤᠬᠢᠷᠠᠯ ᠤᠴᠠᠷᠠᠭᠤᠯᠤᠭᠰᠠᠨ ᠪᠠᠶᠢᠪᠠᠯ᠂ ᠠᠶᠤᠯᠲᠠᠢ ᠠᠷᠭ᠎ᠠ ᠪᠠᠷ ᠤᠯᠠᠨ ᠨᠡᠶᠢᠲᠡ ᠶᠢᠨ ᠠᠮᠤᠷ ᠲᠦᠪᠰᠢᠨ ᠳᠤ ᠬᠤᠣᠷ ᠬᠥᠨᠥᠭᠡᠯ ᠤᠴᠠᠷᠠᠭᠤᠯᠤᠭᠰᠠᠨ ᠶᠠᠯ᠎ᠠ ᠪᠤᠯᠤᠨ᠎ᠠ ᠭᠡᠵᠡᠢ᠃      ᠴᠢᠩᠭ᠎ᠠ ᠰᠢᠢᠳᠭᠡᠯ ᠤᠨ ᠲᠤᠭᠳᠠᠭᠠᠯ ᠢ ᠨᠠᠷᠢᠯᠢᠭᠵᠢᠭᠤᠯᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠡᠷᠬᠡᠪᠰᠢ ᠨᠠᠶᠢᠳᠠᠪᠤᠷᠢᠵᠢᠭᠤᠯᠬᠤ ᠬᠡᠷᠡᠭᠲᠡᠢ      ᠠᠩᠬᠠᠷᠤᠭᠤᠰᠢᠲᠠᠶ ᠨᠢ᠂ ᠲᠠᠭᠠᠭᠠᠴᠠ ᠬᠡᠷᠡᠮ ᠢ ᠨᠤᠷᠠᠭᠠᠭᠰᠠᠨ ᠠᠴᠠ ᠪᠣᠯᠵᠤ ᠠᠳᠡᠯ ᠪᠤᠶᠤ ᠵᠢᠭᠤᠷᠠᠯᠳᠤᠭᠠᠨ ᠡᠭᠦᠰᠦᠭᠰᠡᠨ ᠬᠡᠷᠡᠭ ᠨᠢ ᠴᠥᠬᠡᠨ ᠪᠢᠰᠢ᠂ ᠵᠠᠷᠢᠮ ᠨᠢ ᠨᠡᠩ ᠴᠦ ᠭᠤᠨᠢᠭᠲᠤ ᠵᠦᠴᠦᠭᠡ ᠪᠣᠯᠵᠤ ᠪᠠᠶᠢᠨ᠎ᠠ᠃      2021 ᠣᠨ ᠳᠤ ᠵᠧᠵᠢᠶᠠᠩ ᠮᠣᠵᠢ ᠶᠢᠨ ᠬᠠᠩᠵᠧᠦ ᠬᠤᠲᠠ ᠶᠢᠨ ᠰᠢᠶᠤᠤ ᠱᠠᠨ ᠭᠤᠸᠠ ᠯᠢ ᠪᠠᠯᠭᠠᠰᠤᠨ ᠤ ᠨᠢᠭᠡᠨ ᠠᠰᠠᠷ ᠤᠨ ᠨᠢᠭᠡᠳᠦᠭᠡᠷ ᠳᠠᠪᠬᠤᠷᠯᠢᠭ ᠤᠨ ᠥᠮᠴᠢᠲᠡᠨ ᠬᠦᠨᠳᠦ ᠶᠢ ᠲᠠᠭᠠᠭᠠᠬᠤ ᠬᠡᠷᠡᠮ ᠢ ᠨᠤᠷᠠᠭᠠᠭᠰᠠᠨ ᠠᠴᠠ ᠪᠦᠬᠦᠯᠢ ᠠᠰᠠᠷ ᠨᠢ ︽ᠠᠶᠤᠯ ᠲᠠᠢ ᠭᠡᠷ︾ ᠪᠣᠯᠵᠠᠢ᠃ ᠡᠴᠦᠰ ᠲᠤ᠂ ᠠᠶᠤᠯᠲᠠᠢ ᠠᠷᠭ᠎ᠠ ᠪᠠᠷ ᠤᠯᠠᠨ ᠨᠡᠶᠢᠲᠡ ᠶᠢᠨ ᠠᠮᠤᠷ ᠲᠦᠪᠰᠢᠨ ᠳᠤ ᠬᠤᠣᠷ ᠬᠥᠨᠥᠭᠡᠯ ᠤᠴᠠᠷᠠᠭᠤᠯᠤᠭᠰᠠᠨ ᠶᠠᠯ᠎ᠠ ᠬᠢᠭᠰᠡᠨ ᠢᠶᠠᠷ ᠰᠡᠵᠢᠭᠯᠡᠭᠳᠡᠭᠰᠡᠨ ᠲᠤᠰ ᠡᠷᠦᠬᠡ ᠶᠢᠨ ᠥᠮᠴᠢᠲᠡᠨ᠂ ᠪᠠᠷᠢᠯᠭ᠎ᠠ ᠶᠢᠨ ᠠᠵᠢᠯ ᠢ ᠳᠠᠭᠠᠭᠠᠴᠢᠯᠠᠭᠴᠢ ᠨᠢ ᠡᠷᠡᠭᠦᠦ ᠶᠢᠨ ᠬᠡᠷᠡᠭ ᠤᠨ ᠠᠯᠪᠠᠳᠠᠯᠭ᠎ᠠ ᠶᠢᠨ ᠠᠷᠭ᠎ᠠ ᠬᠡᠮᠵᠢᠶ᠎ᠡ ᠪᠠᠷ ᠰᠢᠢᠳᠭᠡᠭᠳᠡᠵᠡᠢ᠃      2023 ᠣᠨ ᠤ 5 ᠳ᠋ᠤᠭᠠᠷ ᠰᠠᠷ᠎ᠠ ᠳᠤ᠂ ᠬᠠᠷᠠᠮᠥ᠋ᠷᠡᠨ ᠮᠤᠵᠢ ᠶᠢᠨ ᠬᠠᠷᠪᠢᠨ ᠬᠤᠲᠠ ᠶᠢᠨ ᠰᠥᠩ ᠪᠧᠢ ᠲᠣᠭᠤᠷᠢᠭ ᠤᠨ ᠨᠢᠭᠡᠨ ᠰᠠᠭᠤᠭᠠᠯᠢ ᠠᠷᠠᠳ ᠤᠨ ᠲᠣᠭᠤᠷᠢᠭ ᠤᠨ B ᠠᠰᠠᠷ ᠤᠨ ᠵᠠᠷᠢᠮ ᠬᠥᠮᠦᠨ ᠲᠠᠭᠠᠭᠠᠴᠠ ᠬᠡᠷᠡᠮ ᠢ ᠨᠤᠷᠠᠭᠠᠵᠤ᠂ ᠰᠠᠭᠤᠭᠠᠯᠢ ᠠᠷᠠᠳ ᠤᠨ ᠲᠣᠭᠤᠷᠢᠭ ᠤᠨ ᠪᠥᠬᠦ ᠰᠠᠭᠤᠭᠠᠯᠢ ᠠᠷᠠᠳ ᠤᠨ ᠠᠰᠠᠷ ᠤᠨ ᠳᠣᠲᠣᠷ᠎ᠠ 240 ᠭᠠᠷᠤᠶ ᠡᠷᠦᠬᠡ ᠥᠮᠴᠢᠲᠡᠨ ᠤ ᠠᠮᠢᠳᠤᠷᠠᠯ ᠯᠤᠲᠤ ᠶᠡᠭᠡ ᠨᠥᠯᠥᠭᠡ ᠳᠤ ᠤᠴᠠᠷᠠᠪᠠ᠃ ᠲᠤᠰ ᠵᠢᠯ ᠤᠨ 6 ᠳ᠋ᠤᠭᠠᠷ ᠰᠠᠷ᠎ᠠ ᠳᠤ ᠬᠠᠷᠪᠢᠨ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠰᠥᠩ ᠪᠧᠢ ᠬᠤᠪᠢᠶᠠᠷᠢ ᠲᠣᠪᠴᠢᠶ᠎ᠠ ᠨᠢ  ᠠᠶᠦᠯᠳᠠᠢ ᠠᠷᠭ᠎ᠠ ᠪᠠᠷ ᠣᠯᠠᠨ ᠨᠡᠶᠢᠳᠡ ᠶᠢᠨ ᠠᠮᠦᠷ ᠲᠦᠪᠰᠢᠨ ᠳᠤ ᠬᠤᠣᠷ ᠬᠥᠨᠥᠭᠡᠯ ᠤᠴᠠᠷᠠᠭᠤᠯᠤᠭᠰᠠᠨ ᠶᠠᠯ᠎ᠠ ᠳᠤ ᠬᠤᠯᠪᠣᠭᠳᠠᠭᠰᠠᠨ ᠲᠦᠷᠢᠶᠡᠰᠦᠯᠡᠭᠴᠢ ᠵᠠᠩ ᠣᠪᠣᠭᠲᠤ᠂ ᠮᠠ ᠣᠪᠣᠭᠲᠤ᠂ ᠪᠠᠷᠢᠯᠭ᠎ᠠ ᠶᠢᠨ ᠠᠵᠢᠯᠲᠠᠨ ᠴᠠᠩ ᠣᠪᠣᠭᠲᠤ᠂ ᠯᠢᠦ ᠣᠪᠣᠭᠲᠤ ᠵᠢᠴᠢ ᠠᠳᠠᠯ ᠠᠬᠤᠢ ᠶᠢᠨ ᠺᠣᠮᠫᠠᠨᠢ ᠶᠢᠨ ᠳᠠᠭᠠᠭᠠᠮᠠᠯ ᠵᠠᠩ ᠣᠪᠣᠭᠲᠤ 5 ᠬᠥᠮᠦᠨ ᠳᠤ ᠡᠷᠡᠭᠦᠦ ᠶᠢᠨ ᠬᠡᠷᠡᠭ ᠤᠨ ᠠᠯᠪᠠᠳᠠᠯᠭ᠎ᠠ ᠶᠢᠨ ᠠᠷᠭ᠎ᠠ ᠬᠡᠮᠵᠢᠶ᠎ᠡ ᠠᠪᠴᠠᠢ᠃ ᠬᠡᠷᠡᠭ ᠲᠤ ᠬᠤᠯᠪᠣᠭᠳᠠᠭᠰᠠᠨ ᠭᠡᠷ ᠪᠠᠶᠢᠰᠢᠩ ᠤᠨ ᠥᠮᠴᠢᠯᠡᠭᠴᠢ ᠵᠦ ᠣᠪᠣᠭᠲᠤ᠂ ᠠᠳᠠᠯ ᠠᠬᠤᠢ ᠶᠢᠨ ᠺᠣᠮᠫᠠᠨᠢ ᠶᠢ ᠳᠡᠭᠡᠳᠦ ᠬᠢᠵᠠᠭᠠᠷ ᠢᠶᠠᠷ ᠬᠦᠨᠳᠦ ᠪᠠᠷ ᠰᠢᠢᠳᠭᠡᠪᠡ᠃      ᠬᠠᠤᠯᠢ ᠴᠠᠭᠠᠵᠠ ᠬᠠᠤᠯᠢ ᠲᠣᠭᠲᠠᠭᠠᠯ ᠨᠢ ᠠᠯᠢ ᠡᠷᠲᠡ ᠨᠢᠭᠡᠨᠲᠡ ᠲᠠᠭᠠᠭᠠᠴᠠ ᠬᠡᠷᠡᠮ ᠢ ᠲᠤᠷ᠎ᠠ ᠪᠠᠷ ᠢᠶᠠᠨ ᠨᠤᠷᠠᠭᠠᠬᠤ ᠶᠢ ᠴᠠᠭᠠᠵᠠᠯᠠᠭᠰᠠᠨ ᠠᠴᠠ ᠭᠠᠳᠠᠨ᠎ᠠ᠂ ᠣᠶᠢᠷ᠎ᠠ ᠶᠢᠨ ᠵᠢᠯ ᠤᠳ ᠲᠤ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠪᠠ ᠡᠯ᠎ᠡ ᠭᠠᠵᠠᠷ ᠤᠨ ᠬᠢᠨ ᠪᠠᠰᠠ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠢ ᠵᠠᠯᠭᠠᠭ᠎ᠠ ᠪᠠᠷ ᠨᠡᠶᠢᠲᠡᠯᠡᠵᠦ᠂ ᠦᠢᠯᠡᠳᠦᠯᠭᠡ ᠶᠢᠨ ᠳᠤᠮᠳᠠ ᠲᠠᠭᠠᠭᠠᠴᠠ ᠬᠡᠷᠡᠮ ᠢ ᠡᠪᠳᠡᠬᠦ ᠵᠡᠷᠭᠡ ᠠᠰᠠᠭᠤᠳᠠᠯ ᠤᠨ ᠲᠤᠬᠠᠶ ᠲᠦᠷᠢᠮ ᠲᠤᠭᠳᠠᠭᠠᠯ ᠢ ᠤᠯᠠᠮ ᠨᠢᠭᠡ ᠠᠯᠬᠤᠮ  ᠨᠠᠷᠢᠯᠢᠭᠵᠢᠭᠤᠯᠪᠠ᠃      2023 ᠣᠨ ᠤ 6 ᠳ᠋ᠤᠭᠠᠷ ᠰᠠᠷ᠎ᠠ ᠳᠤ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ ︽ᠬᠤᠲᠠ ᠶᠢᠨ ᠬᠡᠷ ᠪᠠᠶᠢᠰᠢᠩ ᠤᠨ ᠬᠡᠷ ᠳᠣᠲᠣᠷᠠᠬᠢ ᠵᠠᠰᠠᠯ ᠴᠢᠮᠡᠭᠯᠡᠯ ᠤᠨ ᠠᠮᠤᠷ ᠲᠦᠪᠰᠢᠨ ᠤ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠮᠡᠳᠡᠭᠳᠡᠯ︾ ᠢ ᠨᠡᠶᠢᠲᠡᠯᠡᠵᠦ᠂ ᠵᠠᠰᠠᠨ ᠴᠢᠮᠡᠭᠯᠡᠬᠦ ᠠᠵᠢᠯᠯᠠᠭ᠎ᠠ ᠶᠢᠨ ᠡᠯ᠎ᠡ ᠭᠤᠭᠴᠤᠭ᠎ᠠ ᠳᠤ ᠴᠢᠭᠯᠡᠭᠦᠯᠦᠨ᠂ ᠵᠠᠰᠠᠨ ᠴᠢᠮᠡᠭᠯᠡᠬᠦ ᠠᠵᠢᠯᠯᠠᠭ᠎ᠠ ᠶᠢᠨ ᠳᠤᠮᠳᠠ ᠡᠯ᠎ᠡ ᠲᠠᠯ᠎ᠠ ᠪᠠ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠲᠤ ᠬᠤᠯᠪᠣᠭᠳᠠᠬᠤ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠲᠣᠳᠣᠷᠬᠠᠶᠢᠯᠠᠵᠤ᠂ ᠵᠠᠰᠠᠨ ᠴᠢᠮᠡᠭᠯᠡᠬᠦ ᠠᠵᠢᠯᠯᠠᠭ᠎ᠠ ᠶᠢ ᠵᠢᠷᠤᠮᠵᠢᠭᠤᠯᠤᠨ᠂ ᠬᠠᠮᠢᠶ᠎ᠠ ᠪᠥᠬᠦᠶ ᠬᠥᠮᠦᠰ ᠪᠠ ᠬᠠᠷᠢᠭᠤᠴᠠᠯᠭᠠᠲᠤ ᠭᠤᠤᠯ ᠴᠣᠭᠴᠠ ᠶᠢᠨ ᠬᠡᠷ ᠪᠠᠶᠢᠰᠢᠩ ᠤᠨ ᠵᠠᠰᠠᠯ ᠴᠢᠮᠡᠭᠯᠡᠯ ᠤᠨ ᠬᠠᠤᠯᠢ ᠴᠠᠭᠠᠵᠠ ᠶᠢᠨ ᠦᠵᠡᠯ ᠤᠬᠠᠮᠰᠠᠷ ᠪᠠ ᠠᠮᠤᠷ ᠲᠦᠪᠰᠢᠨ ᠤ ᠦᠵᠡᠯ ᠤᠬᠠᠮᠰᠠᠷ ᠢ ᠳᠡᠭᠡᠭᠰᠢᠯᠡᠭᠦᠯᠵᠦ᠂ ᠵᠠᠰᠠᠨ ᠴᠢᠮᠡᠭᠯᠡᠬᠦ ᠶᠠᠰᠤ ᠴᠢᠨᠠᠷ ᠤᠨ ᠠᠮᠤᠷ ᠲᠦᠪᠰᠢᠨ ᠪᠠ ᠣᠷᠣᠨ ᠰᠠᠭᠤᠴᠠ ᠶᠢᠨ ᠠᠮᠤᠷ ᠲᠦᠪᠰᠢᠨ ᠢ ᠦᠨᠡᠨ ᠬᠦ ᠪᠠᠳᠤᠯᠠᠪᠠ᠃      ᠡᠭᠦᠨ ᠠᠴᠠ ᠡᠮᠦᠨ᠎ᠡ᠂ ᠪᠡᠭᠡᠵᠢᠩ᠂ ᠠᠨᠾᠦ᠋ᠢ ᠮᠤᠵᠢ ᠶᠢᠨ ᠹᠦ᠋ ᠶᠠᠩ ᠬᠤᠲᠠ ᠵᠡᠷᠭᠡ ᠭᠠᠵᠠᠷ ᠤᠨ ᠬᠢᠨ ᠨᠢᠭᠡᠨᠲᠡ ᠬᠠᠮᠢᠶ᠎ᠠ ᠪᠦᠬᠦᠢ ᠮᠡᠳᠡᠭᠳᠡᠯ ᠨᠡᠶᠢᠲᠡᠯᠡᠵᠦ᠂ ᠭᠡᠷ ᠪᠠᠶᠢᠰᠢᠩ ᠤᠨ ᠳᠣᠲᠣᠷᠠᠬᠢ ᠵᠠᠰᠠᠯ ᠴᠢᠮᠡᠭᠯᠡᠯ ᠤᠨ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠵᠤ᠂ ᠬᠠᠮᠢᠶ᠎ᠠ ᠪᠦᠬᠦᠢ ᠭᠤᠣᠯ ᠴᠣᠭᠴᠠ ᠶᠢᠨ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠬᠢᠨᠠᠨ ᠬᠠᠮᠢᠶᠠᠷᠬᠤ ᠲᠣᠭᠲᠠᠴᠠ ᠪᠠᠶᠢᠭᠤᠯᠤᠯ ᠤᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ ᠂ ᠤᠯᠠᠨ ᠨᠡᠶᠢᠲᠡ ᠶᠢᠨ ᠠᠮᠤᠷ ᠲᠦᠪᠰᠢᠨ ᠪᠠ ᠤᠯᠠᠨ ᠨᠡᠶᠢᠲᠡ ᠶᠢᠨ ᠠᠰᠢᠭ ᠲᠤᠰᠠ ᠶᠢ ᠪᠠᠲᠤᠯᠠᠪᠠ᠃ ᠵᠢᠱᠢᠶᠡᠯᠡᠪᠡᠯ᠂ ᠪᠡᠭᠡᠵᠢᠩ 2023 ᠣᠨ ᠤ 5 ᠳ᠋ᠤᠭᠠᠷ ᠰᠠᠷ᠎ᠠ ᠶᠢᠨ ᠰᠡᠭᠦᠯᠴᠢ ᠳᠤ ︽ᠣᠷᠣᠨ ᠰᠠᠭᠤᠴᠠ ᠶᠢᠨ ᠲᠠᠭᠠᠭᠠᠴᠠ ᠪᠦᠲᠦᠴᠡ ᠶᠢ ᠨᠤᠷᠠᠭᠠᠵᠤ ᠦᠭᠡᠷᠡᠴᠢᠯᠡᠬᠦ ᠬᠠᠮᠢᠶᠠᠷᠤᠯᠲᠠ ᠶᠢ ᠴᠢᠩᠭᠠᠳᠬᠠᠬᠤ ᠲᠤᠬᠠᠶ ᠪᠠᠴᠢᠮ ᠮᠡᠳᠡᠭᠳᠡᠯ︾ ᠢ ᠨᠡᠶᠢᠲᠡᠯᠡᠵᠦ᠂ ᠪᠥᠬᠦ ᠬᠤᠲᠠ ᠶᠢᠨ ᠬᠡᠷ ᠪᠠᠶᠢᠰᠢᠩ ᠤᠨ ᠪᠠᠷᠢᠯᠭ᠎ᠠ ᠳᠤ ᠪᠠᠷᠢᠯᠭ᠎ᠠ ᠶᠢᠨ ᠭᠤᠤᠯ ᠴᠣᠭᠴᠠ ᠪᠠ ᠲᠠᠭᠠᠭᠠᠴᠠ ᠪᠦᠲᠦᠴᠡ ᠶᠢ ᠳᠤᠷ᠎ᠠ ᠪᠠᠷ ᠢᠶᠠᠨ ᠬᠤᠪᠢᠷᠠᠭᠤᠯᠬᠤ ᠦᠢᠯᠡ ᠠᠵᠢᠯᠯᠠᠭ᠎ᠠ ᠭᠠᠷᠬᠤ ᠶᠢ ᠴᠢᠩᠭ᠎ᠠ ᠴᠠᠭᠠᠵᠠᠯᠠᠬᠤ ᠶᠢ ᠲᠣᠳᠣᠷᠬᠠᠶ ᠲᠣᠭᠲᠠᠭᠠᠵᠠᠶ᠃ ᠭᠡᠷ ᠪᠠᠶᠢᠰᠢᠩ ᠤᠨ ᠥᠮᠴᠢᠯᠡᠭᠴᠢ᠂ ᠬᠡᠷᠡᠭᠯᠡᠭᠴᠢ ᠭᠡᠷ ᠪᠠᠶᠢᠰᠢᠩ ᠬᠡᠷᠡᠭᠯᠡᠬᠦ ᠶᠠᠪᠤᠴᠠ ᠳᠠᠬᠢ ᠪᠠᠶᠢᠴᠠᠭᠠᠯᠲᠠ᠂ ᠲᠣᠭᠤᠷᠢᠨ ᠪᠠᠶᠢᠴᠠᠭᠠᠯᠲᠠ ᠪᠠᠨ ᠴᠢᠩᠭᠠᠳᠬᠠᠵᠤ᠂ ᠣᠷᠣᠨ ᠰᠠᠭᠤᠴᠠ ᠳᠤ ᠬᠤᠪᠢᠷᠠᠯᠲᠠ ᠭᠠᠷᠤᠭᠰᠠᠨ ᠪᠠᠷᠢᠯᠭ᠎ᠠ ᠶᠢᠨ ᠭᠤᠤᠯ ᠴᠣᠭᠴᠠ ᠪᠠ ᠲᠠᠭᠠᠭᠠᠴᠠ ᠪᠦᠲᠦᠴᠡ ᠶᠢᠨ ᠦᠢᠯᠡ ᠠᠵᠢᠯᠯᠠᠭ᠎ᠠ ᠲᠠᠢ ᠪᠠᠶᠢᠬᠤ ᠶᠢ ᠣᠯᠵᠤ ᠮᠡᠳᠡᠪᠡᠯ ᠴᠠᠭ ᠲᠤᠬᠠᠶ ᠳᠤᠨᠢ ᠢᠳᠬᠠᠨ  ᠬᠤᠷᠢᠭᠯᠠᠨ᠎ᠠ᠂ ᠢᠳᠬᠠᠭᠠᠳ ᠬᠦᠴᠦᠨ ᠦᠭᠡᠶ ᠪᠤᠶᠤ ᠨᠢᠭᠡᠨᠲᠡ ᠤᠷᠰᠢᠭ ᠲᠠᠲᠠᠭᠰᠠᠨ ᠪᠠᠶᠢᠪᠠᠯ᠂ ᠴᠠᠭ ᠲᠤᠬᠠᠶ ᠳᠤᠨᠢ ᠥᠮᠴᠢᠲᠡᠨ ᠤ ᠵᠥᠪᠯᠡᠯ ᠪᠤᠶᠤ ᠰᠠᠭᠤᠭᠠᠯᠢ ᠠᠷᠠᠳ ᠤᠨ ᠵᠥᠪᠯᠡᠯ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠵᠡᠷᠭᠡ ᠳᠤ ᠮᠡᠳᠡᠭᠦᠯᠬᠦ ᠬᠡᠷᠡᠭᠲᠡᠶ      ᠳᠤᠷ᠎ᠠ ᠪᠠᠷ ᠢᠶᠠᠨ ᠦᠭᠡᠷᠡᠴᠢᠯᠡᠵᠦ ᠨᠤᠷᠠᠭᠠᠬᠤ ᠠᠵᠢᠯᠯᠠᠭ᠎ᠠ ᠶᠢ ᠬᠡᠷᠬᠢᠨ ᠵᠠᠰᠠᠬᠤ ᠪᠤᠢ︖ ︽ᠭᠡᠷ ᠪᠠᠶᠢᠰᠢᠩ ᠤᠨ ᠥᠮᠴᠢᠯᠡᠭᠴᠢ᠂ ᠬᠡᠷᠡᠭᠯᠡᠭᠴᠢ᠂ ᠵᠠᠰᠠᠵᠤ ᠴᠢᠮᠡᠭᠯᠡᠬᠦ ᠠᠵᠤ ᠠᠬᠤᠶᠢᠯᠠᠯ ᠪᠠ ᠵᠢᠷᠤᠵᠤ ᠲᠥᠯᠥᠪᠯᠡᠬᠦ ᠨᠢᠭᠡᠴᠢ ᠶᠢᠨ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠴᠢᠩᠭᠠᠷᠠᠭᠤᠯᠵᠤ᠂ ᠨᠠᠶᠢᠳᠠᠪᠤᠷᠢᠵᠢᠭᠤᠯᠬᠤ︾ ᠬᠡᠷᠡᠭᠲᠡᠢ᠂ ᠬᠡᠷ ᠪᠠᠶᠢᠰᠢᠩ ᠤᠨ ᠥᠮᠴᠢᠯᠡᠭᠴᠢ᠂ ᠬᠡᠷᠡᠭᠯᠡᠭᠴᠢ ᠶᠢᠨ ᠵᠠᠰᠠᠵᠤ ᠴᠢᠮᠡᠭᠯᠡᠬᠦ ᠠᠵᠢᠯᠯᠠᠭ᠎ᠠ ᠥᠷᠨᠢᠭᠦᠯᠬᠦ ᠳᠡᠭᠡᠨ ᠬᠠᠤᠯᠢ ᠲᠣᠭᠲᠠᠭᠠᠯ ᠶᠣᠰᠣᠭᠠᠷ ᠴᠢᠩᠭ᠎ᠠ ᠶᠠᠪᠤᠭᠳᠠᠭᠤᠯᠵᠤ᠂ ᠬᠠᠮᠢᠶ᠎ᠠ ᠪᠥᠬᠦᠶ ᠬᠠᠤᠯᠢ ᠴᠠᠭᠠᠵᠠ ᠶᠢᠨ ᠲᠣᠭᠲᠠᠭᠠᠯ ᠢ ᠴᠢᠩᠭ᠎ᠠ ᠵᠢᠷᠤᠮᠯᠠᠬᠤ ᠶᠢᠨ ᠬᠠᠮᠲᠤ ᠵᠠᠰᠠᠨ ᠴᠢᠮᠡᠭᠯᠡᠬᠦ ᠠᠵᠤ ᠠᠬᠤᠶᠢᠯᠠᠯ ᠯᠤᠭ᠎ᠠ ᠵᠠᠰᠠᠨ ᠴᠢᠮᠡᠭᠯᠡᠬᠦ ᠬᠠᠮᠢᠶᠠᠷᠤᠯᠲᠠ ᠶᠢᠨ ᠦᠢᠯᠡᠴᠢᠯᠡᠭᠡᠨ ᠤ ᠬᠡᠯᠡᠯᠴᠡᠭᠡᠷ ᠲᠣᠭᠲᠠᠵᠤ᠂ ᠪᠠᠷᠢᠯᠭ᠎ᠠ ᠶᠢᠨ ᠭᠤᠤᠯ ᠴᠣᠭᠴᠠ ᠪᠠ ᠲᠠᠭᠠᠭᠠᠴᠠ ᠪᠦᠲᠦᠴᠡ ᠶᠢ ᠨᠥᠯᠥᠭᠡᠯᠡᠬᠦ ᠦᠢᠯᠡ ᠠᠵᠢᠯᠯᠠᠭ᠎ᠠ ᠶᠢ ᠡᠷᠡᠰ ᠬᠤᠷᠢᠭᠯᠠᠵᠤ᠂ ᠲᠠᠭᠠᠭᠠᠴᠠ ᠬᠡᠷᠡᠮ ᠢ ᠦᠭᠡᠷᠡᠴᠢᠯᠡᠵᠦ ᠨᠤᠷᠠᠭᠠᠬᠤ ᠠᠴᠠ ᠪᠤᠯᠤᠭᠰᠠᠨ ᠪᠠᠷᠢᠯᠭ᠎ᠠ ᠶᠢ ᠰᠡᠷᠭᠦᠭᠡᠬᠦ ᠵᠡᠷᠭᠡ ᠬᠠᠮᠢᠶ᠎ᠠ ᠪᠥᠬᠦᠶ ᠵᠠᠷᠤᠳᠠᠯ ᠢ ᠬᠡᠷ ᠪᠠᠶᠢᠰᠢᠩ ᠤᠨ ᠥᠮᠴᠢᠯᠡᠭᠴᠢ ᠪᠤᠶᠤ ᠭᠡᠷ ᠪᠠᠶᠢᠰᠢᠩ ᠬᠡᠷᠡᠭᠯᠡᠭᠴᠢ᠂ ᠵᠠᠰᠠᠨ ᠴᠢᠮᠡᠭᠯᠡᠬᠦ ᠠᠵᠤ ᠠᠬᠤᠶᠢᠯᠠᠯ ᠠᠴᠠ ᠡᠭᠦᠷᠭᠡᠯᠡᠬᠦ ᠬᠡᠷᠡᠭᠲᠡᠶ︔ ᠵᠠᠰᠠᠨ ᠴᠢᠮᠡᠭᠯᠡᠬᠦ ᠠᠵᠤ ᠠᠬᠤᠶᠢᠯᠠᠯ ᠤᠳ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠠᠯᠪᠠᠳᠠᠯᠭ᠎ᠠ ᠶᠢᠨ ᠴᠢᠨᠠᠷᠲᠠᠶ ᠪᠠᠷᠢᠮᠵᠢᠶ᠎ᠠ ᠪᠠ ᠪᠤᠰᠤᠳ ᠮᠡᠷᠭᠡᠵᠢᠯ ᠤᠨ ᠪᠠᠷᠢᠮᠵᠢᠶ᠎ᠠ ᠶᠢ ᠴᠢᠩᠭ᠎ᠠ ᠵᠢᠷᠤᠮᠯᠠᠨ ᠠᠵᠢᠯᠯᠠᠵᠤ᠂ ᠬᠥᠮᠦᠨ ᠪᠠ ᠬᠡᠷ ᠪᠠᠶᠢᠰᠢᠩ ᠤᠨ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠶ᠃ ᠪᠠᠷᠢᠯᠭ᠎ᠠ ᠶᠢᠨ ᠠᠵᠢᠯ ᠤᠨ ᠭᠤᠣᠯ ᠴᠣᠭᠴᠠ ᠪᠣᠯᠣᠨ ᠲᠠᠭᠠᠭᠠᠴᠠ ᠬᠡᠷᠡᠮ ᠢ ᠳᠤᠷ᠎ᠠ ᠪᠠᠷ ᠢᠶᠠᠨ ᠬᠤᠪᠢᠷᠠᠭᠤᠯᠤᠭᠰᠠᠨ ᠵᠡᠷᠭᠡ ᠦᠢᠯᠡ ᠠᠵᠢᠯᠯᠠᠭ᠎ᠠ ᠣᠷᠣᠰᠢᠵᠤ ᠪᠠᠶᠢᠪᠠᠯ᠂ ᠬᠢᠨᠠᠨ ᠬᠠᠮᠢᠶᠠᠷᠤᠯᠳᠠ ᠶᠢᠨ ᠰᠠᠯᠠᠭ᠎ᠠ ᠮᠥᠴᠢᠷ ᠠᠴᠠ ᠪᠠᠶᠢᠳᠠᠯ ᠢ ᠨᠢ ᠦᠵᠡᠵᠦ ᠵᠣᠭᠤᠰ ᠢᠶᠠᠷ ᠲᠣᠷᠭᠠᠬᠤ᠂ ᠠᠵᠢᠯ ᠢ ᠨᠢ ᠵᠣᠭᠰᠣᠭᠠᠨ ᠴᠡᠭᠴᠡᠯᠡᠬᠦ᠂ ᠬᠢᠷᠢ ᠬᠡᠮ ᠤᠨ ᠦᠨᠡᠮᠯᠡᠯ ᠢ ᠨᠢ ᠬᠤᠷᠢᠶᠠᠨ ᠠᠪᠴᠤ ᠬᠦᠴᠦᠨ ᠦᠭᠡᠢ ᠪᠣᠯᠭᠠᠬᠤ ᠵᠡᠷᠭᠡ ᠰᠢᠢᠳᠬᠡᠯ ᠥᠭᠬᠦ ᠶᠢᠨ ᠬᠠᠮᠲᠤ᠂ ᠠᠵᠤ ᠠᠬᠤᠶᠢᠯᠠᠯ ᠤᠨ ᠢᠲᠡᠭᠡᠮᠵᠢ ᠶᠢᠨ ᠳᠠᠩᠰᠠ ᠡᠪᠬᠡᠮᠡᠯ ᠳᠤ ᠲᠡᠮᠳᠡᠭᠯᠡᠨ ᠤᠷᠤᠭᠤᠯᠵᠤ᠂ ᠬᠠᠷᠢᠭᠤᠴᠠᠯᠭ᠎ᠠ ᠲᠠᠢ ᠬᠠᠮᠢᠶ᠎ᠠ ᠪᠦᠬᠦᠢ ᠠᠵᠢᠯ ᠡᠷᠬᠢᠯᠡᠭᠰᠡᠳ ᠢ ᠬᠠᠤᠯᠢ ᠶᠣᠰᠣᠭᠠᠷ ᠰᠢᠢᠳᠬᠡᠨ᠎ᠡ︔ ᠵᠢᠷᠤᠵᠤ ᠲᠥᠯᠥᠪᠯᠡᠬᠦ ᠨᠢᠭᠡᠴᠢ ᠶᠢᠨ ᠭᠠᠷᠭᠠᠭᠰᠠᠨ ᠵᠢᠷᠤᠭ ᠲᠥᠯᠥᠪᠯᠡᠭᠡ ᠶᠢᠨ ᠪᠢᠴᠢᠭ ᠵᠡᠷᠭᠡ ᠳᠤ ᠨᠤᠷᠠᠭᠠᠬᠤ ᠪᠠᠯᠪᠠᠴᠢᠬᠤ᠂ ᠲᠠᠭᠠᠭᠠᠴᠠ ᠬᠡᠷᠡᠮ ᠢ ᠨᠤᠷᠭᠠᠵᠤ ᠦᠭᠡᠷᠡᠴᠢᠯᠡᠬᠦ ᠠᠭᠤᠯᠭ᠎ᠠ ᠪᠠᠶᠢᠪᠠᠯ᠂ ᠬᠢᠨᠠᠨ ᠬᠠᠮᠢᠶᠠᠷᠤᠯᠳᠠ ᠶᠢᠨ ᠪᠠᠶᠢᠭᠤᠯᠤᠮᠵᠢ ᠪᠠᠶᠢᠳᠠᠯ ᠢ ᠦᠵᠡᠵᠦ ᠵᠣᠭᠤᠰ ᠢᠶᠠᠷ ᠲᠣᠷᠭᠠᠬᠤ᠂ ᠠᠵᠢᠯ ᠢ ᠨᠢ ᠵᠣᠭᠰᠣᠭᠠᠨ ᠴᠡᠭᠴᠡᠯᠡᠬᠦ᠂ ᠬᠢᠷᠢ ᠬᠡᠮ ᠤᠨ ᠦᠨᠡᠮᠯᠡᠯ ᠢ ᠨᠢ ᠬᠤᠷᠢᠶᠠᠨ ᠠᠪᠴᠤ ᠬᠦᠴᠦᠨ ᠦᠭᠡᠢ ᠪᠣᠯᠭᠠᠬᠤ ᠵᠡᠷᠭᠡ ᠰᠢᠢᠳᠬᠡᠯ ᠥᠭᠴᠦ᠂ ᠬᠠᠤᠯᠢ ᠶᠣᠰᠣᠭᠠᠷ ᠬᠠᠷᠢᠭᠤᠴᠠᠯᠭ᠎ᠠ ᠲᠠᠢ ᠠᠵᠢᠯ ᠡᠷᠬᠢᠯᠡᠭᠰᠡᠳ ᠢ ᠵᠠᠯᠬᠠᠭᠠᠨ ᠰᠢᠢᠳᠬᠡᠬᠦ ᠬᠡᠷᠡᠭᠲᠡᠢ᠃    ᠢᠷᠡᠯᠲᠡ᠄ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠰᠣᠨᠢᠨ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1