ᠮᠠᠨ ᠤ ᠣᠷᠣᠨ 434 ᠭᠤᠣᠯ ᠮᠥᠷᠡᠨ ᠨᠠᠭᠤᠷ ᠴᠥᠭᠦᠷᠥᠮ ᠳᠤ ︽ᠡᠷᠡᠭᠦᠯ ᠮᠡᠨᠳᠦ︾ ᠶᠢᠨ ᠲᠠᠩᠰᠠ ᠡᠪᠬᠡᠮᠡᠯ ᠪᠠᠶᠢᠭᠤᠯᠵᠠᠢ
ᠨᠡᠶᠢᠲᠡᠯᠡᠭᠰᠡᠨ ᠴᠠᠭ᠄
2024/6/5
      ᠰᠤᠷᠪᠤᠯᠵᠢᠯᠠᠬᠴᠢ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠠᠴᠠ ᠣᠶᠢᠯᠠᠭᠠᠭᠰᠠᠨ ᠢᠶᠠᠷ᠂ 2023 ᠣᠨ ᠳᠤ ᠮᠠᠨ ᠤ ᠤᠯᠤᠰ ᠭᠤᠣᠯ ᠮᠥᠷᠡᠨ ᠨᠠᠭᠤᠷ ᠴᠥᠭᠦᠷᠥᠮ ᠤᠨ ︽ᠡᠷᠡᠭᠦᠯ ᠮᠡᠨᠳᠦ︾ ᠶᠢᠨ ᠦᠨᠡᠯᠡᠯᠲᠡ ᠶᠢᠨ ᠠᠵᠢᠯ ᠢ ᠪᠦᠭᠦ ᠲᠠᠯ᠎ᠠ ᠪᠠᠷ ᠡᠬᠢᠯᠡᠭᠦᠯᠦᠭᠰᠡᠨ ᠠᠴᠠ ᠨᠠᠭᠠᠰᠢ ᠮᠠᠨ ᠤ ᠣᠷᠣᠨ ᠭᠤᠣᠯ ᠮᠥᠷᠡᠨ ᠨᠠᠭᠤᠷ ᠴᠥᠭᠦᠷᠥᠮ ᠤᠨ ︽ᠡᠷᠡᠭᠦᠯ ᠮᠡᠨᠳᠦ︾ ᠶᠢᠨ ᠦᠨᠡᠯᠡᠯᠲᠡ ᠶᠢᠨ ᠠᠵᠢᠯ ᠢ ᠪᠦᠲᠦᠮᠵᠢᠲᠡᠢ ᠠᠬᠢᠭᠤᠯᠵᠤ᠂ ᠣᠳᠣᠬᠠᠨ ᠪᠤᠯᠳᠠᠯ᠎ᠠ ᠨᠡᠶᠢᠳᠡ 434 ᠭᠤᠣᠯ ᠮᠥᠷᠡᠨ ᠨᠠᠭᠤᠷ ᠴᠥᠭᠦᠷᠥᠮ ᠳᠤ ︽ᠡᠷᠡᠭᠦᠯ ᠮᠡᠨᠳᠦ︾ ᠶᠢᠨ ᠲᠠᠩᠰᠠ ᠡᠪᠬᠡᠮᠡᠯ ᠪᠠᠶᠢᠭᠤᠯᠪᠠ᠃      ᠭᠤᠣᠯ ᠮᠥᠷᠡᠨ ᠨᠠᠭᠤᠷ ᠴᠥᠭᠦᠷᠥᠮ ᠤᠨ ︽ᠡᠷᠡᠭᠦᠯ ᠮᠡᠨᠳᠦ︾ ᠶᠢᠨ ᠦᠨᠡᠯᠡᠯᠲᠡ ᠪᠣᠯ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ ᠢ ᠪᠦᠭᠦ ᠲᠠᠯ᠎ᠠ ᠪᠠᠷ ᠴᠢᠩᠭᠠᠳᠬᠠᠬᠤ᠂ ᠥᠩᠭᠡᠨ ᠲᠠᠯ᠎ᠠ ᠪᠠ ᠦᠨᠳᠦᠰᠦ ᠰᠤᠷᠪᠤᠯᠵᠢ ᠶᠢ ᠨᠢ ᠵᠡᠷᠭᠡ ᠪᠠᠷ ᠵᠠᠰᠠᠬᠤ ᠶᠢ ᠪᠡᠶᠡᠯᠡᠭᠦᠯᠬᠦ᠂ ᠵᠣᠯ ᠵᠢᠷᠭᠠᠯᠲᠤ ᠭᠤᠣᠯ ᠮᠥᠷᠡᠨ ᠨᠠᠭᠤᠷ ᠴᠥᠭᠦᠷᠥᠮ ᠢ ᠪᠦᠲᠦᠭᠡᠨ ᠪᠠᠶᠢᠭᠤᠯᠬᠤ ᠶᠢᠨ ᠴᠢᠬᠤᠯᠠ ᠰᠠᠭᠤᠷᠢ ᠠᠵᠢᠯ ᠪᠣᠯᠣᠨ᠎ᠠ᠃ ︽ᠡᠷᠡᠭᠦᠯ ᠮᠡᠨᠳᠦ︾ ᠭᠤᠣᠯ ᠮᠥᠷᠡᠨ ᠨᠢ ᠤᠰᠤᠨ  ᠤ ᠬᠡᠮᠵᠢᠶ᠎ᠡ ᠳᠡᠭᠡᠷ᠎ᠡ ᠢᠯᠡᠷᠡᠬᠦ ᠪᠠᠷ ᠪᠠᠷᠠᠬᠤ ᠦᠭᠡᠢ ᠪᠠᠰᠠ ᠰᠠᠭᠠᠳ ᠦᠭᠡᠢ ᠨᠡᠪᠲᠡᠷᠡᠭᠰᠡᠨ ᠭᠤᠣᠯ ᠤᠨ ᠭᠤᠯᠳᠤᠷᠢᠯ᠂ ᠴᠡᠪᠡᠷ ᠲᠤᠩᠭᠠᠯᠠᠭ ᠤᠰᠤᠨ ᠤ ᠴᠠᠷᠠᠭ᠎ᠠ ᠵᠢᠴᠢ ᠵᠢᠭᠳᠡ ᠲᠡᠭᠰᠢ ᠡᠷᠭᠢ ᠶᠢᠨ ᠱᠤᠭᠤᠮ ᠳᠡᠭᠡᠷ᠎ᠡ ᠢᠯᠡᠷᠡᠳᠡᠭ ᠶᠤᠮ᠃      ᠮᠠᠨ ᠤ ᠣᠷᠣᠨ ᠭᠤᠣᠯ ᠮᠥᠷᠡᠨ ᠨᠠᠭᠤᠷ ᠴᠥᠭᠦᠷᠥᠮ ᠢ ᠬᠠᠮᠢᠶᠠᠷᠴᠤ ᠬᠠᠮᠠᠭᠠᠯᠠᠬᠤ ︽ᠬᠠᠪᠤᠷ ᠤᠨ ᠠᠵᠢᠯᠯᠠᠭ᠎ᠠ︾ ᠪᠣᠯᠣᠨ ︽ᠨᠠᠮᠤᠷ ᠤᠨ ᠠᠵᠢᠯᠯᠠᠭ᠎ᠠ︾ ᠶᠢ ᠪᠦᠭᠦ ᠲᠠᠯ᠎ᠠ ᠪᠠᠷ ᠥᠷᠨᠢᠭᠦᠯᠵᠦ᠂ ᠭᠤᠣᠯ ᠮᠥᠷᠡᠨ ᠨᠠᠭᠤᠷ ᠴᠥᠭᠦᠷᠥᠮ ᠤᠨ ︽ᠳᠤᠷ᠎ᠠ ᠪᠠᠷ ᠡᠵᠡᠯᠡᠬᠦ᠂ ᠳᠤᠷ᠎ᠠ ᠪᠠᠷ ᠮᠠᠯᠲᠠᠬᠤ᠂ ᠳᠤᠷ᠎ᠠ ᠪᠠᠷ ᠣᠪᠣᠭᠠᠯᠠᠬᠤ᠂ ᠳᠤᠷ᠎ᠠ ᠪᠠᠷ ᠪᠠᠶᠢᠭᠤᠯᠬᠤ︾ ᠶᠢ ᠴᠡᠭᠴᠡᠯᠡᠨ ᠵᠠᠰᠠᠬᠤ ᠠᠵᠢᠯ ᠢ ᠪᠠᠶᠢᠩᠭᠤᠵᠢᠭᠤᠯᠤᠨ ᠠᠬᠢᠭᠤᠯᠵᠤ᠂ ᠭᠤᠣᠯ ᠮᠥᠷᠡᠨ ᠨᠠᠭᠤᠷ ᠴᠥᠭᠦᠷᠥᠮ ᠤᠨ ᠠᠮᠢ ᠠᠬᠤᠢ ᠣᠷᠴᠢᠨ ᠲᠣᠭᠤᠷᠢᠨ ᠢ ᠰᠡᠷᠭᠦᠭᠡᠵᠦ᠂ ᠭᠤᠣᠯ ᠮᠥᠷᠡᠨ ᠨᠠᠭᠤᠷ ᠴᠥᠭᠦᠷᠥᠮ ᠤᠨ ᠦᠶᠡᠷ ᠢ ᠰᠡᠷᠭᠡᠶᠢᠯᠡᠬᠦ ᠠᠮᠤᠷ ᠲᠦᠪᠰᠢᠨ᠂ ᠤᠰᠤ ᠬᠠᠩᠭᠠᠬᠤ ᠠᠮᠤᠷ ᠲᠦᠪᠰᠢᠨ᠂ ᠠᠮᠢ ᠠᠬᠤᠢ ᠶᠢᠨ ᠠᠮᠤᠷ ᠲᠦᠪᠰᠢᠨ ᠢ ᠪᠠᠲᠤᠯᠠᠪᠠ᠃ ᠡᠨᠡ ᠬᠦ ᠰᠠᠭᠤᠷᠢᠨ ᠳᠡᠭᠡᠷ᠎ᠡ ᠭᠤᠣᠯ ᠮᠥᠷᠡᠨ ᠨᠠᠭᠤᠷ ᠴᠥᠭᠦᠷᠥᠮ ᠤᠨ ︽ᠡᠷᠡᠭᠦᠯ ᠮᠡᠨᠳᠦ︾ ᠶᠢᠨ ᠦᠨᠡᠯᠡᠯᠲᠡ ᠶᠢᠨ ᠠᠵᠢᠯ ᠢ ᠢᠳᠡᠪᠬᠢᠲᠡᠢ ᠵᠣᠬᠢᠶᠠᠨ ᠪᠠᠶᠢᠭᠤᠯᠤᠨ ᠥᠷᠨᠢᠭᠦᠯᠵᠦ᠂ ᠭᠤᠣᠯ ᠮᠥᠷᠡᠨ ᠨᠠᠭᠤᠷ ᠴᠥᠭᠦᠷᠥᠮ ᠤᠨ ︽ᠡᠷᠡᠭᠦᠯ ᠮᠡᠨᠳᠦ︾  ᠶᠢᠨ ᠲᠠᠩᠰᠠ ᠡᠪᠬᠡᠮᠡᠯ ᠢ ᠪᠠᠶᠢᠭᠤᠯᠬᠤ ᠪᠠᠷ ᠳᠡᠮᠵᠢᠨ ᠭᠤᠣᠯ ᠮᠥᠷᠡᠨ ᠨᠠᠭᠤᠷ ᠴᠥᠭᠦᠷᠥᠮ ᠤᠨ ︽ᠡᠷᠡᠭᠦᠯ ᠮᠡᠨᠳᠦ︾  ᠶᠢᠨ ᠪᠠᠶᠢᠳᠠᠯ ᠢ ᠬᠥᠳᠡᠯᠦᠩᠭᠦᠢ ᠪᠠᠷ ᠡᠵᠡᠮᠰᠢᠵᠦ᠂ ᠡᠯ᠎ᠡ ᠱᠠᠲᠤᠨ ᠤ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠭᠤᠣᠯ ᠮᠥᠷᠡᠨ ᠨᠠᠭᠤᠷ ᠴᠥᠭᠦᠷᠥᠮ ᠢ ᠬᠠᠮᠢᠶᠠᠷᠴᠤ ᠬᠠᠮᠠᠭᠠᠯᠠᠬᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠳᠤ ᠰᠢᠨᠵᠢᠯᠡᠬᠦ ᠤᠬᠠᠭᠠᠨᠴᠢ ᠦᠨᠳᠦᠰᠦᠯᠡᠯ ᠬᠠᠩᠭᠠᠪᠠ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1