ᠨᠢᠰᠬᠡᠯ ᠤᠨ ᠪᠢᠯᠧᠲ ᠤᠨ ᠵᠣᠭᠤᠰ ᠪᠤᠴᠠᠭᠠᠬᠤ ᠮᠡᠬᠡᠯᠡᠯ ᠠᠴᠠ ᠰᠡᠷᠡᠮᠵᠢᠯᠡᠭᠡᠷᠡᠢ
ᠨᠡᠶᠢᠲᠡᠯᠡᠭᠰᠡᠨ ᠴᠠᠭ᠄
2024/6/7
      5 ᠰᠠᠷ᠎ᠠ ᠶᠢᠨ ᠡᠬᠢ ᠪᠠᠷ᠂ ᠠᠯᠠᠱᠠ ᠪᠠᠷᠠᠭᠤᠨ ᠬᠤᠰᠢᠭᠤᠨ ᠤ ᠵᠠᠩ ᠣᠪᠣᠭᠲᠤ ︽ᠲᠠᠨ ᠤ ᠰᠠᠭᠤᠭᠰᠠᠨ ᠡᠭᠡᠯᠵᠢ ᠶᠢᠨ ᠨᠢᠰᠬᠡᠯ ᠲᠤᠰ ᠤᠳᠠᠭ᠎ᠠ ᠨᠢᠰᠴᠦ ᠲᠡᠶᠢᠯᠭᠦ ᠦᠭᠡᠢ ᠪᠣᠯᠪᠠ᠂ ᠴᠠᠭ ᠲᠤᠬᠠᠢ ᠳᠤᠨᠢ ᠦᠢᠯᠡᠴᠢᠯᠡᠭᠴᠢ ᠲᠠᠢ ᠬᠠᠷᠢᠯᠴᠠᠵᠤ ᠪᠢᠯᠧᠲ ᠢᠶᠠᠨ ᠪᠤᠴᠠᠭᠠᠬᠤ ᠪᠤᠶᠤ ᠳᠠᠭᠢᠵᠤ ᠭᠠᠷ ᠭᠦᠢᠴᠡᠳᠬᠡᠯ ᠬᠢᠬᠦ ᠴᠢᠬᠤᠯᠠᠲᠠᠢ᠂ ᠡᠭᠦᠨ ᠠᠴᠠ ᠭᠠᠳᠠᠨ᠎ᠠ ᠠᠶᠠᠨᠴᠢᠨ ᠨᠢᠭᠡ ᠪᠦᠷᠢ ᠳᠤ 300 ᠲᠥᠭᠦᠷᠢᠭ ᠤᠨ ᠴᠠᠭ ᠢ ᠰᠠᠭᠠᠲᠠᠭᠠᠭᠰᠠᠨ ᠮᠥᠩᠭᠦ ᠲᠥᠯᠥᠵᠦ ᠥᠭᠭᠦᠨ᠎ᠡ︾ ᠭᠡᠬᠦ ᠴᠠᠬᠢᠮ ᠮᠡᠳᠡᠭᠡ ᠲᠤᠰᠴᠠᠶ᠃ ᠵᠠᠩ ᠣᠪᠣᠭᠲᠤ ᠶᠠᠭ ᠰᠠᠶ᠋ᠢᠬᠠᠨ ᠲᠤᠰ ᠡᠭᠡᠯᠵᠢ ᠶᠢᠨ ᠨᠢᠰᠬᠡᠯ ᠤᠨ ᠪᠢᠯᠧᠲ ᠢ ᠬᠤᠳᠠᠯᠳᠤᠨ ᠠᠪᠤᠭᠰᠠᠨ ᠪᠣᠯᠬᠤᠷ᠂ ᠴᠠᠬᠢᠮ ᠮᠡᠳᠡᠭᠡ ᠶᠢ ᠣᠯᠣᠭᠰᠠᠨ ᠤ ᠳᠠᠷᠠᠭ᠎ᠠ ᠦᠢᠯᠡᠴᠢᠯᠡᠭᠡᠨ ᠤ ᠬᠠᠯᠠᠮᠰᠢᠯ ᠤᠲᠠᠰᠤ ᠶᠢ ᠤᠲᠠᠰᠤᠳᠠᠪᠠ᠃ ᠤᠲᠠᠰᠤ ᠳᠤᠰᠤᠭᠰᠠᠨ ᠦᠢᠯᠡᠴᠢᠯᠡᠭᠴᠢ ᠠᠴᠠ᠂ ᠡᠭᠡᠯᠵᠢ ᠶᠢᠨ ᠨᠢᠰᠬᠡᠯ ᠰᠠᠭᠠᠲᠠᠭᠰᠠᠨ ᠪᠠᠶᠢᠪᠠᠯ ᠪᠠᠩᠬᠢ ᠪᠠᠷ ᠪᠢᠯᠧᠲ ᠬᠤᠳᠠᠯᠳᠤᠨ ᠠᠪᠤᠭᠰᠠᠨ 600 ᠭᠠᠷᠤᠢ ᠲᠥᠭᠦᠷᠢᠭ ᠢ ᠪᠤᠴᠠᠭᠠᠬᠤ ᠶᠢᠨ ᠬᠠᠮᠲᠤ 300 ᠲᠥᠭᠦᠷᠢᠭ ᠤᠨ ᠨᠥᠬᠦᠪᠦᠷᠢ ᠮᠥᠩᠭᠦ ᠥᠭᠭᠦᠨ᠎ᠡ ᠭᠡᠵᠡᠢ᠃ ᠨᠥᠭᠦᠭᠡ ᠡᠲᠡᠭᠡᠳ ᠤᠨ ᠱᠠᠭᠠᠷᠳᠠᠯᠭ᠎ᠠ ᠶᠣᠰᠣᠭᠠᠷ᠂ ᠵᠠᠩ ᠣᠪᠣᠭᠲᠤ ᠥᠪᠡᠷ ᠤᠨ ᠪᠠᠩᠬᠢ ᠶᠢᠨ ᠲᠠᠩᠰᠠᠨ ᠡᠷᠦᠭᠡ ᠪᠠᠨ ᠬᠠᠩᠭᠠᠵᠤ᠂ ᠭᠠᠷ ᠤᠲᠠᠰᠤᠨ ᠤ ᠪᠠᠩᠬᠢ ᠶᠢᠨ ᠣᠨᠳᠣᠣ ᠭᠠᠵᠠᠷ ᠲᠤ ᠮᠡᠳᠡᠭᠡ ᠵᠠᠩᠭᠢ ᠲᠡᠮᠳᠡᠭᠯᠡᠭᠦᠯᠦᠭᠰᠡᠨ ᠰᠠᠨᠠᠭᠤᠯᠤᠮᠵᠢ ᠶᠢ ᠣᠯᠣᠭᠰᠠᠨ ᠤ ᠳᠠᠷᠠᠭ᠎ᠠ᠂ ᠮᠥᠨ ᠯᠡ ᠰᠡᠷᠡᠮᠵᠢ ᠠᠪᠤᠭᠰᠠᠨ ᠦᠭᠡᠢ ᠨᠢᠭᠡᠨ ᠰᠦᠯᠵᠢᠶᠡᠨ ᠬᠠᠶ᠋ᠢᠭ ᠢ ᠲᠣᠪᠴᠢᠳᠠᠵᠤ᠂ ᠪᠢᠯᠧᠲ ᠠᠪᠤᠭᠰᠠᠨ ᠵᠣᠭᠤᠰ ᠢᠶᠠᠨ ᠪᠤᠴᠠᠭᠠᠬᠤ ᠭᠠᠷᠳᠠᠮ ᠭᠦᠢᠴᠡᠳᠬᠡᠪᠡ᠃ ᠭᠠᠷᠳᠠᠮ ᠭᠦᠢᠴᠡᠳᠬᠡᠬᠦ ᠰᠦᠢᠳᠬᠡᠯ ᠲᠤᠰᠢᠶᠠᠬᠤ ᠱᠠᠭᠠᠷᠳᠠᠯᠭ᠎ᠠ ᠪᠠᠷ ᠣᠯᠠᠨ ᠤᠳᠠᠭ᠎ᠠ ᠲᠠᠩᠰᠠ ᠰᠢᠯᠵᠢᠭᠦᠯᠦᠭᠰᠡᠨ ᠤ ᠳᠠᠷᠠᠭ᠎ᠠ᠂ ᠨᠥᠭᠦᠭᠡ ᠡᠲᠡᠭᠡᠳ ᠨᠢ ᠮᠥᠨ ᠯᠡ ᠵᠠᠩ ᠣᠪᠣᠭᠲᠤ ᠳᠤ ︽ᠭᠠᠷᠳᠠᠮ ᠭᠦᠢᠴᠡᠳᠬᠡᠭᠰᠡᠨ ᠳᠠᠷᠠᠭᠠᠯᠠᠯ ᠨᠢ ᠠᠰᠠᠭᠤᠳᠠᠯ ᠲᠠᠢ︾ ᠭᠡᠵᠦ ᠳᠠᠭᠢᠨ ᠳᠠᠪᠲᠠᠨ ᠮᠡᠳᠡᠭᠳᠡᠵᠦ ᠂ ᠦᠷᠭᠦᠯᠵᠢᠯᠡᠨ ᠲᠠᠩᠰᠠ ᠰᠢᠯᠵᠢᠭᠦᠯᠬᠦ ᠴᠢᠬᠤᠯᠠᠲᠠᠢ ᠭᠡᠪᠡ᠃ ᠡᠨᠡ ᠦᠶ᠎ᠡ ᠳᠤ ᠨᠡᠶᠢᠲᠡ 17 ᠲᠦᠮᠡ ᠭᠠᠷᠤᠢ ᠲᠥᠭᠦᠷᠢᠭ ᠤᠨ ᠲᠠᠩᠰᠠ ᠰᠢᠯᠵᠢᠭᠦᠯᠦᠭᠰᠡᠨ ᠵᠠᠩ ᠣᠪᠣᠭᠲᠤ ᠰᠠᠶ᠋ᠢ ᠮᠡᠬᠡᠯᠡᠭᠳᠡᠭᠰᠡᠨ ᠢᠶᠠᠨ ᠰᠡᠷᠡᠵᠦ ᠮᠡᠳᠡᠨ᠂ ᠠᠯᠠᠱᠠ ᠪᠠᠷᠠᠭᠤᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠡᠷᠡᠭᠦᠦ ᠶᠢᠨ ᠬᠡᠷᠡᠭ ᠢ ᠲᠠᠩᠨᠠᠨ ᠪᠠᠶᠢᠴᠠᠭᠠᠬᠤ ᠶᠡᠭᠡ ᠠᠩᠭᠢ ᠳᠤ ᠬᠡᠷᠡᠭ ᠮᠡᠳᠡᠭᠦᠯᠵᠦ ᠲᠤᠰᠠᠯᠠᠮᠵᠢ ᠭᠤᠶᠤᠴᠢᠯᠠᠪᠠ᠃ ᠣᠳᠣᠬᠠᠨ ᠳᠤ ᠲᠤᠰ ᠬᠡᠷᠡᠭ ᠢ ᠴᠢᠨᠠᠭᠰᠢᠳᠠ ᠳᠡᠩᠨᠡᠨ ᠪᠠᠶᠢᠴᠠᠭᠠᠵᠤ ᠪᠤᠢ᠃      ᠠᠷᠠᠳ ᠤᠨ ᠴᠠᠭᠳᠠᠭ᠎ᠠ ᠠᠴᠠ᠂ ᠵᠢᠭᠤᠯᠴᠢᠯᠠᠬᠰᠠᠳ ᠪᠠ ᠠᠵᠢᠯ ᠢᠶᠠᠷ ᠭᠠᠳᠠᠭᠰᠢ ᠭᠠᠷᠬᠤ ᠬᠥᠮᠥᠰ ᠡᠶᠢᠮᠦᠷᠬᠦᠦ ᠬᠡᠷᠡᠭ ᠲᠤ ᠠᠮᠠᠷᠬᠠᠨ ᠮᠡᠬᠡᠯᠡᠭᠳᠡᠨ᠎ᠡ᠃ ᠮᠡᠬᠡᠯᠡᠭᠴᠢ ᠬᠠᠤᠯᠢ ᠪᠤᠰᠤ ᠠᠷᠭ᠎ᠠ ᠵᠠᠮ ᠢᠶᠠᠷ ᠠᠶᠠᠨᠴᠢᠳ ᠤᠨ ᠪᠢᠯᠧᠲ ᠬᠤᠳᠠᠯᠳᠤᠨ ᠠᠪᠤᠭᠰᠠᠨ ᠮᠡᠳᠡᠭᠡ ᠵᠠᠩᠭᠢ ᠶᠢ ᠣᠯᠣᠭᠰᠠᠨ ᠤ ᠳᠠᠷᠠᠭ᠎ᠠ᠂ ᠠᠶᠠᠨᠴᠢᠳ ᠲᠤ ᠴᠠᠬᠢᠮ ᠮᠡᠳᠡᠭᠡ ᠶᠠᠪᠤᠭᠤᠯᠵᠤ᠂ ᠡᠭᠡᠯᠵᠢ ᠶᠢᠨ ᠨᠢᠰᠬᠡᠯ ᠨᠢ ᠮᠠᠰᠢᠨ ᠤ ᠰᠠᠭᠠᠳ᠂ ᠴᠠᠭ ᠠᠭᠤᠷ ᠵᠡᠷᠭᠡ ᠰᠢᠯᠲᠠᠭᠠᠨ ᠠᠴᠠ ᠴᠠᠭ ᠲᠠᠭᠠᠨ ᠨᠢᠰᠴᠦ ᠲᠡᠶᠢᠯᠭᠦ ᠦᠭᠡᠢ᠂ ᠪᠢᠯᠧᠲ ᠢᠶᠠᠨ ᠪᠤᠴᠠᠭᠠᠬᠤ ᠪᠤᠶᠤ ᠳᠠᠭᠢᠵᠤ ᠭᠠᠷ ᠭᠦᠢᠴᠡᠳᠬᠡᠯ ᠬᠢᠬᠦ ᠴᠢᠬᠤᠯᠠᠲᠠᠢ ᠪᠣᠯᠤᠭᠰᠠᠨ ᠪᠥᠭᠡᠳ ᠨᠥᠬᠦᠪᠦᠷᠢ ᠥᠭᠭᠦᠨ᠎ᠡ ᠭᠡᠳᠡᠭ᠃ ᠠᠶᠠᠨᠴᠢᠳ ᠢ ᠮᠡᠬᠡᠯᠡᠵᠦ ᠪᠠᠶᠢᠭᠠᠳ ᠪᠠᠩᠬᠢ ᠶᠢᠨ ᠺᠠᠷᠲ ᠤᠨ ᠲᠣᠭᠠᠴᠠᠭ᠎ᠠ ᠬᠢᠬᠦ ᠮᠡᠳᠡᠭᠡ ᠵᠠᠩᠭᠢ ᠶᠢ ᠲᠠᠭᠯᠠᠭᠤᠯᠵᠤ᠂ ᠡᠭᠦᠨ ᠤ ᠤᠯᠠᠮ ᠠᠴᠠ ᠪᠠᠩᠬᠢ ᠶᠢᠨ ᠵᠣᠭᠤᠰ ᠢ ᠰᠢᠯᠵᠢᠭᠦᠯᠦᠨ᠎ᠡ᠃ ᠨᠢᠰᠬᠡᠯ ᠤᠨ ᠪᠢᠯᠧᠲ ᠬᠤᠳᠠᠯᠳᠤᠨ ᠠᠪᠬᠤ᠂ ᠵᠣᠭᠤᠰ ᠪᠤᠴᠠᠭᠠᠬᠤ ᠪᠠ ᠳᠠᠭᠢᠵᠤ ᠭᠠᠷ ᠭᠦᠢᠴᠡᠳᠬᠡᠯ ᠬᠢᠬᠦ ᠳᠤ ᠠᠯᠪᠠᠨ ᠤ ᠰᠦᠯᠵᠢᠶ᠎ᠡ᠂ ᠠᠯᠪᠠᠨ ᠤ ᠦᠢᠯᠡᠴᠢᠯᠡᠭᠡᠨ ᠤ ᠤᠲᠠᠰᠤ᠂ ᠨᠢᠰᠬᠡᠯ ᠤᠨ ᠪᠢᠯᠧᠲ ᠣᠷᠣᠯᠠᠨ ᠬᠤᠳᠠᠯᠳᠤᠬᠤ ᠭᠠᠵᠠᠷ ᠵᠡᠷᠭᠡ ᠵᠢᠩᠬᠢᠨᠢ ᠠᠷᠭ᠎ᠠ ᠵᠠᠮ ᠢᠶᠠᠷ ᠳᠠᠮᠵᠢᠬᠤ ᠴᠢᠬᠤᠯᠠᠲᠠᠢ᠂ ᠰᠦᠯᠵᠢᠶᠡᠨ ᠳᠡᠭᠡᠷᠡᠬᠢ ᠬᠤᠳᠠᠯ ᠬᠠᠭᠤᠷᠮᠠᠭ ᠮᠡᠳᠡᠭᠡ ᠵᠠᠩᠭᠢ ᠳᠤ ᠰᠡᠷᠡᠮᠵᠢ ᠲᠠᠢ ᠪᠠᠶᠢᠵᠤ᠂ ᠲᠠᠨᠢᠯ ᠪᠤᠰᠤ ᠪᠠᠩᠬᠢ ᠶᠢᠨ ᠺᠠᠷᠲ ᠲᠤ ᠳᠠᠩᠰᠠ ᠰᠢᠯᠵᠢᠭᠦᠯᠵᠦ ᠪᠤᠯᠬᠤ ᠦᠭᠡᠢ ᠭᠡᠵᠦ ᠰᠠᠨᠠᠭᠤᠯᠤᠨ᠎ᠠ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1