ᠬᠥᠭᠦᠷᠭᠡ ᠶᠢᠨ ᠠᠮᠤᠷ ᠲᠦᠪᠰᠢᠨ ᠤ ᠪᠠᠳᠤᠯᠠᠭ᠎ᠠ ᠶᠢ ᠴᠢᠩᠭᠠᠳᠬᠠᠶ᠎ᠠ
ᠨᠡᠶᠢᠲᠡᠯᠡᠭᠰᠡᠨ ᠴᠠᠭ᠄
2024/6/7
      ᠬᠥᠭᠦᠷᠭᠡ ᠶᠢᠨ ᠠᠷᠠᠴᠢᠯᠠᠯᠳᠠ ᠬᠠᠮᠠᠭᠠᠯᠠᠯᠳᠠ ᠬᠠᠮᠢᠶᠠᠷᠤᠯᠲᠠ ᠶᠢ ᠪᠦᠲᠦᠮᠵᠢᠲᠡᠶ ᠳᠡᠭᠡᠭᠰᠢᠯᠡᠭᠦᠯᠵᠦ᠂ ᠬᠠᠷᠢᠶᠠᠲᠤ ᠣᠷᠣᠨ ᠤ ᠬᠥᠭᠦᠷᠭᠡ ᠶᠢᠨ ᠡᠵᠡᠩᠨᠡᠯᠲᠡ ᠶᠢᠨ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ ᠬᠥᠬᠡᠬᠤᠲᠠ ᠶᠢᠨ ᠬᠤᠲᠠ ᠶᠢᠨ ᠶᠠᠪᠤᠳᠠᠯ ᠤᠨ ᠪᠦᠲᠦᠭᠡᠨ ᠪᠠᠶᠢᠭᠤᠯᠤᠯᠲᠠ ᠶᠢᠨ ᠦᠢᠯᠡᠴᠢᠯᠡᠭᠡᠨ ᠤ ᠲᠥᠪ ᠠᠴᠠ ᠬᠠᠷᠢᠶᠠᠲᠤ ᠣᠷᠣᠨ ᠤ ᠬᠥᠭᠦᠷᠭᠡ ᠳᠤ 24 ᠴᠠᠭ ᠤᠨ ᠸᠢᠳᠢᠤ᠋ ᠬᠢᠨᠠᠨ ᠡᠵᠡᠮᠳᠡᠬᠦ ᠲᠥᠬᠦᠭᠡᠷᠦᠮᠵᠢ ᠤᠭᠰᠠᠷᠠᠵᠤ᠂ ᠣᠶᠤᠨᠴᠢᠯᠠᠭᠰᠠᠨ ᠰᠦᠯᠵᠢᠶᠡᠨ ᠳᠡᠭᠡᠷ᠎ᠡ ᠬᠢᠨᠠᠨ ᠬᠡᠮᠵᠢᠵᠦ ᠬᠢᠨᠠᠨ ᠡᠵᠡᠮᠳᠡᠬᠦ ᠶᠢ ᠪᠡᠶᠡᠯᠡᠭᠦᠯᠪᠡ᠃      ᠲᠣᠰ ᠤᠳᠠᠭ᠎ᠠ ᠨᠡᠶᠢᠲᠡ 39 ᠬᠥᠭᠦᠷᠭᠡ ᠳᠤ᠂ ᠨᠡᠶᠢᠲᠡ 247 ᠢᠵᠢ ᠬᠢᠨᠠᠨ ᠡᠵᠡᠮᠳᠡᠬᠦ ᠲᠥᠬᠦᠭᠡᠷᠦᠮᠵᠢ᠂ 420 ᠺᠠᠮᠧᠷᠠ ᠤᠭᠰᠠᠷᠠᠪᠠ᠃ ᠬᠢᠨᠠᠨ ᠡᠵᠡᠮᠳᠡᠬᠦ ᠲᠥᠬᠦᠭᠡᠷᠦᠮᠵᠢ ᠨᠢ ᠨᠡᠷᠡᠨ ᠡᠨᠧᠷᠭᠢ ᠪᠠᠷ ᠴᠠᠬᠢᠯᠭᠠᠨ ᠬᠠᠩᠭᠠᠬᠤ ᠠᠷᠭ᠎ᠠ ᠶᠢ ᠬᠡᠷᠡᠭᠯᠡᠵᠦ᠂ ᠪᠤᠰᠤᠳ ᠴᠠᠬᠢᠯᠭᠠᠨ ᠡᠭᠦᠰᠭᠡᠭᠴᠢ ᠬᠡᠷᠡᠭᠯᠡᠬᠦ ᠦᠭᠡᠶ ᠪᠠᠶᠢᠳᠠᠯ ᠳᠣᠤᠷ᠎ᠠ ᠪᠠᠰᠠ ᠤᠷᠲᠤ ᠬᠤᠭᠤᠴᠠᠭ᠎ᠠ ᠪᠠᠷ ᠲᠣᠭᠲᠠᠭᠤᠨ ᠢᠶᠠᠷ ᠠᠵᠢᠯᠯᠠᠭᠤᠯᠬᠤ ᠶᠢ ᠦᠨᠡᠨᠬᠦ ᠪᠠᠳᠤᠯᠠᠪᠠ᠃ ᠲᠤᠭ᠎ᠠ ᠪᠠᠷᠢᠮᠲᠠ ᠶᠢᠨ ᠰᠦᠯᠵᠢᠶᠡᠨ ᠤ ᠳᠠᠮᠵᠢᠭᠤᠯᠭ᠎ᠠ ᠪᠠᠷ ᠳᠠᠮᠵᠢᠭᠤᠯᠤᠨ ᠺᠣᠮᠫᠢᠦ᠋ᠲ᠋ᠧᠷ ᠤᠨ ᠬᠢᠨᠠᠨ ᠡᠵᠡᠮᠳᠡᠬᠦ ᠲᠠᠪᠴᠠᠩ ᠪᠠ ᠭᠠᠷ ᠤᠲᠠᠰᠤᠨ ᠤ APP ᠳᠤ ᠬᠥᠭᠦᠷᠭᠡ ᠶᠢᠨ ᠠᠮᠤᠷ ᠲᠦᠪᠰᠢᠨ ᠡᠵᠡᠩᠨᠡᠯᠲᠡ ᠶᠢᠨ ᠪᠠᠶᠢᠳᠠᠯ ᠢ ᠴᠠᠭ ᠲᠤᠬᠠᠶ ᠳᠤᠨᠢ ᠠᠵᠢᠭᠯᠠᠵᠤ ᠪᠣᠯᠤᠨ᠎ᠠ᠂ ᠡᠭᠦᠨ ᠤ ᠬᠠᠮᠲᠤ ᠪᠤᠴᠠᠭᠠᠨ ᠦᠵᠡᠬᠦ ᠴᠢᠳᠠᠮᠵᠢ ᠲᠠᠢ᠂ ᠥᠩᠭᠡᠲᠦ ᠵᠢᠷᠤᠭ ᠪᠠ ᠸᠢᠳᠢᠤ᠋ ᠲᠤᠭ᠎ᠠ ᠪᠠᠷᠢᠮᠲᠠ ᠶᠢ ᠴᠤᠭᠯᠠᠭᠤᠯᠵᠤ ᠪᠣᠯᠤᠨ᠎ᠠ᠃ ᠬᠢᠨᠠᠨ ᠡᠵᠡᠮᠳᠡᠬᠦ ᠲᠥᠬᠦᠭᠡᠷᠦᠮᠵᠢ ᠶᠢᠨ ᠤᠭᠰᠠᠷᠠᠯᠲᠠ ᠨᠢ ᠣᠷᠣᠨ ᠪᠦᠰᠡ ᠶᠢᠨ ᠠᠮᠤᠷ ᠲᠦᠪᠰᠢᠨ ᠴᠢᠨᠠᠷ ᠪᠠ ᠬᠠᠮᠢᠶᠠᠷᠤᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠪᠠᠷ ᠪᠠᠷᠠᠬᠤ ᠦᠭᠡᠢ᠂ ᠡᠨᠧᠷᠭᠢ ᠶᠢᠨ ᠬᠤᠷᠣᠭᠳᠠᠯ ᠪᠠ ᠬᠠᠮᠢᠶᠠᠷᠤᠯᠳᠠ ᠠᠷᠠᠴᠢᠯᠠᠯᠳᠠ ᠶᠢᠨ ᠥᠪᠡᠷ ᠤᠨ ᠥᠷᠲᠡᠭ ᠢ ᠪᠠᠭᠤᠷᠠᠭᠤᠯᠪᠠ᠃      ᠲᠣᠰ ᠢᠨᠵᠧᠨᠧᠷᠢᠩ ᠢ ᠵᠢᠱᠢᠯᠲᠡ ᠪᠠᠷ ᠲᠠᠪᠤᠳᠤᠭᠠᠷ ᠰᠠᠷ᠎ᠠ ᠶᠢᠨ ᠰᠡᠭᠦᠯᠴᠢ ᠪᠠᠷ ᠪᠦᠬᠦᠨ ᠢ ᠤᠭᠰᠠᠷᠠᠵᠤ ᠲᠠᠭᠤᠰᠬᠠᠨ᠎ᠠ᠂ ᠣᠳᠣᠬᠠᠨ ᠳᠤ ᠬᠡᠰᠡᠭ ᠬᠢᠨᠠᠨ ᠡᠵᠡᠮᠳᠡᠬᠦ ᠲᠥᠬᠦᠭᠡᠷᠦᠮᠵᠢ ᠶᠢ ᠤᠭᠰᠠᠷᠠᠵᠤ ᠳᠠᠭᠤᠰᠤᠭᠰᠠᠨ ᠬᠥᠭᠦᠷᠭᠡ ᠨᠢᠭᠡᠨᠲᠡ ᠰᠢᠰᠲ᠋ᠧᠮ ᠤᠨ ᠠᠵᠢᠯᠯᠠᠭᠠᠨ ᠤ ᠱᠠᠲᠤᠨ ᠳᠤ ᠣᠷᠣᠵᠠᠶ᠃ ᠬᠥᠭᠦᠷᠭᠡ ᠳᠤ ᠬᠢᠨᠠᠨ ᠡᠵᠡᠮᠳᠡᠬᠦ ᠲᠥᠬᠦᠭᠡᠷᠦᠮᠵᠢ ᠤᠭᠰᠠᠷᠠᠭᠰᠠᠨ ᠤ ᠳᠠᠷᠠᠭ᠎ᠠ᠂ ᠠᠷᠠᠴᠢᠯᠠᠯᠳᠠ ᠬᠠᠮᠠᠭᠠᠯᠠᠯᠳᠠ ᠬᠠᠮᠢᠶᠠᠷᠤᠯᠲᠠ ᠶᠢᠨ ᠬᠢᠷᠢ ᠲᠦᠪᠰᠢᠨ ᠪᠠ ᠬᠠᠮᠢᠶᠠᠷᠤᠯᠲᠠ ᠶᠢᠨ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠥᠭᠦᠷᠭᠡ ᠶᠢᠨ ᠡᠵᠡᠩᠨᠡᠯᠲᠡ ᠶᠢᠨ ᠠᠮᠤᠷ ᠲᠦᠪᠰᠢᠨ ᠢ ᠪᠠᠲᠤᠯᠠᠵᠤ᠂ ᠬᠤᠲᠠ ᠶᠢᠨ ᠶᠠᠪᠤᠳᠠᠯ ᠤᠨ ᠲᠥᠬᠦᠭᠡᠷᠦᠮᠵᠢ ᠶᠢᠨ ᠡᠳᠦᠷ ᠲᠤᠲᠤᠮ ᠤᠨ ᠠᠷᠠᠴᠢᠯᠠᠯᠳᠠ ᠬᠠᠮᠠᠭᠠᠯᠠᠯᠳᠠ᠂ ᠬᠠᠮᠢᠶᠠᠷᠤᠯᠲᠠ ᠪᠠ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠳᠤᠮᠳᠠ ᠴᠢᠬᠤᠯᠠ ᠦᠢᠯᠡᠳᠦᠯ ᠦᠵᠡᠭᠦᠯᠬᠦ ᠪᠤᠯᠤᠨ᠎ᠠ᠃ ᠲᠠᠷᠠᠭᠠᠴᠢ ᠶᠢᠨ ᠠᠯᠬᠤᠮ ᠳᠤ᠂ ᠬᠥᠬᠡᠬᠤᠲᠠ ᠶᠢᠨ ᠬᠤᠲᠠ ᠶᠢᠨ ᠶᠠᠪᠤᠳᠠᠯ ᠤᠨ ᠪᠥᠲᠥᠭᠡᠨ ᠪᠠᠶᠢᠭᠤᠯᠤᠯᠲᠠ ᠶᠢᠨ ᠦᠢᠯᠡᠴᠢᠯᠡᠭᠡᠨ ᠤ ᠲᠥᠪ ᠪᠠᠶᠢᠳᠠᠯ ᠢ ᠤᠶᠢᠯᠠᠭᠠᠨ ᠵᠢᠭᠰᠠᠭᠠᠨ ᠪᠠᠶᠢᠴᠠᠭᠠᠵᠤ᠂ ᠬᠠᠷᠢᠶᠠᠲᠤ ᠣᠷᠣᠨ ᠤ ᠬᠥᠭᠦᠷᠭᠡ ᠶᠢᠨ ᠬᠢᠨᠠᠨ ᠡᠵᠡᠮᠳᠡᠬᠦ ᠲᠥᠬᠦᠭᠡᠷᠦᠮᠵᠢ ᠶᠢ ᠠᠯᠬᠤᠮ ᠠᠯᠬᠤᠮ ᠢᠶᠠᠷ ᠲᠡᠭᠦᠯᠳᠡᠷᠵᠢᠭᠦᠯᠦᠨ᠎ᠡ᠃    ᠢᠷᠡᠯᠳᠡ᠄ ᠠᠷᠠᠳ ᠤᠨ ᠰᠦᠯᠵᠢᠶ᠎ᠠ — ᠦᠪᠦᠷ ᠮᠤᠩᠭᠤᠯ ᠰᠤᠪᠠᠭ ᠬᠦᠬᠡᠬᠤᠳᠠ ᠶᠢᠨ ᠤᠷᠤᠨ ᠰᠠᠭᠤᠴᠠ ᠪᠠ ᠬᠤᠳᠠ ᠬᠦᠳᠡᠭᠡ ᠶᠢᠨ ᠪᠦᠳᠦᠭᠡᠨ ᠪᠠᠶᠢᠭᠤᠯᠤᠯᠳᠠ ᠶᠢᠨ ᠲᠤᠪᠴᠢᠶ᠎ᠠ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1