ᠨᠢᠭᠡ᠂ ᠵᠠᠰᠠᠪᠦᠷᠢ ᠤᠷᠤᠭᠤᠯᠤᠭᠰᠠᠨ ᠠᠬᠤᠢ ᠪᠠᠶᠢᠳᠠᠯ | ᠥᠪᠡᠷᠲᠡᠭᠡᠨ ᠵᠠᠰᠠᠬᠤ ᠣᠷᠣᠨ ᠤ ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ ᠤᠨ ᠠᠶᠦᠯᠭᠦᠢ | ᠦᠢᠯᠡᠳᠪᠦᠷᠢᠯᠡᠯ ᠪᠠ ᠪᠣᠯᠪᠠᠰᠤᠨ ᠢᠶᠠᠷ ᠪᠠᠷᠢᠯᠭ᠎ᠠ ᠪᠠᠷᠢᠬᠤ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ | ᠪᠠᠷᠢᠯᠭ᠎ᠠ ᠶᠢᠨ ᠠᠮᠤᠷ ᠲᠦᠪᠰᠢᠨ ᠤ ᠪᠠᠷᠢᠮᠵᠢᠶᠠᠵᠢᠭᠤᠯᠤᠯᠲᠠ ᠶᠢᠨ ᠵᠢᠱᠢᠶ᠎ᠡ ᠦᠵᠡᠭᠦᠯᠬᠦ ᠪᠠᠷᠢᠯᠭ᠎ᠠ ᠶᠢᠨ ᠭᠠᠵᠠᠷ ᠢ | ᠰᠢᠯᠭᠠᠷᠠᠭᠤᠯᠬᠤ ᠠᠵᠢᠯ ᠢ ᠵᠢᠷᠤᠮᠵᠢᠭᠤᠯᠬᠤ ᠶᠢᠨ ᠲᠤᠰᠠᠳᠠ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠪᠠᠷᠢᠯᠭ᠎ᠠ ᠶᠢᠨ ᠬᠠᠤᠯᠢ︾᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠶᠦᠯᠭᠦᠢ | ᠦᠢᠯᠡᠳᠪᠦᠷᠢᠯᠡᠯ ᠤᠨ ᠬᠠᠤᠯᠢ︾᠂ ︽ᠪᠠᠷᠢᠯᠭ᠎ᠠ ᠶᠢᠨ ᠠᠶᠦᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠳᠦᠷᠢᠮ︾ | ᠂ ︽ᠪᠠᠷᠢᠯᠭ᠎ᠠ ᠶᠢᠨ ᠠᠮᠤᠷ ᠲᠦᠪᠰᠢᠨ ᠤ ᠪᠠᠷᠢᠮᠵᠢᠶᠠᠵᠢᠭᠤᠯᠤᠯᠲᠠ ᠶᠢ ᠰᠢᠯᠭᠠᠨ ᠦᠨᠡᠯᠡᠬᠦ ᠲᠦᠷ ᠬᠡᠷᠡᠭᠵᠢᠭᠦᠯᠬᠦ | ᠠᠷᠭ᠎ᠠ︾ ︵ᠪᠠᠷᠢᠯᠭ᠎ᠠ ᠴᠢᠨᠠᠷ ﹇2014﹈ 111 ᠨᠤᠮᠧᠷᠳᠦ︶ ᠵᠡᠷᠭᠡ ᠬᠤᠯᠪᠣᠭᠳᠠᠯ ᠪᠦᠬᠦᠢ ᠬᠠᠤᠯᠢ ᠴᠠᠭᠠᠵᠠ | ᠬᠠᠤᠯᠢ ᠲᠣᠭᠲᠠᠭᠠᠯ᠂ ᠵᠢᠷᠤᠮᠵᠢᠯ ᠪᠠᠷᠢᠮᠵᠢᠶ᠎ᠠ ᠶᠢ ᠦᠨᠳᠦᠰᠦᠯᠡᠨ᠂ ᠮᠠᠨ ᠤ ᠣᠷᠣᠨ ᠤ ᠪᠣᠳᠠᠲᠤ ᠪᠠᠶᠢᠳᠠᠯ ᠲᠠᠢ | ᠤᠶᠠᠯᠳᠤᠭᠤᠯᠵᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠷᠢᠯᠭ᠎ᠠ ᠶᠢᠨ ᠠᠮᠦᠷ ᠲᠦᠪᠰᠢᠨ ᠤ | ᠪᠠᠷᠢᠮᠵᠢᠶᠠᠵᠢᠭᠤᠯᠤᠯᠲᠠ ᠶᠢᠨ ᠵᠢᠱᠢᠶ᠎ᠡ ᠦᠵᠡᠭᠦᠯᠬᠦ ᠪᠠᠷᠢᠯᠭ᠎ᠠ ᠶᠢᠨ ᠭᠠᠵᠠᠷ ᠢ ᠰᠢᠯᠭᠠᠷᠠᠭᠤᠯᠬᠤ ᠠᠷᠭ᠎ᠠ︾ ᠳᠤ ᠵᠠᠰᠠᠪᠦᠷᠢ | ᠤᠷᠤᠭᠤᠯᠪᠠ᠃ | ᠬᠤᠶᠠᠷ᠂ ᠭᠤᠣᠯ ᠠᠭᠤᠯᠭ᠎ᠠ | ᠲᠣᠰ ᠠᠷᠭ᠎ᠠ ᠨᠢ ᠨᠡᠶᠢᠲᠡ ᠵᠢᠷᠭᠤᠭᠠᠨ ᠪᠦᠯᠦᠭ᠂ ᠶᠡᠷᠦᠩᠬᠡᠶ ᠲᠦᠷᠢᠮ᠂ ᠭᠤᠶᠤᠴᠢᠯᠠᠨ ᠮᠡᠳᠡᠭᠦᠯᠬᠦ ᠨᠥᠬᠦᠴᠡᠯ | ᠂ ᠭᠤᠶᠤᠴᠢᠯᠠᠨ ᠮᠡᠳᠡᠭᠦᠯᠬᠦ ᠲᠠᠰ ᠳᠠᠷᠠᠭᠠᠯᠠᠯ᠂ ᠶᠠᠪᠤᠴᠠ ᠶᠢ ᠡᠵᠡᠮᠳᠡᠬᠦ᠂ ᠬᠢᠨᠠᠨ ᠬᠠᠷᠭᠤᠭᠤᠯᠵᠤ ᠦᠨᠡᠯᠡᠨ | ᠲᠣᠭᠲᠠᠭᠠᠬᠤ᠂ ᠳᠠᠭᠠᠯᠳᠤᠭᠤᠯᠤᠭᠰᠠᠨ ᠲᠦᠷᠢᠮ ᠢ ᠪᠠᠭᠲᠠᠭᠠᠨ᠎ᠠ᠃ | ᠥᠪᠡᠷᠲᠡᠭᠡᠨ ᠵᠠᠰᠠᠬᠤ ᠣᠷᠣᠨ ᠤ ᠪᠠᠷᠢᠯᠭ᠎ᠠ ᠶᠢᠨ ᠠᠮᠤᠷ ᠲᠦᠪᠰᠢᠨ ᠤ ᠪᠠᠷᠢᠮᠵᠢᠶᠠᠵᠢᠭᠤᠯᠤᠯᠲᠠ ᠶᠢᠨ ᠵᠢᠱᠢᠶ᠎ᠡ | ᠦᠵᠡᠭᠦᠯᠬᠦ ᠪᠠᠷᠢᠯᠭ᠎ᠠ ᠶᠢᠨ ᠭᠠᠵᠠᠷ ᠢ ᠰᠢᠯᠭᠠᠷᠠᠭᠤᠯᠬᠤ ᠶᠢᠨ ᠦᠨᠳᠦᠰᠦᠯᠡᠯ᠂ ᠬᠦᠷᠢᠶ᠎ᠡ ᠬᠡᠪᠴᠢᠶ᠎ᠡ᠂ | ᠰᠢᠯᠭᠠᠷᠠᠭᠤᠯᠤᠯᠳᠠ ᠳᠤ ᠣᠷᠣᠯᠴᠠᠬᠤ ᠪᠠᠷᠢᠯᠭ᠎ᠠ ᠶᠢᠨ ᠲᠥᠷᠥᠯ ᠵᠦᠢᠯ ᠤᠨ ᠨᠥᠬᠦᠴᠡᠯ᠂ ᠭᠤᠶᠤᠴᠢᠯᠠᠨ ᠮᠡᠳᠡᠭᠦᠯᠵᠦ | ᠰᠢᠯᠭᠠᠷᠠᠭᠤᠯᠬᠤ ᠮᠠᠲ᠋ᠧᠷᠢᠶᠠᠯ᠂ ᠬᠥᠳᠡᠯᠦᠩᠭᠦᠶ ᠬᠠᠮᠢᠶᠠᠷᠤᠯᠲᠠ ᠶᠢᠨ ᠠᠵᠢᠯ ᠤᠨ ᠲᠣᠭᠲᠠᠴᠠ ᠵᠡᠷᠭᠡ ᠠᠭᠤᠯᠭ᠎ᠠ ᠶᠢ | ᠲᠣᠳᠣᠷᠬᠠᠶᠢᠯᠠᠨ ᠥᠭᠦᠯᠡᠪᠡ᠃ | ᠭᠤᠷᠪᠠ᠂ ᠲᠥᠷᠥ ᠶᠢᠨ ᠪᠣᠳᠣᠯᠭ᠎ᠠ ᠶᠢᠨ ᠭᠢᠯᠠᠰ ᠴᠡᠭ | ︵ᠨᠢᠭᠡ︶ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠵᠦ᠂ ᠠᠵᠤ ᠠᠬᠤᠶᠢᠯᠠᠯ ᠤᠨ | ᠲᠡᠷᠢᠭᠦᠨ ᠤ ᠬᠢ ᠶᠢ ᠰᠢᠯᠭᠠᠷᠠᠭᠤᠯᠵᠤ ᠰᠢᠯᠢᠳᠡᠭ ᠢ ᠡᠭᠦᠳᠬᠦ ᠶᠢ ᠵᠤᠷᠢᠭᠵᠢᠭᠤᠯᠬᠤ ᠶᠢᠨ ᠲᠦᠯᠦᠭᠡ᠂ ᠠᠶᠢᠮᠠᠭ | ᠬᠤᠲᠠ ᠶᠢᠨ ᠲᠥᠪ ᠬᠤᠲᠠ ᠶᠢᠨ ᠲᠣᠭᠤᠷᠢᠭ ᠪᠠ ᠪᠤᠰᠤᠳ ᠣᠷᠣᠨ ᠪᠦᠰᠡ ᠶᠢᠨ ᠭᠤᠶᠤᠴᠢᠯᠠᠨ ᠮᠡᠳᠡᠭᠦᠯᠬᠦ | ᠨᠥᠬᠦᠴᠡᠯ ᠨᠢ ᠢᠯᠭᠠᠭ᠎ᠠ ᠲᠠᠢ ᠪᠥᠭᠡᠳ ᠲᠠᠩ ᠴᠣᠭᠴᠠᠲᠤ ᠪᠠᠷᠢᠯᠭ᠎ᠠ ᠶᠢᠨ ᠭᠤᠶᠤᠴᠢᠯᠠᠨ ᠮᠡᠳᠡᠭᠦᠯᠬᠦ ᠲᠠᠯᠠᠪᠠᠢ ᠶᠢ | ᠪᠠᠭᠤᠷᠠᠭᠤᠯᠪᠠ᠃ | ︵ᠬᠤᠶᠠᠷ︶ ᠰᠢᠨ᠎ᠡ ᠶᠢ ᠡᠭᠦᠳᠬᠦ ᠶᠢ ᠵᠤᠷᠢᠭᠵᠢᠭᠤᠯᠪᠠ᠂ ᠤᠯᠤᠰ ᠪᠠ ᠥᠪᠡᠷᠲᠡᠭᠡᠨ ᠵᠠᠰᠠᠬᠤ ᠣᠷᠣᠨ ᠤ | ᠵᠥᠪᠰᠢᠶᠡᠷᠡᠭᠰᠡᠨ ᠪᠠᠷᠢᠯᠭ᠎ᠠ ᠶᠢᠨ ᠠᠮᠤᠷ ᠲᠦᠪᠰᠢᠨ ᠤ ᠰᠢᠨ᠎ᠡ ᠮᠡᠷᠭᠡᠵᠢᠯ᠂ ᠰᠢᠨ᠎ᠡ ᠭᠠᠷ ᠤᠷᠠᠯᠠᠯ᠂ ᠰᠢᠨ᠎ᠡ | ᠮᠠᠲ᠋ᠧᠷᠢᠶᠠᠯ᠂ ᠰᠢᠨ᠎ᠡ ᠲᠥᠬᠦᠭᠡᠷᠦᠮᠵᠢ ᠶᠢ ᠬᠡᠷᠡᠭᠯᠡᠬᠦ ᠪᠤᠶᠤ ᠠᠵᠤ ᠠᠬᠤᠶᠢᠯᠠᠯ ᠨᠢ ᠪᠠᠷᠢᠯᠭ᠎ᠠ ᠶᠢᠨ ᠠᠮᠤᠷ ᠲᠦᠪᠰᠢᠨ ᠤ | ᠬᠠᠮᠢᠶᠠᠷᠤᠯᠲᠠ᠂ ᠪᠣᠬᠢᠷᠲᠤᠯ ᠦᠭᠡᠶ ᠪᠠᠷᠢᠯᠭ᠎ᠠ ᠶᠢᠨ ᠠᠵᠢᠯ ᠤᠨ ᠲᠠᠯ᠎ᠠ ᠪᠠᠷ ᠡᠵᠡᠨ ᠮᠡᠳᠡᠵᠦ ᠰᠢᠨ᠎ᠡ ᠶᠢ ᠡᠭᠦᠳᠦᠭᠰᠡᠨ | ᠦᠷ᠎ᠡ ᠪᠦᠲᠦᠭᠡᠯ ᠲᠠᠢ ᠪᠠᠶᠢᠪᠠᠯ᠂ ᠤᠷᠢᠳᠠᠪᠠᠷ ᠰᠢᠯᠭᠠᠷᠠᠭᠤᠯᠤᠨ᠎ᠠ᠃ | ︵ᠭᠤᠷᠪᠠ︶ ᠵᠠᠰᠠᠭ ᠤᠨ ᠣᠷᠳᠣᠨ ᠠᠴᠠ ᠪᠡᠯᠡ ᠣᠷᠣᠭᠤᠯᠤᠭᠰᠠᠨ ᠪᠤᠶᠤ ᠵᠣᠬᠢᠬᠤ ᠬᠡᠪᠴᠢᠶ᠎ᠡ ᠠᠴᠠ | ᠬᠡᠲᠦᠷᠡᠭᠰᠡᠨ ᠲᠦᠭᠰᠢᠭᠦᠷᠢᠲᠦ ᠴᠢᠨᠠᠷ ᠢᠶᠠᠷ ᠨᠡᠯᠢᠶᠡᠳ ᠶᠡᠭᠡ ᠬᠡᠪ ᠬᠠᠪᠲᠠᠰᠤ ᠪᠠᠷᠢᠯᠭ᠎ᠠ ᠥᠪᠡᠷᠲᠡᠭᠡᠨ ᠵᠠᠰᠠᠬᠤ | ᠣᠷᠣᠨ ᠤ ᠵᠢᠱᠢᠶ᠎ᠡ ᠦᠵᠡᠭᠦᠯᠬᠦ ᠪᠠᠷᠢᠯᠭ᠎ᠠ ᠶᠢᠨ ᠭᠠᠵᠠᠷ ᠤᠨ ᠰᠢᠯᠭᠠᠷᠠᠭᠤᠯᠤᠯᠳᠠ ᠳᠤ ᠤᠷᠤᠵᠤ ᠪᠤᠯᠬᠤ ᠦᠭᠡᠶ᠃ | ᠳᠥᠷᠪᠡ᠂ ᠠᠰᠠᠭᠤᠯᠲᠠ ᠬᠠᠷᠢᠭᠤᠯᠲᠠ | ᠠᠰᠠᠭᠤᠯᠲᠠ᠄ ᠥᠪᠡᠷᠲᠡᠭᠡᠨ ᠵᠠᠰᠠᠬᠤ ᠣᠷᠣᠨ ᠤ ᠪᠠᠷᠢᠯᠭ᠎ᠠ ᠶᠢᠨ ᠠᠮᠤᠷ ᠲᠦᠪᠰᠢᠨ ᠤ | ᠪᠠᠷᠢᠮᠵᠢᠶᠠᠵᠢᠭᠤᠯᠤᠯᠲᠠ ᠶᠢᠨ ᠵᠢᠱᠢᠶ᠎ᠡ ᠦᠵᠡᠭᠦᠯᠬᠦ ᠪᠠᠷᠢᠯᠭ᠎ᠠ ᠶᠢᠨ ᠭᠠᠵᠠᠷ ᠢ ᠰᠢᠯᠭᠠᠷᠠᠭᠤᠯᠬᠤ ᠴᠠᠭ ᠨᠢ ᠬᠡᠵᠢᠶ᠎ᠡ ᠪᠤᠯ︖ | | ᠬᠠᠷᠢᠭᠤᠯᠲᠠ᠄ ᠵᠢᠯ ᠪᠦᠷᠢ ᠶᠢᠨ 12 ᠳ᠋ᠤᠭᠠᠷ ᠰᠠᠷ᠎ᠠ ᠶᠢᠨ 31 ᠤ ᠡᠳᠦᠷ ᠠᠴᠠ ᠡᠮᠦᠨ᠎ᠡ ᠰᠦᠯᠵᠢᠶᠡᠨ | ᠳᠡᠭᠡᠷ᠎ᠡ ᠮᠡᠳᠡᠭᠦᠯᠦᠨ ᠬᠦᠷᠭᠡᠬᠦ ᠶᠢᠨ ᠬᠠᠮᠲᠤ ᠪᠢᠴᠢᠭ ᠤᠨ ᠮᠠᠲ᠋ᠧᠷᠢᠶᠠᠯ ᠢᠶᠠᠨ ᠥᠪᠡᠷᠲᠡᠭᠡᠨ ᠵᠠᠰᠠᠬᠤ ᠣᠷᠣᠨ ᠤ ᠣᠷᠣᠨ | ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠳᠤ ᠮᠡᠳᠡᠭᠦᠯᠦᠨ ᠬᠦᠷᠭᠡᠨ᠎ᠡ᠃ | ᠬᠤᠭᠤᠴᠠᠭ᠎ᠠ ᠥᠩᠭᠡᠷᠡᠲᠡᠯ᠎ᠡ ᠮᠡᠳᠡᠭᠦᠯᠦᠭᠰᠡᠨ ᠦᠭᠡᠶ ᠪᠣᠯ ᠳᠠᠬᠢᠨ ᠬᠦᠯᠢᠶᠡᠨ ᠠᠪᠬᠤ ᠦᠭᠡᠶ᠃ | ᠠᠰᠠᠭᠤᠯᠲᠠ᠄ ᠥᠪᠡᠷᠲᠡᠭᠡᠨ ᠵᠠᠰᠠᠬᠤ ᠣᠷᠣᠨ ᠤ ᠪᠠᠷᠢᠯᠭ᠎ᠠ ᠶᠢᠨ ᠠᠮᠤᠷ ᠲᠦᠪᠰᠢᠨ ᠤ | ᠪᠠᠷᠢᠮᠵᠢᠶᠠᠵᠢᠭᠤᠯᠤᠯᠲᠠ ᠶᠢᠨ ᠵᠢᠱᠢᠶ᠎ᠡ ᠦᠵᠡᠭᠦᠯᠬᠦ ᠪᠠᠷᠢᠯᠭ᠎ᠠ ᠶᠢᠨ ᠭᠠᠵᠠᠷ ᠤᠨ ᠮᠡᠳᠡᠭᠦᠯᠬᠦ ᠮᠠᠲ᠋ᠧᠷᠢᠶᠠᠯ ᠨᠢ ᠶᠠᠭᠤ ᠪᠣᠶ︖ | | ᠬᠠᠷᠢᠭᠤᠯᠲᠠ᠄ ᠮᠡᠳᠡᠭᠦᠯᠬᠦ ᠮᠠᠲ᠋ᠧᠷᠢᠶᠠᠯ ᠳᠤ᠄ | ︵ᠨᠢᠭᠡ︶ ᠥᠪᠡᠷᠲᠡᠭᠡᠨ ᠵᠠᠰᠠᠬᠤ ᠣᠷᠣᠨ ᠤ ᠵᠢᠱᠢᠶ᠎ᠡ ᠦᠵᠡᠭᠦᠯᠬᠦ ᠪᠠᠷᠢᠯᠭ᠎ᠠ ᠶᠢᠨ ᠭᠠᠵᠠᠷ ᠤᠨ ᠮᠡᠳᠡᠭᠦᠯᠬᠦ | ᠬᠦᠰᠦᠨᠦᠭᠲᠦ︔ | ︵ᠬᠤᠶᠠᠷ︶᠂ ᠠᠵᠤ ᠠᠬᠤᠶᠢᠯᠠᠯ ᠤᠨ ᠵᠢᠱᠢᠶ᠎ᠡ ᠦᠵᠡᠭᠦᠯᠬᠦ ᠪᠠᠷᠢᠯᠭ᠎ᠠ ᠶᠢᠨ ᠭᠠᠵᠠᠷ ᠢ ᠡᠭᠦᠳᠦᠨ ᠪᠠᠶᠢᠭᠤᠯᠬᠤ | ᠬᠡᠷᠡᠭᠵᠢᠭᠦᠯᠬᠦ ᠲᠥᠰᠦᠯ︔ | ︵ᠭᠤᠷᠪᠠ︶ ᠪᠠᠷᠢᠯᠭ᠎ᠠ ᠪᠠᠷᠢᠬᠤ ᠵᠦᠪᠰᠢᠶᠡᠷᠡᠯ ᠤᠨ ᠦᠨᠡᠮᠯᠡᠯ᠂ ᠠᠮᠤᠷ ᠲᠦᠪᠰᠢᠨ ᠤ ᠵᠥᠪᠰᠢᠶᠡᠷᠡᠯ ᠤᠨ | ᠦᠨᠡᠮᠯᠡᠯ ᠤᠨ ᠬᠠᠭᠤᠯᠪᠤᠷᠢ︔ | ︵ᠲᠦᠷᠪᠡ︶ ᠠᠵᠥ ᠠᠬᠤᠶᠢᠯᠠᠯ ᠤᠨ ᠳᠤᠭᠳᠠᠭᠠᠭᠰᠠᠨ ᠠᠶᠤᠯᠬᠦᠢ ᠥᠢᠯᠠᠳᠪᠤᠷᠢᠯᠠᠯ ᠤᠨ ᠬᠠᠮᠢᠶᠠᠷᠤᠯᠳᠠ ᠶᠢᠨ | ᠬᠡᠯᠡᠯᠴᠡᠭᠡᠷ︔ | ︵ᠲᠠᠪᠤ︶ ᠮᠡᠳᠡᠭᠦᠯᠬᠦ ᠨᠥᠬᠦᠴᠡᠯ ᠳᠤ ᠱᠠᠭᠠᠷᠳᠠᠭᠰᠠᠨ ᠬᠠᠮᠢᠶ᠎ᠠ ᠪᠦᠬᠦᠢ ᠬᠥᠮᠦᠰ ᠤᠨ ᠠᠶᠦᠯᠭᠦᠢ | ᠦᠢᠯᠡᠳᠪᠦᠷᠢᠯᠡᠯ ᠤᠨ ᠬᠢᠨᠠᠨ ᠰᠢᠯᠭᠠᠯᠲᠠ ᠳᠤ ᠬᠢᠷᠢ ᠲᠡᠩᠴᠡᠭᠰᠡᠨ ᠦᠨᠡᠮᠯᠡᠯ ᠵᠡᠷᠭᠡ ᠮᠠᠲ᠋ᠧᠷᠢᠶᠠᠯ᠃ | ᠠᠰᠠᠭᠤᠯᠲᠠ᠄ ᠥᠪᠡᠷᠲᠡᠭᠡᠨ ᠵᠠᠰᠠᠬᠤ ᠣᠷᠣᠨ ᠤ ᠪᠠᠷᠢᠯᠭ᠎ᠠ ᠶᠢᠨ ᠠᠮᠤᠷ ᠲᠦᠪᠰᠢᠨ ᠤ | ᠪᠠᠷᠢᠮᠵᠢᠶᠠᠵᠢᠭᠤᠯᠤᠯᠲᠠ ᠶᠢᠨ ᠵᠢᠱᠢᠶ᠎ᠡ ᠦᠵᠡᠭᠦᠯᠬᠦ ᠪᠠᠷᠢᠯᠭ᠎ᠠ ᠶᠢᠨ ᠭᠠᠵᠠᠷ ᠢ ᠭᠤᠶᠤᠴᠢᠯᠠᠨ ᠮᠡᠳᠡᠭᠦᠯᠬᠦ ᠳᠤ ᠶᠠᠮᠠᠷ ᠶᠠᠮᠠᠷ | ᠨᠥᠬᠦᠴᠡᠯ ᠢ ᠬᠠᠩᠭᠠᠬᠤ ᠬᠡᠷᠡᠭᠳᠡᠢ ᠪᠠᠶᠢᠬᠤ ᠪᠣᠢ︖ | ᠬᠠᠷᠢᠭᠤᠯᠲᠠ᠄ ᠥᠪᠡᠷᠲᠡᠭᠡᠨ ᠵᠠᠰᠠᠬᠤ ᠣᠷᠣᠨ ᠤ ᠵᠢᠱᠢᠶ᠎ᠡ ᠦᠵᠡᠭᠦᠯᠬᠦ ᠪᠠᠷᠢᠯᠭ᠎ᠠ ᠶᠢᠨ ᠭᠠᠵᠠᠷ ᠢᠶᠠᠷ | ᠭᠤᠶᠤᠴᠢᠯᠠᠨ ᠮᠡᠳᠡᠭᠦᠯᠬᠦ ᠳᠤ ᠳᠣᠣᠷᠠᠬᠢ ᠨᠥᠬᠦᠴᠡᠯ ᠢ ᠬᠠᠩᠭᠠᠬᠤ ᠬᠡᠷᠡᠭᠲᠡᠶ᠄ | ︵ᠨᠢᠭᠡ︶ ᠪᠠᠷᠢᠯᠭ᠎ᠠ ᠶᠢᠨ ᠦᠨᠳᠦᠰᠦᠨ ᠪᠦᠳᠦᠭᠡᠨ ᠪᠠᠶᠢᠭᠤᠯᠤᠯᠳᠠ ᠶᠢᠨ ᠵᠢᠷᠤᠮ ᠳᠤ ᠨᠡᠶᠢᠴᠡᠵᠦ᠂ | ᠪᠠᠷᠢᠯᠭ᠎ᠠ ᠶᠢᠨ ᠠᠵᠢᠯ ᠤᠨ ᠵᠦᠪᠰᠢᠶᠡᠷᠡᠯ ᠤᠨ ᠦᠨᠡᠮᠯᠡᠯ ᠢ ᠨᠢᠭᠡᠨᠳᠡ ᠤᠯᠤᠭᠰᠠᠨ ᠪᠠᠶᠢᠬᠤ ᠬᠡᠷᠡᠭᠳᠡᠢ︔ | ︵ᠬᠤᠶᠠᠷ︶ ᠠᠶᠢᠮᠠᠭ ᠬᠤᠲᠠ ᠶᠢᠨ ᠲᠥᠪ ᠬᠤᠲᠠ ᠶᠢᠨ ᠲᠣᠭᠤᠷᠢᠭ ᠲᠠᠬᠢ ᠪᠠᠷᠢᠯᠭ᠎ᠠ ᠶᠢᠨ ᠲᠠᠯᠠᠪᠠᠶ ᠨᠢ | 8000 ᠺᠦᠸᠠᠳ᠋ ᠮᠧᠲᠷ ᠠᠴᠠ ᠳᠡᠭᠡᠭᠰᠢᠬᠢ ᠬᠡᠷ ᠪᠠᠶᠢᠰᠢᠩ ᠤᠨ ᠪᠠᠷᠢᠯᠭ᠎ᠠ᠂ ᠪᠠᠷᠢᠯᠭ᠎ᠠ ᠶᠢᠨ ᠲᠠᠯᠠᠪᠠᠶ ᠨᠢ 30000 | ᠺᠦᠸᠠᠳ᠋ ᠮᠧᠲᠷ ᠠᠴᠠ ᠳᠡᠭᠡᠭᠰᠢᠬᠢ ᠬᠠᠮᠲᠤᠯᠢᠭ ᠬᠡᠷ ᠪᠠᠶᠢᠰᠢᠩ ᠪᠤᠶᠤ ᠪᠠᠷᠢᠯᠭ᠎ᠠ ᠶᠢᠨ ᠥᠷᠲᠡᠭ ᠨᠢ 5000 ᠲᠦᠮᠡᠨ | ᠲᠥᠭᠦᠷᠢᠭ ᠠᠴᠠ ᠳᠡᠭᠡᠭᠰᠢ ᠬᠤᠲᠠ ᠶᠢᠨ ᠶᠠᠪᠤᠳᠠᠯ ᠤᠨ ᠰᠠᠭᠤᠷᠢ ᠪᠡᠯᠡᠳᠬᠡᠮᠵᠢ ᠶᠢᠨ ᠪᠠᠷᠢᠯᠭ᠎ᠠ︔ ᠠᠶᠢᠮᠠᠭ | ᠬᠤᠲᠠ ᠶᠢᠨ ᠪᠤᠰᠤᠳ ᠣᠷᠣᠨ ᠪᠦᠰᠡ ᠶᠢᠨ ᠳᠣᠲᠣᠷᠠᠬᠢ ᠪᠠᠷᠢᠯᠭ᠎ᠠ ᠶᠢᠨ ᠲᠠᠯᠠᠪᠠᠶ ᠨᠢ 5000 ᠺᠦᠸᠠᠳ᠋ ᠮᠧᠲᠷ ᠠᠴᠠ | ᠳᠡᠭᠡᠭᠰᠢᠬᠢ ᠬᠡᠷ ᠪᠠᠶᠢᠰᠢᠩ ᠤᠨ ᠪᠠᠷᠢᠯᠭ᠎ᠠ᠂ ᠪᠠᠷᠢᠯᠭ᠎ᠠ ᠶᠢᠨ ᠲᠠᠯᠠᠪᠠᠶ ᠨᠢ 20000 ᠺᠦᠸᠠᠳ᠋ ᠮᠧᠲᠷ ᠠᠴᠠ | ᠳᠡᠭᠡᠭᠰᠢᠬᠢ ᠬᠠᠮᠲᠤᠯᠢᠭ ᠭᠡᠷ ᠪᠠᠶᠢᠰᠢᠩ ᠤᠨ ᠪᠠᠷᠢᠯᠭ᠎ᠠ ᠪᠤᠶᠤ ᠪᠠᠷᠢᠯᠭ᠎ᠠ ᠶᠢᠨ ᠥᠷᠲᠡᠭ ᠨᠢ 3000 ᠲᠦᠮᠡᠨ | ᠲᠥᠭᠦᠷᠢᠭ ᠠᠴᠠ ᠳᠡᠭᠡᠭᠰᠢ ᠬᠤᠲᠠ ᠶᠢᠨ ᠶᠠᠪᠤᠳᠠᠯ ᠤᠨ ᠰᠠᠭᠤᠷᠢ ᠪᠡᠯᠡᠳᠬᠡᠮᠵᠢ ᠶᠢᠨ ᠪᠠᠷᠢᠯᠭ᠎ᠠ︔ | ︵ᠭᠤᠷᠪᠠ︶ ᠥᠪᠡᠷᠲᠡᠭᠡᠨ ᠵᠠᠰᠠᠬᠤ ᠣᠷᠣᠨ ᠤ ᠤᠶᠤᠨᠲᠤ ᠪᠠᠷᠢᠯᠭ᠎ᠠ ᠶᠢᠨ ᠬᠠᠮᠢᠶᠠᠷᠤᠯᠲᠠ ᠶᠢᠨ | ᠦᠢᠯᠡᠴᠢᠯᠡᠭᠡᠨ ᠤ ᠮᠡᠳᠡᠭᠡ ᠵᠠᠩᠭᠢ ᠶᠢᠨ ᠰᠢᠰᠲ᠋ᠧᠮ ᠪᠠ ᠪᠠᠷᠢᠯᠭ᠎ᠠ ᠶᠢᠨ ᠦᠢᠯᠡᠰ ᠤᠨ ᠠᠵᠢᠯ ᠡᠷᠭᠢᠯᠡᠭᠰᠡᠳ ᠤᠨ ᠦᠨᠡᠨ | ᠨᠡᠷ᠎ᠡ ᠶᠢᠨ ᠳᠦᠷᠢᠮᠲᠦ ᠬᠠᠮᠢᠶᠠᠷᠤᠯᠲᠠ ᠶᠢᠨ ᠦᠢᠯᠡᠴᠢᠯᠡᠭᠡᠨ ᠤ ᠮᠡᠳᠡᠭᠡ ᠵᠠᠩᠭᠢ ᠶᠢᠨ ᠲᠠᠪᠴᠠᠩ ᠢ ᠨᠢᠭᠡᠨᠲᠡ | ᠬᠡᠷᠡᠭᠯᠡᠭᠰᠡᠨ︔ | ︵ᠲᠦᠷᠪᠡ︶ ᠠᠵᠤ ᠠᠬᠤᠶᠢᠯᠠᠯ ᠨᠢ ᠠᠶᠤᠯᠭᠦᠢ ᠦᠢᠯᠡᠳᠪᠦᠷᠢᠯᠡᠯ ᠤᠨ ᠵᠥᠪᠰᠢᠶᠡᠷᠡᠯ ᠤᠨ ᠦᠨᠡᠮᠯᠡᠯ ᠢ ᠨᠢᠭᠡᠨᠲᠡ | ᠤᠯᠤᠭᠰᠠᠨ︔ ᠶᠡᠷᠦᠩᠬᠡᠢ ᠳᠠᠭᠠᠭᠠᠴᠢᠯᠠᠭᠰᠠᠨ ᠠᠵᠤ ᠠᠬᠤᠶᠢᠯᠠᠯ ᠬᠢᠭᠡᠳ ᠬᠤᠪᠢᠶᠠᠨ ᠳᠠᠭᠠᠭᠠᠴᠢᠯᠠᠭᠰᠠᠨ ᠠᠵᠤ | ᠠᠬᠤᠶᠢᠯᠠᠯ ᠨᠢᠭᠡᠨᠲᠡ ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠬᠡᠯᠡᠯᠴᠡᠭᠡᠷ ᠲᠤ ᠭᠠᠷ ᠤᠨ ᠦᠰᠦᠭ | ᠵᠢᠷᠤᠭᠰᠠᠨ︔ ᠠᠶᠤᠯᠭᠦᠢ ᠦᠢᠯᠡᠳᠪᠦᠷᠢᠯᠡᠯ ᠤᠨ ᠪᠠᠳᠤᠯᠠᠭ᠎ᠠ ᠶᠢᠨ ᠰᠢᠰᠲ᠋ᠧᠮ ᠪᠠ ᠬᠠᠮᠢᠶᠠᠷᠤᠯᠲᠠ ᠶᠢᠨ ᠳᠦᠷᠢᠮ | ᠪᠦᠷᠢᠨ ᠲᠡᠭᠦᠯᠳᠡᠷ᠂ ᠲᠤᠰᠬᠠᠢ ᠲᠤᠰᠢᠶᠠᠯᠲᠤ ᠠᠶᠤᠯᠭᠦᠢ ᠶᠢᠨ ᠬᠠᠮᠢᠶᠠᠷᠤᠯᠲᠠ ᠶᠢᠨ ᠠᠵᠢᠯᠲᠠᠨ ᠤ ᠲᠣᠬᠢᠷᠠᠭᠤᠯᠤᠯᠲᠠ | ᠨᠢ ᠳᠣᠭᠲᠠᠭᠠᠭᠰᠠᠨ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠬᠡᠷᠡᠭᠳᠡᠢ︔ | ︵ᠲᠠᠪᠤ︶ ᠲᠥᠷᠥᠯ ᠵᠦᠢᠯ ᠤᠨ ᠬᠠᠷᠢᠭᠤᠴᠠᠯᠭᠠᠲᠠᠨ᠂ ᠮᠡᠷᠭᠡᠵᠢᠯ ᠤᠨ ᠬᠠᠷᠢᠭᠤᠴᠠᠯᠭᠠᠲᠠᠨ᠂ ᠲᠤᠰᠬᠠᠶ ᠲᠤᠰᠢᠶᠠᠯᠳᠦ | ᠠᠶᠦᠯᠭᠦᠢ ᠶᠢᠨ ᠬᠠᠮᠢᠶᠠᠷᠤᠯᠲᠠ ᠶᠢᠨ ᠠᠵᠢᠯᠲᠠᠨ᠂ ᠲᠥᠷᠥᠯ ᠵᠦᠢᠯ ᠤᠨ ᠶᠡᠷᠦᠩᠬᠡᠶ ᠬᠢᠨᠠᠨ ᠬᠠᠮᠢᠶᠠᠷᠬᠤ ᠢᠨᠵᠧᠨᠧᠷ᠂ | ᠬᠢᠨᠠᠨ ᠬᠠᠮᠢᠶᠠᠷᠬᠤ ᠬᠥᠮᠦᠰ ᠵᠢᠴᠢ ᠲᠤᠬᠠᠶ ᠶᠢᠨ ᠲᠠᠯᠠᠪᠠᠶ ᠶᠢᠨ ᠤᠨᠴᠠᠭᠠᠢ ᠲᠦᠷᠦᠯ ᠤᠨ ᠠᠵᠢᠯ ᠡᠷᠬᠢᠯᠡᠭᠰᠡᠳ | ᠲᠣᠭᠲᠠᠭᠠᠯ ᠶᠣᠰᠣᠭᠠᠷ ᠠᠵᠢᠯ ᠤᠨ ᠪᠠᠶᠢᠷᠢ ᠳᠤ ᠭᠠᠷᠴᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠢᠨ ᠬᠠᠮᠲᠤ | ᠦᠨᠡᠮᠯᠡᠯ ᠲᠠᠢ ᠪᠠᠷ ᠠᠵᠢᠯ ᠤᠨ ᠪᠠᠶᠢᠷᠢ ᠳᠤ ᠭᠠᠷᠤᠭᠰᠠᠨ ᠮᠥᠷᠲᠡᠭᠡᠨ ᠦᠨᠡᠮᠯᠡᠯ ᠨᠢ ᠬᠦᠴᠦᠨ ᠲᠠᠢ ᠬᠤᠭᠤᠴᠠᠭᠠᠨ | ᠳᠣᠲᠣᠷ᠎ᠠ ᠪᠠᠶᠢᠬᠤ ᠬᠡᠷᠡᠭᠲᠡᠶ᠃ | | ᠢᠷᠡᠯᠲᠡ᠄ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠶᠢᠨ ᠲᠢᠩᠬᠢᠮ ᠤᠨ ᠰᠦᠯᠵᠢᠶ᠎ᠡ |