ᠲᠣᠭᠲᠠᠬᠤ ᠰᠢᠶᠠᠨ ᠤ 1475 ᠰᠤᠷᠤᠭᠴᠢ ᠶᠡᠭᠡ ᠲᠡᠭᠡᠳᠦ ᠰᠤᠷᠭᠠᠭᠤᠯᠢ ᠶᠢᠨ ᠰᠢᠯᠭᠠᠯᠳᠠ ᠶᠢᠨ ᠤᠷᠤᠯᠴᠠᠪᠠ
ᠨᠡᠶᠢᠲᠡᠯᠡᠭᠰᠡᠨ ᠴᠠᠭ᠄
2024/6/8
      6 ᠳ᠋ᠤᠭᠠᠷ ᠰᠠᠷ᠎ᠠ ᠶᠢᠨ 7 ᠤ ᠡᠳᠦᠷ᠂ 2024 ᠣᠨ ᠳᠤ ᠪᠦᠬᠦ ᠤᠯᠤᠰ ᠤᠨ ᠶᠡᠭᠡ ᠳᠡᠭᠡᠳᠦ ᠰᠤᠷᠭᠠᠭᠤᠯᠢ ᠶᠢᠨ ᠰᠢᠯᠭᠠᠯᠳᠠ ᠲᠣᠭᠲᠠᠭᠰᠠᠨ ᠬᠤᠭᠤᠴᠠᠭᠠᠨ ᠳᠤ ᠶᠠᠪᠤᠭᠳᠠᠪᠠ᠃      ︽2024 ᠣᠨ ᠳᠤ ᠪᠥᠬᠦ ᠤᠯᠤᠰ ᠤᠨ ᠡᠩ ᠤᠨ ᠶᠡᠭᠡ ᠳᠡᠭᠡᠳᠦ ᠰᠤᠷᠭᠠᠭᠤᠯᠢ ᠶᠢᠨ ᠰᠣᠷᠣᠭᠴᠢ ᠡᠯᠰᠡᠬᠦ ᠰᠢᠯᠭᠠᠯᠲᠠ ᠮᠠᠨ ᠤ ᠰᠢᠶᠠᠨ ᠤ ᠡᠨᠡ ᠵᠢᠯ ᠤᠨ ᠰᠢᠯᠭᠠᠯᠲᠠ ᠶᠢᠨ ᠴᠡᠭ ᠢ ᠲᠣᠭᠲᠠᠬᠤ ᠰᠢᠶᠠᠨ ᠤ ᠨᠢᠭᠡᠳᠦᠭᠡᠷ ᠳᠤᠮᠳᠠᠳᠤ ᠰᠤᠷᠭᠠᠭᠤᠯᠢ ᠳᠤ ᠪᠠᠶᠢᠷᠢᠯᠠᠭᠤᠯᠵᠤ᠂ ᠨᠡᠶᠢᠲᠡ 51 ᠰᠢᠯᠭᠠᠯᠲᠠ ᠶᠢᠨ ᠲᠠᠯᠠᠪᠠᠶ ᠭᠠᠷᠭᠠᠵᠤ᠂ 1475 ᠰᠢᠯᠭᠠᠭᠤᠯᠤᠭᠴᠢ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠳᠤ ᠣᠷᠣᠯᠴᠠᠪᠠ᠃ ᠠᠮᠤᠷ ᠲᠦᠪᠰᠢᠨ ᠢᠶᠠᠷ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ᠂ ᠡᠶ᠎ᠡ ᠵᠣᠬᠢᠴᠠᠯ ᠲᠠᠢ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢ ᠪᠡᠶᠡᠯᠡᠭᠦᠯᠬᠦ ᠶᠢᠨ ᠲᠥᠯᠥᠭᠡ᠂ ᠰᠢᠶᠠᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠰᠠᠯᠠᠭ᠎ᠠ ᠮᠥᠴᠢᠷ ᠤᠨ ᠬᠠᠮᠲᠤᠷᠠᠭᠰᠠᠨ ᠬᠤᠷᠠᠯ ᠢ ᠣᠯᠠᠨ ᠤᠳᠠᠭ᠎ᠠ ᠬᠤᠷᠠᠯᠳᠤᠭᠤᠯᠵᠤ᠂ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠨᠢᠭᠲᠠ ᠬᠠᠮᠲᠤᠷᠠᠯᠴᠠᠵᠤ᠂ ᠠᠮᠤᠷ ᠲᠦᠪᠰᠢᠨ ᠢᠶᠠᠷ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢ ᠬᠠᠮᠠᠭᠠᠯᠠᠪᠠ᠃ ᠰᠤᠷᠭᠠᠨ ᠬᠥᠮᠦᠵᠢᠯ ᠤᠨ ᠲᠣᠪᠴᠢᠶᠠᠨ ᠤ ᠳᠡᠳ᠋ ᠳᠠᠷᠤᠭ᠎ᠠ ᠼᠦᠢ ᠷᠦᠢ ᠵᠢᠶᠦ᠋ᠨ ᠶᠤᠰᠣᠯᠠᠯ ᠢ ᠲᠠᠨᠢᠯᠴᠠᠭᠤᠯᠪᠠ᠃
    ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢᠨ ᠤᠷᠤᠭᠰᠢᠲᠠᠶ ᠶᠠᠪᠤᠭᠳᠠᠬᠤ ᠶᠢ ᠪᠠᠲᠤᠯᠠᠬᠤ ᠶᠢᠨ ᠲᠥᠯᠥᠭᠡ᠂ ᠰᠢᠶᠠᠨ ᠤ ᠵᠠᠮ ᠬᠠᠷᠢᠯᠴᠠᠭ᠎ᠠ᠂ ᠭᠠᠯ ᠤᠨᠲᠠᠷᠠᠭᠠᠬᠤ ᠵᠡᠷᠭᠡ ᠳᠣᠲᠣᠭᠠᠳᠤ ᠶᠢ ᠬᠠᠮᠠᠭᠠᠯᠠᠬᠤ ᠠᠷᠠᠳ ᠤᠨ ᠴᠠᠭᠳᠠᠭ᠎ᠠ ᠪᠣᠯᠤᠨ ᠬᠤᠲᠠ ᠶᠢᠨ ᠬᠠᠮᠢᠶᠠᠷᠤᠯᠲᠠ ᠶᠢᠨ ᠶᠡᠭᠡ ᠠᠩᠭᠢ ᠲᠣᠰ ᠲᠣᠰ ᠤᠨ ᠠᠵᠢᠯ ᠤᠨ ᠪᠠᠶᠢᠷᠢ ᠳᠠᠭᠠᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠵᠦ᠂ ᠰᠢᠯᠭᠠᠯᠲᠠ ᠶᠢᠨ ᠴᠡᠭ ᠤᠨ ᠡᠷᠬᠢᠨ ᠲᠣᠭᠤᠷᠢᠨ ᠤ ᠡᠮᠬᠢ ᠵᠢᠷᠤᠮ ᠢ ᠬᠠᠮᠠᠭᠠᠯᠠᠵᠤ ᠪᠠᠶᠢᠨ᠎ᠠ︔ ᠬᠠᠶᠢᠷ᠎ᠠ ᠬᠠᠯᠠᠮᠵᠢ ᠶᠢᠨ ᠨᠡᠶᠢᠲᠡ ᠶᠢᠨ ᠮᠠᠰᠢᠨ ᠲᠡᠷᠭᠡ ᠪᠣᠯᠤᠨ ᠯᠸᠢ ᠹᠧᠩ ᠲᠡᠷᠭᠡᠨ ᠤ ᠠᠩᠭᠢ ᠰᠢᠯᠭᠠᠭᠤᠯᠤᠭᠴᠢ ᠶᠢ ᠰᠢᠯᠭᠠᠯᠲᠠ ᠶᠢᠨ ᠲᠠᠯᠠᠪᠤᠷ ᠲᠤ ᠵᠠᠯᠭᠠᠭ᠎ᠠ ᠪᠠᠷ ᠬᠦᠷᠭᠡᠵᠦ ᠪᠠᠶᠢᠨ᠎ᠠ︔ ᠲᠣᠭᠲᠠᠬᠤ ᠰᠢᠶᠠᠨ ᠤ ᠬᠠᠶᠢᠷ᠎ᠠ ᠬᠠᠯᠠᠮᠵᠢ ᠶᠢᠨ ᠠᠯᠪᠠᠨ ᠵᠢᠷᠤᠮ ᠤᠨ ᠠᠵᠢᠯᠴᠢᠨ ᠤ ᠬᠤᠯᠪᠤᠭ᠎ᠠ ᠂ ᠲᠣᠭᠲᠠᠬᠤ ᠰᠢᠶᠠᠨ ᠤ ᠤᠯᠠᠭᠠᠨ ᠵᠠᠭᠠᠯᠮᠠᠶᠢᠲᠠᠨ ᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ᠂ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠥᠷᠲᠡᠭᠡ ᠵᠡᠷᠭᠡ ᠰᠠᠶᠢᠨ ᠳᠤᠷ᠎ᠠ ᠶᠢᠨ ᠠᠵᠢᠯᠯᠠᠭᠴᠢᠳ ᠤᠨ ᠡᠩᠨᠡᠭᠡ ᠶᠠᠭ ᠰᠢᠯᠭᠠᠭᠤᠯᠤᠭᠴᠢ ᠪᠣᠯᠤᠨ ᠬᠡᠷ ᠤᠨ ᠠᠬᠠᠮᠠᠳ ᠲᠤ ᠤᠰᠤ᠂ ᠪᠣᠷᠣᠭᠠᠨ ᠤ ᠰᠢᠬᠦᠷ ᠵᠡᠷᠭᠡ ᠳᠣᠲᠣᠨᠣ ᠦᠢᠯᠡᠴᠢᠯᠡᠭᠡ ᠬᠠᠩᠭᠠᠵᠤ ᠪᠠᠶᠢᠨ᠎ᠠ ᠁ ᠪᠦᠬᠦ ᠨᠡᠢᠭᠡᠮ ᠢᠶᠠᠷ ᠢᠶᠠᠨ ᠴᠥᠮ ᠪᠣᠳᠠᠲᠤ ᠠᠵᠢᠯᠯᠠᠭ᠎ᠠ ᠪᠠᠷ ᠢᠶᠠᠨ ᠶᠡᠭᠡ ᠳᠡᠭᠡᠳᠦ ᠰᠤᠷᠭᠠᠭᠤᠯᠢ ᠶᠢᠨ ᠱᠢᠯᠭᠠᠯᠲᠠ ᠳᠤ ᠬᠦᠴᠦ ᠪᠠᠨ ᠡᠷᠭᠦᠵᠦ ᠪᠠᠢᠨ᠎ᠠ᠃      ᠶᠡᠭᠡ ᠰᠤᠷᠭᠠᠭᠤᠯᠢ ᠶᠢᠨ ᠰᠢᠯᠭᠠᠯᠳᠠ ᠪᠣᠯ ᠬᠥᠮᠦᠨ ᠤ ᠠᠮᠢᠳᠤᠷᠠᠯ ᠤᠨ ᠨᠢᠭᠡᠳᠦᠭᠡᠷ ᠲᠠᠶᠢᠨ ᠮᠥᠨ᠃ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1