ᠦᠱᠧᠨ ᠪᠠᠯᠭᠠᠰᠤ ︽ᠲᠤᠯᠤᠭᠠᠨ ᠰᠠᠷ᠎ᠠ ᠶᠢᠨ ᠨᠢᠭᠡᠨ ᠤ ᠨᠠᠮ ᠤᠨ ᠠᠴᠢ ᠶᠢ ᠪᠡᠯᠭᠡᠯᠡᠶ᠎ᠡ︾ ᠭᠤᠤᠯ ᠰᠡᠳᠦᠪᠲᠦ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/7/1
      ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 103 ᠵᠢᠯ ᠤᠨ ᠤᠢ ᠶᠢ ᠪᠡᠯᠭᠡᠯᠡᠬᠦ ᠶᠢᠨ ᠲᠥᠯᠥᠭᠡ᠂ 6 ᠳ᠋ᠤᠭᠠᠷ ᠰᠠᠷ᠎ᠠ ᠶᠢᠨ 28 ᠤ ᠡᠳᠦᠷ᠂ ᠦᠱᠧᠨ ᠪᠠᠯᠭᠠᠰᠤ ︽ᠨᠠᠮ ᠤᠨ ᠲᠤᠭ ᠢ ᠮᠠᠨᠳᠤᠭᠤᠯᠵᠦ ᠲᠤᠯᠤᠭᠠᠨ ᠰᠠᠷ᠎ᠠ ᠶᠢᠨ ᠨᠢᠭᠡᠨ ᠤ ᠨᠠᠮ ᠤᠨ ᠠᠴᠢ ᠶᠢ ᠪᠡᠯᠭᠡᠯᠡᠶ᠎ᠡ︾ ᠠᠵᠢᠯᠯᠠᠭ᠎ᠠ ᠥᠷᠨᠢᠭᠦᠯᠪᠡ᠃ ᠦᠱᠧᠨ ᠪᠠᠯᠭᠠᠰᠤᠨ ᠤ ᠨᠠᠮ ᠤᠨ ᠭᠡᠰᠢᠭᠦᠨ᠂ ᠰᠠᠶᠢᠨ ᠳᠤᠷ᠎ᠠ ᠶᠢᠨ ᠦᠢᠯᠡᠴᠢᠯᠡᠭᠴᠢᠳ ᠨᠠᠮ ᠤᠨ ᠲᠤᠭ ᠢ ᠬᠠᠮᠲᠤ ᠪᠠᠷ ᠬᠠᠳᠬᠤᠬᠤ᠂ ᠨᠠᠮ ᠳᠤ ᠡᠯᠰᠡᠭᠳᠡᠬᠦ ᠲᠠᠩᠭᠠᠷᠢᠭ ᠤᠨ ᠦᠭᠡ ᠶᠢ ᠲᠠᠬᠢᠨ ᠤᠩᠰᠢᠬᠤ ᠵᠡᠷᠭᠡ ᠬᠡᠯᠪᠡᠷᠢ ᠪᠠᠷ ᠳᠤᠮᠳᠠᠳᠤ ᠤᠯᠤᠰ ᠤᠨ ᠡᠪ ᠬᠠᠮᠲᠤ ᠨᠠᠮ ᠳᠤ ᠬᠠᠨᠳᠤᠭᠤᠯᠤᠭᠰᠠᠨ ᠬᠠᠮᠤᠭ ᠤᠨ ᠴᠢᠩ ᠰᠡᠳᠬᠢᠯ ᠤᠨ ᠵᠥᠩᠨᠡᠯ ᠢᠶᠠᠨ ᠢᠯᠡᠳᠬᠡᠪᠡ᠃
    ᠠᠵᠢᠯᠯᠠᠭ᠎ᠠ ᠳᠤ ᠣᠷᠣᠯᠴᠠᠭᠰᠠᠨ ᠨᠠᠮ ᠤᠨ ᠭᠡᠰᠢᠭᠦᠨ ᠨᠠᠮ ᠤᠨ ᠲᠤᠭ ᠢᠶᠠᠨ ᠮᠠᠨᠳᠤᠭᠤᠯᠵᠦ᠂ ᠰᠡᠳᠬᠢᠯ ᠳᠣᠭᠳᠣᠯᠤᠨ᠄ ︽ᠨᠠᠮ ᠤᠨ ᠲᠤᠭ ᠢᠶᠠᠨ ᠮᠠᠨᠳᠤᠭᠤᠯᠵᠦ᠂ ᠮᠠᠨ ᠤ ᠨᠠᠮ ᠤᠨ ᠵᠠᠭᠤᠨ ᠵᠢᠯ ᠤᠨ ᠲᠤᠷᠰᠢᠬᠢ ᠰᠦᠷ ᠳᠠᠯᠠᠶᠢᠴᠠᠲᠠᠢ ᠠᠶᠠᠨ ᠵᠠᠮ ᠢ ᠲᠠᠬᠢᠨ ᠡᠷᠭᠢᠴᠡᠭᠦᠯᠵᠦ᠂ ᠨᠠᠮ ᠳᠤ ᠣᠷᠣᠬᠤ ᠤᠭ ᠰᠠᠨᠠᠭ᠎ᠠ ᠪᠠᠨ ᠨᠡᠩ ᠪᠠᠲᠤᠳᠬᠠᠵᠤ᠂ ᠡᠭᠦᠷᠢᠳᠡ ᠨᠠᠮ ᠢᠶᠠᠨ ᠳᠠᠭᠠᠬᠤ ᠵᠣᠷᠢᠭ ᠢᠶᠠᠨ ᠨᠡᠩ ᠪᠠᠲᠤᠳᠬᠠᠪᠠ᠃ ᠪᠢᠳᠡ ᠨᠠᠮ ᠳᠠᠭᠠᠨ ᠬᠠᠶᠢᠷ᠎ᠠ ᠪᠠᠨ ᠵᠥᠩᠨᠡᠯ ᠢᠶᠠᠨ ᠨᠠᠮ ᠤᠨ ᠳᠠᠯᠪᠠᠭ᠎ᠠ ᠳᠤ ᠦᠨᠡᠨ ᠪᠣᠳᠠᠲᠠᠢ ᠪᠠᠷ ᠠᠭᠤᠰᠤᠯᠴᠠᠶ᠎ᠠ ᠭᠡᠵᠦ ᠪᠣᠳᠣᠵᠤ ᠪᠠᠶᠢᠨ᠎ᠠ︾ ᠭᠡᠵᠦ ᠬᠡᠯᠡᠪᠡ᠃
   ᠨᠠᠮ ᠤᠨ ᠲᠤᠭ ᠮᠠᠨᠳᠤᠭᠤᠯᠬᠤ ᠶᠠᠪᠤᠴᠠ ᠳᠤ᠂ ᠠᠬᠠᠮᠠᠳ ᠨᠠᠮ ᠤᠨ ᠭᠡᠰᠢᠭᠦᠨ ᠪᠠᠰᠠ ᠥᠪᠡᠷ ᠤᠨ ᠨᠠᠮ ᠳᠤ ᠣᠷᠣᠬᠤ ᠤᠭ ᠰᠠᠨᠠᠭ᠎ᠠ ᠪᠠᠨ ᠤᠶᠠᠩᠭᠠᠯᠠᠨ ᠶᠠᠷᠢᠵᠤ᠂ ᠵᠠᠯᠠᠭᠤ ᠨᠠᠮ ᠤᠨ ᠭᠡᠰᠢᠭᠦᠳ ᠨᠠᠷᠢᠨ ᠬᠢᠨᠠᠮᠠᠭᠠᠢ ᠰᠣᠨᠣᠰᠴᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠷᠡᠯ ᠰᠠᠴᠤᠷᠠᠩᠭᠤᠢ ᠲᠡᠦᠬᠡ ᠶᠢ ᠣᠶᠢᠯᠠᠭᠠᠪᠠ᠃
     ᠨᠠᠮ ᠤᠨ ᠲᠤᠭ ᠪᠣᠯ ᠳᠠᠷᠤᠢ ᠨᠢᠭᠡᠨ ᠲᠡᠦᠬᠡ ᠮᠥᠨ᠂ ᠨᠠᠮ ᠤᠨ ᠲᠤᠭ ᠪᠣᠯ ᠳᠠᠷᠤᠢ ᠨᠢᠭᠡ ᠲᠠᠯ᠎ᠠ ᠶᠢᠨ ᠮᠠᠭᠲᠠᠭᠠᠯ ᠳᠠᠭᠤᠤ ᠮᠥᠨ᠃ ᠲᠣᠰ ᠤᠳᠠᠭᠠᠨ ᠤ ᠠᠵᠢᠯᠯᠠᠭ᠎ᠠ ᠪᠠᠷ ᠳᠠᠮᠵᠢᠭᠤᠯᠤᠨ᠂ ᠦᠱᠧᠨ ᠪᠠᠯᠭᠠᠰᠤᠨ ᠤ ᠨᠠᠮ ᠤᠨ ᠭᠡᠰᠢᠭᠦᠨ ᠤ ᠨᠠᠮ ᠢᠶᠠᠨ ᠬᠠᠶᠢᠷᠠᠯᠠᠬᠤ ᠰᠡᠳᠬᠢᠯᠭᠡ ᠶᠢ ᠤᠯᠠᠮ ᠨᠢᠭᠡ ᠠᠯᠬᠤᠮ ᠵᠤᠵᠠᠭᠠᠳᠬᠠᠵᠤ᠂ ᠨᠠᠮ ᠳᠠᠭᠠᠨ ᠦᠨᠡᠨᠴᠢ ᠰᠢᠳᠤᠷᠭᠤ ᠪᠠᠶᠢᠬᠤ ᠶᠢ ᠦᠷᠭᠦᠯᠵᠢᠯᠡᠨ ᠪᠢᠴᠢᠭᠯᠡᠵᠦ᠂ ᠨᠠᠮ ᠤᠨ ᠭᠡᠰᠢᠭᠦᠨ ᠤ ᠢᠷᠠᠭᠤ ᠠᠯᠳᠠᠷᠲᠤ ᠰᠡᠳᠬᠢᠯᠭᠡ᠂ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠶᠢ ᠨᠡᠮᠡᠭᠳᠡᠭᠦᠯᠪᠡ᠃ ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠤᠨ ᠶᠦᠨ ᠵᠥᠩ ᠬᠠᠮ ᠵᠠᠭᠤᠴᠢᠯᠠᠭᠤᠷ  
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1