6 ᠳ᠋ᠤᠭᠠᠷ ᠰᠠᠷ᠎ᠠ ᠶᠢᠨ 27 ᠤ ᠡᠳᠦᠷ᠂ ᠲᠣᠭᠲᠠᠬᠤ ᠰᠢᠶᠠᠨ ᠤ ᠠᠶᠤᠯᠭᠦᠢ ᠦᠢᠯᠡᠳᠪᠦᠷᠢᠯᠡᠯ ᠤᠨ | ᠵᠥᠪᠯᠡᠯ ᠤᠨ ᠠᠯᠪᠠᠨ ᠭᠡᠷ ︽ᠠᠶᠤᠯᠭᠦᠢ ᠦᠢᠯᠡᠳᠪᠦᠷᠢᠯᠡᠯ ᠤᠨ ᠰᠠᠷ᠎ᠠ ᠶᠢᠨ ᠠᠵᠢᠯ ᠤᠨ ᠲᠥᠰᠥᠯ︾ ᠶᠣᠰᠣᠭᠠᠷ᠂ ︽ | ᠬᠥᠮᠥᠨ ᠪᠦᠬᠦᠨ ᠠᠮᠤᠷ ᠲᠦᠪᠰᠢᠨ ᠢ ᠡᠷᠬᠢᠮᠯᠡᠵᠦ᠂ ᠬᠥᠮᠥᠨ ᠪᠦᠬᠦᠨ ᠪᠠᠴᠢᠮ ᠪᠠᠶᠢᠳᠠᠯ ᠢ ᠠᠷᠭᠠᠴᠠᠬᠤ - ᠠᠮᠢ | ᠨᠠᠰᠤᠨ ᠤ ᠵᠠᠮ ᠢ ᠰᠠᠭᠠᠳ ᠦᠭᠡᠢ ᠨᠡᠪᠲᠡᠷᠡᠭᠦᠯᠬᠦ︾ ᠭᠤᠣᠯ ᠰᠡᠳᠦᠪ ᠤᠨ ᠲᠣᠭᠤᠷᠢᠨ ᠳᠤ᠂ ᠲᠠᠪᠢᠨ ᠭᠡᠷ | ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ | ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠶᠢ ᠵᠣᠬᠢᠶᠠᠨ ᠪᠠᠶᠢᠭᠤᠯᠵᠤ ᠮᠠᠨ ᠤ ᠰᠢᠶᠠᠨ ᠳᠤ ᠠᠶᠤᠯᠭᠦᠢ | ᠦᠢᠯᠡᠳᠪᠦᠷᠢᠯᠡᠯ ᠤᠨ ᠰᠠᠷ᠎ᠠ ᠶᠢᠨ ︽ᠲᠠᠪᠤ ᠶᠢ ᠣᠷᠣᠭᠤᠯᠬᠤ︾ ᠠᠵᠢᠯᠯᠠᠭ᠎ᠠ — ︽ᠬᠥᠳᠡᠭᠡ ᠲᠣᠰᠬᠤᠨ ᠳᠤ | ᠣᠷᠣᠭᠤᠯᠬᠤ︾ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ | ᠲᠤᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠨᠢ ᠲᠠᠪᠢᠨ ᠭᠡᠷ ᠪᠠᠯᠭᠠᠰᠤᠨ ᠤ ᠰᠢᠩ ᠸᠠᠩ ᠵᠤᠸᠠᠩ | ᠲᠣᠰᠬᠤᠨ ᠳᠤ ᠶᠠᠪᠤᠭᠳᠠᠵᠤ᠂ ᠲᠤᠰ ᠠᠵᠢᠯᠯᠠᠭ᠎ᠠ ᠶᠢ ᠬᠥᠳᠡᠭᠡ ᠲᠣᠰᠬᠤᠨ ᠤ ᠬᠥᠮᠦᠨ ᠠᠮᠠ ᠨᠢᠭᠲᠠ ᠲᠣᠰᠬᠤᠨ ᠤ | ᠠᠷᠠᠳ ᠤᠨ ᠵᠥᠪᠯᠡᠯ ᠳᠤ ᠤᠬᠠᠭᠤᠯᠭ᠎ᠠ ᠶᠢᠨ ᠰᠠᠮᠪᠠᠷ᠎ᠠ ᠭᠠᠷᠭᠠᠵᠤ᠂ ᠠᠮᠤᠷ ᠲᠦᠪᠰᠢᠨ ᠤ ᠤᠬᠠᠭᠤᠯᠭ᠎ᠠ ᠶᠢᠨ | ᠬᠥᠨᠳᠡᠯᠡᠨ ᠪᠢᠴᠢᠭᠡᠰᠦ ᠶᠢ ᠡᠯᠭᠦᠬᠦ ᠪᠠᠷ ᠳᠠᠮᠵᠢᠭᠤᠯᠵᠤ᠂ ︽ᠠᠶᠤᠯᠭᠦᠢ ᠦᠢᠯᠡᠳᠪᠦᠷᠢᠯᠡᠯ ᠤᠨ ᠬᠠᠤᠯᠢ︾᠂ ︽ᠠᠮᠤᠷ | ᠲᠦᠪᠰᠢᠨ ᠤ ᠭᠠᠷ ᠳᠡᠪᠲᠡᠷ︾ ᠵᠡᠷᠭᠡ ᠤᠬᠠᠭᠤᠯᠭ᠎ᠠ ᠶᠢᠨ ᠮᠠᠲ᠋ᠧᠷᠢᠶᠠᠯ᠂ ᠤᠬᠠᠭᠤᠯᠭ᠎ᠠ ᠶᠢᠨ ᠳᠡᠪᠲᠡᠷ᠂ ᠲᠤᠬᠠᠢ ᠶᠢᠨ | ᠲᠠᠯᠠᠪᠠᠢ ᠶᠢᠨ ᠲᠠᠶᠢᠯᠪᠤᠷᠢᠯᠠᠯᠲᠠ᠂ ᠲᠤᠬᠠᠢ ᠶᠢᠨ ᠲᠠᠯᠠᠪᠠᠢ ᠶᠢᠨ ᠦᠵᠡᠭᠦᠯᠦᠯᠭᠡ ᠵᠡᠷᠭᠡ ᠤᠯᠠᠨ ᠵᠦᠢᠯ ᠤᠨ ᠬᠡᠯᠪᠡᠷᠢ ᠶᠢ | ᠲᠠᠷᠬᠠᠭᠠᠵᠤ᠂ ᠬᠥᠳᠡᠭᠡ ᠲᠣᠰᠬᠤᠨ ᠤ ᠤᠯᠠᠨ ᠲᠦᠮᠡᠨ ᠤ ᠠᠶᠤᠯᠭᠦᠢ ᠦᠢᠯᠡᠳᠪᠦᠷᠢᠯᠡᠯ ᠤᠨ ᠮᠡᠳᠡᠯᠭᠡ ᠶᠢ | ᠥᠷᠭᠡᠨ ᠢᠶᠠᠷ ᠲᠠᠲᠠᠵᠤ᠂ ᠠᠶᠤᠯᠭᠦᠢ ᠦᠢᠯᠡᠳᠪᠦᠷᠢᠯᠡᠯ ᠤᠨ ᠥᠪᠡᠷ ᠢ ᠪᠠᠨ ᠠᠪᠤᠷᠠᠬᠤ ᠬᠠᠷᠢᠯᠴᠠᠨ ᠠᠪᠤᠷᠠᠬᠤ ᠤᠷ᠎ᠠ | ᠴᠢᠳᠠᠪᠤᠷᠢ ᠶᠢ ᠰᠠᠨᠠᠭᠠᠴᠢᠯᠠᠭ᠎ᠠ ᠠᠴᠠ ᠪᠠᠨ ᠰᠤᠷᠤᠯᠴᠠᠨ ᠡᠵᠡᠮᠰᠢᠵᠦ᠂ ᠬᠥᠳᠡᠭᠡ ᠲᠣᠰᠬᠤᠨ ᠤ ᠤᠯᠠᠨ ᠲᠦᠮᠡᠨ ᠤ | ᠠᠶᠤᠯᠭᠦᠢ ᠦᠢᠯᠡᠳᠪᠦᠷᠢᠯᠡᠯ ᠤᠨ ᠤᠬᠠᠮᠰᠠᠷ ᠢ ᠳᠡᠭᠡᠭᠰᠢᠯᠡᠭᠦᠯᠪᠡ᠃ ᠠᠵᠢᠯᠯᠠᠭ᠎ᠠ ᠶᠢᠨ ᠳᠤᠮᠳᠠ᠂ ᠤᠬᠠᠭᠤᠯᠬᠤ | ᠠᠵᠢᠯᠲᠠᠨ ᠬᠥᠳᠡᠭᠡ ᠲᠣᠰᠬᠤᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠭᠠᠯ ᠤᠨ ᠠᠶᠤᠯ ᠢ ᠰᠡᠷᠭᠡᠶᠢᠯᠡᠬᠦ | ᠮᠡᠳᠡᠯᠭᠡ᠂ ᠭᠠᠯ ᠤᠨ ᠠᠶᠤᠯ ᠠᠴᠠ ᠠᠪᠤᠷᠠᠬᠤ ᠠᠷᠭ᠎ᠠ ᠵᠢᠴᠢ ᠠᠮᠢ ᠵᠢᠭᠤᠲᠠᠵᠤ ᠥᠪᠡᠷ ᠢ ᠪᠠᠨ ᠠᠪᠤᠷᠠᠬᠤ ᠮᠡᠷᠭᠡᠵᠢᠯ | ᠵᠡᠷᠭᠡ ᠶᠢ ᠲᠦᠭᠡᠮᠡᠯᠵᠢᠭᠦᠯᠵᠦ᠂ ᠭᠠᠯ ᠤᠨᠲᠠᠷᠠᠭᠠᠬᠤ ᠠᠮᠤᠷ ᠲᠦᠪᠰᠢᠨ ᠤ ᠬᠦᠨᠳᠦ ᠨᠣᠴᠢᠲᠠᠶ ᠴᠢᠨᠠᠷ ᠢ ᠠᠷᠠᠳ | ᠣᠯᠠᠨ ᠳᠤ ᠭᠦᠨᠵᠡᠭᠡᠶ ᠲᠠᠨᠢᠭᠤᠯᠬᠤ ᠶᠢᠨ ᠬᠠᠮᠲᠤ ᠤᠬᠠᠭᠤᠯᠬᠤ ᠠᠵᠢᠯᠲᠠᠨ ᠣᠯᠠᠨ ᠲᠦᠮᠡᠨ ᠳᠤ ᠭᠠᠯ ᠤᠨᠲᠠᠷᠠᠭᠠᠬᠤ | ᠪᠠᠭᠠᠵᠢ ᠬᠡᠷᠡᠭᠰᠡᠯ ᠢ ᠵᠥᠪ ᠣᠨᠣᠪᠴᠢᠲᠠᠶ ᠬᠡᠷᠡᠭᠯᠡᠬᠦ ᠠᠷᠭ᠎ᠠ ᠶᠢ ᠦᠵᠡᠭᠦᠯᠵᠦ᠂ ᠥᠷᠭᠡᠨ ᠣᠯᠠᠨ ᠲᠦᠮᠡᠨ ᠳᠤ ᠭᠠᠯ | ᠤᠨᠲᠠᠷᠠᠭᠠᠬᠤ ᠠᠮᠤᠷ ᠲᠦᠪᠰᠢᠨ ᠤ ᠴᠢᠬᠤᠯᠠ ᠴᠢᠨᠠᠷ ᠢ ᠨᠡᠩ ᠰᠢᠭᠤᠳ᠂ ᠰᠡᠷᠡᠯᠲᠡ ᠲᠠᠢ ᠪᠠᠷ ᠲᠠᠨᠢᠭᠤᠯᠪᠠ᠃ | | | ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠤᠨ ᠶᠦᠨ ᠵᠥᠩ ᠬᠠᠮ ᠵᠠᠭᠤᠴᠢᠯᠠᠭᠤᠷ |