ᠲᠣᠭᠲᠠᠬᠤ ᠰᠢᠶᠠᠨ ᠤ 2024 ᠣᠨ ᠤ ︽ᠢᠲᠡᠭᠡᠮᠵᠢ ᠶᠢᠨ ᠤᠬᠠᠭᠤᠯᠭ᠎ᠠ ᠶᠢᠨ ᠰᠠᠷ᠎ᠠ︾ ᠵᠢᠴᠢ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠭᠤᠤᠯ ᠰᠡᠳᠦᠪᠲᠦ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/7/1
      ᠦᠨᠡᠨᠴᠢ ᠢᠲᠡᠭᠡᠮᠵᠢ ᠶᠢᠨ ᠰᠣᠶᠣᠯ ᠤᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠨᠡᠶᠢᠭᠡᠮ ᠤᠨ ᠦᠨᠡᠨᠴᠢ ᠢᠲᠡᠭᠡᠮᠵᠢ ᠶᠢᠨ ᠠᠭᠤᠷ ᠠᠮᠢᠰᠬᠤᠯ ᠢ ᠶᠡᠬᠡᠪᠡᠷ ᠪᠤᠢ ᠪᠣᠯᠭᠠᠵᠤ᠂ ᠦᠨᠡᠨᠴᠢ ᠢᠲᠡᠭᠡᠮᠵᠢ ᠶᠢᠨ ᠰᠣᠶᠣᠯ ᠢ ᠪᠠᠳᠠᠷᠠᠭᠤᠯᠬᠤ ᠶᠢᠨ ᠲᠥᠯᠥᠭᠡ᠂ 6 ᠳ᠋ᠤᠭᠠᠷ ᠰᠠᠷ᠎ᠠ ᠶᠢᠨ 28 ᠤ ᠡᠳᠦᠷ᠂ ᠰᠢᠶᠠᠨ ᠤ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠯᠪᠠᠨ ᠬᠡᠷ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠶ᠋ᠯᠡᠳᠦᠯᠭᠡ ᠶᠢᠨ ᠲᠥᠪ ᠰᠢᠶᠠᠨ ᠤ ᠰᠢᠭᠦᠬᠦ ᠬᠤᠷᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠬᠠᠤᠯᠢ ᠴᠠᠭᠠᠵᠠ ᠶᠢᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠰᠦᠯᠵᠢᠶᠡᠨ ᠤ ᠠᠮᠤᠷ ᠲᠦᠪᠰᠢᠨ ᠤ ᠪᠠᠴᠢᠮ ᠪᠠᠶᠢᠳᠠᠯ ᠢ ᠠᠷᠭᠠᠴᠠᠭᠠᠬᠤ ᠵᠢᠯᠣᠭᠤᠳᠬᠤ ᠲᠥᠪ ᠵᠡᠷᠭᠡ ᠨᠢᠭᠡᠴᠢ ᠲᠠᠢ ᠬᠤᠯᠪᠣᠭᠠᠯᠠᠨ ᠰᠢᠶᠠᠩ ᠾᠧ ᠨᠡᠶᠢᠭᠡᠮ ᠲᠣᠭᠤᠷᠢᠭ ᠲᠤ ᠲᠣᠭᠲᠠᠬᠤ ᠰᠢᠶᠠᠨ ᠤ 2024 ᠣᠨ ᠤ ︽ᠢᠲᠡᠭᠡᠮᠵᠢ ᠶᠢᠨ ᠤᠬᠠᠭᠤᠯᠭ᠎ᠠ ᠶᠢᠨ ᠰᠠᠷ᠎ᠠ︾ ᠵᠢᠴᠢ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠭᠤᠤᠯ ᠰᠡᠳᠦᠪᠲᠦ ᠠᠵᠢᠯᠯᠠᠭ᠎ᠠ ᠥᠷᠨᠢᠭᠦᠯᠪᠡ᠃    ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ᠂ ᠰᠠᠶᠢᠨ ᠳᠤᠷ᠎ᠠ ᠶᠢᠨ ᠦᠢᠯᠡᠴᠢᠯᠡᠭᠴᠢᠳ ᠠᠳᠠᠯᠢ ᠪᠤᠰᠤ ᠣᠯᠠᠨ ᠲᠦᠮᠡᠨ ᠤ ᠬᠡᠷᠡᠭᠴᠡᠭᠡ ᠶᠣᠰᠣᠭᠠᠷ᠂ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ᠂ ᠬᠤᠳᠠᠯᠳᠤᠭᠠᠨ ᠤ ᠶᠠᠪᠤᠳᠠᠯ ᠤᠨ ᠦᠨᠡᠨᠴᠢ ᠢᠲᠡᠭᠡᠮᠵᠢ᠂ ᠨᠡᠶᠢᠭᠡᠮ ᠤᠨ ᠦᠨᠡᠨᠴᠢ ᠢᠲᠡᠭᠡᠮᠵᠢ᠂ ᠬᠠᠤᠯᠢ ᠴᠠᠭᠠᠵᠠ ᠶᠢᠨ ᠨᠡᠶᠢᠲᠡ ᠶᠢᠨ ᠢᠲᠡᠭᠡᠮᠵᠢ ᠵᠡᠷᠭᠡ ᠬᠦᠷᠢᠶᠡᠨ ᠳᠠᠬᠢ ᠢᠲᠡᠭᠡᠮᠵᠢ ᠶᠢᠨ ᠲᠥᠷᠥ ᠶᠢᠨ ᠪᠣᠳᠣᠯᠭ᠎ᠠ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠬᠠᠮᠢᠶ᠎ᠠ ᠪᠥᠬᠦᠶ ᠮᠡᠳᠡᠯᠭᠡ ᠶᠢ ᠬᠠᠨᠳᠤᠯᠭᠠᠲᠤ ᠴᠢᠨᠠᠷᠲᠠᠶ ᠪᠠᠷ ᠲᠠᠶᠢᠯᠪᠤᠷᠢᠯᠠᠵᠤ᠂ ᠥᠷᠭᠡᠨ ᠣᠯᠠᠨ ᠲᠦᠮᠡᠨ ᠳᠤ ᠦᠨᠡᠨᠴᠢ ᠢᠲᠡᠭᠡᠮᠵᠢ ᠶᠢᠨ ᠦᠨ᠎ᠡ ᠥᠷᠲᠡᠭ ᠪᠠ ᠢᠲᠡᠭᠡᠮᠵᠢ ᠠᠯᠳᠠᠭᠰᠠᠨ ᠦᠨ᠎ᠡ ᠥᠷᠲᠡᠭ ᠢ ᠣᠶᠢᠯᠠᠭᠠᠭᠤᠯᠪᠠ᠃ ᠭᠤᠣᠯ ᠰᠡᠳᠦᠪᠲᠦ ᠤᠬᠠᠭᠤᠯᠤᠨ ᠲᠠᠶᠢᠯᠪᠤᠷᠢᠯᠠᠬᠤ᠂ ᠦᠨᠡᠨᠴᠢ ᠢᠲᠡᠭᠡᠮᠵᠢ ᠶᠢᠨ ᠤᠬᠠᠭᠤᠯᠭ᠎ᠠ ᠶᠢᠨ ᠪᠤᠯᠤᠩ ᠭᠠᠷᠭᠠᠬᠤ᠂ ᠦᠨᠡᠨᠴᠢ ᠢᠲᠡᠭᠡᠮᠵᠢ ᠶᠢᠨ ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠣᠯᠠᠨ ᠲᠦᠮᠡᠨ ᠳᠤ ᠦᠨᠡᠨᠴᠢ ᠢᠲᠡᠭᠡᠮᠵᠢ ᠶᠢᠨ ᠨᠡᠶᠢᠲᠡᠯᠢᠭ ᠲᠡᠷᠢᠭᠦᠨ ᠤ ᠦᠢᠯᠡ ᠠᠵᠢᠯᠯᠠᠭ᠎ᠠ᠂ ᠢᠲᠡᠭᠡᠯ ᠠᠯᠳᠠᠭᠰᠠᠨ ᠬᠡᠷᠡᠭ ᠤᠨ ᠵᠢᠱᠢᠶ᠎ᠡ ᠪᠠ ᠢᠲᠡᠭᠡᠯ ᠠᠯᠳᠠᠭᠰᠠᠨ ᠢ ᠵᠠᠯᠬᠠᠭᠠᠨ ᠴᠡᠭᠡᠷᠯᠡᠭᠦᠯᠬᠦ ᠠᠷᠭ᠎ᠠ ᠬᠡᠮᠵᠢᠶ᠎ᠡ ᠶᠢ ᠤᠬᠠᠭᠤᠯᠵᠤ᠂ ᠥᠷᠭᠡᠨ ᠣᠯᠠᠨ ᠠᠷᠠᠳ ᠲᠦᠮᠡᠨ ᠢ ᠬᠥᠲᠥᠯᠦᠨ ᠵᠢᠯᠣᠭᠤᠳᠴᠤ ᠪᠠᠶᠢᠭᠠᠳ ᠦᠨᠡᠨᠴᠢ ᠢᠲᠡᠭᠡᠮᠵᠢ ᠶᠢ ᠢᠳᠡᠪᠬᠢᠲᠡᠶ ᠦᠢᠯᠡᠳᠦᠯᠭᠡᠵᠢᠭᠦᠯᠵᠦ᠂ ︽ᠦᠨᠡᠨᠴᠢ ᠢᠳᠡᠭᠡᠮᠵᠢᠳᠡᠢ ᠦᠭᠡ ᠬᠡᠯᠡᠵᠦ ᠂ ᠦᠨᠡᠨᠴᠢ ᠢᠳᠡᠭᠡᠮᠵᠢᠳᠡᠢ ᠠᠵᠢᠯ ᠬᠢᠵᠦ᠂ ᠦᠨᠡᠨᠴᠢ ᠢᠲᠡᠭᠡᠮᠵᠢᠲᠡᠶ ᠬᠥᠮᠦᠨ ᠪᠣᠯᠬᠤ︾ ᠶᠢ ᠪᠡᠶᠡᠯᠡᠭᠦᠯᠪᠡ᠃    ᠳᠠᠷᠠᠭᠠᠴᠢ ᠶᠢᠨ ᠠᠯᠬᠤᠮ ᠳᠤ᠂ ᠲᠣᠭᠲᠠᠬᠤ ᠰᠢᠶᠠᠨ ᠦᠨᠡᠨᠴᠢ ᠢᠲᠡᠭᠡᠮᠵᠢ ᠶᠢᠨ ᠤᠬᠠᠭᠤᠯᠭ᠎ᠠ ᠬᠥᠮᠦᠵᠢᠯ ᠢ ᠦᠷᠭᠦᠯᠵᠢᠯᠡᠨ ᠥᠷᠨᠢᠭᠦᠯᠵᠦ᠂ ᠦᠨᠡᠨᠴᠢ ᠢᠲᠡᠭᠡᠮᠵᠢ ᠪᠠᠷ ᠬᠥᠭᠵᠢᠯᠲᠡ ᠶᠢ ᠲᠡᠳᠬᠦᠵᠦ᠂ ᠪᠦᠬᠦ ᠨᠡᠶᠢᠭᠡᠮ ᠢᠶᠠᠷ ᠢᠶᠠᠨ ᠦᠨᠡᠨᠴᠢ ᠢᠲᠡᠭᠡᠮᠵᠢᠲᠡᠢ ᠳᠤᠮᠳᠠᠳᠤ ᠶᠢᠨ ᠤᠯᠠᠮᠵᠢᠯᠠᠯᠲᠤ ᠰᠠᠶᠢᠬᠠᠨ ᠰᠤᠷᠲᠠᠯ ᠢ ᠪᠠᠳᠠᠷᠠᠭᠤᠯᠬᠤ ᠶᠢ ᠰᠠᠨᠠᠭᠠᠴᠢᠯᠠᠵᠤ᠂ ᠪᠦᠬᠦ ᠰᠢᠶᠠᠨ ᠤ ᠦᠨᠡᠨᠴᠢ ᠢᠲᠡᠭᠡᠮᠵᠢᠲᠡᠢ ᠰᠠᠶᠢᠨ ᠰᠠᠶᠢᠬᠠᠨ ᠬᠡᠪ ᠰᠤᠷᠲᠠᠯ ᠢ ᠪᠤᠢ ᠪᠣᠯᠭᠠᠬᠤ ᠶᠢ ᠠᠬᠢᠭᠤᠯᠵᠤ᠂ ︽ᠦᠨᠡᠨᠴᠢ ᠢᠲᠡᠭᠡᠮᠵᠢᠲᠡᠢ ᠲᠣᠭᠲᠠᠬᠤ︾ ᠨᠡᠷ᠎ᠡ ᠶᠢᠨ ᠬᠠᠭᠤᠳᠠᠰᠤ ᠶᠢ ᠬᠠᠩᠭᠠᠬᠤ ᠳᠤ ᠬᠦᠴᠦᠨ ᠴᠢᠳᠠᠯ ᠢᠶᠠᠨ ᠡᠷᠭᠦᠨ᠎ᠡ ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1