ᠲᠣᠭᠲᠠᠬᠤ ᠰᠢᠶᠠᠨ ᠤ ᠴᠡᠷᠢᠭ ᠤᠨ ᠠᠯᠪᠠᠨ ᠠᠴᠠ ᠬᠠᠯᠠᠭᠳᠠᠭᠰᠠᠳ ᠤᠨ ᠬᠠᠤᠯᠢ ᠴᠠᠭᠠᠵᠠ ᠶᠢᠨ ᠲᠤᠰᠠᠯᠠᠮᠵᠢ ᠶᠢᠨ ᠠᠵᠢᠯ ᠤᠨ ᠥᠷᠲᠡᠭᠡ ᠪᠠᠶᠢᠭᠤᠯᠤᠭᠳᠠᠪᠠ
ᠨᠡᠶᠢᠲᠡᠯᠡᠭᠰᠡᠨ ᠴᠠᠭ᠄
2024/7/10
      ᠣᠶᠢᠷ᠎ᠠ ᠳᠤ᠂ ᠴᠡᠷᠢᠭ ᠠᠴᠠ ᠬᠠᠯᠠᠭᠳᠠᠭᠰᠠᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠬᠠᠮᠠᠭᠠᠯᠠᠵᠤ᠂ ᠴᠡᠷᠢᠭ ᠲᠤ ᠬᠤᠯᠪᠣᠭᠳᠠᠬᠤ ᠬᠠᠤᠯᠢ ᠴᠠᠭᠠᠵᠠ ᠶᠢᠨ ᠲᠤᠰᠠᠯᠠᠮᠵᠢ ᠶᠢᠨ ᠦᠢᠯᠡᠴᠢᠯᠡᠭᠡ ᠶᠢ ᠪᠦᠲᠦᠮᠵᠢᠲᠡᠶ ᠤᠷᠲᠤᠳᠬᠠᠬᠤ ᠪᠠ ᠥᠷᠭᠡᠳᠬᠡᠵᠦ᠂ ᠪᠥᠬᠦ ᠨᠡᠶᠢᠭᠡᠮ ᠢᠶᠠᠷ ᠢᠶᠠᠨ ᠴᠡᠷᠢᠭ ᠠᠴᠠ ᠬᠠᠯᠠᠭᠳᠠᠭᠰᠠᠳ ᠢ ᠬᠠᠯᠠᠮᠵᠢᠯᠠᠨ ᠬᠠᠶᠢᠷᠠᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠬᠤ ᠶᠢᠨ ᠲᠥᠯᠥᠭᠡ᠂ ᠲᠣᠭᠲᠠᠬᠤ ᠰᠢᠶᠠᠨ ᠤ ᠴᠡᠷᠢᠭ ᠠᠴᠠ ᠬᠠᠯᠠᠭᠳᠠᠭᠰᠠᠳ ᠤᠨ ᠬᠠᠤᠯᠢ ᠴᠠᠭᠠᠵᠠ ᠶᠢᠨ ᠲᠤᠰᠠᠯᠠᠮᠵᠢ ᠶᠢᠨ ᠠᠵᠢᠯ ᠤᠨ ᠥᠷᠲᠡᠭᠡ ᠲᠣᠰ ᠰᠢᠶᠠᠨ ᠤ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠲᠥᠪ ᠲᠤ ᠵᠢᠩᠬᠢᠨᠢ ᠪᠠᠷ ᠫᠠᠶᠢᠰᠠ ᠡᠯᠭᠦᠪᠡ᠃
     ᠣᠶᠢᠯᠠᠭᠠᠭᠰᠠᠨ ᠢᠶᠠᠷ᠂ ᠲᠣᠰ ᠠᠵᠢᠯ ᠤᠨ ᠥᠷᠲᠡᠭᠡ ᠨᠢ ᠪᠥᠬᠦ ᠰᠢᠶᠠᠨ ᠤ ᠠᠩᠬᠠᠳᠠᠭᠴᠢ ᠲᠤᠰᠬᠠᠶᠢᠯᠠᠨ ᠴᠡᠷᠢᠭ ᠤᠨ ᠠᠯᠪᠠ ᠠᠴᠠ ᠬᠠᠯᠠᠭᠳᠠᠭᠰᠠᠳ ᠵᠢᠴᠢ ᠴᠡᠷᠢᠭ ᠤᠨ ᠬᠡᠷ ᠪᠦᠯᠢ ᠶᠢᠨ ᠬᠢᠨ ᠳᠤ ᠣᠯᠠᠨ ᠨᠡᠶᠢᠲᠡ ᠶᠢᠨ ᠦᠨᠳᠦᠰᠦᠨ ᠬᠠᠤᠯᠢ ᠴᠠᠭᠠᠵᠠ ᠶᠢᠨ ᠦᠢᠯᠡᠴᠢᠯᠡᠭᠡ ᠬᠠᠩᠭᠠᠬᠤ ᠲᠤᠰᠬᠠᠶ ᠪᠠᠶᠢᠭᠤᠯᠤᠮᠵᠢ᠂ ᠲᠣᠰ ᠰᠢᠶᠠᠨ ᠤ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠲᠥᠪ ᠲᠤ ᠬᠠᠤᠯᠢ ᠴᠠᠭᠠᠵᠠ ᠶᠢᠨ ᠦᠢᠯᠡᠴᠢᠯᠡᠭᠡᠨ ᠤ ᠴᠢᠳᠠᠮᠵᠢ ᠨᠡᠮᠡᠵᠦ᠂ ᠴᠡᠷᠢᠭ ᠤᠨ ᠠᠯᠪᠠ ᠠᠴᠠ ᠬᠠᠯᠠᠭᠳᠠᠭᠰᠠᠳ ᠵᠢᠴᠢ ᠴᠡᠷᠢᠭ ᠤᠨ ᠬᠡᠷ ᠪᠦᠯᠢ ᠶᠢᠨ ᠡᠷᠬᠡ ᠠᠰᠢᠭ ᠢ ᠪᠠᠲᠤᠯᠠᠬᠤ ᠠᠵᠢᠯ ᠢ ᠬᠦᠴᠦᠲᠡᠶ ᠨᠥᠬᠦᠪᠥᠷᠢᠯᠡᠵᠦ᠂ ᠴᠡᠷᠢᠭ ᠬᠥᠮᠦᠨ ᠤ ᠡᠷᠬᠡ ᠠᠰᠢᠭ ᠢ ᠪᠠᠲᠤᠯᠠᠬᠤ ᠴᠢᠬᠤᠯᠠ ᠴᠣᠩᠬᠤ ᠠᠷᠭ᠎ᠠ ᠵᠠᠮ ᠪᠣᠯᠵᠣ᠂ ᠣᠯᠠᠨ ᠲᠦᠮᠡᠨ ᠲᠠᠢ ᠨᠢᠭᠲᠠ ᠬᠠᠷᠢᠯᠴᠠᠬᠤ ᠬᠥᠭᠦᠷᠭᠡ ᠪᠣᠯᠤᠭᠰᠠᠨ ᠪᠠᠶᠢᠨ᠎ᠠ᠃ ᠫᠠᠶᠢᠰᠠ ᠡᠯᠭᠦᠬᠦ ᠶᠣᠰᠣᠯᠠᠯ ᠳᠡᠭᠡᠷ᠎ᠡ᠂ ᠲᠣᠭᠲᠠᠬᠤ ᠰᠢᠶᠠᠨ ᠤ ᠴᠡᠷᠢᠭ ᠠᠴᠠ ᠬᠠᠯᠠᠭᠳᠠᠭᠰᠠᠳ ᠤᠨ ᠬᠡᠷᠡᠭ ᠡᠷᠬᠢᠯᠡᠬᠦ ᠲᠣᠪᠴᠢᠶ᠎ᠠ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠵᠢᠴᠢ ᠥᠪᠥᠷ ᠮᠣᠩᠭᠤᠯ ᠤᠨ ᠮᠦ ᠶᠢᠨ ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠤᠨ ᠬᠠᠤᠯᠢᠴᠢ ᠶᠢᠨ ᠲᠥᠯᠥᠭᠡᠯᠡᠭᠴᠢ᠂ ᠴᠡᠷᠢᠭ ᠠᠴᠠ ᠬᠠᠯᠠᠭᠳᠠᠭᠰᠠᠳ ᠤᠨ ᠲᠥᠯᠥᠭᠡᠯᠡᠭᠴᠢ ᠤᠷᠢᠯᠭ᠎ᠠ ᠪᠠᠷ ᠣᠷᠣᠯᠴᠠᠪᠠ᠃      ᠥᠪᠥᠷ ᠮᠣᠩᠭᠤᠯ ᠤᠨ ᠮᠦ ᠶᠢᠨ ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠨᠢ ᠲᠤᠰᠬᠠᠶ ᠬᠠᠤᠯᠢᠴᠢ ᠶᠢᠨ ᠪᠦᠯᠬᠦᠮ ᠪᠠᠶᠢᠭᠤᠯᠵᠤ᠂ ᠴᠡᠷᠢᠭ ᠤᠨ ᠠᠯᠪᠠ ᠠᠴᠠ ᠬᠠᠯᠠᠭᠳᠠᠭᠰᠠᠳ ᠵᠢᠴᠢ ᠴᠡᠷᠢᠭ ᠤᠨ ᠬᠡᠷ ᠪᠦᠯᠢ ᠶᠢᠨ ᠬᠢᠨ ᠳᠤ  ᠰᠦᠢᠳᠭᠡᠯ ᠬᠤᠷᠢᠶᠠᠬᠤ ᠥᠬᠡᠶ ᠪᠠᠷ ᠬᠠᠤᠯᠢ ᠴᠠᠭᠠᠵᠠ ᠶᠢᠨ ᠵᠥᠪᠯᠡᠯᠭᠡ ᠥᠭᠬᠦ᠂ ᠬᠠᠤᠯᠢ ᠴᠠᠭᠠᠵᠠ ᠶᠢᠨ ᠲᠤᠰᠠᠯᠠᠮᠵᠢ ᠦᠵᠡᠭᠦᠯᠬᠦ ᠵᠢᠴᠢ ᠬᠠᠤᠯᠢ ᠴᠠᠭᠠᠵᠠ ᠶᠢᠨ ᠪᠣᠯᠪᠠᠰᠤᠷᠠᠯ ᠵᠡᠷᠭᠡ ᠦᠢᠯᠡᠴᠢᠯᠡᠭᠡ ᠬᠠᠩᠭᠠᠨ᠎ᠠ᠃ ᠲᠣᠭᠲᠠᠬᠤ ᠰᠢᠶᠠᠨ ᠤ ᠴᠡᠷᠢᠭ ᠤᠨ ᠠᠯᠪᠠᠨ ᠠᠴᠠ ᠬᠠᠯᠠᠭᠳᠠᠭᠰᠠᠳ ᠤᠨ ᠬᠠᠤᠯᠢ ᠴᠠᠭᠠᠵᠠ ᠶᠢᠨ ᠲᠤᠰᠠᠯᠠᠮᠵᠢ ᠶᠢᠨ ᠠᠵᠢᠯ ᠤᠨ ᠥᠷᠲᠡᠭᠡ ︽ᠭᠤᠷᠪᠠᠨ ᠰᠢᠯᠢᠳᠡᠭ︾ ᠤᠨ ᠵᠠᠷᠴᠢᠮ ᠢ ᠵᠢᠷᠤᠮᠯᠠᠨ᠎ᠠ᠂ ᠲᠤᠬᠠᠶᠢᠯᠠᠪᠠᠯ ᠴᠡᠷᠢᠭ ᠤᠨ ᠠᠯᠪᠠᠨ ᠠᠴᠠ ᠬᠠᠯᠠᠭᠳᠠᠭᠰᠠᠳ ᠵᠢᠴᠢ ᠴᠡᠷᠢᠭ ᠤᠨ ᠭᠡᠷ ᠪᠦᠯᠢ ᠶᠢᠨ ᠬᠠᠤᠯᠢ ᠴᠠᠭᠠᠵᠠ ᠶᠢᠨ ᠲᠤᠰᠠᠯᠠᠮᠵᠢ ᠶᠢᠨ ᠠᠵᠢᠯ ᠳᠤ ︽ᠤᠷᠢᠳᠠᠪᠠᠷ ᠬᠦᠯᠢᠶᠡᠨ ᠠᠪᠴᠤ ᠰᠢᠢᠳᠪᠦᠷᠢᠯᠡᠬᠦ᠂ ᠤᠷᠢᠳᠠᠪᠠᠷ ᠳᠠᠭᠠᠭᠠᠨ ᠭᠦᠢᠴᠡᠳᠭᠡᠬᠦ᠂ ᠰᠢᠯᠢᠳᠡᠭ ᠦᠢᠯᠡᠴᠢᠯᠡᠭᠡ︾ ᠶᠢ ᠪᠠᠷᠢᠮᠲᠠᠯᠠᠵᠤ᠂ ᠡᠨᠡᠬᠦ ᠲᠠᠪᠴᠠᠩ ᠢ ᠭᠦᠢᠴᠡᠳ ᠠᠰᠢᠭᠯᠠᠨ᠂ ᠥᠷᠭᠡᠨ ᠣᠯᠠᠨ ᠴᠡᠷᠢᠭ ᠤᠨ ᠠᠯᠪᠠᠨ ᠠᠴᠠ ᠬᠠᠯᠠᠭᠳᠠᠭᠰᠠᠳ ᠵᠢᠴᠢ ᠴᠡᠷᠢᠭ ᠤᠨ ᠭᠡᠷ ᠪᠦᠯᠢ ᠶᠢᠨ ᠬᠢᠨ ᠳᠤ ᠡᠯ᠎ᠡ ᠲᠥᠷᠥᠯ ᠤᠨ ᠬᠠᠤᠯᠢ ᠴᠠᠭᠠᠵᠠ ᠶᠢᠨ ᠯᠠᠪᠯᠠᠭ᠎ᠠ ᠳᠤ ᠬᠠᠷᠢᠭᠤᠯᠲᠠ ᠥᠭᠴᠦ᠂ ︽ᠬᠠᠤᠯᠢ ᠴᠠᠭᠠᠵᠠ ᠶᠢᠨ ᠮᠠᠳᠠᠭ ᠲᠠᠢ ᠠᠰᠠᠭᠤᠳᠠᠯ ᠢ ᠴᠠᠭ ᠲᠤᠬᠠᠶ ᠳᠤᠨᠢ ᠲᠠᠶᠢᠯᠬᠤ᠂ ᠬᠠᠤᠯᠢ ᠴᠠᠭᠠᠵᠠ ᠶᠢᠨ ᠲᠤᠰᠠᠯᠠᠮᠵᠢ ᠦᠵᠡᠭᠦᠯᠬᠦ ᠶᠢ ᠦᠨᠡᠨᠬᠦ ᠪᠡᠶᠡᠯᠡᠭᠦᠯᠦᠨ᠎ᠡ᠃ ᠬᠤᠶᠠᠷ ᠲᠠᠯ᠎ᠠ ᠪᠠᠷ ᠢᠶᠠᠨ ᠪᠠᠰᠠ ᠬᠠᠤᠯᠢ ᠪᠠᠷ ᠵᠠᠰᠠᠬᠤ ᠤᠬᠠᠭᠤᠯᠭ᠎ᠠ ᠶᠢᠨ ᠠᠵᠢᠯᠯᠠᠭ᠎ᠠ ᠶᠢ ᠭᠠᠷ ᠬᠤᠯᠪᠣᠯᠴᠠᠨ ᠥᠷᠨᠢᠭᠦᠯᠵᠦ᠂ ᠴᠡᠷᠢᠭ ᠠᠴᠠ ᠬᠠᠯᠠᠭᠳᠠᠭᠰᠠᠳ ᠵᠢᠴᠢ ᠴᠡᠷᠢᠭ ᠤᠨ ᠬᠡᠷ ᠪᠦᠯᠢ ᠶᠢᠨ ᠬᠠᠤᠯᠢ ᠴᠠᠭᠠᠵᠠ ᠶᠢᠨ ᠤᠬᠠᠮᠰᠠᠷ ᠪᠠ ᠬᠠᠤᠯᠢ ᠶᠣᠰᠣᠭᠠᠷ ᠡᠷᠬᠡ ᠪᠠᠨ ᠬᠠᠮᠠᠭᠠᠯᠠᠬᠤ ᠴᠢᠳᠠᠪᠤᠷᠢ ᠶᠢ ᠳᠡᠭᠡᠭᠰᠢᠯᠡᠭᠦᠯᠵᠦ᠂ ᠠᠵᠢᠯ ᠤᠨ ᠠᠷᠭ᠎ᠠ ᠮᠠᠶ᠋ᠢᠭ ᠤᠨ ᠲᠠᠯ᠎ᠠ ᠪᠠᠷ ᠲᠠᠰᠤᠷᠠᠯᠲᠠ ᠥᠬᠡᠶ ᠰᠢᠨ᠎ᠡ ᠶᠢ ᠡᠭᠦᠳᠴᠦ᠂ ᠨᠡᠶᠢᠭᠡᠮ ᠤᠨ ᠡᠬᠢ ᠪᠠᠶᠠᠯᠢᠭ ᠢ ᠢᠳᠡᠪᠬᠢᠲᠡᠶ ᠪᠠᠷ ᠡᠮᠬᠢᠯᠡᠨ ᠨᠡᠶᠢᠯᠡᠭᠦᠯᠵᠦ᠂ ᠴᠡᠷᠢᠭ ᠠᠴᠠ ᠬᠠᠯᠠᠭᠳᠠᠭᠰᠠᠳ ᠲᠤ ᠨᠠᠩ ᠰᠢᠯᠢᠳᠡᠭ ᠦᠢᠯᠡᠴᠢᠯᠡᠭᠡ ᠬᠠᠩᠭᠠᠵᠤ᠂ ᠴᠡᠷᠢᠭ ᠠᠴᠠ ᠬᠠᠯᠠᠭᠳᠠᠭᠰᠠᠳ ᠤᠨ ᠠᠵᠢᠯ ᠤᠨ ᠴᠣ ᠰᠢᠨ᠎ᠡ ᠪᠠᠶᠢᠳᠠᠯ ᠢ ᠴᠢᠷᠮᠠᠶᠢᠨ ᠡᠭᠦᠳᠬᠦ ᠪᠣᠯᠤᠨ᠎ᠠ᠃ᠢᠷᠡᠯᠳᠡ᠄  ᠲᠣᠭᠲᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠶᠦᠨ ᠵᠦᠩ ᠬᠠᠮ ᠵᠠᠭᠤᠴᠢᠯᠠᠭᠤᠷ    
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1