ᠥᠪᠥᠷ ᠮᠣᠩᠭᠤᠯ ᠤᠨ ᠲᠣᠭᠲᠠᠬᠤ ᠰᠢᠶᠠᠨ᠄ ᠬᠦᠴᠢᠷᠳᠡᠯᠲᠡᠶ ᠣᠯᠠᠨ ᠲᠦᠮᠡᠨ ᠠᠷᠠᠳ ᠤᠨ ᠠᠮᠢᠳᠤᠷᠠᠯ ᠤᠨ ᠬᠡᠷᠡᠭ ᠶᠠᠪᠤᠳᠠᠯ ᠤᠨ ︽ᠣᠷᠣᠯᠠᠨ ᠭᠦᠶ᠋ᠴᠡᠳᠬᠡᠭᠴᠢ︾ ᠲᠠᠢ ᠪᠣᠯᠪᠠ
ᠨᠡᠶᠢᠲᠡᠯᠡᠭᠰᠡᠨ ᠴᠠᠭ᠄
2024/7/10
      ︽ᠮᠢᠨᠦ ᠶᠠᠪᠤᠳᠠᠯ ᠤᠨ ᠲᠥᠯᠥᠭᠡ᠂ ᠲᠡᠷᠡ ᠬᠡᠳᠦ ᠤᠳᠠᠭ᠎ᠠ ᠢᠷᠡᠵᠡᠢ᠂ ᠪᠢᠳᠡᠨ ᠢ ᠬᠠᠪᠰᠤᠷᠤᠨ ᠶᠡᠭᠡ ᠬᠦᠴᠢᠷ ᠠᠰᠠᠭᠤᠳᠠᠯ ᠢ ᠨᠢ ᠰᠢᠢᠳᠪᠦᠷᠢᠯᠡᠵᠦ ᠥᠭᠴᠡᠢ᠂ ᠮᠢᠨᠦ ᠠᠮᠢᠳᠤᠷᠠᠯ ᠤᠨ ᠢᠲᠡᠭᠡᠯ ᠵᠣᠷᠢᠭ ᠢ ᠨᠢ ᠬᠥᠪᠴᠢᠯᠡᠵᠡᠶ᠃ ᠬᠠᠪᠰᠤᠷᠤᠨ ᠭᠦᠢᠴᠡᠳᠬᠡᠭᠴᠢ ᠣᠷᠣᠯᠠᠨ ᠭᠦᠢᠴᠡᠳᠬᠡᠭᠴᠢ ᠭᠡᠰᠢᠭᠦᠨ ᠫᠧᠩ ᠯᠸᠢ ᠳᠤ ᠵᠠᠩ ᠹᠦ᠋ ᠴᠢᠤᠸᠠᠨ  ᠭᠦᠨ ᠲᠠᠯᠠᠷᠬᠠᠯᠠᠯ ᠢᠶᠠᠨ ᠢᠯᠡᠳᠭᠡᠵᠦ ᠪᠠᠶᠢᠯ᠎ᠠ᠃      ᠵᠠᠩ ᠹᠦ᠋ ᠴᠢᠤᠸᠠᠨ ᠪᠣᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠣᠭᠲᠠᠬᠤ ᠰᠢᠶᠠᠨ ᠤ ᠲᠠᠪᠢᠨ ᠭᠡᠷ ᠪᠠᠯᠭᠠᠰᠤ ᠶᠢᠨ ᠳ᠋ᠢ ᠱᠢ ᠶᠣᠣ ᠲᠣᠰᠬᠤᠨ ᠤ ᠠᠷᠠᠳ ᠪᠣᠯᠤᠨ᠎ᠠ᠂ 2023 ᠣᠨ ᠳᠤ᠂ ᠲᠡᠷᠡ ᠠᠭᠤᠰᠬᠢᠨ ᠤ ᠬᠡᠰᠡᠭ ᠤᠨ ᠬᠠᠪᠤᠳᠠᠷ ᠢᠶᠠᠷ ᠡᠮᠨᠡᠯᠭᠡ ᠳᠤ ᠰᠠᠭᠤᠵᠤ᠂ ᠡᠮ ᠡᠮᠨᠡᠯᠭᠡ ᠶᠢᠨ ᠵᠠᠷᠤᠳᠠᠯ ᠨᠢ 6 ᠲᠦᠮᠡ ᠭᠠᠷᠤᠢ ᠲᠥᠭᠦᠷᠢᠭ ᠲᠤ ᠬᠦᠷᠴᠦ᠂ ᠲᠠᠷᠠᠭᠠᠴᠢ ᠶᠢᠨ ᠠᠵᠢᠯ ᠤᠨ ᠬᠠᠷᠠᠯᠲᠠ ᠠᠴᠠ ᠪᠠᠰᠠ 2 ᠲᠦᠮᠡᠨ ᠲᠥᠭᠦᠷᠢᠭ ᠰᠢᠬᠠᠮ ᠪᠣᠯᠵᠠᠢ᠂ ᠡᠨᠡ ᠨᠢ ᠲᠠᠷᠢᠶ᠎ᠠ ᠲᠠᠷᠢᠬᠤ ᠪᠠ ᠬᠥᠯᠥᠰᠥᠨ ᠠᠵᠢᠯ ᠬᠢᠬᠦ ᠳᠤ ᠲᠦᠰᠢᠭᠯᠡᠨ ᠠᠮᠢᠳᠤᠷᠠᠵᠤ ᠪᠠᠶᠢᠭ᠎ᠠ ᠵᠠᠩ ᠹᠦ᠋ ᠴᠢᠤᠸᠠᠨ ᠤ ᠨᠢᠭᠡ ᠭᠡᠷ ᠤᠨ ᠬᠢᠨ ᠬᠦᠴᠢᠷᠳᠡᠯ ᠳᠤ ᠲᠤᠯᠭᠠᠷᠠᠪᠠ᠃      ︽ᠵᠠᠩ ᠹᠦ᠋ ᠴᠢᠤᠸᠠᠨ ᠤ ᠪᠠᠶᠢᠳᠠᠯ ᠢ ᠣᠶᠢᠯᠠᠭᠠᠭᠰᠠᠨ ᠤ ᠳᠠᠷᠠᠭ᠎ᠠ᠂ ᠪᠢᠳᠡ ᠨᠢᠭᠡ ᠲᠠᠯ᠎ᠠ ᠪᠠᠷ ᠲᠡᠭᠦᠨ ᠢ ᠵᠤᠷᠢᠭᠵᠢᠭᠤᠯᠵᠤ᠂ ᠨᠥᠭᠦᠭᠡ ᠲᠠᠯ᠎ᠠ ᠪᠠᠷ ᠲᠡᠭᠦᠨ ᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢ  ᠭᠤᠶᠤᠴᠢᠯᠠᠵᠦ ᠦᠭᠪᠡ︾ ᠭᠡᠵᠦ ᠲᠣᠭᠲᠠᠬᠤ ᠰᠢᠶᠠᠨ ᠤ ᠲᠠᠪᠢᠨ ᠭᠡᠷ ᠪᠠᠯᠭᠠᠰᠤᠨ ᠤ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠭᠴᠢ ᠫᠧᠩ ᠯᠸᠢ ᠬᠡᠯᠡᠵᠡᠢ᠂ ᠪᠦᠬᠦ ᠮᠠᠲ᠋ᠧᠷᠢᠶᠠᠯ ᠢ ᠪᠡᠯᠡᠳᠬᠡᠭᠰᠡᠨ ᠤ ᠳᠠᠷᠠᠭ᠎ᠠ᠂ ᠲᠡᠳᠡ ᠵᠠᠩ ᠹᠦ᠋ ᠴᠢᠤᠸᠠᠨ ᠢ ᠣᠷᠣᠯᠠᠨ ᠪᠠᠯᠭᠠᠰᠤᠨ ᠤ ᠵᠠᠰᠠᠭ ᠤᠨ ᠣᠷᠳᠣᠨ ᠪᠣᠯᠤᠨ ᠰᠢᠶᠠᠨ ᠤ ᠠᠷᠠᠳ ᠤᠨ ᠶᠠᠪᠤᠳᠠᠯ ᠤᠨ ᠲᠣᠪᠴᠢᠶ᠎ᠠ ᠵᠡᠷᠭᠡ ᠰᠠᠯᠠᠭ᠎ᠠ ᠮᠥᠴᠢᠷ ᠲᠤ ᠬᠦᠷᠴᠦ ᠮᠠᠲ᠋ᠧᠷᠢᠶᠠᠯ ᠢᠶᠠᠨ ᠲᠤᠰᠢᠶᠠᠵᠤ᠂ ᠤᠯᠠᠨ ᠤᠳᠠᠭ᠎ᠠ ᠨᠡᠪᠲᠡᠷᠡᠯᠴᠡᠨ ᠵᠣᠬᠢᠴᠠᠭᠤᠯᠤᠭᠰᠠᠨ ᠢᠶᠠᠷ ᠵᠠᠩ ᠹᠦ᠋ ᠴᠢᠤᠸᠠᠨ ᠢ ᠬᠠᠪᠰᠤᠷᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠮᠥᠩᠭᠦ ᠪᠣᠯᠤᠨ ᠵᠢᠯ ᠪᠦᠷᠢ ᠶᠢᠨ 2 ᠲᠦᠮᠡᠨ ᠲᠥᠭᠦᠷᠢᠭ ᠤᠨ ᠬᠦᠨᠳᠦ ᠡᠪᠡᠳᠴᠢᠨ ᠲᠠᠢ ᠠᠪᠤᠷᠠᠨ ᠲᠤᠰᠠᠯᠠᠬᠤ ᠮᠥᠩᠭᠦ ᠭᠤᠶᠤᠴᠢᠯᠠᠭᠰᠠᠨ ᠪᠠᠶᠢᠨ᠎ᠠ᠂ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠲᠠᠩᠰᠠ ᠲᠠᠶᠢᠯᠬᠤ ᠬᠠᠷᠢᠴᠠᠯ ᠢ 5 ᠵᠠᠭᠤᠨ ᠤ ᠨᠢᠭᠡᠴᠢ ᠳᠡᠭᠡᠭᠰᠢᠯᠡᠭᠦᠯᠵᠦ᠂ ᠰᠠᠷ᠎ᠠ ᠪᠦᠷᠢ ᠪᠠᠷᠤᠭ 1000 ᠲᠥᠭᠦᠷᠢᠭ ᠤᠨ ᠡᠮ ᠡᠮᠨᠡᠯᠭᠡ ᠶᠢᠨ ᠵᠠᠷᠤᠳᠠᠯ ᠢ ᠪᠠᠭᠠᠰᠬᠠᠭᠰᠠᠨ ᠲᠠᠢ ᠲᠡᠩᠴᠡᠨ᠎ᠡ᠃    ᠫᠧᠩ ᠯᠧᠢ᠂ ᠬᠥᠭᠰᠢᠨ ᠪᠠᠭᠤᠷᠠᠶ ᠡᠪᠡᠳᠴᠢᠲᠡᠶ ᠵᠡᠮᠳᠡᠭ ᠵᠢᠷᠮᠦᠰᠦᠨ ᠵᠡᠷᠭᠡ ᠬᠦᠴᠢᠷᠳᠡᠯᠲᠡᠶ ᠣᠯᠠᠨ ᠲᠦᠮᠡᠨ ᠤ ᠵᠠᠷᠢᠮ ᠬᠥᠳᠡᠯᠵᠦ ᠪᠠᠷᠢᠬᠤ ᠳᠤ ᠳᠥᠭᠦᠮ ᠦᠭᠡᠢ᠂ ᠵᠠᠷᠢᠮ ᠰᠣᠶᠣᠯ ᠤᠨ ᠬᠢᠷᠢ ᠲᠦᠪᠰᠢᠨ ᠥᠨᠳᠥᠷ ᠪᠢᠰᠢ᠂ ᠠᠷᠠᠳ ᠤᠨ ᠠᠮᠢᠳᠤᠷᠠᠯ ᠤᠨ ᠤᠴᠢᠷ ᠶᠠᠪᠤᠳᠠᠯ ᠢ ᠭᠦᠢᠴᠡᠳᠬᠡᠬᠦ ᠳᠤ ᠳᠥᠭᠦᠮ ᠦᠭᠡᠢ ᠪᠠᠶᠢᠳᠠᠭ᠂ ᠪᠢᠳᠡ ᠦᠨᠳᠦᠰᠦᠨ ᠱᠠᠲᠤᠨ ᠤ ᠨᠠᠮ ᠤᠨ ᠭᠡᠰᠢᠭᠦᠨ ᠺᠠᠳ᠋ᠷ ᠪᠣᠯᠤᠭᠰᠠᠨ ᠤ ᠬᠤᠪᠢ ᠳᠤ᠂  ᠲᠡᠳᠡᠨᠠᠷ ᠲᠤ ᠲᠤᠰᠠᠯᠠᠮᠵᠢ ᠦᠵᠡᠭᠦᠯᠵᠦ᠂ ᠲᠣᠰᠬᠤᠨ ᠤ ᠠᠷᠠᠳ ᠮᠠᠰᠢ ᠣᠯᠠᠨ ᠶᠠᠷᠰᠢᠭ ᠲᠦᠪᠡᠭ ᠶᠠᠪᠤᠳᠠᠯ ᠢ ᠪᠡᠶᠡᠯᠡᠭᠦᠯᠵᠦ ᠦᠭᠪᠡ ᠭᠡᠪᠡ᠃      ᠣᠶᠢᠷ᠎ᠠ ᠶᠢᠨ ᠵᠢᠯ ᠠᠴᠠ᠂ ᠲᠣᠭᠲᠠᠬᠤ ᠰᠢᠶᠠᠨ ᠦᠨᠳᠦᠰᠦᠨ ᠱᠠᠲᠤᠨ ᠤ ᠠᠷᠠᠳ ᠤᠨ ᠠᠮᠢᠳᠤᠷᠠᠯ ᠤᠨ ᠦᠢᠯᠡᠴᠢᠯᠡᠭᠡᠨ ᠤ ︽ᠡᠪᠡᠷᠰᠢᠶᠡᠯ︾ ᠳᠤ ᠠᠩᠬᠠᠷᠤᠯ ᠢᠶᠠᠨ ᠲᠥᠪᠯᠡᠷᠡᠭᠦᠯᠵᠦ᠂ ︽ᠨᠠᠮ ᠤᠨ ᠪᠠᠶᠢᠭᠤᠯᠤᠯᠲᠠ ᠵᠠᠰᠠᠭ ᠤᠨ ᠶᠠᠪᠤᠳᠠᠯ︾ ᠤᠨ ᠦᠢᠯᠡᠴᠢᠯᠡᠭᠡᠨ ᠤ ᠵᠠᠭᠪᠤᠷ ᠢ ᠪᠦᠬᠦ ᠲᠠᠯ᠎ᠠ ᠪᠠᠷ ᠬᠡᠷᠡᠭᠵᠢᠭᠦᠯᠵᠦ᠂ ᠡᠯ᠎ᠡ ᠱᠠᠲᠤᠨ ᠤ ᠨᠠᠮ ᠪᠠ ᠤᠯᠠᠨ ᠲᠦᠮᠡᠨ ᠤ ᠦᠢᠯᠡᠴᠢᠯᠡᠭᠡᠨ ᠤ ᠲᠥᠪ ᠪᠣᠯᠤᠨ ᠦᠨᠳᠦᠰᠦᠨ ᠱᠠᠲᠤᠨ ᠤ ᠨᠠᠮ ᠤᠨ ᠭᠡᠰᠢᠭᠦᠨ ᠺᠠᠳ᠋ᠷ ᠤᠨ ᠡᠩᠨᠡᠭᠡ ᠳᠤ ᠲᠦᠰᠢᠭᠯᠡᠨ᠂ ᠨᠠᠮ ᠤᠨ ᠭᠡᠰᠢᠭᠦᠨ ᠤ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ ᠠᠷᠭ᠎ᠠ ᠬᠡᠯᠪᠡᠷᠢ ᠶᠢ ᠰᠦᠪᠡᠭᠴᠢᠯᠡᠵᠦ᠂ ᠬᠥᠳᠡᠭᠡ ᠲᠣᠰᠬᠤᠨ᠂ ᠨᠡᠶᠢᠭᠡᠮ ᠲᠣᠭᠤᠷᠢᠭ ᠤᠨ ᠬᠦᠴᠢᠷᠳᠡᠯᠲᠡᠢ ᠤᠯᠠᠨ ᠲᠦᠮᠡᠨ ᠳᠤ ᠦᠢᠯᠡᠴᠢᠯᠡᠪᠡ᠃ ᠣᠳᠣᠬᠠᠨ ᠳᠤ᠂ ᠪᠦᠬᠦ ᠰᠢᠶᠠᠨ ᠢᠶᠠᠷ ᠢᠶᠠᠨ ᠨᠢᠭᠡᠨᠲᠡ 136 ᠬᠥᠳᠡᠭᠡ ᠲᠣᠰᠬᠤᠨ᠂ ᠨᠡᠶᠢᠭᠡᠮ ᠲᠣᠭᠤᠷᠢᠭ ᠤᠨ ᠨᠠᠮ ᠤᠯᠠᠨ ᠲᠦᠮᠡᠨ ᠤ ᠦᠢᠯᠡᠴᠢᠯᠡᠭᠡᠨ ᠤ ᠲᠥᠪ ᠲᠤ ᠠᠷᠠᠳ ᠲᠤ ᠲᠦᠬᠦᠮ ᠦᠵᠡᠭᠦᠯᠬᠦ ᠦᠢᠯᠡᠴᠢᠯᠡᠭᠡᠨ ᠤ ᠦᠷᠳᠡᠭᠡ ᠪᠠᠶᠢᠭᠤᠯᠵᠤ᠂ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ ᠦᠢᠯᠡᠴᠢᠯᠡᠭᠡᠨ ᠤ ᠵᠦᠢᠯᠡᠰ ᠢ 66 ᠵᠦᠢᠯ ᠢ ᠲᠣᠳᠣᠷᠬᠠᠶᠢᠯᠠᠬᠤ ᠶᠢᠨ ᠬᠠᠮᠲᠤ ᠲᠣᠰᠬᠤᠨ ᠤ ︽ᠬᠤᠶᠠᠷ ᠵᠥᠪᠯᠡᠯ︾ ᠤᠨ ᠪᠦᠷᠢᠯᠳᠦᠬᠦᠨ᠂ ᠨᠠᠮ ᠤᠨ ᠭᠡᠰᠢᠭᠦᠨ ᠰᠠᠶᠢᠨ ᠳᠤᠷ᠎ᠠ ᠶᠢᠨ ᠠᠵᠢᠯᠯᠠᠭᠴᠢ᠂ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠤᠨ ᠨᠠᠮ ᠤᠨ ᠭᠡᠰᠢᠭᠦᠨ ᠤ ᠭᠤᠣᠯᠯᠠᠭᠴᠢ ᠬᠦᠴᠦᠨ ᠢᠶᠠᠷ ᠲᠤᠰᠬᠠᠢ ᠪᠠ ᠲᠤᠰᠢᠶᠠᠯ ᠬᠠᠪᠰᠤᠷᠭᠠᠭᠰᠠᠨ ᠦᠢᠯᠡᠴᠢᠯᠡᠭᠡᠨ ᠤ ᠠᠩᠬᠢ ᠶᠢ ᠪᠦᠷᠢᠯᠳᠦᠭᠦᠯᠵᠦ᠂ ᠨᠡᠶᠢᠭᠡᠮ ᠤᠨ ᠪᠠᠲᠤᠯᠠᠭ᠎ᠠ᠂ ᠡᠮ ᠡᠮᠨᠡᠯᠭᠡ ᠶᠢᠨ ᠳᠠᠭᠠᠳᠬᠠᠯ᠂ ᠠᠷᠠᠳ ᠤᠨ ᠶᠠᠪᠤᠳᠠᠯ ᠵᠡᠷᠭᠡ ᠤᠯᠠᠨ ᠲᠦᠮᠡᠨ ᠤ ᠭᠦᠢᠴᠡᠳᠬᠡᠬᠦ ᠳᠠᠪᠲᠠᠮᠵᠢ ᠪᠠᠷ ᠥᠨᠳᠥᠷ ᠠᠷᠠᠳ ᠤᠨ ᠠᠮᠢᠳᠤᠷᠠᠯ ᠤᠨ ᠵᠦᠢᠯᠡᠰ ᠢ ᠭᠤᠣᠯᠳᠠᠯᠭ᠎ᠠ ᠲᠠᠢ ᠠᠩᠬᠠᠷᠴᠤ ᠪᠠᠶᠢᠨ᠎ᠠ᠃      ᠵᠠᠩ ᠰᠢᠨ ᠪᠡᠶ᠎ᠡ ᠪᠠᠨ ᠰᠢᠯᠭᠠᠭᠰᠠᠨ ᠳᠤ ᠣᠯᠠᠨ ᠵᠦᠢᠯ ᠤᠨ ᠡᠪᠡᠳᠴᠢᠨ ᠡᠮᠭᠡᠭ ᠲᠤ ᠨᠡᠷᠪᠡᠭᠳᠡᠵᠦ᠂ ᠦᠷ᠎ᠡ ᠬᠡᠦᠬᠡᠳ ᠨᠢ ᠴᠦ ᠳᠡᠷᠭᠡᠳᠡ ᠨᠢ ᠪᠠᠶᠢᠬᠤ ᠦᠭᠡᠢ᠂ ᠦᠱᠧᠨ ᠪᠠᠯᠭᠠᠰᠤᠨ ᠤ ᠬᠠᠪᠰᠤᠷᠤᠨ ᠭᠦᠢᠴᠡᠳᠬᠡᠭᠴᠢ ᠣᠷᠣᠯᠠᠨ ᠭᠦᠢᠴᠡᠳᠬᠡᠭᠴᠢ ᠳ᠋ᠦ᠋ ᡁᠢ ᠬᠤᠢ ᠵᠠᠩ ᠰᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠬᠦᠷᠳᠡᠬᠦ ᠡᠲᠡᠭᠡᠳ ᠤᠨ ᠨᠥᠬᠦᠴᠡᠯ ᠳᠤ ᠨᠡᠶᠢᠴᠡᠬᠦ ᠶᠢ ᠣᠶᠢᠯᠠᠭᠠᠭᠰᠠᠨ ᠤ ᠳᠠᠷᠠᠭ᠎ᠠ᠂ ᠨᠠᠰᠤᠲᠠᠨ ᠢ ᠬᠠᠪᠰᠤᠷᠤᠨ ᠭᠠᠷ ᠤᠲᠠᠰᠤᠨ ᠳᠡᠭᠡᠷ᠎ᠡ ᠭᠤᠶᠤᠴᠢᠯᠠᠯ ᠤᠨ ᠮᠠᠲ᠋ᠧᠷᠢᠶᠠᠯ ᠢᠶᠠᠨ ᠲᠤᠰᠢᠶᠠᠪᠠ᠃      ᠲᠠᠨᠢᠯᠴᠠᠭᠤᠯᠤᠭᠰᠠᠨ ᠢᠶᠠᠷ᠂ 2024 ᠣᠨ ᠠᠴᠠ ᠨᠠᠰᠢ᠂ ᠲᠣᠭᠲᠠᠬᠤ ᠰᠢᠶᠠᠨ ᠤ ᠡᠯ᠎ᠡ ᠱᠠᠲᠤᠨ ᠤ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠤᠨ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠥᠷᠲᠡᠭᠡ ᠨᠢᠭᠡᠨᠲᠡ ᠬᠥᠭᠰᠢᠨ ᠪᠠᠭᠤᠷᠠᠶ ᠡᠪᠡᠳᠴᠢᠨ ᠲᠠᠢ ᠵᠡᠮᠳᠡᠭ ᠵᠢᠷᠮᠦᠰᠦᠨ ᠵᠡᠷᠭᠡ ᠣᠯᠠᠨ ᠲᠦᠮᠡᠨ ᠤ ᠬᠡᠷ ᠲᠤᠨᠢ ᠬᠦᠷᠴᠦ ᠬᠠᠪᠰᠤᠷᠤᠨ ᠭᠦᠢᠴᠡᠳᠬᠡᠬᠦ 511 ᠤᠴᠢᠷ ᠶᠠᠪᠤᠳᠠᠯ ᠢ ᠪᠡᠶᠡᠯᠡᠭᠦᠯᠵᠦ᠂ ᠭᠦᠢᠴᠡᠳᠬᠡᠬᠦ ᠳᠤ ᠬᠦᠴᠢᠷᠲᠡᠶ ᠪᠠ ᠦᠨᠳᠦᠰᠦᠨ ᠵᠦᠢᠯ ᠢ ᠳᠠᠭᠠᠭᠠᠨ ᠭᠦᠢᠴᠡᠳᠬᠡᠬᠦ 109 ᠬᠡᠷᠡᠭ ᠶᠠᠪᠤᠳᠠᠯ ᠢ ᠪᠡᠶᠡᠯᠡᠭᠦᠯᠪᠡ᠃      ︽ᠣᠯᠠᠩᠬᠢ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ ᠠᠵᠢᠯᠳᠠᠨ ᠵᠢᠯ ᠲᠤᠷᠰᠢ ᠦᠨᠳᠦᠰᠦᠨ ᠱᠠᠲᠤᠨ ᠳᠤ ᠠᠵᠢᠯᠯᠠᠵᠤ᠂ ᠬᠦᠴᠢᠷᠳᠡᠯᠲᠡᠢ ᠤᠯᠠᠨ ᠲᠦᠮᠡᠨ ᠤ ᠬᠢᠵᠦ ᠳᠡᠶᠢᠯᠬᠦ ᠦᠭᠡᠢ᠂ ᠰᠢᠢᠳᠪᠦᠷᠢᠯᠡᠵᠦ ᠴᠢᠳᠠᠬᠤ ᠦᠭᠡᠢ ᠶᠠᠪᠤᠳᠠᠯ ᠢ ᠪᠢᠳᠡ ᠭᠠᠷᠳᠠᠨ ᠭᠦᠢᠴᠡᠳᠬᠡᠵᠦ᠂ ᠨᠠᠮ ᠤᠨ ᠠᠷᠠᠳ ᠤᠨ ᠠᠮᠢᠳᠤᠷᠠᠯ ᠤᠨ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠤ᠂ ᠠᠷᠠᠳ ᠤᠯᠠᠨ ᠴᠤ ᠨᠠᠮ ᠪᠣᠯᠤᠨ ᠵᠠᠰᠠᠭ ᠤᠨ ᠣᠷᠳᠣᠨ ᠤ ᠬᠠᠯᠠᠮᠵᠢᠯᠠᠯ ᠢ ᠦᠨᠡᠨ ᠬᠦ ᠮᠡᠳᠡᠷᠡᠵᠦ ᠪᠠᠶᠢᠨ᠎ᠠ︾ ᠭᠡᠵᠦ ᠳ᠋ᠦ᠋ ᡁᠢ ᠬᠤᠢ ᠬᠡᠯᠡᠪᠡ᠃   ᠢᠷᠡᠯᠳᠡ᠄  ᠲᠣᠭᠲᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠶᠦᠨ ᠵᠦᠩ ᠬᠠᠮ ᠵᠠᠭᠤᠴᠢᠯᠠᠭᠤᠷ  
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1