︽ᠬᠤᠶᠠᠷ ᠬᠡᠮᠵᠢᠯᠳᠦ ᠺᠣᠳ᠋ ᠡᠭᠦᠳᠡᠨ ᠫᠠᠶᠢᠰᠠ︾ ᠶᠢ ᠬᠡᠷᠡᠭᠯᠡᠬᠦ ᠳᠤ ᠰᠠᠶᠢᠨ ᠪᠥᠭᠡᠳ ᠠᠮᠤᠷ ᠲᠦᠪᠰᠢᠨ ᠢ ᠪᠠᠳᠤᠯᠠᠨ᠎ᠠ
ᠨᠡᠶᠢᠲᠡᠯᠡᠭᠰᠡᠨ ᠴᠠᠭ᠄
2024/7/10
      ︽ᠬᠤᠶᠠᠷ ᠬᠡᠮᠵᠢᠯᠳᠦ ᠺᠣᠳ᠋ ᠤᠨ ᠡᠭᠦᠳᠡᠨ ᠫᠠᠶᠢᠰᠠ︾ ᠪᠣᠯ ᠤᠯᠠᠮᠵᠢᠯᠠᠯᠲᠤ ᠡᠭᠦᠳᠡᠨ ᠫᠠᠶᠢᠰᠠ ᠶᠢᠨ ᠰᠠᠭᠤᠷᠢᠨ ᠳᠡᠭᠡᠷ᠎ᠡ ᠬᠤᠶᠠᠷ ᠬᠡᠮᠵᠢᠯᠳᠦ ᠺᠣᠳ᠋  ᠤᠨ ᠮᠡᠷᠭᠡᠵᠢᠯ ᠢ ᠬᠡᠷᠡᠭᠯᠡᠵᠦ᠂ ᠡᠭᠦᠳᠡᠨ ᠫᠠᠶᠢᠰᠠ ᠶᠢ ᠲᠡᠮᠳᠡᠭ ᠫᠠᠶᠢᠰᠠ ᠶᠢᠨ ᠴᠢᠳᠠᠪᠤᠷᠢ ᠲᠠᠢ ᠪᠣᠯᠭᠠᠬᠤ ᠪᠠᠷ ᠪᠠᠷᠠᠬᠤ ᠦᠭᠡᠢ ᠪᠠᠰᠠ ᠮᠡᠳᠡᠭᠡ ᠵᠠᠩᠭᠢ ᠳᠠᠮᠵᠢᠭᠤᠯᠬᠤ᠂ ᠲᠤᠭ᠎ᠠ ᠪᠠᠷᠢᠮᠲᠠ ᠶᠢ ᠰᠣᠯᠢᠯᠴᠠᠬᠤ ᠴᠢᠳᠠᠪᠤᠷᠢ ᠲᠠᠢ ᠪᠤᠯᠭᠠᠪᠠ᠃ ᠤᠢᠢᠷ᠎ᠠ ᠶᠢᠨ ᠵᠢᠯ ᠡᠴᠠ‌ᠡᠨᠡᠬᠦ ᠰᠢᠨ᠎ᠡ ᠶᠢ ᠡᠭᠦᠳᠬᠦ ᠠᠷᠭ᠎ᠠ ᠬᠡᠮᠵᠢᠶ᠎ᠡ ᠶᠢ ᠨᠢᠭᠡᠨᠲᠡ ᠤᠯᠠᠨ ᠭᠠᠵᠠᠷ ᠲᠤ ᠬᠡᠷᠡᠭᠯᠡᠵᠦ᠂ ᠤᠶᠤᠨᠲᠤ ᠬᠤᠳᠠ ᠶᠢᠨ ᠪᠦᠳᠦᠭᠡᠨ ᠪᠠᠶᠢᠭᠤᠯᠤᠯᠲᠠ ᠳᠤ ᠬᠦᠴᠦᠨ ᠨᠡᠮᠡᠷᠢᠯᠡᠵᠦ᠂ ︽ᠲᠤᠭ᠎ᠠ ᠪᠠᠷᠢᠮᠲᠠ ᠶᠢ ᠢᠯᠡᠭᠦᠬᠡᠨ ᠲᠠᠮᠵᠢᠭᠤᠯᠵᠤ᠂ ᠤᠯᠠᠨ ᠲᠦᠮᠡᠨ ᠳᠤ ᠲᠦᠭᠦᠮ ᠦᠵᠡᠭᠦᠯᠬᠦ︾ ᠶᠢ ᠠᠬᠢᠭᠤᠯᠪᠠ᠃      ᠬᠤᠶᠠᠷ ᠬᠡᠮᠵᠢᠯᠳᠦ ᠺᠣᠳ᠋ ᠨᠢ ᠮᠡᠳᠡᠭᠡ ᠵᠠᠩᠭᠢ ᠶᠢᠨ ᠬᠠᠳᠠᠭᠠᠯᠠᠯᠲᠠ ᠶᠢᠨ ᠬᠡᠮᠵᠢᠶ᠎ᠡ ᠶᠡᠭᠡ᠂ ᠢᠯᠭᠠᠨ ᠲᠠᠨᠢᠬᠤ ᠬᠤᠷᠳᠤᠴᠠ ᠲᠦᠷᠭᠡᠨ᠂ ᠬᠡᠷᠡᠭᠯᠡᠬᠦ ᠳᠤ ᠳᠥᠭᠦᠮ ᠵᠡᠷᠭᠡ ᠳᠠᠪᠠᠭᠤᠯᠢᠭ ᠲᠠᠢ ᠪᠠᠶᠢᠵᠤ᠂ ᠬᠤᠶᠠᠷ ᠬᠡᠮᠵᠢᠯᠳᠦ ᠺᠣᠳ᠋ ᠶᠢᠨ ᠮᠡᠷᠭᠡᠵᠢᠯ ᠢ  ᠡᠭᠦᠳᠡᠨ ᠫᠠᠶᠢᠰᠠ ᠳᠤ ᠬᠡᠷᠡᠭᠯᠡᠵᠦ᠂ ᠡᠭᠦᠳᠡᠨ ᠫᠠᠶᠢᠰᠠ ᠶᠢ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨᠠᠬᠢ᠂ ᠰᠠᠭᠤᠭᠠᠯᠢ ᠠᠷᠠᠳ ᠤᠨ ᠠᠮᠢᠳᠤᠷᠠᠯ ᠳᠤ ᠦᠢᠯᠡᠴᠢᠯᠡᠭᠦᠯᠬᠦ ︽ᠣᠶᠤᠨᠴᠢ ᠬᠥᠭᠦᠷᠭᠡ︾ ᠪᠤᠯᠵᠤ ᠴᠢᠳᠠᠨ᠎ᠠ      ︽ᠬᠤᠶᠠᠷ ᠬᠡᠮᠵᠢᠯᠲᠦ ᠺᠣᠳ᠋ ᠤᠨ ᠡᠭᠦᠳᠡᠨ ᠫᠠᠶᠢᠰᠠ︾ ᠨᠢ ᠬᠤᠲᠠ ᠶᠢᠨ ᠬᠠᠮᠢᠶᠠᠷᠤᠯᠲᠠ ᠶᠢᠨ ᠦᠷ᠎ᠡ ᠪᠦᠲᠦᠮᠵᠢ ᠶᠢ ᠲᠡᠭᠡᠭᠰᠢᠯᠡᠭᠦᠯᠪᠡ᠃ ᠲᠣᠭᠠᠴᠢᠯᠠᠭᠰᠠᠨ ᠠᠷᠭ᠎ᠠ ᠪᠠᠷᠢᠯ ᠢᠶᠠᠷ ᠳᠠᠮᠵᠢᠭᠤᠯᠤᠨ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠳᠣᠲᠣᠭᠠᠳᠤ ᠶᠢ ᠬᠠᠮᠠᠭᠠᠯᠠᠬᠤ᠂ ᠠᠷᠠᠳ ᠤᠨ ᠶᠠᠪᠤᠳᠠᠯ ᠵᠡᠷᠭᠡ ᠡᠯ᠎ᠡ ᠰᠠᠯᠠᠭ᠎ᠠ ᠮᠥᠴᠢᠷ ᠤᠳ ᠤᠨ ᠲᠠᠷᠠᠬᠠᠢ ᠪᠤᠳᠠᠷᠬᠠᠢ ᠮᠡᠳᠡᠭᠡ ᠵᠠᠩᠭᠢ ᠶᠢ ᠡᠮᠬᠢᠯᠡᠨ ᠨᠡᠶᠢᠯᠡᠭᠦᠯᠵᠦ᠂ ᠰᠠᠯᠠᠭ᠎ᠠ ᠮᠥᠴᠢᠷ ᠤᠨ ᠬᠤᠭᠤᠷᠣᠨᠳᠣᠬᠢ ᠮᠡᠳᠡᠭᠡ ᠵᠠᠩᠭᠢ ᠶᠢᠨ  ᠰᠠᠭᠠᠳ ᠶᠢ ᠡᠪᠳᠡᠵᠦ᠂ ᠮᠡᠳᠡᠭᠡ ᠵᠠᠩᠭᠢ ᠶᠢ ᠬᠠᠷᠢᠯᠴᠠᠨ ᠨᠡᠪᠲᠡᠷᠡᠭᠦᠯᠵᠦ ᠬᠠᠮᠲᠤ ᠪᠠᠷ  ᠬᠤᠪᠢᠶᠠᠯᠴᠠᠨ ᠡᠳ᠋ᠯᠡᠬᠦ ᠶᠢ ᠪᠡᠶᠡᠯᠡᠭᠦᠯᠵᠦ ᠴᠢᠳᠠᠨ᠎ᠠ᠃ ᠮᠡᠳᠡᠭᠡ ᠵᠠᠩᠭᠢ ᠶᠢ ᠬᠠᠮᠲᠤ ᠳᠠᠭᠠᠨ ᠡᠳ᠋ᠯᠡᠬᠦ ᠲᠣᠭᠲᠠᠴᠠ ᠨᠢ ᠬᠤᠲᠠ ᠶᠢᠨ ᠬᠠᠮᠢᠶᠠᠷᠤᠭᠴᠢᠳ ᠤᠨ ᠬᠤᠲᠠ ᠶᠢᠨ ᠠᠵᠢᠯᠯᠠᠭᠠᠨ ᠤ ᠪᠠᠶᠢᠳᠠᠯ ᠢ ᠨᠡᠩ ᠪᠦᠬᠦ ᠲᠠᠯ᠎ᠠ ᠪᠠᠷ ᠣᠶᠢᠯᠠᠭᠠᠵᠤ᠂ ᠰᠢᠢᠳᠪᠦᠷᠢᠳᠦ ᠪᠣᠳᠣᠯᠭ᠎ᠠ ᠲᠣᠭᠲᠠᠭᠠᠬᠤ ᠳᠤ ᠰᠢᠨᠵᠢᠯᠡᠬᠦ ᠤᠬᠠᠭᠠᠨᠴᠢ ᠦᠨᠳᠦᠰᠦᠯᠡᠯ ᠬᠠᠩᠭᠠᠬᠤ ᠳᠤ ᠠᠰᠢᠭ ᠲᠠᠢ ᠶᠤᠮ᠃      ︽ᠬᠤᠶᠠᠷ ᠬᠡᠮᠵᠢᠯᠲᠦ ᠺᠣᠳ᠋ ᠡᠭᠦᠳᠡᠨ ᠫᠠᠶᠢᠰᠠ︾ ᠨᠢ ᠰᠠᠭᠤᠭᠠᠯᠢ ᠠᠷᠠᠳ ᠤᠨ ᠠᠮᠢᠳᠤᠷᠠᠯ ᠳᠤ ᠳᠥᠭᠦᠮ ᠦᠵᠡᠭᠦᠯᠪᠡ᠃ ᠰᠠᠭᠤᠭᠠᠯᠢ ᠠᠷᠠᠳ ᠲᠤ ᠠᠪᠴᠦ ᠬᠡᠯᠡᠪᠡᠯ᠂ ︽ᠬᠤᠶᠠᠷ ᠬᠡᠮᠵᠢᠯᠳᠦ ᠺᠣᠳ᠋ ᠤᠨ ᠡᠭᠦᠳᠡᠨ ᠫᠠᠶᠢᠰᠠ︾ ᠨᠢ ᠬᠡᠷ ᠤᠨ ᠲᠡᠮᠳᠡᠭ ᠪᠣᠯᠬᠤ ᠪᠠᠷ ᠪᠠᠷᠠᠬᠤ ᠥᠬᠡᠶ᠂ ᠨᠠᠩ ᠴᠤ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡ  ᠬᠠᠩᠭᠠᠬᠤ ᠴᠣᠩᠬᠤ ᠪᠣᠯᠤᠨ᠎ᠠ᠃ ᠬᠤᠶᠠᠷ ᠬᠡᠮᠵᠢᠯᠳᠦ ᠺᠣᠳ᠋ ᠢ ᠰᠢᠷᠪᠢᠬᠦ ᠪᠠᠷ ᠳᠠᠮᠵᠢᠭᠤᠯᠤᠨ᠂ ᠰᠠᠭᠤᠭᠠᠯᠢ ᠠᠷᠠᠳ ᠨᠡᠶᠢᠭᠡᠮ ᠲᠣᠭᠤᠷᠢᠭ ᠤᠨ ᠠᠯᠪᠠᠨ ᠵᠠᠷ᠂ ᠠᠳᠠᠯ ᠠᠬᠤᠶ ᠶᠢᠨ ᠦᠢᠯᠡᠴᠢᠯᠡᠭᠡ᠂ ᠡᠷᠬᠢᠨ ᠲᠣᠭᠤᠷᠢᠨ ᠤ ᠬᠤᠳᠠᠯᠳᠤᠭᠠᠴᠢᠨ ᠤ ᠬᠠᠷᠠᠭᠠᠯᠵᠠᠯᠠᠯ ᠵᠡᠷᠭᠡ ᠮᠡᠳᠡᠭᠡ ᠵᠠᠩᠭᠢ ᠶᠢ ᠣᠯᠵᠤ ᠪᠣᠯᠤᠨ᠎ᠠ᠂ ᠪᠠᠰᠠ ᠰᠦᠯᠵᠢᠶᠡᠨ ᠳᠡᠭᠡᠷ᠎ᠡ ᠵᠠᠰᠠᠨ ᠰᠡᠯᠪᠢᠯᠳᠡ ᠭᠤᠶᠤᠴᠢᠯᠠᠬᠤ᠂  ᠵᠠᠭᠠᠯᠳᠤᠯᠭ᠎ᠠ ᠬᠢᠬᠦ ᠪᠤᠶᠤ ᠦᠢᠯᠡᠴᠢᠯᠡᠭᠡ ᠪᠣᠯᠵᠣᠬᠤ ᠵᠡᠷᠭᠡ  ᠬᠠᠷᠠᠭᠠᠯᠵᠠᠯᠠᠯ ᠢ ᠭᠥᠷᠳᠡᠵᠦ᠂ ᠴᠠᠭ ᠪᠠ ᠣᠶᠤᠨ ᠤ ᠴᠢᠳᠠᠯ ᠢ ᠠᠷᠪᠢᠯᠠᠵᠤ ᠴᠢᠳᠠᠨ᠎ᠠ᠃      ᠨᠠᠩ ᠴᠢᠬᠤᠯᠠ ᠨᠢ ︽ᠬᠤᠶᠠᠷ ᠬᠡᠮᠵᠢᠯᠳᠦ ᠺᠣᠳ᠋︾ ᠣᠶᠤᠨᠴᠢ ᠬᠤᠲᠠ ᠶᠢᠨ ᠪᠥᠲᠥᠭᠡᠨ ᠪᠠᠶᠢᠭᠤᠯᠤᠯᠲᠠ ᠳᠤ ᠮᠡᠳᠡᠭᠡ ᠵᠠᠩᠭᠢ ᠶᠢ ᠬᠠᠮᠲᠤ ᠪᠠᠷ ᠬᠤᠪᠢᠶᠠᠯᠴᠠᠨ ᠡᠳ᠋ᠯᠡᠬᠦ ᠶᠢ ᠠᠬᠢᠭᠤᠯᠬᠤ ᠴᠢᠬᠤᠯᠠ ᠦᠢᠯᠡᠳᠦᠯ ᠲᠠᠢ ᠪᠠᠶᠢᠵᠦ᠂ ᠵᠠᠰᠠᠭ ᠤᠨ ᠣᠷᠳᠣᠨ᠂ ᠠᠵᠤ ᠠᠬᠤᠶᠢᠯᠠᠯ᠂ ᠰᠠᠭᠤᠭᠠᠯᠢ ᠠᠷᠠᠳ ᠤᠨ ᠬᠤᠭᠤᠷᠣᠨᠳᠣᠬᠢ ᠮᠡᠳᠡᠭᠡ ᠵᠠᠩᠭᠢ ᠶᠢᠨ ᠬᠤᠯᠪᠣᠯᠳᠤᠨ ᠨᠡᠪᠲᠡᠷᠡᠯᠴᠡᠬᠦ ᠶᠢ ᠪᠡᠶᠡᠯᠡᠭᠦᠯᠬᠦ ᠳᠤ ᠬᠦᠴᠦᠨ ᠨᠡᠮᠡᠷᠢᠯᠡᠨ᠎ᠡ᠃ ᠵᠢᠱᠢᠶᠡᠯᠡᠪᠡᠯ᠂ ᠵᠠᠰᠠᠭ ᠤᠨ ᠣᠷᠳᠣᠨ ︽ᠬᠤᠶᠠᠷ ᠬᠡᠮᠵᠢᠯᠳᠦ ᠺᠣᠳ᠋ ᠤᠨ ᠡᠭᠦᠳᠡᠨ ᠫᠠᠶᠢᠰᠠ︾ ᠪᠠᠷ ᠳᠠᠮᠵᠢᠭᠤᠯᠤᠨ ᠠᠷᠠᠳ ᠤᠨ ᠪᠠᠶᠢᠳᠠᠯ ᠠᠷᠠᠳ ᠤᠨ ᠰᠠᠨᠠᠯ ᠶᠢ ᠴᠤᠭᠯᠠᠭᠤᠯᠵᠤ ᠪᠣᠯᠤᠨ᠎ᠠ︔ ᠰᠠᠭᠤᠭᠠᠯᠢ ᠠᠷᠠᠳ ︽ᠬᠤᠶᠠᠷ ᠬᠡᠮᠵᠢᠯᠳᠦ ᠺᠣᠳ᠋ ᠤᠨ ᠡᠭᠦᠳᠡᠨ ᠫᠠᠶᠢᠰᠠ︾ ᠪᠠᠷ ᠳᠠᠮᠵᠢᠭᠤᠯᠤᠨ ᠨᠡᠶᠢᠭᠡᠮ ᠲᠣᠭᠤᠷᠢᠭ ᠤᠨ ᠵᠠᠰᠠᠨ ᠴᠡᠭᠴᠡᠯᠡᠯᠳᠡ ᠳᠤ ᠣᠷᠣᠯᠴᠠᠵᠤ᠂ ᠡᠶ᠎ᠡ ᠵᠣᠬᠢᠴᠠᠯ ᠲᠠᠢ ᠣᠷᠣᠰᠢᠨ ᠰᠠᠭᠤᠬᠤ ᠣᠷᠴᠢᠨ ᠲᠤᠭᠤᠷᠢᠨ ᠢ ᠬᠠᠮᠲᠤ ᠪᠠᠷ ᠪᠠᠶᠢᠭᠤᠯᠵᠤ ᠴᠢᠳᠠᠨ᠎ᠠ  ᠃   ︽ᠬᠤᠶᠠᠷ ᠬᠡᠮᠵᠢᠯᠳᠦ ᠺᠣᠳ᠋ ᠤᠨ ᠡᠭᠦᠳᠡᠨ ᠫᠠᠶᠢᠰᠠ︾ ᠶᠢ ᠬᠡᠷᠡᠭᠯᠡᠬᠦ ᠳᠤ ᠰᠠᠶᠢᠨ  ᠲᠠᠯ᠎ᠠ ᠤᠯᠠᠨ ᠪᠥᠭᠡᠳ ᠠᠮᠤᠷ ᠲᠦᠪᠰᠢᠨ ᠪᠠᠶᠢᠳᠠᠭ᠂ ᠲᠠᠭᠦᠨ ᠢ ᠳᠡᠯᠭᠡᠷᠡᠭᠦᠯᠦᠨ ᠬᠡᠷᠡᠭᠯᠡᠬᠦ ᠶᠠᠪᠤᠴᠠ ᠳᠤ ᠬᠡᠳᠦᠨ ᠵᠦᠢᠯ ᠢ ᠠᠩᠬᠠᠷᠬᠤ ᠬᠡᠷᠡᠭᠲᠡᠶ᠄ ᠨᠢᠭᠡ ᠳᠤ᠂    ᠡᠷᠬᠡ ᠶᠢᠨ ᠬᠢᠵᠠᠭᠠᠷᠯᠠᠯ ᠢ ᠴᠢᠩᠭ᠎ᠠ ᠬᠠᠮᠢᠶᠠᠷᠬᠤ ᠳᠦᠷᠢᠮ ᠢ ᠪᠠᠶᠢᠭᠤᠯᠵᠤ᠂ ᠡᠷᠬᠡ ᠣᠯᠭᠤᠭᠰᠠᠨ ᠬᠠᠮᠢᠶᠠᠷᠤᠯᠲᠠ ᠶᠢᠨ ᠰᠠᠯᠠᠭ᠎ᠠ ᠮᠥᠴᠢᠷ ᠰᠠᠶ᠋ᠢ ᠬᠤᠯᠪᠣᠭᠳᠠᠯ ᠪᠥᠬᠦᠶ ᠮᠡᠳᠡᠭᠡ ᠵᠠᠩᠭᠢ ᠶᠢ ᠰᠤᠷᠪᠤᠯᠵᠢᠯᠠᠵᠤ᠂ ᠰᠠᠭᠤᠭᠠᠯᠢ ᠠᠷᠠᠳ ᠤᠨ ᠬᠤᠪᠢ ᠶᠢᠨ ᠨᠢᠭᠤᠴᠠ ᠶᠢᠨ ᠡᠷᠬᠡ ᠶᠢ ᠬᠠᠮᠠᠭᠠᠯᠠᠵᠤ ᠴᠢᠳᠠᠨ᠎ᠠ︔ ᠬᠤᠶᠠᠷ ᠲᠤ᠂ ᠰᠠᠨᠠᠯ ᠢ ᠴᠤᠭᠯᠠᠭᠤᠯᠬᠤ ᠪᠠ ᠬᠠᠷᠢᠭᠤ ᠲᠤᠰᠬᠠᠬᠤ ᠲᠣᠭᠲᠠᠴᠠ ᠶᠢ ᠲᠡᠭᠦᠯᠳᠡᠷᠵᠢᠭᠦᠯᠵᠦ᠂ ᠡᠯ᠎ᠡ ᠲᠠᠯ᠎ᠠ ᠶᠢᠨ ︽ᠬᠤᠶᠠᠷ ᠬᠡᠮᠵᠢᠯᠳᠦ ᠺᠣᠳ᠋ ᠤᠨ ᠡᠭᠦᠳᠡᠨ ᠫᠠᠶᠢᠰᠠ︾ ᠶᠢᠨ ᠬᠡᠷᠡᠭᠯᠡᠯᠲᠡ ᠳᠤᠮᠳᠠ ᠲᠤᠯᠭᠠᠷᠠᠭᠰᠠᠨ ᠠᠰᠠᠭᠤᠳᠠᠯ ᠢ ᠴᠠᠭ ᠲᠤᠬᠠᠶ ᠳᠤᠨᠢ ᠣᠶᠢᠯᠠᠭᠠᠵᠤ᠂ ᠰᠢᠰᠲ᠋ᠧᠮ ᠢ ᠲᠠᠰᠤᠷᠠᠯᠲᠠ ᠦᠭᠡᠢ ᠰᠢᠯᠢᠳᠡᠭᠵᠢᠭᠦᠯᠦᠨ ᠰᠠᠶᠢᠵᠢᠷᠠᠭᠤᠯᠤᠨ᠎ᠠ᠃      ᠡᠯ᠎ᠡ ᠭᠠᠵᠠᠷ ᠤᠨ ᠬᠢᠨ ︽ᠬᠤᠶᠠᠷ ᠬᠡᠮᠵᠢᠯᠳᠦ ᠺᠣᠳ᠋︾ ᠤᠨ ᠬᠡᠷᠡᠭᠯᠡᠭᠡᠨ ᠤ ᠲᠣᠭᠲᠠᠴᠠ ᠪᠠᠨ ᠲᠠᠰᠤᠷᠠᠯᠲᠠ ᠥᠬᠡᠶ ᠲᠡᠭᠦᠯᠳᠡᠷᠵᠢᠭᠦᠯᠵᠦ᠂ ᠤᠶᠤᠨᠲᠤ ᠬᠤᠲᠠ ᠶᠢᠨ ᠦᠷᠭᠦᠯᠵᠢᠯᠡᠬᠦ ᠬᠥᠭᠵᠢᠯᠲᠡ ᠳᠤ ᠬᠥᠳᠡᠯᠭᠡᠬᠦ ᠬᠦᠴᠦᠨ ᠬᠠᠩᠭᠠᠬᠤ ᠬᠡᠷᠡᠭᠳᠡᠢ᠃    ᠢᠷᠡᠯᠲᠡ᠄ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠰᠣᠨᠢᠨ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1