ᠰᠢᠲᠠᠮᠠᠬᠠᠶ ᠬᠡᠶ ᠶᠢᠨ ᠠᠮᠤᠷ ᠲᠦᠪᠰᠢᠨ ᠨᠢ ᠲᠦᠭ ᠲᠦᠮᠡᠨ ᠠᠶᠢᠯ ᠡᠷᠦᠬᠡ ᠶᠢᠨ ᠠᠮᠤᠷ ᠲᠦᠪᠰᠢᠨ ᠲᠠᠢ | ᠬᠤᠯᠪᠣᠭᠳᠠᠵᠤ᠂ ᠠᠷᠠᠳ ᠤᠨ ᠠᠮᠢᠳᠤᠷᠠᠯ ᠤᠨ ᠴᠢᠬᠤᠯᠠ ᠨᠢᠭᠡᠨ ᠢᠨᠵᠧᠨᠧᠷᠢᠩ ᠪᠣᠯᠤᠨ᠎ᠠ᠃ ᠣᠶᠢᠷ᠎ᠠ ᠶᠢᠨ | ᠵᠢᠯ ᠤᠳ ᠲᠤ᠂ ᠣᠯᠠᠨ ᠭᠠᠵᠠᠷ ᠣᠷᠣᠨ ᠳᠤ ᠰᠢᠲᠠᠮᠠᠬᠠᠶ ᠬᠡᠶ ᠶᠢᠨ ᠠᠳᠡᠯ ᠭᠠᠷᠴᠤ᠂ ᠬᠥᠮᠦᠨ ᠬᠠᠷ᠎ᠠ ᠦᠬᠦᠵᠦ | ᠰᠢᠷᠬᠠᠲᠤᠭᠰᠠᠨ ᠪᠠ ᠡᠳ᠋ ᠬᠥᠷᠥᠩᠭᠡ ᠬᠤᠬᠢᠷᠠᠵᠤ᠂ ᠰᠢᠲᠠᠮᠠᠬᠠᠶ ᠬᠡᠶ ᠶᠢᠨ ᠠᠮᠤᠷ ᠲᠦᠪᠰᠢᠨ ᠨᠢ ᠨᠡᠶᠢᠭᠡᠮ ᠤᠨ | ᠳᠡᠭᠡᠳᠦ ᠬᠡᠮᠵᠢᠶ᠎ᠡ ᠪᠠᠷ ᠠᠩᠬᠠᠷᠴᠤ ᠪᠠᠶᠢᠭ᠎ᠠ ᠰᠡᠳᠦᠪ ᠪᠣᠯᠤᠭᠰᠠᠨ ᠪᠠᠶᠢᠨ᠎ᠠ᠃ ᠡᠭᠦᠨ ᠤ ᠲᠤᠬᠠᠶ ᠲᠤᠰᠬᠠᠶ | ᠮᠡᠷᠭᠡᠵᠢᠯᠲᠡᠨ ᠠᠴᠠ ᠥᠩᠭᠡᠷᠡᠭᠰᠡᠨ ᠤ ᠠᠳᠡᠯ ᠠᠴᠠ ᠰᠤᠷᠭᠠᠮᠵᠢ ᠠᠪᠴᠤ᠂ ᠲᠤᠷᠰᠢᠯᠭ᠎ᠠ ᠪᠠᠨ ᠳ᠋ᠦᠩᠨᠡᠵᠦ᠂ ᠬᠠᠤᠯᠢ | ᠲᠣᠭᠲᠠᠭᠠᠯ ᠤᠨ ᠪᠠᠷᠢᠮᠵᠢᠶ᠎ᠠ ᠶᠢ ᠪᠦᠷᠢᠨᠰᠢᠬᠦᠯᠬᠦ᠂ ᠬᠠᠮᠢᠶᠠᠷᠤᠯᠲᠠ ᠶᠢᠨ ᠲᠣᠭᠲᠠᠴᠠ ᠶᠢ ᠲᠡᠭᠦᠯᠳᠡᠷᠵᠢᠭᠦᠯᠬᠦ᠂ | ᠰᠢᠨᠵᠢᠯᠡᠬᠦ ᠤᠬᠠᠭᠠᠨ ᠮᠡᠷᠭᠡᠵᠢᠯ ᠤᠨ ᠡᠨᠧᠷᠭᠢ ᠣᠯᠭᠤᠬᠤ ᠶᠢ ᠴᠢᠩᠭᠠᠳᠬᠠᠬᠤ ᠵᠡᠷᠭᠡ ᠲᠠᠯ᠎ᠠ ᠪᠠᠷ ᠬᠦᠴᠦ ᠲᠠᠯᠪᠢᠵᠤ᠂ | ᠬᠤᠲᠠ ᠪᠠᠯᠭᠠᠰᠤᠨ ᠤ ᠰᠢᠲᠠᠮᠠᠬᠠᠶ ᠬᠡᠶ ᠶᠢᠨ ᠠᠮᠤᠷ ᠲᠦᠪᠰᠢᠨ ᠤ ᠬᠢᠷᠢ ᠲᠦᠪᠰᠢᠨ ᠢ ᠬᠦᠴᠦᠯᠡᠨ ᠳᠡᠭᠡᠭᠰᠢᠯᠡᠭᠦᠯᠵᠦ᠂ | ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠬᠠᠮᠤᠭ ᠤᠨ ᠶᠡᠭᠡ ᠬᠡᠮᠵᠢᠶ᠎ᠡ ᠪᠠᠷ | ᠪᠠᠲᠤᠯᠠᠬᠤ ᠬᠡᠷᠡᠭᠲᠡᠶ ᠭᠡᠵᠤ ᠰᠠᠨᠠᠭᠤᠯᠵᠦ ᠪᠠᠶᠢᠨ᠎ᠠ᠃ | ᠬᠠᠭᠤᠴᠢᠷᠠᠭᠰᠠᠨ ᠬᠤᠭᠤᠯᠠᠢ ᠲᠤᠤᠷ ᠤᠨ ᠳᠠᠯᠳᠠ ᠭᠡᠮ ᠤᠯᠠᠨ᠂ ᠦᠭᠡᠷᠡᠴᠢᠯᠡᠨ ᠰᠠᠶᠢᠵᠢᠷᠠᠭᠤᠯᠬᠤ ᠴᠢᠬᠤᠯᠠᠳᠠᠢ | ᠮᠦᠷᠳᠡᠭᠡᠨ ᠡᠳᠦᠷ ᠲᠣᠳᠣᠮ ᠤᠨ ᠬᠠᠮᠢᠶᠠᠷᠤᠯᠲᠠ ᠪᠠ ᠬᠠᠮᠠᠭᠠᠯᠠᠯᠲᠠ ᠪᠠᠨ ᠴᠢᠩᠭᠠᠳᠬᠠᠬᠤ ᠬᠡᠷᠡᠭᠲᠡᠢ | ᠥᠩᠭᠡᠷᠡᠭᠰᠡᠨ 20 ᠭᠠᠷᠤᠢ ᠵᠢᠯ ᠳᠤ᠂ ᠮᠠᠨ ᠤ ᠤᠯᠤᠰ ᠤᠨ ᠪᠠᠶᠢᠭᠠᠯᠢ ᠶᠢᠨ ᠰᠢᠳᠠᠮᠠᠬᠠᠢ ᠬᠡᠢ ᠶᠢᠨ ᠦᠢᠯᠡᠰ | ᠲᠦᠷᠭᠡᠨ ᠬᠥᠭᠵᠢᠯᠲᠡ ᠶᠢ ᠥᠩᠭᠡᠷᠡᠭᠦᠯᠦᠭᠰᠡᠨ ᠪᠣᠯᠪᠠᠴᠤ ᠬᠥᠭᠵᠢᠯᠲᠡ ᠶᠢᠨ ᠶᠠᠪᠤᠴᠠ ᠳᠤ᠂ ᠵᠢᠷᠤᠭ ᠲᠥᠯᠥᠪᠯᠡᠭᠡ | ᠬᠢᠬᠦ᠂ ᠪᠠᠷᠢᠯᠭ᠎ᠠ ᠪᠠᠷᠢᠬᠤ᠂ ᠠᠵᠢᠯᠯᠠᠭᠤᠯᠬᠤ᠂ ᠬᠠᠮᠢᠶᠠᠷᠤᠯᠲᠠ ᠵᠡᠷᠭᠡ ᠵᠠᠷᠢᠮ ᠲᠠᠯ᠎ᠠ ᠪᠠᠷ ᠪᠠᠰᠠ ᠡᠳᠦᠢ ᠲᠡᠳᠦᠢ | ᠳᠠᠯᠳᠠ ᠭᠡᠮ ᠤᠷᠤᠰᠢᠵᠦ ᠪᠠᠶᠢᠨ᠎ᠠ᠂ ᠵᠢᠱᠢᠶᠡᠯᠡᠪᠡᠯ ᠢᠯᠵᠢᠷᠡᠬᠦ ᠶᠢ ᠰᠡᠷᠭᠡᠶᠢᠯᠡᠬᠦ ᠳᠠᠪᠬᠤᠷᠭ᠎ᠠ ᠶᠢᠨ ᠶᠠᠰᠤ ᠴᠢᠨᠠᠷ ᠨᠢ | ᠥᠨᠳᠥᠷ ᠪᠢᠰᠢ᠂ ᠵᠠᠩᠭᠢᠯᠠᠭ᠎ᠠ ᠶᠢᠨ ᠪᠠᠷᠢᠯᠭ᠎ᠠ ᠶᠢᠨ ᠶᠠᠰᠤ ᠴᠢᠨᠠᠷ ᠨᠢ ᠥᠨᠳᠥᠷ ᠪᠢᠰᠢ᠃ ᠳᠤᠮᠳᠠᠳᠤ ᠤᠯᠤᠰ ᠤᠨ | ᠬᠤᠳᠠ ᠶᠢᠨ ᠰᠢᠲᠠᠮᠠᠬᠠᠢ ᠬᠡᠢ ᠶᠢᠨ ᠨᠡᠶᠢᠭᠡᠮᠯᠢᠭ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠤᠨ ᠵᠥᠪᠯᠡᠯ | ᠵᠡᠷᠭᠡ ᠨᠢᠭᠡᠴᠢ ᠶᠢᠨ ᠨᠡᠶᠢᠲᠡᠯᠡᠭᠰᠡᠨ ︽ᠪᠦᠬᠦ ᠤᠯᠤᠰ ᠤᠨ ᠰᠢᠲᠠᠮᠠᠬᠠᠢ ᠬᠡᠢ ᠶᠢᠨ ᠠᠳᠡᠯ ᠤᠨ ᠵᠠᠳᠠᠯᠤᠯᠲᠠ ᠶᠢᠨ | ᠮᠡᠳᠡᠭᠦᠯᠦᠯᠲᠡ︾ ᠠᠴᠠ ᠦᠵᠡᠪᠡᠯ᠂ 2023 ᠣᠨ ᠳᠤ ᠡᠯ᠎ᠡ ᠲᠦᠷᠦᠯ ᠤᠨ ᠰᠢᠲᠠᠮᠠᠬᠠᠢ ᠬᠡᠢ ᠶᠢᠨ ᠠᠳᠡᠯ ᠳᠤ᠂ | ᠬᠤᠭᠤᠯᠠᠢ ᠲᠣᠣᠷ ᠤᠨ ᠠᠳᠡᠯ ᠤᠨ ᠲᠤᠭ᠎ᠠ 34.5% ᠶᠢ ᠡᠵᠡᠯᠡᠪᠡ᠃ | ᠰᠢᠲᠠᠮᠠᠬᠠᠢ ᠬᠡᠢ ᠶᠢᠨ ᠬᠤᠭᠤᠯᠠᠢ ᠬᠠᠭᠤᠴᠢᠷᠠᠪᠠᠯ ᠠᠮᠠᠷᠬᠠᠨ ᠬᠡᠢ ᠯᠡᠪᠡᠷᠡᠨ ᠭᠠᠷᠤᠨ᠎ᠠ᠃ 2021ᠣᠨ ᠳᠤ | ᠭᠠᠷᠤᠭᠰᠠᠨ ᠬᠤᠪᠸᠢ ᠶᠢᠨ ᠱᠢ ᠶᠠᠨ ᠬᠤᠲᠠ ᠶᠢᠨ ᠵᠠᠩ ᠸᠠᠨ ᠲᠣᠭᠤᠷᠢᠭ ᠤᠨ ᠶᠠᠨ ᠬᠤ᠋ ᠨᠡᠶᠢᠭᠡᠮ ᠲᠣᠭᠤᠷᠢᠭ ᠤᠨ | ᠴᠤᠭᠯᠠᠭ᠎ᠠ ᠮᠠᠶᠢᠮᠠᠶ ᠶᠢᠨ ᠵᠠᠬ᠎ᠠ ᠳᠡᠯᠭᠡᠭᠦᠷ ᠤᠨ ︽6 · 13︾ ᠤ ᠬᠦᠨᠳᠦ ᠶᠡᠭᠡ ᠰᠢᠲᠠᠮᠠᠬᠠᠶ ᠬᠡᠶ ᠶᠢᠨ | ᠳᠡᠯᠪᠡᠷᠡᠯᠲᠡ ᠶᠢᠨ ᠠᠳᠡᠯ ᠪᠣᠯ ᠪᠠᠶᠢᠭᠠᠯᠢ ᠶᠢᠨ ᠰᠢᠲᠠᠮᠠᠬᠠᠶ ᠬᠡᠶ ᠶᠢᠨ ᠬᠤᠭᠤᠯᠠᠶ ᠬᠦᠨᠳᠦ ᠨᠣᠴᠢᠲᠠᠶ ᠵᠢᠪᠡᠷᠡᠨ | ᠢᠳᠡᠭᠳᠡᠵᠦ᠂ ᠬᠡᠢ ᠯᠡᠪᠡᠷᠡᠨ ᠭᠠᠷᠤᠭᠰᠠᠨ ᠠᠴᠠ ᠪᠤᠯᠵᠦ ᠳᠡᠯᠪᠡᠷᠡᠯᠲᠡ ᠡᠭᠦᠰᠴᠦ᠂ ᠬᠥᠮᠦᠨ ᠬᠠᠷ᠎ᠠ ᠠᠳᠡᠵᠦ | ᠰᠢᠷᠬᠠᠲᠤᠭᠰᠠᠨ ᠬᠦᠨᠳᠦ ᠶᠡᠭᠡ ᠠᠶᠤᠯ ᠭᠠᠷᠤᠭᠰᠠᠨ ᠪᠠᠶᠢᠨ᠎ᠠ᠃ | ︽ᠰᠢᠲᠠᠮᠠᠬᠠᠶ ᠬᠡᠶ ᠶᠢᠨ ᠬᠤᠭᠤᠯᠠᠶ ᠲᠤᠤᠷ ᠢ ᠳᠤᠷ᠎ᠠ ᠪᠠᠷ ᠢᠶᠠᠨ ᠪᠠᠶᠢᠭᠤᠯᠬᠤ ᠪᠤᠶᠤ ᠰᠢᠲᠠᠮᠠᠬᠠᠶ ᠬᠡᠶ ᠶᠢᠨ | ᠲᠥᠬᠦᠭᠡᠷᠦᠮᠵᠢ ᠶᠢ ᠪᠠᠷᠢᠯᠭ᠎ᠠ ᠶᠢᠨ ᠳᠣᠲᠣᠷ᠎ᠠ ᠤᠷᠤᠭᠤᠯᠬᠤ ᠠᠰᠠᠭᠤᠳᠠᠯ ᠨᠢ ᠴᠦ ᠮᠠᠰᠢ ᠲᠣᠪᠤᠶᠢᠮ᠎ᠠ ᠪᠠᠶᠢᠵᠤ᠂ | ᠰᠢᠲᠠᠮᠠᠬᠠᠶ ᠬᠡᠶ ᠠᠮᠠᠷᠬᠠᠨ ᠨᠡᠪᠴᠢᠵᠦ ᠭᠠᠷᠤᠭᠰᠠᠨ ᠠᠴᠠ ᠪᠣᠯᠵᠣ ᠠᠳᠡᠯ ᠪᠤᠯᠤᠨ᠎ᠠ︾᠂ ᠬᠡᠷᠪᠡ ᠭᠡᠷ ᠤᠨ ᠭᠠᠳᠠᠨᠠᠬᠢ | ᠳᠠᠮᠵᠢᠭᠤᠯᠬᠤ ᠬᠤᠭᠤᠯᠠᠢ ᠠᠴᠠ ᠯᠡᠪᠡᠷᠡᠨ ᠭᠠᠷᠤᠭᠰᠠᠨ ᠰᠢᠲᠠᠮᠠᠬᠠᠢ ᠬᠡᠢ ᠡᠷᠬᠢᠨ ᠲᠣᠭᠤᠷᠢᠨ ᠤ ᠭᠠᠵᠠᠷ ᠳᠣᠣᠷᠠᠬᠢ | ᠤᠰᠤᠨ ᠵᠠᠮ᠂ ᠬᠤᠳᠳᠤᠭ ᠵᠢᠴᠢ ᠪᠤᠰᠤᠳ ᠭᠠᠵᠠᠷ ᠳᠣᠣᠷᠠᠬᠢ ᠣᠷᠣᠨ ᠵᠠᠢ ᠳᠤ ᠬᠤᠷᠠᠨ ᠴᠤᠭᠯᠠᠷᠠᠪᠠᠯ᠂ ᠢᠯᠡ ᠭᠠᠯ | ᠲᠣᠬᠢᠶᠠᠯᠳᠤᠪᠠᠯ ᠳᠡᠯᠪᠡᠷᠡᠯᠲᠡ ᠡᠭᠦᠰᠦᠨ᠎ᠡ ᠭᠡᠵᠤ ᠤᠯᠤᠰ ᠤᠨ ᠬᠤᠭᠤᠯᠠᠢ ᠲᠣᠣᠷ ᠤᠨ ᠪᠦᠯᠦᠭᠯᠡᠯ ᠤᠨ ᠪᠠᠷᠠᠭᠤᠨ | ᠣᠷᠣᠨ ᠤ ᠬᠤᠭᠤᠯᠠᠢ ᠲᠣᠣᠷ ᠤᠨ ᠺᠣᠮᠫᠠᠨᠢ ᠶᠢᠨ ᠶᠠᠰᠤ ᠴᠢᠨᠠᠷ ᠤᠨ ᠠᠮᠤᠷ ᠲᠦᠪᠰᠢᠨ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠬᠡᠯᠳᠡᠰ ᠤᠨ ᠳᠡᠭᠡᠳᠦ ᠵᠡᠷᠭᠡ ᠶᠢᠨ ᠢᠨᠵᠧᠨᠧᠷ ᠵᠧᠩ ᠳ᠋ᠧᠩ ᠹᠧᠩ ᠬᠡᠯᠡᠵᠡᠢ᠃ | ᠲᠥᠷᠥ ᠶᠢᠨ ᠶᠠᠪᠤᠳᠠᠯ ᠤᠨ ᠬᠤᠷᠢᠶᠠᠨ ᠤ ᠠᠶᠦᠯᠭᠦᠢ ᠦᠢᠯᠡᠳᠪᠦᠷᠢᠯᠡᠯ ᠤᠨ ᠵᠥᠪᠯᠡᠯ ᠠᠴᠠ ᠨᠢᠳᠤᠨᠤᠨ ᠤ 8 | ᠳ᠋ᠤᠭᠠᠷ ᠰᠠᠷ᠎ᠠ ᠳᠤ ᠳᠠᠷᠤᠮᠠᠯᠯᠠᠨ ᠲᠠᠷᠬᠠᠭᠠᠭᠰᠠᠨ ︽ᠪᠥᠬᠦ ᠤᠯᠤᠰ ᠤᠨ ᠬᠤᠲᠠ ᠪᠠᠯᠭᠠᠰᠤᠨ ᠤ ᠰᠢᠲᠠᠮᠠᠬᠠᠶ ᠬᠡᠶ ᠶᠢᠨ | ᠠᠮᠤᠷ ᠲᠦᠪᠰᠢᠨ ᠤ ᠲᠤᠰᠬᠠᠶ ᠴᠡᠭᠴᠡᠯᠡᠨ ᠵᠠᠰᠠᠬᠤ ᠠᠵᠢᠯ ᠤᠨ ᠲᠥᠰᠦᠯ︾ ᠳᠤ᠂ ᠰᠢᠲᠠᠮᠠᠬᠠᠶ ᠬᠡᠶ ᠶᠢᠨ ᠬᠤᠭᠤᠯᠠᠶ | ᠬᠠᠭᠤᠴᠢᠷᠠᠭᠰᠠᠨ ᠪᠤᠶᠤ ᠡᠪᠳᠡᠷᠡᠬᠡᠢ ᠂ ᠰᠢᠲᠠᠮᠠᠬᠠᠶ ᠬᠡᠶ ᠶᠢᠨ ᠬᠤᠭᠤᠯᠠᠶ ᠶᠢ ᠲᠣᠭᠲᠠᠭᠠᠯ ᠠᠴᠠ ᠵᠥᠷᠢᠴᠡᠨ ᠡᠵᠡᠯᠡᠭᠰᠡᠨ | ᠵᠢᠴᠢ ᠨᠢᠭᠲᠠ ᠪᠢᠲᠡᠭᠦᠮᠵᠢᠯᠡᠭᠰᠡᠨ ᠣᠷᠣᠨ ᠵᠠᠶ ᠶᠢ ᠡᠪᠳᠡᠭᠰᠡᠨ ᠵᠡᠷᠭᠡ ︽ᠠᠰᠠᠭᠤᠳᠠᠯ ᠲᠠᠢ ᠬᠤᠭᠤᠯᠠᠶ ᠲᠣᠤᠷ︾ ᠢ | ᠲᠡᠷᠡ ᠳᠠᠷᠤᠶ ᠳᠤᠨᠢ ᠦᠭᠡᠷᠡᠴᠢᠯᠡᠨ ᠰᠠᠶᠢᠵᠢᠷᠠᠭᠤᠯᠬᠤ ᠬᠡᠷᠡᠭᠲᠡᠶ᠂ ᠳᠠᠷᠦ᠋ᠢᠬᠠᠨ ᠴᠡᠭᠴᠡᠯᠡᠨ ᠰᠠᠶᠢᠵᠢᠷᠠᠭᠤᠯᠵᠤ ᠳᠡᠶᠢᠯᠬᠦ | ᠥᠬᠡᠶ ᠪᠣᠯ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠬᠤ ᠶᠢᠨ ᠬᠠᠮᠲᠤ ᠬᠤᠭᠤᠴᠠᠭ᠎ᠠ | ᠬᠢᠵᠠᠭᠠᠷᠯᠠᠨ ᠴᠡᠭᠴᠡᠯᠡᠨ ᠰᠠᠶᠢᠵᠢᠷᠠᠭᠤᠯᠵᠤ᠂ ᠠᠮᠤᠷ ᠲᠦᠪᠰᠢᠨ ᠢᠶᠠᠷ ᠠᠵᠢᠯᠯᠠᠭᠤᠯᠬᠤ ᠶᠢ ᠦᠨᠡᠨᠬᠦ ᠪᠠᠲᠤᠯᠠᠬᠤ | ᠬᠡᠷᠡᠭᠲᠡᠶ︔ ᠰᠢᠲᠠᠮᠠᠬᠠᠶ ᠬᠡᠶ ᠶᠢᠨ ᠬᠤᠭᠤᠯᠠᠶ ᠶᠢᠨ ᠡᠷᠬᠢᠨ ᠲᠣᠭᠤᠷᠢᠨ ᠤ ᠪᠥᠲᠥᠭᠡᠨ ᠪᠠᠶᠢᠭᠤᠯᠤᠯᠲᠠ ᠶᠢᠨ ᠲᠥᠷᠥᠯ | ᠵᠦᠢᠯ ᠳᠤ ᠰᠢᠲᠠᠮᠠᠬᠠᠶ ᠬᠡᠶ ᠶᠢᠨ ᠪᠡᠯᠡᠳᠬᠡᠮᠵᠢ ᠶᠢ ᠬᠠᠮᠠᠭᠠᠯᠠᠬᠤ ᠲᠥᠰᠦᠯ ᠵᠡᠷᠭᠡ ᠶᠢ ᠨᠠᠶᠢᠳᠠᠪᠤᠷᠢᠵᠢᠭᠤᠯᠤᠭᠠᠳᠤᠶ | ᠪᠠᠶᠢᠪᠠᠯ ᠲᠡᠷᠡ ᠳᠠᠷᠤᠶ ᠳᠤᠨᠢ ᠦᠭᠡᠷᠡᠴᠢᠯᠡᠨ ᠰᠠᠶᠢᠵᠢᠷᠠᠭᠤᠯᠬᠤ ᠶᠢᠨ ᠬᠠᠮᠲᠤ ᠬᠠᠮᠢᠶ᠎ᠠ ᠪᠥᠬᠦᠶ ᠬᠠᠷᠢᠭᠤᠴᠠᠯᠭᠠᠲᠤ | ᠨᠢᠭᠡᠴᠢ ᠪᠠ ᠬᠤᠪᠢ ᠬᠥᠮᠦᠨ ᠤ ᠬᠠᠷᠢᠭᠤᠴᠠᠯᠭ᠎ᠠ ᠶᠢ ᠬᠠᠤᠯᠢ ᠶᠣᠰᠣᠭᠠᠷ ᠴᠢᠩᠭ᠎ᠠ ᠨᠡᠬᠡᠮᠵᠢᠯᠡᠬᠦ ᠬᠡᠷᠡᠭᠲᠡᠶ ᠭᠡᠵᠦ | ᠱᠠᠭᠠᠷᠳᠠᠪᠠ᠃ | ᠡᠭᠦᠨ ᠢ ᠦᠨᠳᠦᠰᠦᠯᠡᠪᠡᠯ᠂ ᠨᠢᠭᠡ ᠲᠠᠯ᠎ᠠ ᠪᠠᠷ᠂ ᠰᠢᠲᠠᠮᠠᠬᠠᠶ ᠬᠡᠶ ᠶᠢᠨ ᠬᠤᠭᠤᠯᠠᠶ ᠶᠢᠨ ᠡᠳᠦᠷ ᠲᠤᠲᠤᠮ ᠤᠨ | ᠬᠠᠮᠢᠶᠠᠷᠤᠯᠲᠠ ᠪᠠ ᠬᠠᠮᠠᠭᠠᠯᠠᠯᠲᠠ ᠶᠢ ᠴᠢᠩᠭᠠᠳᠬᠠᠬᠤ ᠬᠡᠷᠡᠭᠲᠡᠶ᠃ ᠰᠢᠲᠠᠮᠠᠬᠠᠶ ᠬᠡᠢ ᠶᠢᠨ ᠺᠣᠮᠫᠠᠨᠢ ᠡᠨᠡᠬᠦ ᠴᠢᠬᠤᠯᠠ | ᠡᠭᠦᠷᠭᠡ ᠬᠠᠷᠢᠭᠤᠴᠠᠯᠭ᠎ᠠ ᠶᠢ ᠵᠠᠪᠠᠯ ᠡᠭᠦᠷᠭᠡᠯᠡᠬᠦ ᠬᠡᠷᠡᠭᠲᠡᠶ᠃ ᠮᠦᠨᠴᠦ ᠬᠠᠮᠠᠭᠠᠯᠠᠨ ᠰᠠᠶᠢᠵᠢᠷᠠᠭᠤᠯᠬᠤ | ᠥᠪᠡᠷ ᠤᠨᠥᠷᠲᠡᠭ ᠨᠢ ᠥᠨᠳᠥᠷ᠂ ᠬᠠᠮᠢᠶ᠎ᠠ ᠪᠥᠬᠦᠶ ᠬᠠᠷᠢᠭᠤᠴᠠᠯᠭᠠᠲᠠᠨ ᠤ ᠴᠢᠬᠤᠯᠠᠴᠢᠯᠠᠬᠤ ᠬᠡᠮᠵᠢᠶ᠎ᠡ ᠬᠦᠷᠦᠯᠴᠡᠬᠦ | ᠥᠬᠡᠶ ᠵᠡᠷᠭᠡ ᠬᠦᠴᠦᠨ ᠵᠦᠢᠯ ᠤᠨ ᠨᠥᠯᠥᠭᠡ ᠠᠴᠠ ᠪᠣᠯᠵᠣ᠂ ᠵᠠᠷᠢᠮ ᠠᠵᠤ ᠠᠬᠤᠶᠢᠯᠠᠯ ᠤᠨ ᠠᠮᠤᠷ ᠲᠦᠪᠰᠢᠨ ᠤ | ᠬᠠᠮᠢᠶᠠᠷᠤᠯᠲᠠ ᠬᠤᠴᠣᠷᠤᠩᠭᠤᠶ᠂ ᠠᠮᠤᠷ ᠲᠦᠪᠰᠢᠨ ᠤ ᠮᠡᠷᠭᠡᠵᠢᠯ ᠲᠣᠨᠣᠭᠯᠠᠯ ᠤᠨ ᠲᠣᠬᠢᠷᠠᠭᠤᠯᠤᠯᠲᠠ ᠬᠦᠷᠦᠯᠴᠡᠬᠦ | ᠥᠬᠡᠶ ᠪᠠᠶᠢᠬᠤ ᠵᠡᠷᠭᠡ ᠠᠰᠠᠭᠤᠳᠠᠯ ᠲᠣᠪᠤᠶᠢᠮ᠎ᠠ ᠪᠠᠶᠢᠵᠤ᠂ ᠭᠤᠤᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶ ᠳᠤ | ᠨᠠᠶᠢᠳᠠᠪᠤᠷᠢᠵᠢᠭᠤᠯᠤᠭᠰᠠᠨ ᠥᠬᠡᠶ ᠭᠡᠵᠤ ᠱᠠᠩᠬᠠᠢ ᠬᠤᠲᠠ ᠶᠢᠨ ᠵᠢᠩ ᠠᠨ ᠲᠤᠭᠤᠷᠢᠭ ᠤᠨ ᠵᠢᠶᠠ ᠠᠪᠤᠭᠠᠢ | ᠲᠤᠰᠬᠠᠪᠠ᠃ | ᠨᠥᠭᠦᠭᠡ ᠲᠠᠯ᠎ᠠ ᠪᠠᠷ᠂ ᠬᠠᠭᠤᠴᠢᠷᠠᠭᠰᠠᠨ ᠰᠢᠲᠠᠮᠠᠬᠠᠢ ᠬᠡᠢ ᠶᠢᠨ ᠬᠤᠭᠤᠯᠠᠢ ᠲᠤᠤᠷ ᠢ ᠰᠢᠨᠡᠳᠬᠡᠨ | ᠥᠭᠡᠷᠡᠴᠢᠯᠡᠬᠦ ᠶᠢ ᠲᠦᠷᠭᠡᠳᠬᠡᠨ ᠠᠬᠢᠭᠤᠯᠬᠤ ᠬᠡᠷᠡᠭᠲᠡᠢ᠃ ᠪᠡᠭᠡᠵᠢᠩ᠂ ᠬᠠᠶᠢᠨᠠᠨ ᠵᠡᠷᠭᠡ ᠭᠠᠵᠠᠷ ᠤᠨ ᠬᠢᠨ 2024 | ᠣᠨ ᠤ ᠬᠠᠭᠤᠴᠢᠷᠠᠭᠰᠠᠨ ᠰᠢᠲᠠᠮᠠᠬᠠᠢ ᠬᠡᠢ ᠶᠢᠨ ᠬᠤᠭᠤᠯᠠᠢ ᠲᠤᠤᠷ ᠤᠨ ᠰᠢᠨᠡᠳᠬᠡᠨ ᠥᠭᠡᠷᠡᠴᠢᠯᠡᠬᠦ ᠣᠨ ᠤ | ᠲᠥᠯᠥᠪᠯᠡᠭᠡ ᠶᠢ ᠨᠡᠶᠢᠲᠡᠯᠡᠪᠡ︔ ᠰᠧᠴᠤᠸᠠᠨ᠂ ᠬᠤᠨᠠᠨ ᠵᠡᠷᠭᠡ ᠭᠠᠵᠠᠷ ᠲᠤ ᠰᠢᠲᠠᠮᠠᠬᠠᠢ ᠬᠡᠢ ᠶᠢᠨ ᠬᠤᠭᠤᠯᠠᠢ | ᠲᠤᠤᠷ ᠤᠨ ︽ᠡᠪᠡᠳᠴᠢᠨ ᠲᠠᠢ ᠠᠵᠢᠯᠯᠠᠭ᠎ᠠ︾ ᠶᠢᠨ ᠠᠰᠠᠭᠤᠳᠠᠯ ᠢ ᠲᠤᠰᠬᠠᠢ ᠴᠡᠭᠴᠡᠯᠡᠨ ᠵᠠᠰᠠᠬᠤ ᠠᠵᠢᠯ ᠢ | ᠥᠷᠨᠢᠭᠦᠯᠵᠦ᠂ ᠰᠢᠲᠠᠮᠠᠬᠠᠢ ᠬᠡᠢ ᠶᠢᠨ ᠬᠤᠭᠤᠯᠠᠢ ᠲᠤᠤᠷ ᠪᠠ ᠲᠥᠬᠦᠭᠡᠷᠦᠮᠵᠢ ᠶᠢ ᠥᠭᠡᠷᠡᠴᠢᠯᠡᠨ ᠰᠢᠨᠡᠳᠬᠡᠬᠦ ᠶᠢ | ᠲᠦᠷᠭᠡᠳᠬᠡᠨ ᠠᠬᠢᠭᠤᠯᠪᠠ ᠁ ᠡᠯ᠎ᠡ ᠭᠠᠵᠠᠷ ᠤᠨ ᠬᠢᠨ ᠠᠰᠠᠭᠤᠳᠠᠯ ᠲᠠᠢ ᠰᠢᠲᠠᠮᠠᠬᠠᠢ ᠬᠡᠢ ᠶᠢᠨ ᠬᠤᠭᠤᠯᠠᠢ | ᠲᠤᠤᠷ ᠢ ᠦᠷᠭᠦᠯᠵᠢᠯᠡᠨ ᠵᠢᠭᠰᠠᠭᠠᠨ ᠪᠠᠶᠢᠴᠠᠭᠠᠵᠦ ᠰᠢᠨᠡᠴᠢᠯᠡᠨ ᠦᠭᠡᠷᠡᠴᠢᠯᠡᠵᠦ ᠪᠠᠶᠢᠨ᠎ᠠ᠃ | ᠭᠡᠪᠡᠴᠦ ᠰᠢᠲᠠᠮᠠᠬᠠᠶ ᠬᠡᠢ ᠶᠢᠨ ᠬᠤᠭᠤᠯᠠᠶ ᠶᠢ ᠰᠢᠨᠡᠳᠬᠡᠨ ᠥᠭᠡᠷᠡᠴᠢᠯᠡᠬᠦ ᠳᠤ ᠬᠡᠨ ᠪᠡᠯᠡ ᠭᠠᠷᠭᠠᠬᠤ | ᠠᠰᠠᠭᠤᠳᠠᠯ ᠳᠤ ᠲᠤᠯᠭᠠᠷᠠᠵᠤ ᠪᠠᠶᠢᠨ᠎ᠠ᠃ ᠰᠠᠭᠤᠭᠠᠯᠢ ᠠᠷᠠᠳ ᠤᠨ ᠲᠣᠭᠤᠷᠢᠭ ᠤᠨ ᠣᠯᠠᠨ ᠨᠡᠶᠢᠲᠡ ᠶᠢᠨ | ᠬᠤᠭᠤᠯᠠᠶ ᠲᠣᠤᠷ ᠵᠢᠴᠢ ᠰᠠᠭᠤᠭᠠᠯᠢ ᠠᠷᠠᠳ ᠤᠨ ᠭᠡᠷ ᠤᠨ ᠳᠣᠲᠣᠷᠠᠬᠢ ᠬᠤᠭᠤᠯᠠᠶ ᠲᠣᠤᠷ ᠢ ᠥᠭᠡᠷᠡᠴᠢᠯᠡᠬᠦ | ᠵᠠᠷᠤᠳᠠᠯ ᠢ ᠥᠮᠴᠢᠲᠡᠨ ᠠᠴᠠ ᠡᠭᠦᠷᠭᠡᠯᠡᠵᠦ᠂ ᠣᠷᠣᠨ ᠨᠤᠲᠤᠭ ᠤᠨ ᠡᠳ᠋ ᠤᠨ ᠵᠠᠰᠠᠭ ᠤᠨ ᠤᠷᠳᠤᠨ ᠠᠴᠠ ᠵᠣᠬᠢᠬᠤ | ᠨᠥᠬᠦᠪᠥᠷᠢ ᠣᠯᠭᠤᠨ᠎ᠠ᠃ ᠬᠤᠲᠠ ᠶᠢᠨ ᠶᠠᠪᠤᠳᠠᠯ ᠤᠨ ᠨᠡᠶᠢᠲᠡ ᠶᠢᠨ ᠬᠤᠭᠤᠯᠠᠶ ᠲᠤᠤᠷ ᠤᠨ ᠦᠭᠡᠷᠡᠴᠢᠯᠡᠨ | ᠰᠠᠶᠢᠵᠢᠷᠠᠭᠤᠯᠬᠤ ᠳᠤ ᠰᠢᠲᠠᠮᠠᠬᠠᠢ ᠬᠡᠢ ᠶᠢᠨ ᠺᠣᠮᠫᠠᠨᠢ ᠠᠴᠠ ᠪᠡᠯᠡ ᠭᠠᠷᠭᠠᠨ᠎ᠠ᠃ ︽ᠡᠨᠡ ᠬᠡᠰᠡᠭ ᠪᠡᠯᠡ | ᠣᠷᠣᠭᠤᠯᠤᠯᠲᠠ ᠨᠢ ᠮᠠᠰᠢ ᠶᠡᠭᠡ᠂ ᠵᠠᠷᠢᠮ ᠠᠵᠤ ᠠᠬᠤᠶᠢᠯᠠᠯ ᠲᠤᠰ ᠪᠡᠶ᠎ᠡ ᠶᠢᠨ ᠠᠰᠢᠭ ᠣᠯᠵᠠᠪᠤᠷᠢ ᠪᠠ ᠨᠡᠶᠢᠭᠡᠮ ᠤᠨ | ᠬᠠᠷᠢᠭᠤᠴᠠᠯᠭ᠎ᠠ ᠶᠢᠨ ᠬᠤᠭᠤᠷᠣᠨᠳᠣ ᠪᠠᠨ ᠵᠦᠷᠢᠴᠡᠯ ᠲᠠᠢ ᠪᠠᠶᠢᠳᠠᠭ︾᠃ ᠭᠤᠷᠪᠠᠳᠠᠬᠢ ᠡᠲᠡᠭᠡᠳ ᠤᠨ | ᠣᠷᠣᠯᠴᠠᠭᠰᠠᠨ ᠪᠠᠯᠠ ᠣᠷᠣᠭᠤᠯᠤᠯᠲᠠ ᠶᠢᠨ ᠵᠠᠭᠪᠤᠷ ᠢ ᠰᠦᠪᠡᠭᠴᠢᠯᠡᠨ ᠪᠠᠶᠢᠭᠤᠯᠵᠤ᠂ ᠬᠤᠭᠤᠯᠠᠶ ᠲᠤᠤᠷ ᠤᠨ | ᠰᠢᠨᠡᠳᠬᠡᠨ ᠥᠭᠡᠷᠡᠴᠢᠯᠡᠬᠦ ᠠᠰᠢᠭ ᠣᠯᠵᠠᠪᠤᠷᠢ ᠶᠢᠨ ᠴᠢᠨᠠᠷ ᠪᠠ ᠨᠡᠶᠢᠲᠡ ᠶᠢᠨ ᠠᠰᠠᠷᠠᠮᠵᠢ ᠶᠢᠨ ᠴᠢᠨᠠᠷ ᠢ ᠬᠠᠮᠲᠤ ᠳᠤᠨᠢ | ᠬᠠᠷᠠᠭᠠᠯᠵᠠᠵᠤ᠂ ᠰᠢᠲᠠᠮᠠᠬᠠᠶ ᠬᠡᠶ ᠶᠢᠨ ᠠᠵᠤ ᠠᠬᠤᠶᠢᠯᠠᠯ ᠨᠢ ᠨᠡᠶᠢᠭᠡᠮ ᠤᠨ ᠬᠠᠷᠢᠭᠤᠴᠠᠯᠭ᠎ᠠ ᠪᠠᠨ ᠨᠠᠩ ᠰᠠᠶᠢᠲᠤᠷ | ᠭᠦᠢᠴᠡᠳᠭᠡᠬᠦ ᠶᠢ ᠠᠬᠢᠭᠤᠯᠬᠤ ᠬᠡᠷᠡᠭᠲᠡᠶ ᠭᠡᠵᠤ ᠵᠧᠩ ᠳ᠋ᠧᠩ ᠹᠧᠩ ᠲᠤᠷᠠᠳᠤᠨ ᠭᠠᠷᠭᠠᠵᠠᠢ᠃ | ᠬᠤᠯᠪᠤᠭᠳᠠᠯ ᠪᠦᠬᠦᠢ ᠬᠠᠤᠯᠢ ᠳᠣᠭᠲᠠᠭᠠᠯ ᠤᠨ ᠪᠠᠷᠢᠮᠵᠢᠶ᠎ᠠ ᠶᠢ ᠲᠡᠭᠦᠯᠳᠡᠷᠵᠢᠭᠦᠯᠵᠦ᠂ ᠠᠶᠤᠯᠭᠦᠢ ᠶᠢᠨ | ᠬᠠᠷᠢᠭᠤᠴᠠᠯᠭ᠎ᠠ ᠶᠢ ᠨᠠᠶᠢᠲᠠᠪᠤᠷᠢᠵᠢᠭᠤᠯᠵᠤ᠂ ᠭᠤᠷᠪᠠᠳᠡᠬᠢ ᠡᠲᠡᠭᠡᠳ ᠤᠨ ᠵᠣᠬᠢᠰ ᠦᠭᠡᠢ ᠠᠵᠢᠯᠯᠠᠭ᠎ᠠ ᠠᠴᠠ | ᠪᠣᠯᠤᠭᠰᠠᠨ ᠠᠲᠠᠯ ᠢ ᠰᠡᠷᠭᠡᠶᠢᠯᠡᠨ᠎ᠡ | ︽ᠬᠤᠳᠠᠯᠳᠤᠭᠠᠨ ᠤ ᠫᠦᠰᠡ ᠶᠢᠨ ᠤᠲᠤᠭ᠎ᠠ ᠭᠠᠳᠠᠭᠰᠢᠯᠠᠭᠤᠯᠬᠤ ᠬᠤᠭᠤᠯᠠᠶ ᠳᠡᠪᠢᠰᠬᠦ ᠦᠶ᠎ᠡ ᠳᠤ᠂ ᠪᠠᠷᠢᠯᠭ᠎ᠠ ᠶᠢᠨ | ᠠᠵᠢᠯᠲᠠᠳ ᠰᠢᠲᠠᠮᠠᠬᠠᠶ ᠬᠡᠢ ᠶᠢᠨ ᠬᠤᠭᠤᠯᠠᠶ ᠶᠢᠨ ᠬᠡᠷᠡᠮ ᠳᠡᠭᠡᠷ᠎ᠡ ᠳᠤᠷ᠎ᠠ ᠪᠠᠷ ᠢᠶᠠᠨ ᠨᠦᠬᠡ ᠶᠢ ᠴᠤᠭᠤᠯᠠᠵᠤ ᠪᠤᠯᠬᠤ | ᠦᠭᠡᠢ᠃ ᠰᠠᠭᠤᠭᠠᠯᠢ ᠠᠷᠠᠳ ᠤᠨ ᠲᠣᠭᠤᠷᠢᠭ ᠤᠨ ᠳᠣᠲᠣᠷᠠᠬᠢ ᠭᠤᠷᠪᠠᠳᠠᠬᠢ ᠡᠲᠡᠭᠡᠳ ᠤᠨ ᠪᠠᠷᠢᠯᠭ᠎ᠠ ᠶᠢᠨ | ᠠᠵᠢᠯ ᠨᠢ ᠵᠣᠬᠢᠰ ᠦᠭᠡᠢ ᠠᠴᠠ ᠪᠣᠯᠵᠤ᠂ ᠲᠤᠬᠠᠢ ᠶᠢᠨ ᠲᠠᠯᠠᠪᠠᠢ ᠳᠤ ᠵᠠᠷᠢᠮ ᠠᠮᠤᠷ ᠲᠦᠪᠰᠢᠨ ᠤ ᠳᠠᠯᠳᠠ ᠭᠡᠮ | ᠤᠷᠤᠰᠢᠵᠦ ᠪᠠᠶᠢᠨ᠎ᠠ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠭᠤᠷᠪᠠᠳᠠᠬᠢ ᠡᠲᠡᠭᠡᠳ ᠤᠨ ᠬᠢᠨᠠᠯᠲᠠ | ᠬᠠᠮᠢᠶᠠᠷᠤᠯᠲᠠ ᠪᠠᠨ ᠴᠢᠩᠭᠠᠳᠭᠠᠵᠤ᠂ ᠠᠮᠤᠷ ᠲᠦᠪᠰᠢᠨ ᠤ ᠳᠠᠯᠳᠠ ᠭᠡᠮ ᠪᠠᠶᠢᠪᠠᠯ ᠴᠠᠭ ᠲᠤᠬᠠᠢ ᠳᠤᠨᠢ | ᠲᠣᠬᠢᠷᠠᠭᠤᠯᠤᠯᠲᠠ ᠬᠢᠬᠦ ᠶᠢ ᠬᠦᠰᠡᠵᠦ ᠪᠠᠶᠢᠨ᠎ᠠ ᠭᠡᠵᠦ ᠭᠤᠸᠠᠩᠳᠦᠩ ᠤᠨ ᠱᠧᠨᠵᠧᠨ ᠬᠤᠲᠠ ᠶᠢᠨ ᠯᠦᠩ ᠭᠠᠩ | ᠲᠣᠭᠤᠷᠢᠭ ᠤᠨ ᠬᠤᠸᠠᠩ ᠠᠪᠠᠭ᠋ᠠᠢ ᠰᠠᠨᠠᠭᠤᠯᠪᠠ᠃ | ᠭᠤᠷᠪᠠᠳᠠᠬᠢ ᠡᠲᠡᠭᠡᠳ ᠤᠨ ᠰᠢᠲᠠᠮᠠᠬᠠᠶ ᠬᠡᠶ ᠶᠢᠨ ᠬᠤᠭᠤᠯᠠᠶ ᠶᠢ ᠡᠪᠳᠡᠬᠦ ᠠᠴᠠ ᠰᠡᠷᠭᠡᠶᠢᠯᠡᠬᠦ ᠶᠢᠨ ᠲᠥᠯᠥᠭᠡ᠂ | ᠡᠨᠡ ᠵᠢᠯ ᠤᠨ 4 ᠳ᠋ᠤᠭᠡᠷ ᠰᠠᠷ᠎ᠠ ᠶᠢᠨ 1 ᠤ ᠡᠳᠦᠷ ᠬᠡᠷᠡᠭᠵᠢᠭᠦᠯᠦᠭᠰᠡᠨ ︽ᠹᠦᠵᠢᠶᠠᠨ ᠮᠤᠵᠢ ᠶᠢᠨ ᠭᠤᠷᠪᠠᠳᠠᠬᠢ | ᠡᠲᠡᠭᠡᠳ ᠤᠨ ᠰᠢᠲᠠᠮᠠᠬᠠᠶ ᠬᠡᠶ ᠶᠢᠨ ᠬᠤᠭᠤᠯᠠᠶ ᠶᠢ ᠡᠪᠳᠡᠬᠦ ᠠᠴᠠ ᠰᠡᠷᠭᠡᠶᠢᠯᠡᠬᠦ ᠬᠠᠮᠢᠶᠠᠷᠤᠯᠲᠠ ᠶᠢᠨ ᠠᠷᠭ᠎ᠠ︾ ᠳᠤ᠂ | ᠲᠥᠷᠥᠯ ᠵᠦᠢᠯ ᠤᠨ ᠪᠠᠷᠢᠯᠭ᠎ᠠ ᠶᠢᠨ ᠠᠵᠢᠯ ᠤᠨ ᠱᠠᠳᠤᠨ ᠳᠤ᠂ ᠪᠥᠲᠥᠭᠡᠨ ᠪᠠᠶᠢᠭᠤᠯᠤᠯᠲᠠ ᠶᠢᠨ ᠨᠢᠭᠡᠴᠢ᠂ | ᠪᠠᠷᠢᠯᠭ᠎ᠠ ᠶᠢᠨ ᠨᠢᠭᠡᠴᠢ᠂ ᠬᠢᠨᠠᠨ ᠬᠠᠮᠢᠶᠠᠷᠤᠯᠳᠠ ᠶᠢᠨ ᠨᠢᠭᠡᠴᠢ ᠪᠣᠯᠤᠨ ᠰᠢᠲᠠᠮᠠᠬᠠᠶ ᠬᠡᠶ ᠡᠵᠡᠩᠨᠡᠬᠦ ᠠᠵᠤ | ᠠᠬᠤᠶᠢᠯᠠᠯ ᠤᠨ ᠰᠢᠲᠠᠮᠠᠬᠠᠶ ᠬᠡᠶ ᠶᠢᠨ ᠬᠤᠭᠤᠯᠠᠶ ᠲᠤᠤᠷ ᠤᠨ ᠬᠠᠮᠠᠭᠠᠯᠠᠯᠲᠠ ᠶᠢᠨ ᠬᠠᠷᠢᠭᠤᠴᠠᠯᠭ᠎ᠠ ᠪᠠ ᠠᠷᠭ᠎ᠠ | ᠬᠡᠮᠵᠢᠶ᠎ᠡ ᠶᠢ ᠲᠣᠳᠣᠷᠬᠠᠶ ᠲᠣᠭᠲᠠᠭᠠᠪᠠ᠃ ᠡᠭᠦᠨ ᠳᠤ᠂ ᠪᠠᠷᠢᠯᠭ᠎ᠠ ᠪᠠᠷᠢᠬᠤ ᠨᠢᠭᠡᠴᠢ ᠰᠢᠲᠠᠮᠠᠬᠠᠶ ᠬᠡᠢ ᠶᠢᠨ ᠬᠤᠭᠤᠯᠠᠶ | ᠲᠤᠤᠷ ᠤᠨ ᠠᠶᠦᠯᠭᠦᠢ ᠶᠢᠨ ᠬᠠᠮᠠᠭᠠᠯᠠᠯᠲᠠ ᠶᠢᠨ ᠬᠡᠪᠴᠢᠶᠡᠨ ᠳᠤ ᠪᠠᠷᠢᠯᠭ᠎ᠠ ᠪᠠᠨ ᠡᠬᠢᠯᠡᠭᠦᠯᠦᠨ᠎ᠡ᠂ 48 ᠴᠠᠭ ᠠᠴᠠ | ᠤᠷᠢᠳᠴᠢᠯᠠᠨ ᠰᠢᠲᠠᠮᠠᠬᠠᠶ ᠬᠡᠢ ᠡᠵᠡᠩᠨᠡᠵᠦ ᠪᠠᠶᠢᠭ᠎ᠠ ᠠᠵᠤ ᠠᠬᠤᠶᠢᠯᠠᠯ ᠳᠤ ᠮᠡᠳᠡᠭᠳᠡᠬᠦ ᠶᠢᠨ ᠬᠠᠮᠲᠤ ᠵᠣᠬᠢᠴᠠᠩᠭᠤᠶ | ᠠᠶᠦᠯᠭᠦᠢ ᠶᠢᠨ ᠬᠠᠮᠠᠭᠠᠯᠠᠯᠲᠠ ᠶᠢᠨ ᠠᠷᠭ᠎ᠠ ᠬᠡᠮᠵᠢᠶ᠎ᠡ ᠠᠪᠬᠤ ᠬᠡᠷᠡᠭᠲᠡᠶ᠃ | ︽ᠪᠠᠷᠢᠯᠭ᠎ᠠ ᠪᠠᠷᠢᠬᠤ ᠲᠠᠯ᠎ᠠ ᠶᠢᠨ ᠬᠢᠨ ᠪᠠᠷᠢᠯᠭ᠎ᠠ ᠶᠢᠨ ᠶᠠᠰᠤ ᠴᠢᠨᠠᠷ ᠪᠣᠯᠤᠨ ᠪᠠᠷᠢᠯᠭ᠎ᠠ ᠶᠢᠨ ᠠᠮᠤᠷ | ᠲᠦᠪᠰᠢᠨ ᠤ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠮᠤᠷ ᠲᠦᠪᠰᠢᠨ ᠤ ᠭᠡᠮ ᠰᠣᠭᠤᠭ ᠢ | ᠠᠷᠢᠯᠭᠠᠨ᠎ᠠ᠃ ᠰᠢᠨ᠎ᠡ ᠲᠥᠬᠦᠭᠡᠷᠦᠮᠵᠢ᠂ ᠰᠢᠨ᠎ᠡ ᠮᠡᠷᠭᠡᠵᠢᠯ᠂ ᠰᠢᠨ᠎ᠡ ᠤᠷᠠᠯᠠᠯ ᠢ ᠬᠡᠷᠡᠭᠯᠡᠬᠦ ᠪᠠᠷ ᠳᠠᠮᠵᠢᠭᠤᠯᠤᠨ᠂ | ᠲᠤᠭᠳᠠᠭᠠᠯ ᠶᠤᠰᠤᠭᠠᠷ ᠥᠭᠡᠷᠡᠴᠢᠯᠡᠭᠰᠡᠨ ᠤ ᠳᠠᠷᠠᠭᠠᠬᠢ ᠰᠢᠲᠠᠮᠠᠬᠠᠶ ᠬᠡᠶ ᠨᠡᠪᠲᠡᠷᠡᠭᠦᠯᠬᠦ᠂ ᠤᠰᠤ ᠨᠡᠪᠲᠡᠷᠡᠭᠦᠯᠬᠦ ᠵᠡᠷᠭᠡ | ᠵᠠᠩᠭᠢᠯᠠᠭ᠎ᠠ ᠶᠢᠨ ᠭᠤᠭᠴᠤᠭ᠎ᠠ ᠶᠢᠨ ᠠᠮᠤᠷ ᠲᠦᠪᠰᠢᠨ ᠤ ᠬᠢᠨᠠᠨ ᠡᠵᠡᠮᠳᠡᠯ ᠢ ᠰᠠᠶᠢᠲᠤᠷ ᠬᠢᠵᠦ᠂ ᠢᠨᠵᠧᠨᠧᠷᠢᠩ ᠢ | ᠰᠢᠯᠭᠠᠨ ᠠᠪᠴᠤ ᠰᠢᠯᠵᠢᠭᠦᠯᠦᠨ ᠲᠤᠰᠢᠶᠠᠬᠤ ᠠᠵᠢᠯ ᠢ ᠰᠠᠶᠢᠲᠤᠷ ᠬᠢᠵᠦ᠂ ᠰᠢᠲᠠᠮᠠᠬᠠᠶ ᠬᠡᠶ ᠶᠢᠨ ᠬᠤᠭᠤᠯᠠᠶ | ᠲᠤᠤᠷ ᠤᠨ ᠠᠮᠤᠷ ᠲᠦᠪᠰᠢᠨ ᠢᠶᠠᠷ ᠠᠵᠢᠯᠯᠠᠬᠤ ᠶᠢ ᠦᠨᠡᠨᠬᠦ ᠪᠠᠲᠤᠯᠠᠨ᠎ᠠ᠃ ᠴᠢᠩᠬᠤᠸᠠ ᠶᠡᠭᠡ ᠰᠤᠷᠭᠠᠭᠤᠯᠢ ᠶᠢᠨ | ᠣᠯᠠᠨ ᠨᠡᠶᠢᠲᠡ ᠶᠢᠨ ᠠᠮᠤᠷ ᠲᠦᠪᠰᠢᠨ ᠤ ᠰᠤᠳᠤᠯᠭᠠᠨ ᠤ ᠬᠦᠷᠢᠶᠡᠯᠡᠩ ᠤᠨ ᠳᠡᠳ᠋ ᠰᠤᠳᠤᠯᠤᠭᠴᠢ ᠰᠢᠤᠢ ᠬᠤᠸᠠᠨ᠂ | ᠬᠠᠷᠠᠮᠥ᠋ᠷᠡᠨ ᠤ ᠬᠠᠷᠪᠢᠨ ᠤ ᠵᠥᠩ ᠴᠢᠩ ᠰᠢᠲᠠᠮᠠᠬᠠᠶ ᠬᠡᠶ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠵᠢᠯᠣᠭᠤᠴᠢ | ᠥᠬᠡᠶ ᠨᠢᠰᠬᠡᠯ ᠢᠶᠠᠷ ᠥᠨᠳᠥᠷ ᠴᠢᠳᠠᠪᠬᠢᠲᠤ ᠯᠠᠢᠰᠧᠷ ᠮᠧᠲ᠋ᠠᠨ ᠠᠯᠤᠰ ᠬᠡᠮᠵᠢᠯᠲᠡ ᠶᠢᠨ ᠬᠡᠮᠵᠢᠭᠦᠷᠯᠢᠭ ᠢ ᠠᠰᠢᠭᠯᠠᠨ | ᠥᠨᠳᠥᠷ ᠬᠦᠴᠦᠳᠡᠯᠲᠦ ᠰᠢᠲᠠᠮᠠᠬᠠᠶ ᠬᠡᠶ ᠶᠢᠨ ᠬᠤᠭᠤᠯᠠᠶ ᠲᠤᠤᠷ ᠤᠨ ᠭᠤᠷᠪᠠᠨ ᠬᠡᠮᠵᠢᠯᠳᠦ ᠪᠣᠰᠤᠭ᠎ᠠ ᠴᠣᠭᠴᠠᠲᠤ | ᠲᠣᠭᠤᠷᠢᠨ ᠠᠵᠢᠭᠯᠠᠯᠳᠠ ᠪᠠ ᠪᠠᠶᠢᠴᠠᠭᠠᠯᠲᠠ ᠬᠢᠵᠦ᠂ ᠬᠡᠪ ᠤᠨ ᠪᠤᠰᠤ ᠪᠠᠶᠢᠳᠠᠯ ᠢ ᠣᠯᠵᠤ ᠮᠡᠳᠡᠪᠡᠯ ᠴᠠᠭ | ᠲᠤᠬᠠᠶ ᠳᠤᠨᠢ ᠳᠦᠷᠰᠦ ᠰᠢᠩᠭᠡᠭᠡᠯᠲᠡ ᠶᠢᠨ ᠮᠠᠲ᠋ᠧᠷᠢᠶᠠᠯ ᠢᠶᠠᠨ ᠪᠤᠴᠠᠭᠠᠨ ᠳᠠᠮᠵᠢᠭᠤᠯᠵᠤ᠂ ᠲᠣᠭᠤᠷᠢᠨ ᠠᠵᠢᠭᠯᠠᠯᠳᠠ | ᠪᠠ ᠪᠠᠶᠢᠴᠠᠭᠠᠨ ᠰᠢᠯᠭᠠᠬᠤ ᠶᠢ ᠤᠶᠠᠯᠳᠤᠭᠤᠯᠬᠤ ᠶᠢ ᠪᠡᠶᠡᠯᠡᠭᠦᠯᠵᠦ᠂ ᠬᠤᠭᠤᠯᠠᠶ ᠲᠤᠤᠷ ᠤᠨ ᠭᠤᠷᠪᠠᠳᠠᠬᠢ | ᠡᠲᠡᠭᠡᠳ ᠤᠨ ᠭᠠᠳᠠᠭᠠᠳᠤ ᠬᠦᠴᠦᠨ ᠤ ᠡᠪᠳᠡᠯᠡᠭᠡ ᠳᠤ ᠤᠴᠠᠷᠠᠬᠤ ᠶᠢ ᠰᠡᠷᠭᠡᠶᠢᠯᠡᠬᠦ ᠬᠡᠷᠡᠭᠳᠡᠢ ᠭᠡᠵᠡᠢ᠃ | ᠰᠢᠤᠢ ᠬᠤᠸᠠᠨ᠂ ᠬᠤᠲᠠ ᠪᠠᠯᠭᠠᠰᠤᠨ ᠤ ᠰᠢᠲᠠᠮᠠᠬᠠᠶ ᠬᠡᠶ ᠶᠢᠨ ᠬᠠᠮᠢᠶᠠᠷᠤᠯᠲᠠ ᠶᠢᠨ ᠬᠠᠮᠢᠶ᠎ᠠ ᠪᠥᠬᠦᠶ ᠬᠠᠤᠯᠢ | ᠲᠣᠭᠲᠠᠭᠠᠯ ᠤᠨ ᠪᠠᠷᠢᠮᠵᠢᠶ᠎ᠠ ᠳᠤ ᠲᠦᠷᠭᠡᠬᠡᠨ ᠵᠠᠰᠠᠪᠤᠷᠢ ᠣᠷᠣᠭᠤᠯᠵᠤ᠂ ᠰᠢᠲᠠᠮᠠᠬᠠᠶ ᠬᠡᠶ ᠶᠢᠨ ᠠᠮᠤᠷ ᠲᠦᠪᠰᠢᠨ ᠤ | ᠬᠢᠨᠠᠯᠲᠠ ᠬᠠᠮᠢᠶᠠᠷᠤᠯᠲᠠ ᠶᠢᠨ ᠲᠣᠭᠲᠠᠭᠠᠯ ᠢ ᠤᠯᠠᠮ ᠨᠢᠭᠡ ᠠᠯᠬᠤᠮ ᠲᠣᠳᠣᠷᠬᠠᠶᠢᠯᠠᠨ ᠨᠠᠷᠢᠯᠢᠬᠵᠢᠭᠤᠯᠵᠤ᠂ ᠡᠯ᠎ᠡ | ᠲᠠᠯ᠎ᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠭᠤᠷᠪᠠᠳᠠᠬᠢ ᠡᠲᠡᠭᠡᠳ ᠤᠨ ᠪᠠᠷᠢᠯᠭ᠎ᠠ ᠶᠢᠨ ᠡᠪᠳᠡᠯᠡᠭᠡ᠂ | ᠲᠣᠭᠲᠠᠭᠠᠯ ᠠᠴᠠ ᠵᠥᠷᠢᠴᠡᠨ ᠳᠠᠷᠤᠯᠲᠠ ᠡᠵᠡᠯᠡᠬᠦ ᠵᠡᠷᠭᠡ ᠲᠣᠪᠤᠶᠢᠮ᠎ᠠ ᠠᠰᠠᠭᠤᠳᠠᠯ ᠢ ᠦᠨᠡᠨ ᠬᠦ ᠰᠢᠢᠳᠪᠦᠷᠢᠯᠡᠬᠦ | ᠬᠡᠷᠡᠭᠲᠡᠶ ᠭᠡᠵᠦ ᠰᠠᠨᠠᠭᠤᠯᠵᠠᠢ᠃ | ᠰᠢᠲᠠᠮᠠᠬᠠᠢ ᠬᠡᠢ ᠶᠢᠨ ᠠᠮᠤᠷ ᠲᠦᠪᠰᠢᠨ ᠢ ᠴᠢᠬᠤᠯᠠᠴᠢᠯᠠᠬᠤ ᠳᠤ᠂ ᠤᠷᠢᠳᠴᠢᠯᠠᠨ ᠰᠡᠷᠭᠡᠶᠢᠯᠡᠬᠦ ᠨᠢ ᠨᠡᠩ | ᠴᠢᠬᠤᠯᠠ ᠪᠠᠶᠢᠳᠠᠭ᠂ ︽ᠬᠦᠨᠳᠦ ᠬᠡᠷᠡᠭ ᠤᠨ ᠳᠠᠷᠠᠭ᠎ᠠ ᠠᠪᠤᠷᠠᠨ ᠲᠤᠰᠠᠯᠠᠵᠤ ᠰᠢᠢᠳᠪᠦᠷᠢᠯᠡᠬᠦ᠂ ᠬᠥᠩᠭᠡᠨ ᠬᠡᠷᠡᠭ ᠤᠨ | ᠡᠮᠦᠨ᠎ᠡ ᠲᠣᠭᠤᠷᠢᠨ ᠪᠠᠶᠢᠴᠠᠭᠠᠵᠤ ᠤᠷᠢᠳᠴᠢᠯᠠᠨ ᠰᠡᠷᠭᠡᠶᠢᠯᠡᠬᠦ︾ ᠬᠡᠪᠰᠢᠮᠡᠯ ᠪᠠᠶᠢᠳᠠᠯ ᠳᠤ ᠣᠷᠣᠵᠤ ᠪᠣᠯᠬᠤ ᠦᠭᠡᠢ᠃ | ᠡᠭᠦᠨ ᠳᠤ᠂ ᠰᠢᠤᠢ ᠬᠤᠸᠠᠨ ᠤᠷᠢᠳᠴᠢᠯᠡᠨ ᠪᠤᠳᠤᠯᠬᠢᠯᠠᠵᠦ᠂ ᠤᠷᠢᠳᠴᠢᠯᠠᠨ ᠰᠡᠷᠭᠡᠶᠢᠯᠡᠬᠦ ᠪᠠᠷ ᠭᠤᠤᠯ ᠪᠣᠯᠭᠠᠵᠤ᠂ | ᠰᠢᠲᠠᠮᠠᠬᠠᠶ ᠬᠡᠶ ᠶᠢᠨ ᠠᠮᠤᠷ ᠲᠦᠪᠰᠢᠨ ᠤ ᠵᠠᠰᠠᠯᠲᠠ ᠳᠤ ᠨᠠᠩ ᠣᠯᠠᠨ ᠬᠥᠮᠦᠨ ᠤ ᠬᠦᠴᠦᠨ ᠪᠣᠳᠠᠰ ᠤᠨ ᠬᠦᠴᠦᠨ ᠢ | ᠬᠡᠷᠡᠭ ᠤᠨ ᠡᠮᠦᠨ᠎ᠡ ᠤᠷᠢᠳᠴᠢᠯᠠᠨ ᠰᠡᠷᠭᠡᠶᠢᠯᠡᠬᠦ ᠳᠤ ᠣᠷᠣᠭᠤᠯᠵᠤ᠂ ᠰᠢᠲᠠᠮᠠᠬᠠᠶ ᠬᠡᠶ ᠶᠢᠨ ᠠᠮᠤᠷ ᠲᠦᠪᠰᠢᠨ ᠤ | ᠰᠡᠷᠭᠡᠶᠢᠯᠡᠯᠲᠡ ᠶᠢᠨ ᠱᠤᠭᠤᠮ ᠢ ᠲᠠᠰᠤᠷᠠᠯᠲᠠ ᠥᠬᠡᠶ ᠪᠠᠬᠢᠵᠢᠭᠦᠯᠦᠨ᠎ᠡ ᠭᠡᠵᠦ ᠦᠵᠡᠵᠦ ᠪᠠᠶᠢᠨ᠎ᠠ᠃ | ᠮᠡᠷᠭᠡᠵᠢᠯ ᠤᠨ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠵᠦ᠂ ᠬᠡᠪ ᠤᠨ ᠪᠤᠰᠤ ᠪᠠᠶᠢᠳᠠᠯ ᠢ ᠬᠢᠨᠠᠨ ᠬᠡᠮᠵᠢᠵᠦ | ᠤᠷᠢᠳᠴᠢᠯᠠᠨ ᠰᠡᠷᠡᠮᠵᠢᠯᠡᠭᠦᠯᠬᠦ ᠴᠢᠳᠠᠪᠤᠷᠢ ᠶᠢ ᠳᠡᠭᠡᠭᠰᠢᠯᠡᠭᠦᠯᠵᠦ᠂ ᠮᠥᠨ ᠴᠢᠨᠠᠷ ᠤᠨ ᠠᠮᠤᠷ ᠲᠦᠪᠰᠢᠨ ᠤ ᠬᠢᠷᠢ | ᠲᠦᠪᠰᠢᠨ ᠢ ᠳᠡᠭᠡᠭᠰᠢᠯᠡᠭᠦᠯᠦᠨ᠎ᠡ | ᠣᠯᠠᠨ ᠲᠦᠮᠡᠨ ᠤ ᠲᠤᠰᠬᠠᠭᠰᠠᠨ ᠢᠶᠠᠷ᠂ ᠬᠡᠷ ᠲᠤᠳᠤᠷᠠᠬᠢ ᠰᠢᠲᠠᠮᠠᠬᠠᠶ ᠬᠡᠶ ᠶᠢᠨ ᠲᠦᠭᠰᠢᠭᠦᠷᠢ ᠮᠡᠳᠡᠭᠡᠯᠡᠬᠦ | ᠲᠣᠨᠤᠭ ᠲᠥᠬᠦᠭᠡᠷᠦᠮᠵᠢ ᠨᠢ ᠰᠢᠲᠠᠮᠠᠬᠠᠶ ᠬᠡᠶ ᠶᠢᠨ ᠯᠡᠪᠡᠷᠡᠵᠦ ᠭᠠᠷᠤᠭᠰᠠᠨ ᠢ ᠪᠦᠲᠦᠮᠵᠢᠲᠡᠶ ᠰᠡᠷᠡᠵᠦ ᠮᠡᠳᠡᠬᠦ ᠶᠢᠨ | ᠠᠷᠭ᠎ᠠ ᠥᠬᠡᠶ᠂ ︽ᠬᠡᠷ ᠤᠨ ᠬᠥᠮᠦᠰ ᠬᠠᠮᠠᠷ ᠭᠠᠳᠠᠮ᠎ᠠ ᠦᠨᠦᠷ ᠦᠨᠦᠷᠲᠦᠪᠡᠯ ᠰᠠᠶ᠋ᠢ ᠰᠢᠲᠠᠮᠠᠬᠠᠶ ᠬᠡᠶ ᠯᠡᠪᠡᠷᠡᠵᠦ | ᠪᠠᠶᠢᠬᠤ ᠶᠢ ᠮᠡᠳᠡᠨ᠎ᠡ᠂ ᠵᠣᠯ ᠢᠶᠠᠷ ᠴᠠᠭ ᠲᠤᠬᠠᠶ ᠳᠤᠨᠢ ᠠᠷᠭ᠎ᠠ ᠬᠡᠮᠵᠢᠶ᠎ᠡ ᠠᠪᠴᠤ ᠪᠠᠶᠢᠨ᠎ᠠ︾ ᠭᠡᠵᠡᠶ᠃ | ᠰᠢᠳᠠᠮᠠᠬᠠᠢ ᠬᠡᠢ ᠶᠢᠨ ᠠᠰᠠᠭᠤᠳᠠᠯ ᠢ ᠢᠯᠡᠷᠡᠭᠦᠯᠬᠦ ᠳᠤ ᠵᠥᠪᠬᠡᠨ ︽ᠦᠨᠦᠷᠯᠡᠬᠦ︾ ᠳᠤ ᠲᠦᠰᠢᠭᠯᠡᠵᠦ ᠪᠤᠯᠬᠤ | ᠦᠭᠡᠢ᠂ ᠵᠠᠩᠬᠢᠯᠭ᠎ᠠ ᠨᠢ ︽ᠮᠡᠷᠭᠡᠵᠢᠯ︾ ᠳᠤ ᠲᠦᠰᠦᠭᠯᠡᠬᠦ ᠬᠡᠷᠡᠭᠳᠡᠢ᠃ ᠰᠢᠨ᠎ᠡ ᠶᠢ ᠡᠭᠦᠳᠬᠦ ᠪᠠᠷ ᠬᠥᠲᠥᠯᠥᠨ | ᠳᠠᠭᠠᠭᠤᠯᠬᠤ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠡᠨᠧᠷᠭᠢ ᠣᠯᠭᠤᠬᠤ ᠶᠢ ᠪᠠᠷᠢᠮᠲᠠᠯᠠᠬᠤ ᠪᠣᠯ ︽ᠪᠥᠬᠦ | ᠤᠯᠤᠰ ᠤᠨ ᠬᠤᠲᠠ ᠪᠠᠯᠭᠠᠰᠤᠨ ᠤ ᠰᠢᠲᠠᠮᠠᠬᠠᠶ ᠬᠡᠶ ᠶᠢᠨ ᠠᠮᠤᠷ ᠲᠦᠪᠰᠢᠨ ᠢ ᠲᠤᠰᠬᠠᠶ ᠴᠡᠭᠴᠡᠯᠡᠨ ᠵᠠᠰᠠᠬᠤ | ᠠᠵᠢᠯ ᠤᠨ ᠲᠥᠰᠦᠯ︾ ᠤᠨ 4 ᠵᠦᠢᠯ ᠤᠨ ᠠᠵᠢᠯ ᠤᠨ ᠵᠠᠷᠴᠢᠮ ᠤᠨ ᠨᠢᠭᠡ ᠪᠠᠶᠢᠵᠤ᠂ ᠪᠠᠷᠠᠭᠠᠨ ᠤ ᠮᠡᠳᠡᠭᠡ ᠵᠠᠩᠭᠢ᠂ | ᠲᠣᠮᠣ ᠳ᠋ᠠᠶᠢᠲ᠋ᠠ᠂ ᠵᠣᠬᠢᠶᠠᠮᠠᠯ ᠣᠶᠤᠨ ᠵᠡᠷᠭᠡ ᠰᠢᠨ᠎ᠡ ᠨᠢᠭᠡ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ ᠢ ᠰᠢᠲᠠᠮᠠᠬᠠᠶ | ᠬᠡᠶ ᠶᠢᠨ ᠬᠠᠮᠢᠶᠠᠷᠤᠯᠲᠠ ᠳᠤ ᠬᠡᠷᠡᠭᠯᠡᠬᠦ ᠶᠢ ᠴᠢᠩᠭᠠᠳᠬᠠᠵᠤ᠂ ᠲᠡᠷᠢᠭᠦᠨ ᠤ ᠮᠡᠷᠭᠡᠵᠢᠯ᠂ ᠲᠣᠨᠤᠭ ᠲᠥᠬᠦᠭᠡᠷᠦᠮᠵᠢ᠂ | ᠭᠠᠷ ᠤᠷᠠᠯᠠᠯ ᠢ ᠶᠡᠬᠡᠪᠡᠷ ᠳᠡᠯᠭᠡᠷᠡᠭᠦᠯᠦᠨ ᠬᠡᠷᠡᠭᠯᠡᠵᠦ᠂ ᠰᠢᠨᠵᠢᠯᠡᠬᠦ ᠤᠬᠠᠭᠠᠨ ᠮᠡᠷᠭᠡᠵᠢᠯ ᠳᠤ ᠲᠦᠰᠢᠭᠯᠡᠨ ᠮᠥᠨ | ᠴᠢᠨᠠᠷ ᠤᠨ ᠠᠮᠤᠷ ᠲᠦᠪᠰᠢᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠰᠢᠲᠠᠮᠠᠬᠠᠶ ᠬᠡᠶ ᠶᠢᠨ ᠠᠮᠤᠷ ᠲᠦᠪᠰᠢᠨ ᠤ | ᠠᠵᠢᠯᠯᠠᠭᠠᠨ ᠢ ᠪᠠᠲᠤᠯᠠᠬᠤ ᠬᠡᠷᠡᠭᠲᠡᠶ ᠭᠡᠵᠦ ᠱᠠᠭᠠᠷᠳᠠᠪᠠ᠃ | ᠵᠠᠷᠢᠮ ᠭᠠᠵᠠᠷ ᠣᠷᠣᠨ ᠪᠣᠯᠤᠨ ᠠᠵᠤ ᠠᠬᠤᠶᠢᠯᠠᠯ ᠰᠢᠨ᠎ᠡ ᠶᠢ ᠡᠭᠦᠳᠬᠦ ᠪᠠᠷ ᠬᠥᠲᠥᠯᠥᠨ ᠳᠠᠭᠠᠭᠤᠯᠬᠤ᠂ | ᠰᠢᠨᠵᠢᠯᠡᠬᠦ ᠤᠬᠠᠭᠠᠨ ᠮᠡᠷᠭᠡᠵᠢᠯ ᠢᠶᠠᠷ ᠡᠨᠧᠷᠭᠢ ᠣᠯᠭᠤᠬᠤ ᠪᠠᠷ ᠳᠠᠮᠵᠢᠭᠤᠯᠤᠨ᠂ ᠰᠢᠲᠠᠮᠠᠬᠠᠶ ᠬᠡᠢ ᠶᠢᠨ ᠬᠡᠪ ᠤᠨ ᠪᠤᠰᠤ | ᠪᠠᠶᠢᠳᠠᠯ ᠢ ᠬᠢᠨᠠᠨ ᠬᠡᠮᠵᠢᠵᠦ ᠰᠡᠷᠡᠮᠵᠢᠯᠡᠭᠦᠯᠬᠦ ᠴᠢᠳᠠᠪᠤᠷᠢ ᠶᠢ ᠬᠦᠴᠦᠯᠡᠨ ᠲᠡᠭᠡᠭᠰᠢᠯᠡᠭᠦᠯᠵᠦ ᠪᠠᠶᠢᠨ᠎ᠠ᠃ | ᠰᠢᠲᠠᠮᠠᠬᠠᠶ ᠬᠡᠢ ᠬᠦᠷᠭᠡᠬᠦ ᠶᠠᠪᠤᠴᠠ ᠳᠤ ᠲᠡᠭᠡᠭᠡᠪᠦᠷᠢ ᠶᠢᠨ ᠠᠮᠤᠷ ᠲᠦᠪᠰᠢᠨ ᠤ ᠠᠰᠠᠭᠤᠳᠠᠯ ᠢ | ᠰᠢᠢᠳᠪᠦᠷᠢᠯᠡᠬᠦ ᠶᠢᠨ ᠲᠥᠯᠥᠭᠡ᠂ ᠬᠤᠨᠠᠨ ᠤ ᠬᠤᠸᠠ ᠷᠦᠩ ᠰᠢᠶᠠᠨ3 ᠲᠦᠮᠡᠨ ᠣᠶᠤᠨᠴᠢ ᠰᠢᠨ᠎ᠡ ᠰᠢᠲᠠᠮᠠᠬᠠᠶ | ᠬᠡᠢ ᠶᠢᠨ ᠯᠣᠩᠬᠤᠨ ᠳᠤ ᠴᠢᠫ ᠤᠭᠰᠠᠷᠠᠵᠤ᠂ 6 ᠲᠦᠮᠡᠨ ᠬᠠᠭᠤᠴᠢᠨ ᠬᠡᠢ ᠶᠢᠨ ᠯᠣᠩᠬᠤᠨ ᠳᠤ ᠬᠤᠶᠠᠷ ᠬᠡᠮᠵᠢᠯᠲᠦ | ᠺᠣᠳ᠋ ᠨᠠᠭᠠᠵᠤ᠂ ᠰᠢᠲᠠᠮᠠᠬᠠᠶ ᠬᠡᠢ ᠶᠢᠨ ᠯᠣᠩᠬᠤ ᠳᠤ ︽ᠡᠯᠧᠺᠲᠷᠣᠨ ᠪᠡᠶ᠎ᠡ ᠶᠢᠨ ᠦᠨᠡᠮᠯᠡᠯ︾ ᠤᠯᠭᠤᠵᠤ᠂ ᠨᠢᠭᠡ | ᠴᠤᠭᠴᠠᠵᠢᠭᠰᠠᠨ ᠬᠠᠮᠢᠶᠠᠷᠤᠯᠲᠠ ᠶᠢ ᠪᠡᠶᠡᠯᠡᠭᠦᠯᠪᠡ᠃ | ᠵᠢᠶᠠᠩᠱᠢ ᠶᠢᠨ ᠱᠠᠩ ᠯᠢ ᠰᠢᠶᠠᠨ ᠪᠦᠬᠦ ᠶᠠᠪᠤᠴᠠ ᠶᠢᠨ ᠣᠶᠤᠨᠴᠢ ᠰᠢᠲᠠᠮᠠᠬᠠᠶ ᠬᠡᠢ ᠶᠢᠨ ᠠᠮᠤᠷ | ᠲᠦᠪᠰᠢᠨ ᠤ ᠬᠢᠨᠠᠨ ᠬᠠᠮᠢᠶᠠᠷᠤᠯᠲᠠ ᠶᠢᠨ ᠲᠠᠪᠴᠠᠩ ᠢ ᠪᠠᠶᠢᠭᠤᠯᠵᠠᠢ᠃ ︽ᠲᠣᠰ ᠲᠠᠪᠴᠠᠩ ᠨᠢ ᠰᠢᠲᠠᠮᠠᠬᠠᠶ ᠬᠡᠶ | ᠬᠡᠷᠡᠭᠯᠡᠭᠰᠡᠨ ᠪᠠᠶᠢᠳᠠᠯ ᠢ ᠴᠠᠭ ᠲᠤᠬᠠᠶ ᠳᠤᠨᠢ ᠬᠢᠨᠠᠨ ᠬᠡᠮᠵᠢᠬᠦ ᠶᠢ ᠪᠡᠶᠡᠯᠡᠭᠦᠯᠵᠦ᠂ ᠰᠢᠲᠠᠮᠠᠬᠠᠶ ᠬᠡᠶ ᠯᠡᠪᠡᠷᠡᠵᠦ ᠪᠠᠶᠢᠭ᠎ᠠ | ᠠᠰᠠᠭᠤᠳᠠᠯ ᠢ ᠲᠡᠷᠡ ᠳᠠᠷᠤᠶ ᠳᠤᠨᠢ ᠮᠡᠳᠡᠷᠡᠵᠦ᠂ ᠲᠡᠷᠡ ᠳᠠᠷᠤᠶ ᠳᠤᠨᠢ ᠲᠦᠭᠰᠢᠭᠦᠷᠢ ᠮᠡᠳᠡᠭᠡᠯᠡᠬᠦ ᠲᠣᠭᠲᠠᠴᠠ ᠳᠤ | ᠬᠦᠷᠭᠡᠨ᠎ᠡ︾᠃ ᠱᠠᠩ ᠯᠢ ᠰᠢᠶᠠᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ | ᠲᠣᠪᠴᠢᠶ᠎ᠠ ᠶᠢᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠳ᠋ᠧᠩ ᠽᠢ ᠢᠦᠢ᠂ ᠲᠠᠪᠴᠠᠩ ᠨᠢ ᠪᠠᠰᠠ ᠣᠶᠤᠨᠴᠢ | ᠰᠢᠢᠳᠪᠦᠷᠢᠲᠦ ᠪᠤᠳᠤᠯᠭ᠎ᠠ ᠲᠣᠭᠲᠠᠭᠠᠵᠤ᠂ ᠲᠤᠬᠠᠢ ᠶᠢᠨ ᠲᠠᠯᠠᠪᠤᠷ ᠤᠨ ᠠᠵᠢᠯᠲᠠᠳ ᠢ ᠵᠢᠯᠣᠭᠤᠳᠤᠨ ᠵᠥᠪ | ᠣᠨᠣᠪᠴᠢᠲᠠᠢ ᠠᠷᠭᠠᠴᠠᠭᠠᠬᠤ ᠠᠷᠭ᠎ᠠ ᠬᠡᠮᠵᠢᠶ᠎ᠡ ᠠᠪᠴᠤ᠂ ᠴᠠᠭ ᠲᠤᠬᠠᠢ ᠳᠤᠨᠢ ᠰᠢᠢᠳᠪᠦᠷᠢᠯᠡᠵᠦ ᠴᠢᠳᠠᠨ᠎ᠠ᠃ | ᠰᠢᠲᠠᠮᠠᠬᠠᠶ ᠬᠡᠢ ᠯᠡᠪᠡᠷᠡᠭᠰᠡᠨ ᠠᠰᠠᠭᠤᠳᠠᠯ ᠢ ᠴᠠᠭ ᠲᠤᠬᠠᠶ ᠳᠤᠨᠢ ᠬᠢᠨᠠᠨ ᠡᠵᠡᠮᠳᠡᠬᠦ ᠪᠠᠷ ᠳᠠᠮᠵᠢᠭᠤᠯᠤᠨ᠂ | ᠤᠯᠠᠮᠵᠢᠯᠠᠯᠲᠤ ᠬᠢᠨᠠᠨ ᠡᠵᠡᠮᠳᠡᠬᠦ ᠠᠷᠭ᠎ᠠ ᠮᠠᠶ᠋ᠢᠭ ᠤᠨ ᠪᠠᠯᠠᠶ ᠣᠷᠣᠨ ᠠᠴᠠ ᠪᠦᠲᠦᠮᠵᠢᠲᠡᠶ ᠵᠠᠶᠢᠯᠠᠰᠬᠢᠵᠦ᠂ ᠰᠢᠲᠠᠮᠠᠬᠠᠶ | ᠬᠡᠢ ᠯᠡᠪᠡᠷᠡᠭᠰᠡᠨ ᠠᠴᠠ ᠪᠣᠯᠤᠭᠰᠠᠨ ᠠᠮᠤᠷ ᠲᠦᠪᠰᠢᠨ ᠤ ᠲᠦᠭᠰᠢᠭᠦᠷᠢ ᠶᠢ ᠬᠠᠮᠤᠭ ᠤᠨ ᠳᠣᠤᠷ᠎ᠠ ᠬᠡᠮᠵᠢᠶᠡᠨ ᠳᠤ | ᠬᠦᠷᠲᠡᠯ᠎ᠡ ᠪᠠᠭᠤᠷᠠᠭᠤᠯᠪᠠ ᠭᠡᠵᠦ ᠲᠠᠨᠢᠯᠴᠠᠭᠤᠯᠵᠠᠢ᠃ | ︽ᠠᠰᠠᠭᠤᠳᠠᠯ ᠲᠠᠢ ᠰᠢᠳᠠᠮᠠᠬᠠᠢ ᠬᠡᠢ︾ ᠵᠡᠷᠭᠡ ᠠᠮᠤᠷ ᠲᠦᠪᠰᠢᠨ ᠤ ᠲᠦᠭᠰᠢᠭᠦᠷᠢ ᠪᠠ ᠠᠳᠡᠯ ᠤᠨ ᠳᠠᠯᠳᠠ | ᠭᠡᠮ ᠳᠤ ᠴᠢᠭᠯᠡᠭᠦᠯᠦᠨ᠂ ᠮᠡᠷᠭᠡᠵᠢᠯ ᠤᠨ ᠰᠡᠷᠭᠡᠶᠢᠯᠡᠯᠲᠡ ᠠᠴᠠ ᠭᠠᠳᠠᠨ᠎ᠠ᠂ ᠦᠢᠯᠡᠳᠪᠦᠷᠢᠯᠡᠯ᠂ ᠰᠢᠳᠠᠮᠠᠬᠠᠢ ᠬᠡᠢ | ᠰᠠᠪᠠᠯᠠᠬᠤ᠂ ︽ᠠᠰᠠᠭᠤᠳᠠᠯ ᠲᠠᠢ ᠰᠢᠳᠠᠮᠠᠬᠠᠢ ᠬᠡᠢ︾ ᠡᠵᠡᠩᠨᠡᠬᠦ ᠠᠵᠤ ᠠᠬᠤᠶᠢᠯᠠᠯ ᠢ ᠭᠦᠨᠵᠡᠭᠡᠢ ᠪᠠᠶᠢᠴᠠᠭᠠᠨ ᠴᠢᠩᠭ᠎ᠠ | ᠰᠢᠢᠳᠬᠡᠵᠦ᠂ ᠬᠤᠲᠠ ᠪᠠᠯᠭᠠᠰᠤᠨ ᠤ ᠰᠢᠲᠠᠮᠠᠬᠠᠢ ᠬᠡᠢ ᠶᠢᠨ ᠡᠵᠡᠩᠨᠡᠯᠲᠡ᠂ ᠰᠠᠪᠠᠯᠠᠵᠦ ᠲᠡᠭᠡᠭᠡᠪᠦᠷᠢᠯᠡᠬᠦ ᠠᠵᠤ | ᠠᠬᠤᠶᠢᠯᠠᠯ ᠨᠢ ᠭᠠᠯ ᠤᠨᠲᠠᠷᠠᠭᠠᠬᠤ ᠬᠠᠤᠯᠢ ᠲᠣᠭᠲᠠᠭᠠᠯ ᠪᠠ ᠮᠡᠷᠭᠡᠵᠢᠯ ᠤᠨ ᠪᠠᠷᠢᠮᠵᠢᠶ᠎ᠠ ᠶᠢᠨ ᠱᠠᠭᠠᠷᠳᠠᠯᠭ᠎ᠠ ᠶᠢ | ᠵᠢᠷᠤᠮᠯᠠᠬᠤ ᠦᠭᠡᠢ᠂ ᠭᠠᠯ ᠤᠨᠲᠠᠷᠠᠭᠠᠬᠤ ᠲᠥᠬᠦᠭᠡᠷᠦᠮᠵᠢ ᠪᠡᠯᠡᠳᠭᠡᠮᠵᠢ ᠶᠢ ᠲᠣᠭᠲᠠᠭᠠᠯ ᠶᠣᠰᠣᠭᠠᠷ | ᠲᠣᠬᠢᠷᠠᠭᠤᠯᠤᠭᠰᠠᠨ ᠦᠭᠡᠢ ᠪᠤᠶᠤ ᠬᠠᠮᠠᠭᠠᠯᠠᠯᠲᠠ ᠨᠢ ᠬᠦᠷᠦᠯᠴᠡᠬᠦ ᠦᠭᠡᠢ ᠠᠴᠠ ᠪᠣᠯᠵᠤ ᠬᠡᠪ ᠤᠨ ᠶᠣᠰᠣᠭᠠᠷ | ᠬᠡᠷᠡᠭᠯᠡᠵᠦ ᠳᠡᠶᠢᠯᠬᠦ ᠦᠭᠡᠢ ᠪᠣᠯᠭᠠᠭᠰᠠᠨ ᠵᠡᠷᠭᠡ ᠠᠰᠠᠭᠤᠳᠠᠯ ᠢ ᠵᠠᠷᠯᠢᠭᠳᠠᠨ ᠵᠠᠯᠠᠷᠠᠭᠤᠯᠵᠤ᠂ ᠬᠠᠤᠯᠢ ᠶᠣᠰᠣᠭᠠᠷ | ᠴᠢᠩᠭ᠎ᠠ ᠰᠢᠢᠳᠬᠡᠬᠦ ᠬᠡᠷᠡᠭᠲᠡᠢ︔ ᠦᠢᠯᠡ ᠠᠵᠢᠯᠯᠠᠭ᠎ᠠ ᠨᠢ ᠬᠦᠨᠳᠦ ᠨᠣᠴᠢᠲᠠᠢ ᠪᠣᠯ ᠬᠠᠤᠯᠢ ᠶᠣᠰᠣᠭᠠᠷ ᠴᠢᠩᠭ᠎ᠠ | ᠬᠦᠨᠳᠦ ᠪᠠᠷ ᠰᠢᠢᠳᠬᠡᠬᠦ ᠬᠡᠷᠡᠭᠲᠡᠢ᠃ | ︽ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠠᠰᠤ ᠴᠢᠨᠠᠷ ᠪᠠ ᠬᠤᠲᠠ ᠪᠠᠯᠭᠠᠰᠤᠨ ᠤ ᠰᠢᠲᠠᠮᠠᠬᠠᠶ | ᠬᠡᠶ ᠶᠢᠨ ᠮᠥᠨ ᠴᠢᠨᠠᠷ ᠤᠨ ᠠᠮᠤᠷ ᠲᠦᠪᠰᠢᠨ ᠤ ᠬᠢᠷᠢ ᠲᠦᠪᠰᠢᠨ ᠢ ᠳᠡᠭᠡᠭᠰᠢᠯᠡᠭᠦᠯᠵᠦ᠂ ᠰᠢᠲᠠᠮᠠᠬᠠᠶ ᠬᠡᠶ ᠶᠢᠨ ᠠᠮᠤᠷ | ᠲᠦᠪᠰᠢᠨ ᠤ ᠵᠠᠰᠠᠯᠲᠠ ᠶᠢᠨ ᠵᠠᠭᠪᠤᠷ ᠢ ᠬᠡᠷᠡᠭ ᠤᠨ ᠡᠮᠦᠨ᠎ᠡ ᠤᠷᠢᠳᠴᠢᠯᠠᠨ ᠰᠡᠷᠭᠡᠶᠢᠯᠡᠬᠦ ᠳᠠᠰᠢ ᠬᠤᠪᠢᠷᠠᠭᠤᠯᠬᠤ ᠶᠢ | ᠠᠬᠢᠭᠤᠯᠵᠤ᠂ ᠬᠤᠲᠠ ᠪᠠᠯᠭᠠᠰᠤᠨ ᠤ ᠰᠢᠲᠠᠮᠠᠬᠠᠶ ᠬᠡᠶ ᠶᠢᠨ ᠠᠮᠤᠷ ᠲᠦᠪᠰᠢᠨ ᠤ ᠣᠷᠳᠣ ᠬᠤᠭᠤᠴᠠᠭᠠᠨ ᠤ | ᠪᠦᠲᠦᠮᠵᠢᠲᠡᠶ ᠲᠣᠭᠲᠠᠴᠠ ᠶᠢ ᠲᠦᠷᠭᠡᠳᠬᠡᠨ ᠪᠠᠶᠢᠭᠤᠯᠬᠤ ᠬᠡᠷᠡᠭᠲᠡᠶ︾ ᠭᠡᠵᠦ ᠵᠧᠩ ᠳ᠋ᠧᠩ ᠹᠧᠩ ᠬᠡᠯᠡᠵᠡᠢ᠃ | | ᠢᠷᠡᠯᠲᠡ᠄ ᠠᠷᠠᠳ ᠤᠨ ᠡᠳᠦᠷ ᠤᠨ ᠰᠣᠨᠢᠨ |