ᠲᠣᠭᠲᠠᠬᠤ ᠰᠢᠶᠠᠨ ᠤ ᠡᠮᠴᠢᠯᠡᠭᠡᠨ ᠤ ᠬᠠᠮᠲᠤ ᠶᠢᠨ ᠴᠣᠭᠴᠠ ᠶᠢᠨ ᠦᠨᠳᠦᠰᠦᠨ ᠱᠠᠲᠤᠨ ᠤ ᠮᠡᠳᠡᠭᠡ ᠵᠠᠩᠭᠢ ᠶᠢᠨ ᠰᠢᠰᠲ᠋ᠧᠮ ᠢ ᠨᠢᠭᠡ ᠴᠤᠭᠴᠠᠵᠢᠭᠤᠯᠬᠤ ᠠᠵᠢᠯ ᠢ ᠤᠷᠤᠭᠰᠢᠲᠠᠶ ᠠᠬᠢᠭᠤᠯᠵᠠᠢ
ᠨᠡᠶᠢᠲᠡᠯᠡᠭᠰᠡᠨ ᠴᠠᠭ᠄
2024/7/12
      ᠲᠣᠭᠲᠠᠬᠤ ᠰᠢᠶᠠᠨ ᠤ ᠡᠮᠴᠢᠯᠡᠭᠡᠨ ᠤ ᠬᠠᠮᠲᠤ ᠶᠢᠨ ᠴᠣᠭᠴᠠ ᠨᠢ ︽ᠦᠨᠳᠦᠰᠦᠨ ᠱᠠᠲᠤ ᠪᠠᠷ ᠭᠤᠤᠯᠳᠠᠯᠭ᠎ᠠ ᠪᠣᠯᠭᠠᠬᠤ︾ ᠠᠵᠢᠯ ᠤᠨ ᠴᠢᠭᠯᠡᠯᠲᠡ ᠪᠠᠷ ᠪᠥᠲᠥᠭᠡᠨ ᠪᠠᠶᠢᠭᠤᠯᠤᠯᠲᠠ ᠶᠢᠨ ᠠᠵᠢᠯ ᠢ ᠠᠬᠢᠭᠤᠯᠵᠤ᠂ ︽ᠨᠢᠭᠲᠠ ᠬᠡᠯᠪᠡᠷᠢ ᠶᠢᠨ ᠰᠢᠶᠠᠨ ᠤ ᠬᠡᠪᠴᠢᠶᠡᠨ ᠤ ᠡᠮᠴᠢᠯᠡᠭᠡ ᠡᠷᠡᠭᠦᠯ ᠬᠠᠮᠠᠭᠠᠯᠠᠯ ᠤᠨ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠪᠥᠬᠦ ᠲᠠᠯ᠎ᠠ ᠪᠠᠷ ᠠᠬᠢᠭᠤᠯᠬᠤ ᠲᠤᠬᠠᠶ ᠵᠢᠯᠣᠭᠤᠳᠬᠤ ᠰᠠᠨᠠᠯ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠢᠭᠲᠠ ᠬᠡᠯᠪᠡᠷᠢ ᠶᠢᠨ ᠰᠢᠶᠠᠨ ᠤ ᠬᠡᠪᠴᠢᠶᠡᠨ ᠤ ᠡᠮᠴᠢᠯᠡᠭᠡ ᠡᠷᠡᠭᠦᠯ ᠬᠠᠮᠠᠭᠠᠯᠠᠯ ᠤᠨ ᠬᠠᠮᠲᠤ ᠶᠢᠨ ᠴᠣᠭᠴᠠ ᠶᠢᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢᠨ ᠪᠠᠷᠢᠮᠵᠢᠶ᠎ᠠ︾ ᠶᠢᠨ ᠣᠶᠢᠯᠠᠭᠠᠯᠲᠠ ᠲᠠᠢ ᠤᠶᠠᠯᠳᠤᠭᠤᠯᠤᠨ᠂ ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠶᠢᠨ ᠰᠠᠭᠤᠭᠠᠯᠢ ᠠᠷᠠᠳ ᠲᠤ ᠣᠶᠢᠷᠠᠳᠬᠤ ᠂ ᠦᠨᠳᠦᠰᠦᠨ ᠱᠠᠲᠤᠨ ᠳᠤ ᠦᠨᠳᠦᠰᠦᠯᠡᠬᠦ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠮᠡᠳᠡᠭᠡ ᠵᠠᠩᠭᠢᠵᠢᠯᠲᠠ ᠶᠢᠨ ᠮᠡᠷᠭᠡᠵᠢᠯ ᠢᠶᠠᠷ ᠡᠪᠡᠳᠴᠢᠲᠡᠨ ᠳᠤ ᠨᠠᠩ ᠰᠠᠶᠢᠨ ᠦᠢᠯᠡᠴᠢᠯᠡᠭᠡ ᠬᠠᠩᠭᠠᠵᠤ᠂ ᠦᠨᠳᠦᠰᠦᠨ ᠱᠠᠲᠤᠨ ᠤ ᠭᠦ᠋ ᠴᠧᠩ ᠡᠷᠡᠭᠦᠯ ᠬᠠᠮᠠᠭᠠᠯᠠᠯ ᠤᠨ ᠬᠤᠷᠢᠶ᠎ᠠ ᠣᠳᠣᠬᠠᠨ ᠳᠤ ᠲᠣᠭᠠᠯᠠᠨ ᠪᠦᠷᠢᠳᠬᠡᠵᠦ ᠬᠥᠮᠥᠷᠭᠡ ᠳᠤ ᠣᠷᠣᠭᠤᠯᠬᠤ᠂ ᠰᠢᠰᠲ᠋ᠧᠮ ᠢ ᠬᠠᠮᠠᠭᠠᠯᠠᠨ ᠰᠢᠨᠡᠳᠬᠡᠬᠦ ᠠᠵᠢᠯ ᠢ ᠪᠡᠶᠡᠯᠡᠭᠦᠯᠵᠦ᠂ 6 ᠳ᠋ᠤᠭᠠᠷ ᠰᠠᠷ᠎ᠠ ᠶᠢᠨ 25 ᠤ ᠡᠳᠦᠷ ᠵᠢᠩᠬᠢᠨᠢ ᠪᠠᠷ ᠡᠬᠢᠯᠡᠨ ᠬᠡᠷᠡᠭᠯᠡᠬᠦ ᠶᠢᠨ ᠬᠠᠮᠲᠤ ᠡᠮᠴᠢᠯᠡᠭᠡᠨ ᠤ ᠬᠠᠮᠲᠤ ᠶᠢᠨ ᠴᠣᠭᠴᠠ ᠶᠢᠨ ᠲᠠᠪᠴᠠᠩ ᠳᠤ ᠵᠠᠯᠭᠠᠨ ᠣᠷᠣᠭᠤᠯᠪᠠ᠃
     ᠲᠣᠭᠲᠠᠬᠤ ᠰᠢᠶᠠᠨ ᠤ ᠡᠮᠴᠢᠯᠡᠭᠡᠨ ᠤ ᠬᠠᠮᠲᠤ ᠶᠢᠨ ᠴᠣᠭᠴᠠ ᠶᠢᠨ ᠮᠡᠳᠡᠭᠡ ᠵᠠᠩᠭᠢ ᠶᠢᠨ ᠰᠢᠰᠲ᠋ᠧᠮ ᠢ ᠨᠢᠭᠡ ᠴᠤᠭᠴᠠᠵᠢᠭᠤᠯᠬᠤ ᠪᠥᠲᠥᠭᠡᠨ ᠪᠠᠶᠢᠭᠤᠯᠤᠯᠲᠠ ᠨᠢ ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠶᠢᠨ ᠡᠮᠴᠢᠯᠡᠭᠡᠨ ᠤ ᠦᠢᠯᠡᠴᠢᠯᠡᠭᠡᠨ ᠤ ᠴᠢᠳᠠᠪᠤᠷᠢ ᠪᠠ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠳᠡᠭᠡᠳᠦ ᠱᠠᠲᠤᠨ ᠤ ᠡᠮᠨᠡᠯᠭᠡ ᠶᠢᠨ ᠬᠤᠷᠢᠶ᠎ᠠ ᠲᠠᠢ ᠨᠢᠭᠲᠠ ᠬᠠᠮᠵᠢᠯᠴᠠᠬᠤ ᠪᠠ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠶᠢ ᠪᠡᠶᠡᠯᠡᠭᠦᠯᠬᠦ ᠶᠢᠨ ᠬᠠᠮᠲᠤ ᠲᠥᠷᠥ ᠶᠢᠨ ᠪᠣᠳᠣᠯᠭ᠎ᠠ ᠶᠢᠨ ᠵᠢᠯᠣᠭᠤᠳᠣᠯᠭ᠎ᠠ᠂ ᠵᠠᠰᠠᠭ ᠵᠠᠬᠢᠷᠭᠠᠨ ᠤ ᠬᠢᠨᠠᠨ ᠬᠠᠮᠢᠶᠠᠷᠤᠯᠲᠠ ᠵᠡᠷᠭᠡ ᠠᠷᠭ᠎ᠠ ᠪᠠᠷᠢᠯ ᠢᠶᠠᠷ ᠳᠠᠮᠵᠢᠭᠤᠯᠤᠨ᠂ ᠡᠮᠴᠢᠯᠡᠭᠡᠨ ᠤ ᠬᠠᠮᠲᠤ ᠶᠢᠨ ᠴᠣᠭᠴᠠ ᠶᠢᠨ ᠮᠡᠳᠡᠭᠡ ᠵᠠᠩᠭᠢᠵᠢᠯᠲᠠ ᠶᠢᠨ ᠡᠮᠬᠢ ᠵᠢᠷᠤᠮ ᠲᠠᠢ ᠬᠥᠭᠵᠢᠯᠲᠡ ᠶᠢ ᠠᠬᠢᠭᠤᠯᠪᠠ᠃ᠢᠷᠡᠯᠳᠡ᠄ ᠲᠣᠭᠲᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠶᠦᠨ ᠵᠦᠩ ᠬᠠᠮ ᠵᠠᠭᠤᠴᠢᠯᠠᠭᠤᠷ    
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1