ᠲᠤᠭᠳᠠᠬᠤ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠵᠣᠨ ᠤ ᠤᠯᠠᠷᠢᠯ ᠤᠨ ᠠᠮᠤᠷ ᠢ ᠬᠠᠮᠠᠭᠠᠯᠠᠬᠤ ᠴᠣᠬᠢᠯᠲᠠ ᠥᠭᠴᠦ ᠴᠡᠭᠴᠡᠯᠡᠨ ᠵᠠᠰᠠᠬᠤ ᠬᠤᠶᠠᠳᠤᠭᠠᠷ ᠤᠳᠠᠭᠠᠨ ᠤ ᠲᠥᠪᠯᠡᠷᠡᠩᠭᠦᠶ ᠨᠢᠭᠡᠳᠦᠯᠲᠡᠶ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/7/12
      ᠪᠥᠬᠦ ᠤᠯᠤᠰ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠵᠣᠨ ᠤ ᠤᠯᠠᠷᠢᠯ ᠤᠨ ᠠᠮᠤᠷ ᠢ ᠬᠠᠮᠠᠭᠠᠯᠠᠬᠤ ᠲᠣᠭᠤᠷᠢᠨ ᠪᠠᠶᠢᠴᠠᠭᠠᠯᠲᠠ ᠶᠢᠨ ᠤᠬᠠᠭᠤᠯᠤᠨ ᠰᠡᠷᠭᠡᠶᠢᠯᠡᠬᠦ ᠲᠥᠪᠯᠡᠷᠡᠩᠭᠦᠶ ᠨᠢᠭᠡᠳᠦᠯᠲᠡᠶ ᠠᠵᠢᠯᠯᠠᠭ᠎ᠠ ᠶᠢᠨ ᠲᠣᠬᠢᠷᠠᠭᠤᠯᠤᠯᠲᠠ ᠶᠢ ᠦᠨᠳᠦᠰᠦᠯᠡᠨ᠂ 2024 ᠣᠨ ᠤ 7 ᠳ᠋ᠤᠭᠠᠷ ᠰᠠᠷ᠎ᠠ ᠶᠢᠨ 6 ᠤ ᠡᠳᠦᠷ᠂ ᠲᠣᠭᠲᠠᠬᠤ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠵᠣᠨ ᠤ ᠤᠯᠠᠷᠢᠯ ᠤᠨ ᠠᠮᠤᠷ ᠢ ᠬᠠᠮᠠᠭᠠᠯᠠᠬᠤ ᠲᠣᠭᠤᠷᠢᠨ ᠪᠠᠶᠢᠴᠠᠭᠠᠯᠲᠠ ᠶᠢᠨ ᠤᠬᠠᠭᠤᠯᠤᠨ ᠰᠡᠷᠭᠡᠶᠢᠯᠡᠬᠦ ᠬᠤᠶᠠᠳᠤᠭᠠᠷ ᠤᠳᠠᠭᠠᠨ ᠤ ᠲᠥᠪᠯᠡᠷᠡᠩᠭᠦᠶ ᠨᠢᠭᠡᠳᠦᠯᠲᠡᠶ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠪᠡ᠃
     ᠵᠣᠨ ᠤ ᠤᠯᠠᠷᠢᠯ ᠤᠨ ᠨᠡᠶᠢᠭᠡᠮ ᠤᠨ ᠠᠮᠤᠷ ᠲᠦᠪᠰᠢᠨ ᠤ ᠣᠨᠴᠠᠯᠢᠭ ᠲᠤ ᠴᠢᠭᠯᠡᠭᠦᠯᠦᠨ᠂ ᠲᠣᠭᠲᠠᠬᠤ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠡᠯ᠎ᠡ ᠰᠠᠯᠠᠭ᠎ᠠ ᠮᠥᠴᠢᠷ ᠴᠣᠬᠢᠯᠲᠠ ᠥᠭᠬᠦ᠂ ᠰᠡᠷᠭᠡᠶᠢᠯᠡᠬᠦ᠂ ᠬᠠᠮᠢᠶᠠᠷᠬᠤ᠂ ᠵᠠᠰᠠᠬᠤ ᠡᠯ᠎ᠡ ᠵᠦᠢᠯ ᠤᠨ ᠠᠵᠢᠯ ᠤᠨ ᠠᠷᠭ᠎ᠠ ᠬᠡᠮᠵᠢᠶ᠎ᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠣᠳᠣᠬᠠᠨ ᠤ ᠠᠮᠤᠷ ᠲᠣᠭᠲᠠᠭᠤᠨ ᠢ ᠬᠠᠮᠠᠭᠠᠯᠠᠬᠤ ᠪᠠᠶᠢᠳᠠᠯ ᠢ ᠣᠨᠣᠪᠴᠢᠲᠠᠶ ᠡᠵᠡᠮᠳᠡᠪᠡ᠃ ᠠᠵᠢᠯ ᠤᠨ ᠭᠤᠤᠯᠳᠠᠯᠭ᠎ᠠ ᠶᠢ ᠳᠣᠪᠤᠶᠢᠯᠭᠠᠨ᠂ ᠵᠠᠩᠭᠢᠯᠠᠭ᠎ᠠ ᠶᠢᠨ ᠭᠤᠭᠴᠤᠭ᠎ᠠ ᠶᠢ ᠠᠳᠬᠤᠵᠤ᠂ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠶᠢ ᠥᠴᠦᠬᠡᠨ ᠴᠦ ᠠᠭᠤᠴᠢᠯᠠᠬᠤ ᠥᠬᠡᠶ ᠪᠠᠶᠢᠵᠤ᠂ ᠰᠢᠶᠠᠨ ᠤ ᠬᠡᠪᠴᠢᠶᠡᠨ ᠳᠠᠬᠢ ᠭᠤᠤᠯᠳᠠᠯᠭ᠎ᠠ ᠲᠠᠢ ᠣᠷᠣᠨ ᠪᠦᠰᠡ ᠳᠤ ᠬᠤᠷᠢᠭ᠎ᠠ ᠲᠠᠯᠪᠢᠵᠤ ᠪᠠᠶᠢᠴᠠᠭᠠᠬᠤ ᠠᠵᠢᠯ ᠢ ᠥᠷᠨᠢᠭᠦᠯᠵᠦ ᠂ ᠠᠮᠤᠷ ᠢ ᠬᠠᠮᠠᠭᠠᠯᠠᠬᠤ ᠪᠤᠳᠤᠯᠢᠶᠠᠨᠲᠠᠶ ᠭᠠᠵᠠᠷ ᠣᠷᠣᠨ ᠪᠠ ᠵᠡᠭᠡᠯᠢ ᠭᠤᠳᠤᠮᠵᠢ ᠵᠡᠷᠭᠡ ᠪᠠᠭᠤᠷᠠᠶ ᠣᠷᠣᠨ ᠪᠦᠰᠡ ᠶᠢ ᠰᠡᠷᠭᠡᠶᠢᠯᠡᠵᠦ᠂ ᠨᠡᠶᠢᠭᠡᠮ ᠤᠨ ᠠᠮᠤᠷ ᠲᠦᠪᠰᠢᠨ ᠤ ᠲᠣᠭᠤᠷᠢᠨ ᠪᠠᠶᠢᠴᠠᠭᠠᠵᠤ ᠤᠬᠠᠭᠤᠯᠤᠨ ᠰᠡᠷᠭᠡᠶᠢᠯᠡᠬᠦ ᠠᠵᠢᠯᠯᠠᠭ᠎ᠠ ᠶᠢ ᠪᠥᠬᠦ ᠲᠠᠯ᠎ᠠ ᠪᠠᠷ ᠵᠣᠬᠢᠶᠠᠨ ᠪᠠᠶᠢᠭᠤᠯᠤᠨ ᠥᠷᠨᠢᠭᠦᠯᠵᠦ᠂ ᠣᠯᠠᠨ ᠢᠶᠠᠷ ᠢᠶᠠᠨ ᠰᠡᠷᠭᠡᠶᠢᠯᠡᠵᠦ ᠣᠯᠠᠨ ᠢᠶᠠᠷ ᠢᠶᠠᠨ ᠵᠠᠰᠠᠬᠤ ᠶᠢ ᠪᠥᠬᠦ ᠲᠠᠯ᠎ᠠ ᠪᠠᠷ ᠳᠠᠶᠢᠴᠢᠯᠠᠨ᠂ ᠵᠥᠷᠢᠴᠡᠯ ᠵᠢᠭᠤᠷᠠᠯᠳᠤᠭᠠᠨ ᠢ ᠥᠴᠦᠬᠡᠨ ᠴᠦ ᠨᠠᠮᠳᠠᠭᠤᠯᠵᠤ᠂ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠠᠷᠠᠳ ᠣᠯᠠᠨ ᠤ ᠠᠮᠤᠷ ᠲᠦᠪᠰᠢᠨ ᠤ ᠲᠥᠷᠥᠭᠳᠡᠯ ᠪᠠ ᠬᠠᠨᠤᠮᠵᠢ ᠶᠢᠨ ᠬᠡᠮᠵᠢᠶ᠎ᠡ ᠶᠢ ᠦᠨᠡᠨ ᠬᠦ  ᠲᠡᠭᠡᠭᠰᠢᠯᠡᠭᠦᠯᠪᠡ᠃
    ᠲᠤᠰ ᠤᠳᠠᠭᠠᠨ ᠤ ᠠᠵᠢᠯᠯᠠᠭ᠎ᠠ ᠳᠤ᠂ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ 19 ᠪᠠᠶᠢᠵᠤ᠂ ᠲᠡᠷᠭᠡ ᠫᠠᠶᠢᠰᠠ ᠦᠨᠡᠮᠯᠡᠯ ᠳᠤ ᠬᠤᠯᠪᠣᠭᠳᠠᠭᠰᠠᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ 1 ᠪᠠᠶᠢᠴᠠᠭᠠᠨ ᠰᠢᠢᠳᠪᠦᠷᠢᠯᠡᠵᠦ᠂ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠪᠤᠰᠤᠳ ᠦᠢᠯᠡ ᠠᠵᠢᠯᠯᠠᠭ᠎ᠠ ᠶᠢ 3 ᠪᠠᠶᠢᠴᠠᠭᠠᠨ ᠰᠢᠢᠳᠪᠦᠷᠢᠯᠡᠪᠡ᠃ 11 ᠠᠮᠤᠷ ᠲᠦᠪᠰᠢᠨ ᠤ ᠳᠠᠯᠳᠠ ᠭᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠵᠤ᠂ 15 ᠬᠤᠷᠢᠭ᠎ᠠ ᠲᠠᠢ ᠢᠷᠲᠦ ᠪᠠᠭᠠᠵᠢ ᠶᠢ ᠬᠤᠷᠢᠶᠠᠨ ᠠᠪᠤᠪᠠ᠃ ᠵᠠᠰᠠᠭ ᠵᠠᠬᠢᠷᠭᠠᠨ ᠤ ᠬᠡᠷᠡᠭ ᠢ 9᠂ ᠵᠠᠰᠠᠭ ᠵᠠᠬᠢᠷᠭᠠᠨ ᠤ ᠰᠢᠢᠳᠬᠡᠯ 18᠂ ᠡᠭᠦᠨ ᠳᠤ 5 ᠬᠥᠮᠥᠨ ᠢ ᠵᠠᠰᠠᠭ ᠵᠠᠬᠢᠷᠭᠠᠨ ᠢᠶᠠᠷ ᠲᠦᠷ ᠬᠤᠷᠢᠵᠤ᠂ 15 ᠬᠥᠮᠥᠨ ᠢ ᠵᠣᠭᠤᠰ ᠢᠶᠠᠷ ᠲᠣᠷᠭᠠᠪᠠ᠃
   ᠬᠥᠳᠡᠭᠡ ᠲᠣᠰᠭᠤᠨ ᠤ ᠬᠡᠷᠡᠭ ᠢ ᠪᠠᠶᠢᠴᠠᠭᠠᠬᠤ ᠶᠡᠭᠡ ᠠᠩᠭᠢ ᠨᠢᠭᠡ ᠤᠳᠠᠭᠠᠨ ᠤ ᠳᠠᠭᠠᠭᠠᠴᠢᠯᠠᠯᠲᠠ ᠬᠦᠯᠢᠶᠡᠬᠦ ᠬᠡᠷᠡᠭ ᠢ ᠢᠯᠡᠷᠡᠭᠦᠯᠵᠦ ᠡᠷᠡᠭᠦᠦ ᠶᠢᠨ ᠬᠡᠷᠡᠭ ᠤᠨ ᠠᠯᠪᠠᠳᠠᠯᠭ᠎ᠠ ᠶᠢᠨ ᠠᠷᠭ᠎ᠠ ᠬᠡᠮᠵᠢᠶ᠎ᠡ ᠠᠪᠴᠠᠢ᠃
     ᠶᠦᠨ ᠵᠦᠩ ᠵᠠᠮ ᠤᠨ ᠲᠣᠮᠢᠯᠠᠭᠰᠠᠨ ᠰᠠᠯᠪᠤᠷᠢ
     ᠭᠦ᠋ ᠴᠧᠩ ᠲᠣᠮᠢᠯᠠᠭᠰᠠᠨ ᠰᠠᠯᠪᠤᠷᠢ
     ᠶᠦᠨ ᠵᠦᠩ ᠵᠠᠮ ᠤᠨ ᠲᠣᠮᠢᠯᠠᠭᠰᠠᠨ ᠰᠠᠯᠪᠤᠷᠢ᠂ ᠬᠠᠲᠤᠨ ᠭᠤᠣᠯ ᠤᠨ ᠨᠤᠭᠤ ᠭᠠᠵᠠᠷ ᠤᠨ ᠲᠣᠮᠢᠯᠠᠭᠰᠠᠨ ᠰᠠᠯᠪᠤᠷᠢ
    ᠫᠢᠩ ᠠᠨ ᠵᠠᠮ ᠤᠨ ᠲᠣᠮᠢᠯᠠᠭᠰᠠᠨ ᠰᠠᠯᠪᠤᠷᠢ
    ᠰᠢᠨ᠎ᠡ ᠶᠢᠩᠽᠢ ᠲᠣᠮᠢᠯᠠᠭᠰᠠᠨ ᠰᠠᠯᠪᠤᠷᠢ
   ᠲᠠᠪᠢᠨ ᠭᠡᠷ ᠲᠣᠮᠢᠯᠠᠭᠰᠠᠨ ᠰᠠᠯᠪᠤᠷᠢ
   ᠶᠠᠨ ᠱᠠᠨ ᠶᠢᠩ ᠲᠣᠮᠢᠯᠠᠭᠰᠠᠨ ᠰᠠᠯᠪᠤᠷᠢᠢᠷᠡᠯᠳᠡ᠄ ᠲᠣᠭᠲᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠶᠦᠨ ᠵᠦᠩ ᠬᠠᠮ ᠵᠠᠭᠤᠴᠢᠯᠠᠭᠤᠷ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1