ᠵᠠᠰᠠᠭ ᠤᠨ ᠶᠠᠪᠤᠳᠠᠯ ᠤᠨ ᠥᠢᠯᠡᠴᠢᠯᠡᠭᠡ ᠶᠢ ︽ᠭᠥᠢᠴᠡᠳᠭᠡᠵᠦ ᠳᠡᠶᠢᠯᠬᠦ︾ ᠠᠴᠠ ︽ᠰᠠᠶᠢᠨ ᠭᠥᠢᠴᠡᠳᠭᠡᠬᠦ︾ ᠲᠡᠰᠢ ᠬᠤᠪᠢᠷᠠᠭᠤᠯᠤᠨ᠎ᠠ
ᠨᠡᠶᠢᠲᠡᠯᠡᠭᠰᠡᠨ ᠴᠠᠭ᠄
2024/7/12
      ᠵᠠᠰᠠᠭ ᠤᠨ ᠶᠠᠪᠤᠳᠠᠯ ᠤᠨ ᠥᠭᠡᠷᠡᠴᠢᠯᠡᠯᠲᠡ ᠶᠢ ᠠᠬᠢᠭᠤᠯᠬᠤ ᠪᠣᠯ ᠠᠷᠠᠳ ᠤᠨ ᠰᠡᠳᠬᠢᠯ ᠤᠨ ᠬᠠᠨᠳᠤᠰᠢ᠂ ᠠᠷᠠᠳ ᠤᠨ ᠰᠠᠨᠠᠭ᠎ᠠ ᠵᠤᠷᠢᠯᠭ᠎ᠠ ᠪᠣᠯᠤᠨ᠎ᠠ᠃     ᠣᠶᠢᠷ᠎ᠠ ᠶᠢᠨ ᠵᠢᠯ ᠳᠤ᠂ ᠪᠥᠬᠦ ᠣᠷᠣᠨ ᠤ ᠡᠯ᠎ᠡ ᠭᠠᠵᠠᠷ ᠤᠨ ᠬᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠩᠰᠠ ᠡᠪᠬᠡᠮᠡᠯ ᠢ ᠳᠡᠭᠡᠭᠰᠢᠯᠡᠭᠦᠯᠦᠨ ᠲᠠᠰ ᠳᠡᠪᠰᠢᠭᠦᠯᠬᠦ᠂ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠲᠠᠰᠤᠷᠠᠯᠲᠠ ᠥᠬᠡᠶ ᠲᠦᠷᠭᠡᠳᠬᠡᠵᠦ᠂ ᠠᠯᠢ ᠣᠯᠠᠨ ᠬᠦᠴᠦᠲᠡᠶ ᠪᠦᠲᠦᠮᠵᠢᠲᠡᠶ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠪᠠᠷ ᠦᠢᠯᠡᠴᠢᠯᠡᠭᠡᠨ ᠤ ᠳᠥᠭᠦᠮ ᠳᠥᠲᠡ ᠬᠡᠮᠵᠢᠶ᠎ᠡ ᠪᠠ ᠠᠵᠤ ᠠᠬᠤᠶᠢᠯᠠᠯ᠂ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ ᠢ ᠳᠡᠭᠡᠭᠰᠢᠯᠡᠭᠦᠯᠵᠦ᠂ ᠮᠠᠨ ᠤ ᠣᠷᠣᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠢᠨ᠎ᠡ ᠬᠠᠭᠤᠳᠠᠰᠤ ᠶᠢ ᠪᠢᠴᠢᠭᠯᠡᠪᠡ᠃     ︽ᠥᠨᠳᠥᠷ ᠪᠦᠲᠦᠮᠵᠢᠲᠡᠶ ᠪᠠᠷ ᠠᠵᠢᠯ ᠶᠠᠪᠤᠳᠠᠯ ᠭᠦᠢᠴᠡᠳᠭᠡᠬᠦ︾ ᠪᠠᠷ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢᠨ ᠳᠠᠬᠢᠨ ᠲᠡᠭᠡᠭᠰᠢᠯᠡᠯᠳᠡ ᠳᠤ ᠬᠦᠴᠦᠨ ᠨᠡᠮᠡᠷᠢᠯᠡᠨ᠎ᠡ     ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠲᠤ ᠰᠠᠭᠤᠵᠤ ᠪᠠᠶᠢᠭ᠎ᠠ ᠳ᠋ᠧᠩ ᠠᠪᠠᠭ᠋ᠠᠶ᠂ ᠲᠦᠷᠦᠭᠦᠬᠡᠨ ᠬᠡᠦᠬᠡᠳ ᠳᠡᠭᠡᠨ ᠬᠠᠮᠢᠶ᠎ᠠ ᠪᠥᠬᠦᠶ ᠭᠠᠷᠳᠠᠮ ᠭᠦᠢᠴᠡᠳᠭᠡᠬᠦ ᠦᠶ᠎ᠡ ᠳᠤ ᠣᠯᠵᠤ ᠮᠡᠳᠡᠭᠰᠡᠨ ᠨᠢ ︽ᠮᠥᠩᠬᠡ ᠰᠤᠪᠠᠭ︾ ᠢᠶᠠᠷ ᠳᠠᠮᠵᠢᠭᠤᠯᠤᠨ ᠬᠡᠷ ᠠᠴᠠ ᠪᠠᠨ ᠭᠠᠷᠬᠤ ᠦᠭᠡᠢ ᠪᠠᠷ ︽ᠨᠢᠭᠡ ᠯᠡ ᠥᠷᠲᠡᠭᠡᠨ ᠤ ᠮᠠᠶ᠋ᠢᠭ︾ ᠢᠶᠠᠷ ᠭᠦᠢᠴᠡᠳᠬᠡᠬᠦ ᠶᠢ ᠪᠡᠶᠡᠯᠡᠭᠦᠯᠪᠡ᠃ ᠡᠮᠦᠨ᠎ᠡ ᠨᠢ ︽ᠭᠠᠷ ᠭᠦᠢᠴᠡᠳᠬᠡᠯ ᠠᠷᠪᠢᠨ ᠮᠥᠷᠲᠡᠭᠡᠨ ᠡᠮᠬᠢ ᠵᠠᠮᠪᠠᠷᠠᠭ᠎ᠠ ᠦᠭᠡᠢ ᠂ ᠨᠢᠭᠡ ᠠᠷᠪᠢᠨ ᠮᠠᠲ᠋ᠧᠷᠢᠶᠠᠯ ᠠᠪᠴᠤ ᠡᠯ᠎ᠡ ᠰᠠᠯᠠᠭ᠎ᠠ ᠮᠥᠴᠢᠷ ᠲᠤ ᠨᠠᠰᠢ ᠴᠠᠰᠢ ᠭᠦᠶᠦᠨ᠎ᠡ᠂ ᠤᠳᠤ ᠨᠢᠭᠡ ᠭᠠᠷ ᠤᠲᠠᠰᠤ ᠪᠠᠷ ᠪᠦᠭᠦᠳᠡ ᠶᠢ ᠬᠢᠵᠦ ᠴᠢᠳᠠᠨ᠎ᠠ ᠭᠡᠵᠦ ᠪᠣᠳᠣᠵᠤ ᠣᠯᠤᠭᠰᠠᠨ ᠦᠭᠡᠢ᠂ ᠳᠠᠩᠴᠤ ᠳᠥᠭᠦᠮ ᠳ᠋ᠠ︕︾  ᠂ ︽ᠮᠥᠩᠬᠡ ᠰᠤᠪᠠᠭ︾ App ᠳᠤ ᠮᠡᠳᠡᠭᠡ ᠵᠠᠩᠭᠢ ᠪᠠᠨ ᠲᠠᠭᠯᠠᠵᠤ᠂ ᠮᠠᠲ᠋ᠧᠷᠢᠶᠠᠯ ᠢᠶᠠᠨ ᠲᠤᠰᠢᠶᠠᠪᠠ᠂ ᠬᠡᠦᠬᠡᠳ ᠤᠨ ᠲᠥᠷᠥᠭᠰᠡᠨ ᠭᠡᠷᠡᠴᠢ ᠶᠢ ᠨᠢ ᠰᠢᠦᠳᠠᠨ ᠢᠶᠠᠷ ᠭᠡᠷ ᠳᠤᠨᠢ ᠢᠯᠡᠭᠡᠵᠦ᠂ ᠲᠡᠭᠦᠨ ᠢ ᠮᠠᠰᠢ ᠳᠤᠯᠠᠭᠠᠬᠠᠨ ᠰᠠᠨᠠᠭᠳᠠᠭᠤᠯᠪᠠ ᠭᠡᠵᠤ ᠬᠡᠯᠡᠪᠡ᠃     ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠠᠴᠠ ᠲᠥᠷᠥᠭᠰᠡᠨ ᠠᠨᠠᠭᠠᠬᠤ ᠤᠬᠠᠭᠠᠨ ᠤ ᠭᠡᠷᠡᠴᠢᠯᠡᠯ ᠤᠨ ᠬᠠᠮᠢᠶᠠᠷᠤᠯᠲᠠ ᠶᠢᠨ ᠰᠢᠰᠲ᠋ᠧᠮ᠂ ᠨᠡᠶᠢᠭᠡᠮ ᠤᠨ ᠪᠠᠲᠤᠯᠠᠭ᠎ᠠ ᠶᠢᠨ ᠺᠠᠷᠲ ᠤᠨ ᠬᠠᠮᠢᠶᠠᠷᠤᠯᠲᠠ ᠶᠢᠨ ᠰᠢᠰᠲ᠋ᠧᠮ᠂ ᠡᠮᠴᠢᠯᠡᠭᠡᠨ ᠤ ᠪᠠᠲᠤᠯᠠᠭ᠎ᠠ ᠶᠢᠨ ᠮᠡᠳᠡᠭᠡ ᠵᠠᠩᠭᠢ ᠵᠡᠷᠭᠡ ᠲᠠᠪᠴᠠᠩ ᠢ ᠵᠣᠯᠭᠠᠭᠤᠯᠵᠤ᠂ ︽ᠨᠢᠭᠡ ᠤᠳᠠᠭ᠎ᠠ ᠳᠤ ᠭᠤᠶᠤᠴᠢᠯᠠᠨ ᠮᠡᠳᠡᠭᠦᠯᠬᠦ᠂ ᠰᠦᠯᠵᠢᠶᠡᠨ ᠳᠡᠭᠡᠷ᠎ᠡ ᠬᠠᠮᠲᠤᠷᠠᠨ ᠭᠦᠢᠴᠡᠳᠭᠡᠬᠦ᠂ ᠥᠨᠳᠥᠷ ᠪᠦᠲᠦᠮᠵᠢᠲᠡᠶ ᠪᠠᠷ ᠬᠠᠮᠵᠢᠯᠴᠠᠬᠤ᠂ ᠬᠠᠮᠲᠤ ᠪᠠᠷ ᠡᠳ᠋ᠯᠡᠵᠦ ᠬᠡᠷᠡᠭᠯᠡᠬᠦ᠂ ᠪᠥᠬᠦ ᠶᠠᠪᠤᠴᠠ ᠳᠤ ᠰᠢᠮᠳᠠᠭᠤᠯᠤᠨ ᠭᠦᠢᠴᠡᠳᠭᠡᠬᠦ︾ ᠪᠥᠬᠦ ᠶᠠᠪᠤᠴᠠ ᠶᠢ ᠰᠦᠯᠵᠢᠶ᠎ᠡ ᠪᠠᠷ ᠭᠦᠢᠴᠡᠳᠭᠡᠬᠦ ᠦᠢᠯᠡᠴᠢᠯᠡᠭᠡᠨ ᠤ ᠵᠠᠭᠪᠤᠷ ᠢ ᠪᠡᠶᠡᠯᠡᠭᠦᠯᠬᠦ ᠶᠢ ᠠᠬᠢᠭᠤᠯᠵᠤ᠂ ᠬᠤᠲᠠ ᠶᠢᠨ ᠠᠷᠠᠳ ᠤᠨ ᠠᠵᠢᠯ ᠶᠠᠪᠤᠳᠠᠯ ᠭᠦᠢᠴᠡᠳᠭᠡᠬᠦ ᠬᠡᠷᠡᠭᠴᠡᠭᠡ ᠱᠠᠭᠠᠷᠳᠠᠯᠭ᠎ᠠ ᠶᠢ ᠪᠦᠲᠦᠮᠵᠢᠲᠡᠶ ᠬᠠᠩᠭᠠᠵᠠᠢ᠂ ᠡᠨᠡ ᠬᠦ ᠵᠠᠰᠠᠭ ᠤᠨ ᠶᠠᠪᠤᠳᠠᠯ ᠤᠨ ᠠᠷᠭ᠎ᠠ ᠮᠠᠶ᠋ᠢᠭ ᠨᠢ ᠴᠥᠭᠡᠨ ᠪᠤᠰᠤ ᠰᠠᠭᠤᠭᠠᠯᠢ ᠠᠷᠠᠳ ᠲᠤ ᠲᠥᠬᠦᠮ ᠦᠵᠡᠭᠦᠯᠪᠡ᠃     ︽ᠡᠭᠦᠨ ᠠᠴᠠ ᠡᠮᠦᠨ᠎ᠡ ᠨᠢᠷᠠᠢ ᠬᠡᠦᠬᠡᠳ ᠲᠥᠷᠥᠭᠰᠡᠨ ᠤ ᠳᠠᠷᠠᠭ᠎ᠠ᠂ ᠡᠴᠢᠭᠡ ᠡᠬᠡ ᠨᠢ ᠦᠷᠭᠦᠯᠵᠢ ᠣᠯᠠᠨ ᠰᠠᠯᠠᠭ᠎ᠠ ᠮᠥᠴᠢᠷ ᠲᠤ ᠣᠴᠢᠵᠤ ᠲᠦᠷᠦᠭᠰᠡᠨ ᠠᠨᠠᠭᠠᠬᠤ ᠤᠬᠠᠭᠠᠨ ᠤ ᠭᠡᠷᠡᠴᠢ᠂ ᠡᠷᠦᠬᠡ ᠠᠮᠠ ᠶᠢᠨ ᠳᠡᠩᠰᠡᠯᠡᠯᠲᠡ᠂ ᠡᠮ ᠡᠮᠨᠡᠯᠭᠡ ᠶᠢᠨ ᠳᠠᠭᠠᠳᠬᠠᠯ ᠤᠨ ᠳᠡᠩᠰᠡᠯᠡᠯᠲᠡ᠂ ᠨᠡᠶᠢᠭᠡᠮ ᠤᠨ ᠳᠠᠭᠠᠳᠬᠠᠯ ᠤᠨ ᠺᠠᠷᠲ ᠵᠡᠷᠭᠡ ᠤᠯᠠᠨ ᠠᠷᠪᠢᠨ ᠬᠠᠮᠢᠶ᠎ᠠ ᠪᠥᠬᠦᠶ ᠲᠤᠬᠠᠶᠢᠯᠠᠭᠰᠠᠨ ᠠᠵᠢᠯ ᠢ ᠭᠦᠢᠴᠡᠳᠭᠡᠬᠦ ︿ᠴᠣᠪᠤᠷᠠᠯ﹀ ᠳᠤ ᠬᠡᠳᠦᠨ ᠰᠠᠷ᠎ᠠ ᠶᠢᠨ ᠴᠠᠭ ᠵᠠᠷᠤᠴᠠᠭᠤᠯᠬᠤ ᠴᠢᠬᠤᠯᠠᠲᠠᠢ ᠪᠠᠶᠢᠵᠠᠢ︾᠃ ︽ᠣᠲᠣ ᠪᠢᠳᠡ ᠲᠤᠬᠠᠶᠢᠯᠠᠭᠰᠠᠨ ᠠᠵᠢᠯ ᠢ ᠭᠦᠢᠴᠡᠳᠭᠡᠬᠦ ᠭᠤᠭᠴᠤᠭ᠎ᠠ ᠶᠢ 22 ᠪᠠᠶᠢᠭᠰᠠᠨ ᠠᠴᠠ 1 ᠪᠣᠯᠭᠠᠨ ᠪᠠᠭᠠᠰᠬᠠᠵᠤ᠂ ᠲᠤᠰᠢᠶᠠᠬᠤ ᠮᠠᠲ᠋ᠧᠷᠢᠶᠠᠯ ᠢ 6 ᠬᠤᠪᠢ ᠪᠣᠯᠭᠠᠨ ᠪᠠᠭᠠᠰᠬᠠᠵᠤ᠂ ᠭᠦᠢᠴᠡᠳᠭᠡᠬᠦ ᠴᠠᠭ ᠢ 7 ᠡᠳᠦᠷ ᠪᠣᠯᠭᠠᠨ ᠪᠠᠭᠠᠰᠬᠠᠵᠤ᠂ ᠲᠤᠬᠠᠶᠢᠯᠠᠭᠰᠠᠨ ᠠᠵᠢᠯ ᠢ ᠭᠦᠢᠴᠡᠳᠭᠡᠬᠦ ᠳᠤ ᠥᠨᠳᠥᠷ ᠪᠦᠲᠦᠮᠵᠢᠲᠡᠶ᠂ ᠠᠵᠢᠯ ᠤᠨ ᠬᠡᠮᠵᠢᠶ᠎ᠡ ᠶᠢ ᠲᠦᠢᠯ ᠤᠨ ᠶᠡᠭᠡ ᠪᠠᠷ ᠠᠬᠢᠭᠤᠯᠤᠭᠰᠠᠨ ᠪᠠᠶᠢᠨ᠎ᠠ︾ ᠭᠡᠵᠤ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠬᠢᠭᠡᠳ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠣᠪᠴᠢᠶ᠎ᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠭᠠᠵᠠᠷ ᠤᠨ ᠰᠦᠨ ᠵᠢᠶᠠᠨ ᠢᠯᠡᠷᠬᠡᠶᠢᠯᠡᠪᠡ᠃       ᠣᠶᠢᠷ᠎ᠠ ᠶᠢᠨ ᠵᠢᠯ ᠠᠴᠠ᠂ ᠥᠪᠥᠷ ᠮᠣᠩᠭᠤᠯ ︽ᠨᠢᠭᠡ ᠶᠠᠪᠤᠳᠠᠯ︾ ᠤᠨ ᠲᠤᠭ᠎ᠠ ᠬᠡᠮᠵᠢᠶ᠎ᠡ ᠶᠢᠨ ᠪᠠᠶᠢᠭᠤᠯᠤᠯᠲᠠ ᠶᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠂ ᠨᠢᠭᠡ ᠴᠤᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠳᠤ ᠲᠦᠰᠢᠭᠯᠡᠨ᠂ ︽ᠬᠤᠯᠪᠣᠭᠳᠠᠬᠤ ᠵᠦᠢᠯᠡᠰ ᠢ ᠲᠥᠪᠯᠡᠷᠡᠭᠦᠯᠦᠨ ᠭᠦᠢᠴᠡᠳᠭᠡᠬᠦ︾ ᠦᠢᠯᠡᠴᠢᠯᠡᠭᠡᠨ ᠤ ᠵᠠᠭᠪᠤᠷ ᠢ ᠠᠬᠢᠭᠤᠯᠵᠤ᠂ ᠪᠥᠬᠦ ᠣᠷᠣᠨ ᠳᠤ ︽ᠥᠨᠳᠥᠷ ᠪᠦᠲᠦᠮᠵᠢᠲᠡᠶ ᠪᠠᠷ ᠠᠵᠢᠯ ᠶᠠᠪᠤᠳᠠᠯ ᠭᠦᠢᠴᠡᠳᠭᠡᠬᠦ︾ ᠰᠢᠰᠲ᠋ᠧᠮ ᠢ ᠨᠢᠭᠡᠳᠦᠯᠲᠡᠶ ᠪᠠᠶᠢᠭᠤᠯᠵᠤ᠂ ᠬᠤᠲᠠ ᠶᠢᠨ ᠠᠷᠠᠳ ᠤᠨ ᠠᠵᠢᠯ ᠶᠠᠪᠤᠳᠠᠯ ᠭᠦᠢᠴᠡᠳᠭᠡᠬᠦ ᠳᠤ ᠲᠥᠬᠦᠮ ᠦᠵᠡᠭᠦᠯᠬᠦ ᠴᠢᠨᠠᠷ ᠪᠠ ᠪᠣᠳᠠᠲᠠᠶ ᠪᠡᠶᠡᠴᠢᠯᠡᠨ ᠣᠶᠢᠯᠠᠭᠠᠬᠤ ᠲᠥᠷᠥᠭᠳᠡᠯ ᠵᠡᠷᠭᠡ ᠶᠢ ᠠᠩᠬᠠᠷᠴᠤ᠂ ᠪᠥᠬᠦ ᠲᠠᠯ᠎ᠠ ᠪᠠᠷ ᠪᠦᠷᠢᠨ ᠬᠦᠢᠴᠡᠳ᠂ ᠳᠥᠭᠦᠮ ᠳᠥᠲᠡ᠂ ᠥᠨᠳᠥᠷ ᠪᠦᠲᠦᠮᠵᠢᠲᠡᠶ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠠᠭᠪᠤᠷ ᠢ ᠦᠷᠭᠦᠯᠵᠢᠯᠡᠨ ᠲᠡᠭᠦᠯᠳᠡᠷᠵᠢᠭᠦᠯᠵᠦ᠂ ︽ᠥᠨᠳᠥᠷ ᠪᠦᠲᠦᠮᠵᠢᠲᠡᠶ ᠪᠠᠷ ᠠᠵᠢᠯ ᠶᠠᠪᠤᠳᠠᠯ ᠭᠦᠢᠴᠡᠳᠭᠡᠬᠦ︾ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠤᠯᠬᠤ ᠶᠢ ᠠᠬᠢᠭᠤᠯᠪᠠ᠃      ᠲᠠᠨᠢᠯᠴᠠᠭᠤᠯᠤᠭᠰᠠᠨ ᠢᠶᠠᠷ᠂ 2021 ᠣᠨ ᠠᠴᠠ ᠡᠬᠢᠯᠡᠨ᠂ ᠥᠪᠡᠷᠲᠡᠭᠡᠨ ᠵᠠᠰᠠᠬᠤ ᠣᠷᠣᠨ ᠠᠴᠠ 115 ᠵᠦᠢᠯ ᠢ ︽ᠨᠢᠭᠡ ᠶᠠᠪᠤᠳᠠᠯ ᠢ ᠨᠢᠭᠡ ᠯᠡ ᠤᠳᠠᠭ᠎ᠠ ᠳᠤ ᠭᠦᠢᠴᠡᠳᠭᠡᠬᠦ︾ ᠵᠦᠢᠯᠡᠰ ᠢᠶᠠᠷ ᠲᠣᠭᠲᠠᠭᠠᠵᠤ᠂ ᠰᠦᠯᠵᠢᠶᠡᠨ ᠭᠠᠳᠠᠨᠠᠬᠢ ᠶᠡᠭᠡ ᠲᠢᠩᠬᠢᠮ ᠳᠤ ︽ᠨᠢᠭᠡ ᠶᠠᠪᠤᠳᠠᠯ ᠢ ᠨᠢᠭᠡ ᠯᠡ ᠤᠳᠠᠭ᠎ᠠ ᠳᠤ ᠭᠦᠢᠴᠡᠳᠭᠡᠬᠦ︾ ᠴᠤᠩᠬᠤᠪᠴᠢ ᠭᠠᠷᠭᠠᠵᠤ᠂ ᠨᠡᠶᠢᠲᠡ 152 ᠲᠦᠮᠡ ᠭᠠᠷᠤᠶ ᠬᠤᠪᠢ ᠤᠴᠢᠷ ᠶᠠᠪᠤᠳᠠᠯ ᠢ ᠰᠢᠢᠳᠪᠦᠷᠢᠯᠡᠵᠦ᠂ ᠭᠦᠢᠴᠡᠳᠭᠡᠬᠦ ᠴᠠᠭ᠂ ᠭᠤᠭᠴᠤᠭ᠎ᠠ᠂ ᠮᠠᠲ᠋ᠧᠷᠢᠶᠠᠯ ᠵᠢᠴᠢ ᠭᠦᠢᠴᠡᠳᠭᠡᠬᠦ ᠤᠳᠠᠭ᠎ᠠ ᠶᠢ ᠳᠤᠮᠳᠠᠴᠢ ᠪᠠᠷ 57% ᠪᠠᠭᠠᠰᠬᠠᠪᠠ᠃ ᠣᠳᠣᠬᠠᠨ ᠳᠤ᠂ ᠠᠵᠤ ᠠᠬᠤᠶᠢᠯᠠᠯ ᠳᠤ ᠬᠤᠯᠪᠣᠭᠳᠠᠭᠰᠠᠨ ᠠᠵᠤ ᠠᠬᠤᠶᠢᠯᠠᠯ ᠤᠨ ᠮᠡᠳᠡᠭᠡ ᠵᠠᠩᠭᠢ ᠶᠢ ᠬᠤᠪᠢᠷᠠᠭᠤᠯᠬᠤ᠂ ᠲᠡᠭᠡᠭᠡᠪᠦᠷᠢ ᠶᠢᠨ ᠠᠵᠤ ᠠᠬᠤᠶᠢᠯᠠᠯ ᠢ ᠨᠡᠭᠡᠭᠡᠨ ᠡᠷᠬᠢᠯᠡᠬᠦ᠂ ᠢᠳᠡᠭᠡᠨ ᠤᠮᠳᠠᠭᠠᠨ ᠤ ᠳᠡᠯᠭᠡᠭᠦᠷ ᠡᠷᠬᠢᠯᠡᠬᠦ᠂ ᠤᠰᠤ ᠴᠠᠬᠢᠯᠭᠠᠨ ᠬᠡᠢ ᠶᠢᠨ ᠰᠦᠯᠵᠢᠶ᠎ᠡ ᠪᠠᠷ ᠮᠡᠳᠡᠭᠦᠯᠦᠨ ᠤᠭᠰᠠᠷᠠᠬᠤ᠂ ᠢᠲᠡᠭᠡᠮᠵᠢ ᠶᠢ ᠰᠡᠷᠭᠦᠭᠡᠬᠦ᠂ ᠠᠵᠤ ᠠᠬᠤᠶᠢᠯᠠᠯ ᠤᠨ ᠵᠠᠬ᠎ᠠ ᠳᠡᠯᠭᠡᠭᠦᠷ ᠳᠠᠬᠢ ᠬᠠᠤᠯᠢ ᠲᠣᠭᠲᠠᠭᠠᠯ ᠳᠤ ᠨᠡᠶᠢᠴᠡᠬᠦ ᠮᠡᠳᠡᠭᠡ ᠵᠠᠩᠭᠢ ᠶᠢ ᠬᠠᠷᠭᠤᠭᠤᠯᠤᠨ ᠪᠠᠶᠢᠴᠠᠭᠠᠬᠤ᠂ ᠠᠵᠤ ᠠᠬᠤᠶᠢᠯᠠᠯ ᠤᠨ ᠳᠠᠮᠫᠤᠷᠠᠯ ᠤᠨ ᠮᠡᠳᠡᠭᠡ ᠵᠠᠩᠭᠢ ᠶᠢ ᠬᠠᠷᠭᠤᠭᠤᠯᠤᠨ ᠪᠠᠶᠢᠴᠠᠭᠠᠬᠤ᠂ ᠠᠵᠤ ᠠᠬᠤᠶᠢᠯᠠᠯ ᠤᠨ ᠳᠠᠮᠫᠤᠷᠠᠯ ᠤᠨ ᠮᠡᠳᠡᠭᠡ ᠵᠠᠩᠭᠢ ᠶᠢ ᠬᠦᠴᠦᠨ ᠦᠭᠡᠢ ᠪᠣᠯᠭᠠᠬᠤ ᠵᠢᠴᠢ ᠬᠤᠪᠢ ᠬᠥᠮᠦᠨ᠂ ᠨᠢᠯᠬ᠎ᠠ ᠬᠡᠦᠬᠡᠳ᠂ ᠰᠤᠷᠭᠠᠨ ᠬᠥᠮᠦᠵᠢᠯ᠂ ᠰᠤᠷᠭᠠᠭᠤᠯᠢ ᠳᠤ ᠣᠷᠣᠬᠤ᠂ ᠨᠡᠶᠢᠭᠡᠮ ᠤᠨ ᠪᠠᠲᠤᠯᠠᠭ᠎ᠠ ᠶᠢᠨ ᠺᠠᠷᠲ ᠂ ᠰᠠᠭᠤᠭᠠᠯᠢ ᠠᠷᠠᠳ ᠤᠨ ᠦᠢᠯᠡᠴᠢᠯᠡᠭᠡ᠂ ᠵᠡᠮᠳᠡᠭᠴᠦᠳ ᠤᠨ ᠦᠢᠯᠡᠴᠢᠯᠡᠭᠡ᠂ ᠠᠵᠢᠯ ᠠᠴᠠ ᠪᠠᠨ ᠠᠮᠠᠷᠠᠭᠰᠠᠳ ᠵᠡᠷᠭᠡ ︽ᠶᠠᠪᠤᠳᠠᠯ ︾ ᠪᠦᠬᠦᠨ ᠢ ᠰᠦᠯᠵᠢᠶᠡᠨ ᠳᠤ ᠣᠷᠣᠭᠤᠯᠤᠨ ᠲᠤᠷᠰᠢᠨ ᠠᠵᠢᠯᠯᠠᠭᠤᠯᠵᠤ᠂ ᠨᠢᠭᠡᠨᠲᠡ 235 ᠲᠦᠮᠡᠨ ᠬᠤᠪᠢ ︵ᠤᠳᠠᠭ᠎ᠠ︶ ᠶᠠᠪᠤᠳᠠᠯ ᠢ ᠰᠢᠢᠳᠪᠦᠷᠢᠯᠡᠭᠰᠡᠨ ᠪᠠᠶᠢᠨ᠎ᠠ᠃     ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠢᠨ᠎ᠡ ᠵᠠᠭᠪᠤᠷ ᠢ ᠪᠥᠬᠦ ᠬᠦᠴᠦᠨ ᠢᠶᠠᠷ ᠢᠶᠠᠨ ᠴᠣᠭᠴᠠᠯᠠᠨ᠎ᠠ     ︽ᠦᠨᠡᠬᠡᠷ ᠶᠡᠭᠡ ᠳᠥᠭᠦᠮ ᠳ᠋ᠠ︕︾ ᠣᠲᠤᠭ ᠤᠨ ᠡᠮᠦᠨᠡᠲᠦ ᠬᠤᠰᠢᠭᠤᠨ ᠤ ᠦᠯᠦ ᠬᠥᠳᠡᠯᠬᠦ ᠬᠥᠷᠥᠩᠭᠡ ᠶᠢ ᠳᠠᠩᠰᠠᠯᠠᠬᠤ ᠲᠥᠪ ᠤᠨ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡᠨ ᠤ ᠲᠦᠪ ᠳᠤ ᠲᠠᠯᠠᠷᠬᠠᠵᠤ ᠪᠠᠶᠢᠨ᠎ᠠ᠃ ᠮᠠᠨ ᠤ ᠡᠷ᠎ᠡ ᠡᠮ᠎ᠡ ᠬᠤᠶᠠᠭᠤᠯᠠ ᠬᠤᠷᠢᠮᠯᠠᠭᠠᠳ ᠣᠯᠠᠨ ᠵᠢᠯ ᠪᠣᠯᠵᠤ᠂ ᠣᠲᠤᠭ ᠤᠨ ᠡᠮᠦᠨᠡᠲᠦ ᠬᠤᠰᠢᠭᠤᠨ ᠳᠤ ᠰᠠᠭᠤᠷᠢᠰᠢᠭᠰᠠᠨ ᠤ ᠳᠠᠷᠠᠭ᠎ᠠ᠂ ᠠᠵᠢᠯ ᠪᠠ ᠠᠮᠢᠳᠤᠷᠠᠯ ᠳᠠᠭᠠᠨ ᠶᠠᠭᠠᠷᠠᠦ ᠠᠴᠠ ᠪᠤᠯᠵᠤ ᠢᠷᠭᠠᠢ ᠬᠤᠲᠠ ᠶᠢᠨ ᠶᠢᠨ ᠹᠧᠩ ᠲᠣᠭᠤᠷᠢᠭ ᠤᠨ ᠭᠡᠷ ᠪᠠᠶᠢᠰᠢᠩ ᠤᠨ ᠦᠯᠦ ᠬᠥᠳᠡᠯᠬᠦ ᠬᠥᠷᠥᠩᠭᠡ ᠶᠢᠨ ᠡᠷᠬᠡ ᠶᠢᠨ ᠳᠠᠩᠰᠠᠯᠠᠯᠲᠠ ᠶᠢ ᠭᠦᠢᠴᠡᠳᠭᠡᠬᠦ ᠴᠠᠭ ᠪᠠᠶᠢᠭᠰᠠᠨ ᠦᠭᠡᠢ᠂ ᠲᠦᠷᠦᠭᠦᠬᠡᠨ ᠳᠤ ︽ᠮᠤᠵᠢ ᠠᠯᠤᠰᠯᠠᠨ ᠨᠡᠶᠢᠳᠡᠮ ᠭᠦᠢᠴᠡᠳᠭᠡᠬᠦ︾ ᠠᠷᠭ᠎ᠠ ᠮᠠᠶ᠋ᠢᠭ ᠢᠶᠠᠷ ᠳᠠᠮᠵᠢᠭᠤᠯᠤᠨ ᠲᠤᠬᠠᠶᠢᠯᠠᠭᠰᠠᠨ ᠠᠵᠢᠯ ᠢᠶᠠᠨ ᠤᠷᠤᠭᠰᠢᠲᠠᠶ ᠭᠦᠢᠴᠡᠳᠭᠡᠵᠦ ᠳᠠᠭᠤᠰᠬᠠᠭᠰᠠᠨ ᠪᠠᠶᠢᠨ᠎ᠠ ᠭᠡᠵᠤ ᠰᠡᠳᠬᠢᠯ ᠳᠣᠭᠳᠣᠯᠤᠨ ᠬᠡᠯᠡᠵᠦ  ᠪᠠᠶᠢᠯ᠎ᠠ᠃     ︽ᠮᠤᠵᠢ ᠠᠯᠤᠰᠯᠠᠨ ᠨᠡᠶᠢᠳᠡᠮ ᠭᠦᠢᠴᠡᠳᠬᠡᠬᠦ︾ ᠶᠢ ᠪᠡᠶᠡᠯᠡᠭᠦᠯᠬᠦ ᠨᠢ ᠦᠢᠯᠡᠴᠢᠯᠡᠭᠡᠨ ᠤ ᠵᠠᠭᠠᠭ ᠬᠢᠵᠠᠭᠠᠷ ᠢ ᠡᠪᠳᠡᠵᠦ᠂ ᠤᠯᠠᠨ ᠲᠦᠮᠡᠨ ᠳᠤ ᠲᠦᠢᠯ ᠤᠨ ᠶᠡᠭᠡ ᠲᠦᠬᠦᠮ ᠦᠵᠡᠭᠦᠯᠪᠡ᠃ ᠭᠤᠶᠤᠴᠢᠯᠠᠭᠴᠢ ᠨᠢ ᠣᠲᠤᠭ ᠤᠨ ᠡᠮᠦᠨᠡᠲᠦ ᠬᠤᠰᠢᠭᠤᠨ ᠤ ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢᠨ ᠶᠡᠭᠡ ᠲᠢᠩᠬᠢᠮ ᠳᠤ ᠳᠠᠩᠰᠠᠯᠠᠯᠲᠠ ᠶᠢᠨ ᠮᠠᠲ᠋ᠧᠷᠢᠶᠠᠯ ᠢᠶᠠᠨ ᠲᠤᠰᠢᠶᠠᠭᠰᠠᠨ ᠤ ᠳᠠᠷᠠᠭ᠎ᠠ᠂ ᠴᠣᠩᠬᠤᠪᠴᠢ ᠶᠢᠨ ᠠᠵᠢᠯᠲᠠᠳ ᠠᠴᠠ ᠮᠠᠲ᠋ᠧᠷᠢᠶᠠᠯ ᠢ ᠬᠢᠨᠠᠨ ᠬᠠᠷᠭᠤᠭᠤᠯᠵᠦ ᠰᠢᠯᠭᠠᠨ ᠪᠠᠶᠢᠴᠠᠭᠠᠭᠰᠠᠨ ᠤ ᠳᠠᠷᠠᠭ᠎ᠠ ᠰᠢᠰᠲ᠋ᠧᠮ ᠳᠤ ᠳᠠᠩᠰᠠᠯᠠᠨ ᠲᠡᠮᠳᠡᠭᠯᠡᠬᠦ ᠭᠤᠶᠤᠴᠢᠯᠠᠯ ᠭᠠᠷᠭᠠᠵᠠᠢ᠂ ᠢᠷᠭᠠᠢ ᠬᠤᠲᠠ ᠶᠢᠨ ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢᠨ ᠲᠥᠪ ᠠᠴᠠ ᠣᠨᠳᠣᠤ ᠭᠠᠵᠠᠷ ᠲᠤ ᠣᠷᠣᠯᠠᠨ ᠬᠤᠷᠢᠶᠠᠵᠤ ᠠᠪᠤᠭᠰᠠᠨ ᠬᠡᠷᠡᠭ ᠤᠨ ᠮᠡᠳᠡᠭᠡ ᠵᠠᠩᠭᠢ ᠶᠢ ᠭᠥᠯᠢᠶᠡᠨ ᠠᠪᠤᠭᠰᠠᠨ ᠤ ᠳᠠᠷᠠᠭ᠎ᠠ᠂ ᠰᠠᠭᠤᠭ᠎ᠠ ᠲᠣᠭᠤᠷᠢᠭ ᠤᠨ ᠥᠯᠥ ᠬᠥᠳᠡᠯᠬᠦ ᠬᠥᠷᠥᠩᠭᠡ ᠶᠢᠨ ᠲᠢᠩᠬᠢᠮ ᠳᠤ ᠳᠠᠮᠵᠢᠭᠤᠯᠤᠨ ᠲᠠᠷᠬᠠᠭᠠᠵᠤ ᠰᠦᠯᠵᠢᠶᠡᠨ ᠳᠡᠭᠡᠷ᠎ᠡ ᠬᠢᠨᠠᠨ ᠬᠠᠷᠭᠤᠭᠤᠯᠵᠤ᠂ ᠳᠡᠩᠰᠡᠯᠡᠨ ᠲᠡᠮᠳᠡᠭᠯᠡᠭᠦᠯᠦᠨ᠎ᠡ᠃ ᠭᠤᠶᠤᠴᠢᠯᠠᠭᠴᠢ ᠲᠤᠬᠠᠶᠢᠯᠠᠭᠰᠠᠨ ᠠᠵᠢᠯ ᠢᠶᠠᠨ ᠭᠦᠢᠴᠡᠳᠭᠡᠭᠰᠡᠨ ᠤ ᠳᠠᠷᠠᠭ᠎ᠠ᠂ ᠰᠢᠭᠤᠳ ︽ᠮᠢᠨᠦ ᠨᠢᠩᠰᠢᠶᠠ︾ App ᠪᠤᠶᠤ ︽ᠢᠷᠭᠠᠢ ᠬᠤᠲᠠ ᠶᠢᠨ ᠥᠯᠥ ᠬᠥᠳᠡᠯᠬᠦ ᠬᠥᠷᠥᠩᠭᠡ︾ ᠸᠢᠴᠠᠲ ᠤᠨ ᠨᠡᠶᠢᠲᠡ ᠶᠢᠨ ᠳ᠋ᠤᠭᠠᠷ ᠲᠤ ᠬᠤᠪᠢ ᠬᠥᠮᠦᠨ ᠤ  ᠡᠯᠧᠺᠲᠷᠣᠨ ᠦᠨᠡᠮᠯᠡᠯ ᠢ ᠪᠠᠭᠤᠯᠭᠠᠨ ᠠᠪᠴᠤ᠂ ᠹᠢᠽᠢᠺ ᠤᠨ ᠲᠠᠩᠰᠠ ᠡᠪᠬᠡᠮᠡᠯ ᠪᠠ ᠴᠠᠭᠠᠰᠤᠨ ᠦᠨᠡᠮᠯᠡᠯ ᠢ ᠦᠨ᠎ᠡ ᠲᠥᠯᠥᠪᠦᠷᠢ ᠦᠭᠡᠢ ᠪᠠᠷ ᠭᠤᠶᠤᠴᠢᠯᠠᠭᠴᠢ ᠶᠢᠨ ᠭᠠᠷ ᠲᠤ ᠢᠯᠡᠭᠡᠵᠦ ᠦᠭᠭᠦᠨ᠎ᠡ᠃      ᠵᠠᠭᠪᠤᠷ ᠲᠤ ᠰᠢᠨ᠎ᠡ ᠶᠢ ᠡᠭᠦᠳᠬᠦ᠂ ᠲᠤᠭ᠎ᠠ ᠪᠠᠷᠢᠮᠲᠠ ᠶᠢ ᠬᠠᠮᠲᠤ ᠪᠠᠷ ᠡᠳ᠋ᠯᠡᠬᠦ ᠪᠠᠷ ᠳᠠᠮᠵᠢᠭᠤᠯᠤᠨ᠂ ᠪᠥᠬᠦ ᠣᠷᠣᠨ ᠤ ᠡᠯ᠎ᠡ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠨᠢ ᠪᠥᠬᠦ ᠶᠠᠪᠤᠴᠠ ᠶᠢ ᠰᠦᠯᠵᠢᠶ᠎ᠡ ᠪᠠᠷ ᠭᠦᠢᠴᠡᠳᠭᠡᠬᠦ ᠪᠠᠷ ᠭᠤᠤᠯᠯᠠᠭᠰᠠᠨ ᠲᠤᠰᠬᠠᠶ ᠴᠤᠩᠬᠤᠪᠴᠢ ᠪᠠᠷ ᠭᠦᠢᠴᠡᠳᠭᠡᠬᠦ ᠪᠠᠷ ᠬᠠᠪᠰᠤᠷᠤᠮᠵᠢ ᠪᠣᠯᠭᠠᠭᠰᠠᠨ᠂ ᠣᠨᠳᠣᠤ ᠭᠠᠵᠠᠷ ᠲᠤ ᠣᠷᠣᠯᠠᠨ ᠬᠤᠷᠢᠶᠠᠵᠤ ᠣᠷᠣᠯᠠᠨ ᠭᠦᠢᠴᠡᠳᠬᠡᠬᠦ ᠶᠢ ᠬᠠᠷᠢᠯᠴᠠᠨ ᠤᠶᠠᠯᠳᠤᠭᠤᠯᠤᠭᠰᠠᠨ ︽ᠣᠷᠣᠨ ᠪᠦᠰᠡ ᠠᠯᠤᠰᠯᠠᠨ ᠨᠡᠶᠢᠳᠡᠮ ᠭᠦᠢᠴᠡᠳᠭᠡᠬᠦ︾ ᠠᠵᠢᠯ ᠤᠨ ᠲᠣᠭᠲᠠᠴᠠ ᠶᠢ ᠪᠠᠶᠢᠭᠤᠯᠵᠤ᠂ ︽ᠮᠤᠵᠢ ᠠᠯᠤᠰᠯᠠᠨ ᠨᠡᠶᠢᠳᠡᠮ ᠭᠦᠢᠴᠡᠳᠭᠡᠬᠦ︾ ᠬᠠᠮᠲᠤᠷᠠᠯᠴᠠᠭᠠᠨ ᠤ ᠪᠣᠷᠣ ᠲᠥᠯᠥᠪ ᠤᠨ ᠬᠡᠯᠡᠯᠴᠡᠭᠡᠷ ᠢ ᠨᠡᠶᠢᠲᠡ 219 ᠬᠤᠪᠢ ᠲᠣᠭᠲᠠᠭᠠᠵᠤ᠂ 26 ᠮᠤᠵᠢ ᠲᠠᠢ ᠬᠠᠮᠳᠤᠷᠠᠨ ᠴᠡᠭ ᠠᠴᠠ ᠴᠡᠭ ᠨᠡᠶᠢᠳᠡᠮ ᠭᠦᠢᠴᠡᠳᠭᠡᠬᠦ ᠶᠢ ᠪᠡᠶᠡᠯᠡᠭᠦᠯᠦᠨ᠂ ᠨᠡᠶᠢᠲᠡ 90 ᠭᠠᠷᠤᠶ ᠲᠦᠮᠡᠨ ᠵᠦᠢᠯ ᠢ ᠴᠤᠩᠬᠤᠪᠴᠢ ᠪᠠᠷ ᠭᠦᠢᠴᠡᠳᠬᠡᠵᠦ᠂ ᠣᠯᠠᠨ ᠲᠦᠮᠡᠨ ᠳᠤ ᠦᠨᠡᠨ ᠪᠣᠳᠠᠲᠠᠶ ᠬᠦᠷᠲᠡᠮᠵᠢ ᠶᠢᠨ ᠲᠥᠷᠥᠭᠳᠡᠯ ᠢ ᠤᠯᠭᠤᠭᠰᠠᠨ ᠪᠠᠶᠢᠨ᠎ᠠ᠃      ᠣᠶᠢᠷ᠎ᠠ ᠶᠢᠨ ᠵᠢᠯ ᠤᠳ ᠲᠤ᠂ ᠥᠪᠥᠷ ᠮᠣᠩᠭᠤᠯ ᠤᠨ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠳ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠥᠭᠡᠷᠡᠴᠢᠯᠡᠯᠲᠡ ᠶᠢ ᠶᠡᠬᠡᠪᠡᠷ ᠠᠬᠢᠭᠤᠯᠵᠤ᠂ ᠵᠠᠰᠠᠭ ᠢ ᠴᠣᠮᠬᠠᠳᠬᠠᠨ ᠡᠷᠬᠡ  ᠪᠠᠨ ᠳᠣᠷᠣᠭᠰᠢ ᠪᠠᠭᠤᠯᠭᠠᠬᠤ᠂ ᠪᠠᠭᠤᠯᠭᠠᠬᠤ ᠬᠠᠮᠢᠶᠠᠷᠬᠤ ᠶᠢ ᠤᠶᠠᠯᠳᠤᠭᠤᠯᠤᠨ ᠲᠦᠯᠬᠢᠨ ᠠᠬᠢᠭᠤᠯᠵᠤ᠂ ᠥᠭᠡᠷᠡᠴᠢᠯᠡᠯᠲᠡ ᠶᠢᠨ ᠦᠷ᠎ᠡ ᠪᠦᠲᠦᠮᠵᠢ ᠨᠢ ᠡᠷᠬᠢᠯᠬᠡᠳᠤ ᠱᠤᠷᠠᠭ ᠮᠠᠶ᠋ᠢᠭ ᠢᠶᠠᠷ ᠮᠡᠳᠡᠭᠳᠡᠮ᠎ᠡ ᠲᠡᠭᠡᠭᠰᠢᠯᠡᠪᠡ᠃     ︽ᠪᠢ ᠲᠤᠬᠠᠶᠢᠯᠠᠭᠰᠠᠨ ᠠᠵᠢᠯ ᠢᠶᠠᠨ ᠭᠦᠢᠴᠡᠳᠭᠡᠬᠦ ᠳᠤ᠂ ᠡᠵᠡᠩᠨᠡᠯᠲᠡ ᠶᠢᠨ ᠴᠠᠭᠠᠰᠤᠨ ᠦᠨᠡᠮᠯᠡᠯ ᠢᠶᠠᠨ ᠮᠠᠷᠳᠠᠵᠠᠢ᠂ ᠲᠤᠬᠠᠶᠢᠯᠠᠭᠰᠠᠨ ᠠᠵᠢᠯ ᠢᠶᠠᠨ ᠭᠦᠢᠴᠡᠳᠬᠡᠵᠦ ᠳᠡᠶᠢᠯᠬᠦ ᠦᠭᠡᠢ ᠭᠡᠵᠦ ᠪᠣᠳᠣᠵᠤ ᠪᠠᠶᠢᠭᠰᠠᠨ ᠪᠣᠯᠪᠠᠴᠤ ᠵᠥᠪᠬᠡᠨ ︿ᠮᠦᠩᠭᠡ ᠰᠤᠪᠠᠭ﹀ App ᠢᠶᠠᠷ ᠳᠠᠮᠵᠢᠭᠤᠯᠤᠨ ︽ᠡᠯᠧᠺᠲᠷᠣᠨ ᠡᠵᠡᠩᠨᠡᠯᠲᠡ ᠶᠢᠨ ᠦᠨᠡᠮᠯᠡᠯ︾ ᠢᠶᠠᠨ ᠦᠵᠡᠭᠦᠯᠪᠡᠯ ᠳᠠᠷᠤᠶ ᠬᠤᠯᠪᠣᠭᠳᠠᠯ ᠪᠥᠬᠦᠶ ᠲᠤᠬᠠᠶᠢᠯᠠᠭᠰᠠᠨ ᠠᠵᠢᠯ ᠢᠶᠠᠨ ᠤᠷᠤᠭᠰᠢᠲᠠᠶ ᠭᠦᠢᠴᠡᠳᠬᠡᠵᠦ ᠳᠡᠶᠢᠯᠦᠨ᠎ᠡ᠃ ᠤᠶᠢᠷ᠎ᠠ ᠳᠤ᠂ ᠤᠯᠠᠭᠠᠨᠬᠠᠳᠠ ᠬᠤᠲᠠ ᠶᠢᠨ ᠬᠤᠩᠱᠠᠨ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠳᠤ ᠲᠤᠬᠠᠶᠢᠯᠠᠭᠰᠠᠨ ᠠᠵᠢᠯ ᠭᠦᠢᠴᠡᠳᠭᠡᠬᠦ ᠪᠠᠷ ᠢᠷᠡᠭᠰᠡᠨ ᠬᠤᠲᠠ ᠶᠢᠨ ᠠᠷᠠᠳ ᠶᠣᠣ ᠴᠠᠩ ᠯᠢᠩ ︽ᠦᠨᠡᠮᠯᠡᠯ ᠥᠬᠡᠢ ᠪᠠᠷ ᠭᠦᠢᠴᠡᠳᠭᠡᠬᠦ︾ ᠦᠢᠯᠡᠴᠢᠯᠡᠭᠡ ᠶᠢ ᠮᠠᠭᠲᠠᠨ ᠰᠠᠶᠢᠰᠢᠶᠠᠪᠠ᠃      ᠵᠠᠰᠠᠭ ᠤᠨ ᠶᠠᠪᠤᠳᠠᠯ ᠤᠨ ᠦᠢᠯᠡᠴᠢᠯᠡᠭᠡ ᠶᠢᠨ ᠵᠢᠭᠠᠬᠠᠨ ᠦᠭᠡᠷᠡᠴᠢᠯᠡᠯᠳᠡ ᠨᠢ ᠠᠷᠠᠳ ᠲᠤ ᠳᠥᠭᠦᠮ ᠦᠵᠡᠭᠦᠯᠵᠦ ᠠᠷᠠᠳ ᠲᠤ ᠠᠰᠢᠭ ᠬᠦᠷᠲᠡᠭᠡᠬᠦ ᠦᠢᠯᠡᠳᠦᠯ ᠢᠶᠠᠷ  ᠲᠤᠮᠤ ᠪᠠᠶᠢᠳᠠᠭ᠃ ᠬᠡᠷᠡᠭ ᠶᠠᠪᠤᠳᠠᠯ ᠢ ︽ᠣᠷᠣᠨ ᠪᠦᠰᠡ ᠠᠯᠤᠰᠯᠠᠨ ᠨᠡᠶᠢᠳᠡᠮ ᠭᠦᠢᠴᠡᠳᠬᠡᠬᠦ︾ ᠵᠢᠴᠢ ︽ᠰᠦᠯᠵᠢᠶᠡᠨ ᠳᠡᠭᠡᠷ᠎ᠡ ᠭᠦᠢᠴᠡᠳᠬᠡᠬᠦ︾᠂ ︽ᠳᠤᠲᠠᠭᠤ ᠶᠢ ᠪᠠᠭᠲᠠᠭᠠᠵᠤ ᠭᠦᠢᠴᠡᠳᠬᠡᠬᠦ︾᠂ ︽ᠦᠨᠡᠮᠯᠡᠯ ᠠᠴᠠ ᠬᠡᠯᠲᠦᠷᠢᠭᠦᠯᠵᠦ ᠭᠦᠢᠴᠡᠳᠬᠡᠬᠦ︾᠂ ︽ᠭᠦᠢᠴᠡᠳᠭᠡᠵᠦ ᠲᠡᠶᠢᠯᠬᠦ ᠦᠭᠡᠢ ᠪᠣᠯ ᠴᠤᠩᠬᠤᠪᠴᠢ ᠳᠤ ᠬᠠᠷᠢᠭᠤ ᠲᠤᠰᠬᠠᠬᠤ︾ ᠵᠡᠷᠭᠡ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠢᠨ᠎ᠡ ᠵᠠᠭᠪᠤᠷ᠂ ᠰᠢᠨ᠎ᠡ ᠠᠴᠢᠶᠠᠯᠠᠪᠤᠷᠢ ᠨᠢ ᠠᠷᠠᠳ ᠲᠤ ᠳᠥᠭᠦᠮ ᠦᠵᠡᠭᠦᠯᠬᠦ᠂ ᠥᠨᠳᠥᠷ ᠪᠦᠲᠦᠮᠵᠢᠲᠡᠶ ᠦᠢᠯᠡᠴᠢᠯᠡᠭᠡ ᠪᠠᠷ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠬᠠᠨᠤᠮᠵᠢ ᠶᠢᠨ ᠬᠡᠮᠵᠢᠶ᠎ᠡ ᠶᠢ ᠤᠯᠠᠮ ᠢᠯᠡᠭᠦᠦ ᠨᠡᠮᠡᠭᠳᠡᠭᠦᠯᠪᠡ᠃      ᠠᠷᠠᠳ ᠤᠨ ᠰᠡᠳᠬᠢᠯ ᠢ ᠬᠦᠨᠳᠦᠯᠡᠵᠦ᠂ ᠵᠠᠰᠠᠭ ᠢ ᠴᠣᠮᠬᠠᠳᠬᠠᠬᠤ᠂ ᠠᠷᠠᠳ ᠲᠤ ᠳᠥᠭᠦᠮ ᠦᠢᠯᠡᠴᠢᠯᠡᠭᠡᠨ ᠤ ᠡᠭᠦᠳᠡ ᠶᠢ ᠨᠡᠭᠡᠭᠡᠪᠡ᠃ ᠦᠷᠭᠦᠯᠵᠢᠯᠡᠨ ᠲᠠᠰ ᠳᠡᠪᠰᠢᠭᠦᠯᠬᠦ ᠣᠯᠠᠨ ᠵᠦᠢᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠭ᠎ᠠ ᠬᠡᠮᠵᠢᠶ᠎ᠡ ᠨᠢ ᠮᠠᠨ ᠤ ᠣᠷᠣᠨ ᠤ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠦᠢᠯᠡᠴᠢᠯᠡᠭᠡᠨ ᠤ ᠵᠠᠭᠪᠤᠷ ᠲᠤ ᠲᠠᠰᠤᠷᠠᠯᠲᠠ ᠥᠬᠡᠶ ᠰᠢᠨ᠎ᠡ ᠶᠢ ᠡᠭᠦᠳᠴᠦ᠂ ᠦᠢᠯᠡᠴᠢᠯᠡᠭᠡᠨ ᠤ ᠡᠬᠢ ᠪᠠᠶᠠᠯᠢᠭ ᠢ ᠰᠢᠯᠢᠳᠡᠭᠵᠢᠭᠦᠯᠦᠨ᠂ ᠦᠢᠯᠡᠴᠢᠯᠡᠭᠡᠨ ᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠠᠮᠢᠳᠤᠯᠢᠭ ᠦᠢᠯᠡᠳᠦᠯᠭᠡ ᠮᠥᠨ᠃ ᠵᠠᠯᠭᠠᠭᠠᠳ᠂ ᠥᠪᠥᠷ ᠮᠣᠩᠭᠤᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠭ᠎ᠠ ᠮᠠᠶ᠋ᠢᠭ ᠤᠨ ᠲᠠᠯ᠎ᠠ ᠪᠠᠷ ᠦᠷᠭᠦᠯᠵᠢᠯᠡᠨ ᠰᠢᠨ᠎ᠡ ᠶᠢ ᠡᠭᠦᠳᠴᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢ ᠠᠬᠢᠭᠤᠯᠵᠤ᠂ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ︽ᠡᠴᠦᠰ ᠤᠨ ᠨᠢᠭᠡ ᠺᠢᠯᠤᠮᠧᠲᠷ︾ ᠢ ᠨᠡᠪᠳᠡᠷᠡᠭᠦᠯᠵᠦ᠂ ᠣᠯᠠᠨ ᠲᠦᠮᠡᠨ ᠤ ᠠᠵᠢᠯ ᠶᠠᠪᠤᠳᠠᠯ ᠭᠦᠢᠴᠡᠳᠬᠡᠬᠦ ᠶᠢ ᠪᠡᠶᠡᠴᠢᠯᠡᠨ ᠣᠶᠢᠯᠠᠭᠠᠬᠤ᠂ ᠵᠠᠰᠠᠭ ᠤᠨ ᠶᠠᠪᠤᠳᠠᠯ ᠤᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠨᠠᠷᠢᠯᠢᠭ ᠬᠤᠪᠢᠷᠠᠯᠲᠠ︾ ᠶᠢ ᠪᠡᠶᠡᠯᠡᠭᠦᠯᠵᠦ᠂ ᠬᠤᠳᠠᠯᠳᠤᠭᠠᠴᠢᠨ ᠤᠷᠢᠵᠤ ᠪᠡᠯᠡ  ᠤᠷᠤᠭᠤᠯᠤᠯᠳᠠ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠦᠨ ᠲᠠᠰ ᠳᠡᠪᠰᠢᠭᠦᠯᠬᠦ ᠶᠢ ᠠᠬᠢᠭᠤᠯᠤᠶ᠎ᠠ᠃    ᠢᠷᠡᠯᠳᠡ᠄ ᠦᠪᠦᠷ ᠮᠤᠩᠭᠤᠯ ᠤᠨ ᠡᠳᠦᠷ ᠤᠨ ᠰᠤᠨᠢᠨ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1