ᠦᠢᠯᠡᠳᠬᠦ ᠦᠢᠯᠡᠰ ᠤᠨ ᠲᠣᠭᠠᠴᠢᠯᠠᠭᠰᠠᠨ ᠬᠡᠯᠪᠡᠷᠢ ᠶᠢᠨ ᠬᠤᠪᠢᠷᠠᠭᠤᠯᠤᠯᠲᠠ ᠶᠢ ᠠᠬᠢᠭᠤᠯᠬᠤ ᠶᠢ | ᠳᠠᠭᠠᠯᠳᠤᠨ᠂ ︽ᠬᠥᠮᠥᠨ ᠦᠭᠡᠢ ᠦᠢᠯᠡᠳᠪᠦᠷᠢ ᠶᠢᠨ ᠲᠠᠰᠤᠭ︾᠂ ︽ᠤᠶᠤᠨᠴᠢ ᠦᠢᠯᠡᠳᠪᠦᠷᠢ ᠶᠢᠨ ᠲᠠᠰᠤᠭ︾ | ᠦᠳᠲᠡᠷ ᠲᠦᠷᠭᠡᠨ ᠨᠡᠮᠡᠭᠳᠡᠪᠡ᠃ ︽ᠮᠠᠰᠢᠨ ᠦᠢᠯᠡᠳᠪᠦᠷᠢᠯᠡᠯ︾ ᠨᠢ ᠦᠢᠯᠡᠳᠪᠦᠷᠢᠯᠡᠯ ᠤᠨ ᠦᠷ᠎ᠡ ᠪᠦᠲᠦᠮᠵᠢ ᠶᠢ | ᠲᠡᠭᠡᠭᠰᠢᠯᠡᠭᠦᠯᠦᠭᠰᠡᠨ ᠪᠥᠭᠡᠳ ᠵᠠᠷᠢᠮ ᠠᠵᠤ ᠠᠬᠤᠶᠢᠯᠠᠯ ᠤᠨ ᠠᠵᠢᠯᠴᠢᠨ ᠬᠡᠷᠡᠭᠯᠡᠬᠦ ᠲᠤᠭ᠎ᠠ ᠶᠢ ᠴᠦ | ᠪᠠᠭᠠᠰᠬᠠᠭᠰᠠᠨ ᠪᠠᠶᠢᠨ᠎ᠠ᠃ | ᠰᠢᠨ᠎ᠡ ᠮᠡᠷᠭᠡᠵᠢᠯ ᠤᠨ ᠰᠢᠨᠡᠴᠢᠯᠡᠯᠳᠡ ᠶᠢ ᠳᠠᠭᠠᠯᠳᠤᠨ᠂ ᠮᠠᠰᠢᠨ ᠦᠢᠯᠡᠳᠪᠦᠷᠢᠯᠡᠯ ᠨᠢ ᠶᠡᠭᠡ ᠬᠡᠮᠵᠢᠶᠡᠨ ᠤ | ᠬᠥᠮᠥᠨ ᠤ ᠬᠦᠴᠦ ᠶᠢ ᠣᠷᠤᠯᠠᠭᠤᠯᠵᠤ᠂ ᠤᠯᠠᠮᠵᠢᠯᠠᠯᠲᠤ ᠠᠵᠤ ᠦᠢᠯᠡᠰ ᠤᠨ ᠠᠵᠢᠯᠴᠢᠳ ᠲᠤ ᠶᠠᠮᠠᠷ ᠨᠦᠯᠦᠭᠡ ᠲᠠᠢ | ᠪᠤᠢ︖ ᠪᠢᠳᠡ ᠱᠠᠩᠬᠠᠶ᠂ ᠠᠨᠾᠦ᠋ᠢ᠂ ᠰᠧᠴᠤᠸᠠᠨ᠂ ᠵᠢᠶᠠᠩᠰᠦ ᠵᠡᠷᠭᠡ ᠭᠠᠵᠠᠷ ᠲᠤ ᠪᠠᠶᠢᠴᠠᠭᠠᠨ ᠰᠤᠳᠤᠯᠤᠯᠲᠠ | ᠬᠢᠵᠦ᠂ ᠨᠢᠭᠡᠳᠦᠭᠡᠷ ᠹᠷᠣᠨᠲ ᠠᠴᠠ ᠬᠠᠷᠢᠭᠤᠯᠲᠠ ᠶᠢ ᠡᠷᠢᠯᠬᠢᠯᠡᠶ᠎ᠡ᠃ | ᠤᠯᠠᠮᠵᠢᠯᠠᠯᠲᠤ ᠠᠵᠤ ᠦᠢᠯᠡᠰ ᠤᠨ ᠠᠵᠢᠯᠴᠢᠨ ᠶᠠᠭᠠᠬᠢᠪᠠᠯ ᠵᠤᠬᠢᠬᠤ ᠪᠤᠢ︖ | ᠠᠨᠾᠦ᠋ᠢ ᠶᠢᠨ ᠹᠦ᠋ ᠶᠠᠩ ᠬᠤᠲᠠ ᠶᠢᠨ ᠨᠢᠭᠡᠨ ᠰᠢᠨ᠎ᠡ ᠮᠠᠲ᠋ᠧᠷᠢᠶᠠᠯ ᠤᠨ ᠺᠣᠮᠫᠠᠨᠢ ᠳᠤ᠂ ᠠᠵᠢᠯᠴᠢᠳ | ᠲᠣᠭᠠᠴᠢᠯᠠᠭᠰᠠᠨ ᠮᠠᠰᠢᠨ ᠢᠶᠠᠷ ᠦᠨᠳᠦᠷ ᠪᠦᠳᠦᠮᠵᠢᠳᠡᠢ ᠠᠵᠢᠯᠯᠠᠵᠤ ᠪᠠᠶᠢᠨ᠎ᠠ᠃ | ᠺᠣᠮᠫᠠᠨᠢ ᠶᠢᠨ ᠬᠠᠷᠢᠭᠤᠴᠠᠯᠭᠠᠲᠠᠨ ᠬᠤ᠋ ᠸᠧᠶ ᠶᠢᠨ ᠲᠠᠨᠢᠯᠴᠠᠭᠤᠯᠤᠭᠰᠠᠨ ᠢᠶᠠᠷ᠂ ᠣᠶᠢᠷ᠎ᠠ ᠶᠢᠨ ᠵᠢᠯ ᠤᠳ ᠲᠤ | ᠺᠣᠮᠫᠠᠨᠢ ᠠᠴᠠ ᠲᠣᠭᠠᠴᠢᠯᠠᠯᠲᠠ ᠬᠢᠵᠦ ᠬᠡᠯᠪᠡᠷᠢ ᠪᠠᠨ ᠬᠤᠪᠢᠷᠠᠭᠤᠯᠵᠠᠢ᠂ ᠡᠭᠦᠨ ᠠᠴᠠ ᠡᠮᠦᠨ᠎ᠡ ᠨᠢᠭᠡ ᠡᠭᠡᠯᠵᠢ ᠳᠤ | 40 ᠬᠥᠮᠦᠨ ᠬᠡᠷᠡᠭᠰᠡᠨ᠎ᠡ᠂ ᠣᠲᠣ ᠠᠦ᠋ᠲ᠋ᠣᠴᠢᠯᠠᠯᠲᠠ ᠶᠢᠨ ᠬᠡᠮᠵᠢᠶ᠎ᠡ ᠳᠡᠭᠡᠭᠰᠢᠯᠡᠵᠦ᠂ ᠵᠥᠪᠬᠡᠨ 32 ᠬᠥᠮᠥᠨ | ᠬᠡᠷᠡᠭᠰᠡᠬᠦ ᠪᠣᠯᠵᠠᠢ᠃ | ᠠᠵᠢᠯ ᠣᠯᠭᠤᠬᠤ ᠲᠣᠮᠣ ᠡᠷᠦᠬᠡ ᠪᠣᠯᠤᠭᠰᠠᠨ ᠤ ᠬᠤᠪᠢ ᠳᠤ᠂ ᠦᠢᠯᠡᠳᠬᠦ ᠦᠢᠯᠡᠰ ᠤᠨ ᠬᠡᠯᠪᠡᠷᠢ ᠶᠢ | ᠬᠤᠪᠢᠷᠠᠭᠤᠯᠤᠭᠰᠠᠨ ᠠᠴᠠ ᠪᠣᠯᠵᠤ ᠬᠥᠳᠡᠯᠮᠦᠷᠢ ᠬᠦᠴᠦᠨ ᠤ ᠵᠠᠬ᠎ᠠ ᠳᠡᠯᠭᠡᠭᠦᠷ ᠲᠤ ᠦᠷᠢᠰᠦᠯᠳᠦᠭᠡᠨ ᠤᠯᠠᠮ | ᠰᠢᠷᠦᠭᠦᠳᠴᠦ ᠪᠣᠢ᠃ | ᠴᠧᠩᠳᠦ᠋ ᠬᠤᠲᠠ ᠶᠢᠨ ᠶᠢᠨ ᠲᠠᠩ ᠰᠢᠶᠠᠨ ᠤ ᠬᠦᠯᠦᠰᠦᠨ ᠠᠵᠢᠯᠴᠢᠨ ᠵᠠᠩ ᠵᠢᠶᠦ᠋ᠨ ᠤᠤᠯ ᠨᠢ | ᠭᠤᠸᠠᠩᠳᠦ᠋ᠩ ᠤᠨ ᠨᠢᠭᠡᠨ ᠡᠯᠧᠺᠲᠷᠣᠨ ᠲᠣᠨᠤᠭ ᠤᠭᠰᠠᠷᠠᠬᠤ ᠦᠢᠯᠡᠳᠪᠦᠷᠢ ᠳᠤ ᠠᠵᠢᠯᠯᠠᠵᠤ ᠪᠠᠶᠢᠵᠠᠢ᠂ | ᠦᠢᠯᠡᠳᠪᠦᠷᠢ ᠨᠢ ᠤᠯᠠᠮ ᠠᠴᠠ ᠤᠯᠠᠮ ᠠᠦ᠋ᠲ᠋ᠣᠴᠢᠯᠠᠭᠰᠠᠨ ᠣᠶᠤᠨᠴᠢᠯᠠᠬᠤ ᠶᠢ ᠳᠠᠭᠠᠯᠳᠤᠨ᠂ ︽ᠶᠠᠮᠠᠷ ᠴᠤ ᠮᠡᠷᠭᠡᠵᠢᠯ | ᠬᠡᠷᠡᠭᠰᠡᠬᠦ ᠦᠭᠡᠢ︾ ᠠᠵᠢᠯ ᠤᠨ ᠪᠠᠶᠢᠷᠢ ᠨᠢ ᠤᠯᠠᠮ ᠠᠴᠠ ᠤᠯᠠᠮ ᠪᠠᠭᠠᠰᠴᠦ᠂ ᠴᠠᠯᠢᠩ ᠨᠢ ᠴᠦ ᠪᠠᠭᠤᠷᠠᠵᠠᠢ᠂ | ᠡᠶᠢᠮᠦ ᠠᠴᠠ ᠨᠤᠲᠤᠭ ᠳᠠᠭᠠᠨ ᠬᠠᠷᠢᠵᠤ ᠨᠢᠭᠡᠨ ᠢᠳᠡᠭᠡᠨ ᠤᠮᠳᠠᠭᠠᠨ ᠤ ᠠᠵᠤ ᠠᠬᠤᠢᠯᠠᠯ ᠳᠤ ᠬᠥᠯᠥᠰᠥᠨ ᠠᠵᠢᠯ | ᠬᠢᠬᠦ ᠪᠠᠷ ᠲᠣᠭᠲᠠᠪᠠ᠃ | ᠦᠢᠯᠡᠳᠬᠦ ᠦᠢᠯᠡᠰ ᠤᠨ ᠲᠣᠭᠠᠴᠢᠯᠠᠭᠰᠠᠨ ᠬᠡᠯᠪᠡᠷᠢ ᠶᠢᠨ ᠬᠤᠪᠢᠷᠠᠯᠲᠠ ᠶᠢᠨ ᠶᠠᠪᠤᠴᠠ ᠳᠤ᠂ ᠳᠣᠣᠷ᠎ᠠ | ᠮᠡᠷᠭᠡᠵᠢᠯ ᠤᠨ ᠬᠦᠳᠡᠯᠮᠦᠷᠢᠴᠢᠳ ᠬᠠᠮᠤᠭ ᠲᠡᠷᠢᠭᠦᠨ ᠳᠤ ᠨᠦᠯᠦᠭᠡᠯᠡᠭᠳᠡᠨ᠎ᠡ᠃ ᠲᠦᠷᠭᠡᠨ ᠬᠦᠷᠭᠡᠯᠳᠡ᠂ ᠰᠢᠭᠤᠳ | ᠨᠡᠪᠲᠡᠷᠡᠭᠦᠯᠭᠡ ᠵᠡᠷᠭᠡ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠲᠦᠷᠭᠡᠨ ᠬᠦᠭᠵᠢᠬᠦ ᠶᠢ ᠲᠠᠭᠠᠯᠳᠤᠨ ᠬᠡᠰᠡᠭ | ᠪᠦᠯᠦᠭ ᠤᠯᠠᠮᠵᠢᠯᠠᠯᠲᠤ ᠦᠢᠯᠡᠳᠬᠦ ᠦᠢᠯᠡᠰ ᠤᠨ ᠠᠵᠢᠯᠴᠢᠳ ᠢ ᠰᠢᠩᠭᠡᠭᠡᠨ ᠠᠪᠴᠦ ᠠᠵᠢᠯ ᠤᠯᠭᠤᠵᠠᠢ᠃ | ᠨᠡᠶᠢᠰᠯᠡᠯ ᠤᠨ ᠠᠵᠤ ᠠᠬᠤᠶ ᠠᠷᠠᠯᠵᠢᠶᠠᠨ ᠤ ᠶᠡᠭᠡ ᠰᠤᠷᠭᠠᠭᠤᠯᠢ ᠶᠢᠨ ᠳᠤᠮᠳᠠᠳᠤ ᠤᠯᠤᠰ ᠤᠨ ᠰᠢᠨ᠎ᠡ ᠠᠵᠢᠯ | ᠣᠯᠭᠤᠯᠲᠠ ᠶᠢᠨ ᠬᠡᠯᠪᠡᠷᠢ ᠪᠠᠶᠢᠳᠠᠯ ᠤᠨ ᠰᠤᠳᠤᠯᠭᠠᠨ ᠤ ᠲᠥᠪ ᠤᠨ ᠡᠷᠬᠢᠯᠡᠭᠴᠢ ᠵᠠᠩ ᠴᠧᠩ ᠭᠠᠩ ᠬᠡᠯᠡᠬᠦ ᠳᠡᠭᠡᠨ᠂ | ᠳᠣᠤᠷ᠎ᠠ ᠤᠷ᠎ᠠ ᠮᠡᠷᠭᠡᠵᠢᠯ ᠤᠨ ᠠᠵᠢᠯᠴᠢᠳ ᠳᠠᠬᠢᠨ ᠠᠵᠢᠯ ᠤᠯᠬᠤ ᠳᠤ ᠭᠤᠤᠯᠳᠠᠭᠤ ᠢᠳᠡᠭᠡᠨ ᠤᠮᠳᠠᠭᠠᠨ ᠤ | ᠦᠢᠯᠡᠴᠢᠯᠡᠭᠡᠨ ᠤ ᠦᠢᠯᠡᠰ᠂ ᠲᠦᠷᠭᠡᠨ ᠬᠦᠷᠭᠡᠯᠲᠡ ᠪᠠ ᠰᠦᠯᠵᠢᠶ᠎ᠡ ᠶᠢᠨ ᠲᠦᠷᠢᠶᠡᠰᠦᠨ ᠮᠠᠰᠢᠨ ᠲᠡᠷᠭᠡ ᠵᠡᠷᠭᠡ | ᠬᠦᠷᠢᠶᠡᠨ ᠳᠤ ᠰᠢᠯᠵᠢᠨ᠎ᠡ ᠭᠡᠵᠡᠶ᠃ | ᠪᠠᠰᠠ ᠵᠠᠷᠢᠮ ᠣᠯᠠᠮᠵᠢᠯᠠᠯᠲᠤ ᠠᠵᠣ ᠣᠢᠢᠯᠠᠰ ᠤᠨ ᠠᠵᠢᠯᠴᠢᠣᠠ ᠰᠣᠷᠣᠯᠴᠠᠯᠭ᠎ᠠ ᠪᠤᠯᠪᠠᠰᠣᠷᠠᠯ ᠢᠶᠠᠷ | ᠲᠠᠮᠵᠢᠭᠤᠯᠣᠠ᠂ ᠳᠣᠣᠷ᠎ᠠ ᠮᠠᠷᠭᠡᠵᠢᠯ ᠤᠨ ᠠᠵᠢᠯ ᠳᠦᠷᠣᠯ ᠠᠴᠠ ᠲᠠᠭᠡᠲᠤ ᠮᠠᠷᠭᠡᠵᠢᠯ ᠤᠨ ᠠᠵᠢᠯ ᠤᠨ ᠪᠠᠶᠢᠷᠢ ᠶᠢᠨ | ᠦᠰᠦᠷᠡᠯᠳᠡ ᠶᠢ ᠪᠠᠶᠠᠯᠠᠭᠦᠯᠵᠠᠢ᠃ | ᠣᠳᠣᠬᠠᠨ ᠳᠤ᠂ ᠮᠠᠨ ᠤ ᠤᠯᠤᠰ ᠨᠢᠭᠡᠨᠲᠡ ᠲᠦᠮᠡ ᠰᠢᠬᠠᠮ ᠲᠣᠭᠠᠴᠢᠯᠠᠭᠰᠠᠨ ᠦᠢᠯᠡᠳᠪᠦᠷᠢ ᠶᠢᠨ ᠲᠠᠰᠤᠭ ᠪᠠ | ᠤᠶᠤᠨᠲᠤ ᠦᠢᠯᠡᠳᠪᠦᠷᠢ ᠶᠢ ᠪᠦᠳᠦᠭᠡᠨ ᠪᠠᠶᠢᠭᠤᠯᠵᠤ᠂ ᠰᠢᠨ᠎ᠡ ᠠᠵᠢᠯ ᠮᠡᠷᠭᠡᠵᠢᠯ᠂ ᠰᠢᠨ᠎ᠡ ᠠᠵᠢᠯ ᠤᠨ ᠪᠠᠶᠢᠷᠢ ᠶᠢ | ᠪᠤᠢ ᠪᠣᠯᠭᠠᠪᠠ᠃ | ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠠᠴᠠ ᠣᠶᠤᠨᠴᠢ ᠦᠢᠯᠡᠳᠬᠦ | ᠰᠢᠰᠲ᠋ᠧᠮ ᠤᠨ ᠠᠵᠢᠯᠯᠠᠭᠴᠢ᠂ ᠠᠵᠤ ᠦᠢᠯᠡᠳᠪᠦᠷᠢ ᠶᠢᠨ ᠢᠨᠲ᠋ᠧᠷ ᠰᠦᠯᠵᠢᠶᠡᠨ ᠤ ᠠᠵᠢᠯᠯᠠᠭᠴᠢ ᠵᠡᠷᠭᠡ 19 ᠰᠢᠨ᠎ᠡ | ᠠᠵᠢᠯ ᠮᠡᠷᠭᠡᠵᠢᠯ ᠢ ᠰᠢᠨ᠎ᠡ ᠪᠠᠷ ᠨᠡᠶᠢᠲᠡᠯᠡᠬᠦ ᠶᠢᠨ ᠬᠠᠮᠲᠤ ᠰᠢᠯᠵᠢᠮᠡᠯ ᠠᠵᠢᠯᠯᠠᠬᠤ ᠰᠢᠰᠲ᠋ᠧᠮ ᠤᠨ ᠬᠡᠷᠡᠭᠯᠡᠭᠡᠨ ᠤ ᠵᠢᠷᠤᠭ | ᠲᠥᠯᠥᠪᠯᠡᠭᠴᠢ ᠵᠡᠷᠭᠡ 29 ᠰᠢᠨ᠎ᠡ ᠠᠵᠢᠯ ᠲᠥᠷᠥᠯ ᠢ ᠨᠡᠮᠡᠬᠦ ᠪᠠᠷ ᠲᠥᠯᠥᠪᠯᠡᠵᠦ ᠪᠠᠶᠢᠨ᠎ᠠ᠃ | ︽ᠵᠠᠬ᠎ᠠ ᠳᠡᠯᠭᠡᠭᠦᠷ ᠤᠨ ᠬᠡᠷᠡᠭᠴᠡᠭᠡ ᠶᠢᠨ ᠬᠤᠪᠢᠷᠠᠯᠲᠠ ᠨᠢ ᠮᠦᠨᠴᠦ ᠠᠵᠢᠯ ᠣᠯᠭᠤᠯᠲᠠ ᠶᠢᠨ ᠬᠡᠷᠡᠭᠴᠡᠭᠡ | ᠱᠠᠭᠠᠷᠳᠠᠯᠭ᠎ᠠ ᠶᠢᠨ ᠰᠢᠨ᠎ᠡ ᠪᠠᠶᠢᠷᠢᠰᠢᠯ ᠢ ᠳᠠᠬᠢᠨ ᠴᠣᠭᠴᠠᠯᠠᠵᠤ ᠪᠠᠶᠢᠨ᠎ᠠ︾᠃ ᠭᠠᠳᠠᠭᠠᠳᠤ ᠠᠵᠤ ᠠᠬᠤᠶ | ᠠᠷᠠᠯᠵᠢᠶᠠᠨ ᠤ ᠶᠡᠭᠡ ᠰᠤᠷᠭᠠᠭᠤᠯᠢ ᠶᠢᠨ ᠤᠯᠤᠰ ᠤᠨ ᠭᠠᠳᠠᠭᠠᠳᠤ ᠨᠡᠭᠡᠭᠡᠯᠲᠡ ᠶᠢᠨ ᠰᠤᠳᠤᠯᠭᠠᠨ ᠤ ᠬᠦᠷᠢᠶᠡᠯᠡᠩ ᠤᠨ | ᠫᠷᠤᠹᠧᠰᠰᠤᠷ ᠯᠢ ᠴᠠᠩ ᠠᠨ ᠠᠴᠠ ︽ᠡᠩ ᠤᠨ ᠪᠠᠶᠢᠳᠠᠯ ᠳᠤ ᠠᠪᠴᠤ ᠬᠡᠯᠡᠪᠡᠯ᠂ ᠮᠡᠷᠭᠡᠵᠢᠯ ᠤᠨ ᠳᠠᠪᠰᠢᠯᠲᠠ ᠨᠢ | ᠣᠬᠤᠷ ᠬᠤᠭᠤᠴᠠᠭᠠᠨ ᠤ ᠳᠣᠲᠣᠷ᠎ᠠ ᠠᠵᠢᠯ ᠠᠯᠳᠠᠬᠤ ᠦᠵᠡᠭᠳᠡᠯ ᠢ ᠪᠣᠶ ᠪᠣᠯᠭᠠᠨ᠎ᠠ᠂ ᠭᠡᠪᠡᠴᠦ ᠣᠷᠳᠣ | ᠬᠤᠭᠤᠴᠠᠭ᠎ᠠ ᠪᠠᠷ ᠠᠪᠴᠤ ᠦᠵᠡᠪᠡᠯ᠂ ᠠᠵᠢᠯ ᠣᠯᠭᠤᠯᠲᠠ ᠶᠢᠨ ︿ᠡᠭᠦᠳᠦᠨ ᠪᠦᠲᠦᠭᠡᠬᠦ ᠦᠢᠯᠡᠳᠦᠯ﹀ ᠨᠢ ︿ | ᠡᠪᠳᠡᠬᠦ ᠦᠢᠯᠡᠳᠦᠯ︾ ᠠᠴᠠ ᠶᠡᠭᠡ ᠪᠠᠶᠢᠵᠤ᠂ ᠢᠯᠠᠩᠭᠤᠶ᠎ᠠ ᠠᠵᠢᠯ ᠣᠯᠭᠤᠯᠲᠠ ᠶᠢᠨ ᠶᠠᠰᠤ ᠴᠢᠨᠠᠷ ᠢ ᠢᠯᠡᠳᠲᠡ | ᠳᠡᠭᠡᠭᠰᠢᠯᠡᠭᠦᠯᠦᠨ᠎ᠡ︾ ᠭᠡᠵᠦ ᠬᠡᠯᠡᠪᠡ᠃ | ᠳᠡᠭᠡᠳᠦ ᠮᠡᠷᠭᠡᠵᠢᠯ᠂ ᠥᠨᠳᠥᠷ ᠬᠡᠪ ᠪᠣᠯᠪᠠᠰᠤᠷᠠᠯ ᠲᠠᠢ ᠠᠵᠤ ᠦᠢᠯᠡᠰ ᠤᠨ ᠠᠵᠢᠯᠴᠢᠳ ᠤᠨ ᠬᠡᠷᠡᠭᠰᠡᠬᠦ | ᠬᠡᠮᠵᠢᠶ᠎ᠡ ᠨᠡᠮᠡᠭᠳᠡᠨ᠎ᠡ | ᠮᠠᠰᠢᠨ ᠬᠥᠮᠦᠨ ᠤ ᠵᠢᠯᠣᠭᠤᠳᠤᠭᠴᠢ ᠪᠣᠯ ᠮᠠᠰᠢᠨ ᠴᠠᠬᠢᠯᠭᠠᠨ ᠤ ᠢᠨᠵᠧᠨᠧᠷ ᠳᠠᠩ ᡁᠢ ᠪᠤᠯᠤᠨ᠎ᠠ᠃ ᠠᠵᠤ | ᠠᠬᠤᠶᠢᠯᠠᠯ ᠤᠨ ᠲᠤᠭᠠᠴᠢᠯᠠᠯᠳᠠ ᠬᠡᠯᠪᠡᠷᠢ ᠪᠠᠨ ᠬᠤᠪᠢᠷᠠᠭᠤᠯᠬᠤ ᠶᠢ ᠳᠠᠭᠠᠯᠳᠤᠨ᠂ ᠳᠠᠩ ᡁᠢ ᠶᠢᠨ ᠠᠵᠢᠯ ᠤᠨ ᠪᠠᠶᠢᠷᠢ | ᠴᠦ 2017 ᠣᠨ ᠳᠤ ᠲᠥᠬᠦᠭᠡᠷᠦᠮᠵᠢ ᠶᠢᠨ ᠠᠷᠠᠴᠢᠯᠠᠨ ᠬᠠᠮᠠᠭᠠᠯᠠᠭᠴᠢ ᠪᠠᠶᠢᠭᠰᠠᠨ ᠠᠴᠠ ᠪᠠᠨ ︽ᠳᠡᠰ ᠲᠠᠪᠰᠢᠵᠦ︾ | ᠦᠢᠯᠡᠳᠬᠦᠨ ᠭᠠᠩᠨᠠᠬᠤ᠂ ᠵᠢᠷᠤᠵᠤ ᠲᠥᠯᠥᠪᠯᠡᠬᠦ᠂ ᠤᠭᠰᠠᠷᠠᠬᠤ ᠪᠠ ᠲᠤᠷᠰᠢᠬᠤ᠂ ᠲᠤᠬᠢᠷᠠᠭᠤᠯᠬᠤ ᠠᠵᠢᠯ ᠠᠴᠠ ᠪᠠᠨ | ᠣᠳᠣ ᠣᠶᠤᠨᠴᠢᠯᠠᠭᠰᠠᠨ ᠦᠢᠯᠡᠳᠪᠦᠷᠢᠯᠡᠯ ᠤᠨ ᠱᠤᠭᠤᠮ ᠤᠨ ᠠᠵᠢᠯ ᠤᠨ ᠪᠠᠶᠢᠷᠢ ᠳᠤ ᠰᠢᠯᠵᠢᠪᠡ᠃ | ᠣᠶᠢᠷ᠎ᠠ ᠶᠢᠨ ᠵᠢᠯ ᠤᠳ ᠲᠤ᠂ ᠮᠠᠨ ᠤ ᠤᠯᠤᠰ ᠤᠨ ᠤᠷ᠎ᠠ ᠮᠡᠷᠭᠡᠰᠢᠯ ᠤᠨ ᠴᠢᠳᠠᠪᠤᠷᠢᠲᠠᠨ ᠤ ᠬᠡᠪᠴᠢᠶ᠎ᠡ | ᠲᠠᠰᠤᠷᠠᠯᠲᠠ ᠦᠭᠡᠢ ᠨᠡᠮᠡᠭᠳᠡᠵᠦ᠂ ᠪᠥᠬᠦ ᠠᠵᠢᠯ ᠣᠯᠤᠭᠰᠠᠳ ᠤᠨ 26% ᠠᠴᠠ ᠳᠡᠭᠡᠭᠰᠢ ᠪᠣᠯᠤᠭᠰᠠᠨ ᠪᠣᠯᠪᠠᠴᠤ | ᠡᠨᠡ ᠬᠦ ᠬᠠᠷᠢᠴᠠᠯ ᠨᠢ ᠭᠧᠷᠮᠠᠨ᠂ ᠶᠠᠫᠣᠨ ᠵᠡᠷᠭᠡ ᠦᠢᠯᠡᠳᠬᠦ ᠦᠢᠯᠡᠰ ᠤᠨ ᠬᠦᠴᠦᠷᠬᠡᠭ ᠤᠯᠤᠰ ᠲᠠᠢ ᠬᠠᠷᠢᠴᠠᠭᠤᠯᠪᠠᠯ | ᠮᠥᠨ ᠬᠦ ᠢᠯᠡᠳᠲᠡ ᠳᠣᠣᠷ᠎ᠠ ᠪᠠᠶᠢᠭᠰᠠᠭᠠᠷ᠃ ᠮᠡᠷᠭᠡᠵᠢᠯ ᠴᠢᠳᠠᠪᠤᠷᠢ ᠶᠢᠨ ᠴᠢᠳᠠᠪᠤᠷᠢᠲᠠᠨ ᠤ ᠤᠷᠲᠤ | ᠬᠤᠭᠤᠴᠠᠭᠠᠨ ᠤ ᠲᠤᠭ᠎ᠠ ᠬᠡᠮᠵᠢᠶ᠎ᠡ ᠬᠦᠷᠦᠯᠴᠡᠬᠦ ᠦᠭᠡᠶ᠂ ᠢᠯᠠᠩᠭᠤᠶ᠎ᠠ ᠳᠡᠭᠡᠳᠦ ᠮᠡᠷᠭᠡᠵᠢᠯ ᠤᠨ ᠴᠢᠳᠠᠪᠤᠷᠢᠲᠠᠨ ᠤ | ᠬᠠᠩᠭᠠᠯᠭ᠎ᠠ ᠬᠢᠭᠡᠳ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠬᠡᠷᠡᠭᠴᠡᠭᠡ | ᠱᠠᠭᠠᠷᠳᠠᠯᠭ᠎ᠠ ᠶᠢᠨ ᠬᠤᠭᠤᠷᠣᠨᠳᠣᠬᠢ ᠵᠥᠷᠢᠴᠡᠯ ᠡᠳᠦᠷ ᠢᠷᠡᠬᠦᠶ᠎ᠡ ᠳᠣᠪᠤᠶᠢᠮ᠎ᠠ ᠪᠣᠯᠵᠤ ᠪᠠᠶᠢᠨ᠎ᠠ᠃ | ᠠᠨᠾᠦ᠋ᠢ ᠮᠣᠵᠢ ᠶᠢᠨ ᠲᠦᠩ ᠯᠢᠩ ᠬᠤᠲᠠ ᠶᠢᠨ 2024 ᠣᠨ ᠤ ᠨᠢᠭᠡᠳᠦᠭᠡᠷ ᠤᠯᠠᠷᠢᠯ ᠤᠨ ᠬᠢᠨᠠᠨ | ᠪᠠᠶᠢᠴᠠᠭᠠᠯᠳᠠ ᠶᠢᠨ ᠮᠡᠳᠡᠭᠦᠯᠦᠯᠳᠡ ᠠᠴᠠ ᠦᠵᠡᠪᠡᠯ᠂ ᠬᠥᠮᠦᠨ ᠤ ᠬᠦᠴᠦᠨ ᠤ ᠡᠬᠢ ᠪᠠᠶᠠᠯᠢᠭ ᠤᠨ ᠵᠠᠬ᠎ᠠ | ᠳᠡᠯᠭᠡᠭᠦᠷ ᠤᠨ ᠲᠤᠰᠬᠠᠢ ᠮᠡᠷᠭᠡᠵᠢᠯ ᠤᠨ ᠠᠵᠢᠯᠲᠠᠨ ᠤ ᠬᠥᠮᠦᠨ ᠡᠯᠰᠡᠬᠦ ᠳᠠᠬᠢᠨ ᠨᠣᠷᠮ᠎ᠠ 1.58 ᠪᠠᠶᠢᠵᠦ᠂ ᠠᠳᠠᠯᠢ | ᠬᠤᠭᠤᠴᠠᠭᠠᠨ ᠤ ᠬᠢ ᠠᠴᠠ 0.12% ᠪᠠᠷ ᠲᠡᠭᠡᠭᠰᠢᠯᠡᠵᠦ᠂ ᠲᠤᠰᠬᠠᠢ ᠮᠡᠷᠭᠡᠵᠢᠯ ᠤᠨ ᠴᠢᠳᠠᠪᠤᠷᠢᠲᠠᠨ ᠤ ᠬᠡᠷᠡᠭᠴᠡᠭᠡ | ᠱᠠᠭᠠᠷᠳᠠᠯᠭ᠎ᠠ ᠦᠷᠭᠦᠯᠵᠢᠯᠡᠨ ᠲᠡᠭᠡᠭᠰᠢᠯᠡᠬᠦ ᠬᠠᠨᠳᠤᠰᠢ ᠲᠠᠢ ᠪᠠᠶᠢᠨ᠎ᠠ᠃ | ᠪᠠᠶᠢᠴᠠᠭᠠᠨ ᠰᠤᠳᠤᠯᠤᠯᠲᠠ ᠶᠢᠨ ᠳᠤᠮᠳᠠ ᠣᠯᠵᠤ ᠮᠡᠳᠡᠭᠰᠡᠨ ᠨᠢ᠂ ᠵᠠᠷᠢᠮ ᠦᠢᠯᠡᠳᠬᠡᠯ ᠤᠨ ᠦᠢᠯᠡᠰ ᠤᠨ | ᠠᠵᠢᠯ ᠤᠨ ᠪᠠᠶᠢᠷᠢ ᠨᠢ ᠮᠦᠨᠴᠦ ᠬᠥᠳᠡᠯᠮᠦᠷᠢ ᠨᠢᠭᠲᠠᠷᠠᠭᠰᠠᠨ ᠬᠡᠯᠪᠡᠷᠢ ᠠᠴᠠ ᠪᠠᠨ ᠮᠡᠳᠡᠯᠭᠡ ᠨᠢᠭᠲᠠᠷᠠᠭᠰᠠᠨ ᠬᠡᠯᠪᠡᠷᠢ | ᠪᠣᠯᠣᠨ ᠬᠤᠪᠢᠷᠠᠵᠤ᠂ ᠬᠥᠳᠡᠯᠮᠦᠷᠢᠴᠢᠳ ᠤᠨ ᠣᠷᠣᠯᠭ᠎ᠠ ᠨᠢ ᠴᠦ ᠨᠡᠮᠡᠭᠳᠡᠬᠦ ᠪᠤᠯᠤᠨ᠎ᠠ᠃ | ᠱᠠᠩᠬᠠᠢ ᠶᠢᠨ ᠨᠡᠶᠢᠲᠡᠯᠡᠭᠰᠡᠨ ᠠᠵᠤ ᠠᠬᠤᠶᠢᠯᠠᠯ ᠤᠨ ᠮᠡᠷᠭᠡᠵᠢᠯ ᠤᠨ ᠴᠢᠳᠠᠪᠤᠷᠢᠲᠠᠨ ᠤ ᠴᠠᠯᠢᠩ ᠤᠨ | ᠦᠨ᠎ᠡ ᠶᠢᠨ ᠪᠠᠶᠢᠳᠠᠯ ᠠᠴᠠ ᠦᠵᠡᠪᠡᠯ᠂ ᠣᠶᠢᠷ᠎ᠠ ᠶᠢᠨ ᠵᠢᠯ ᠠᠴᠠ ᠨᠠᠰᠢ ᠮᠡᠷᠭᠡᠵᠢᠯ ᠤᠨ ᠴᠢᠳᠠᠪᠤᠷᠢᠲᠠᠨ ᠤ ᠴᠠᠯᠢᠩ ᠤᠨ | ᠲᠦᠪᠰᠢᠨ ᠨᠡᠮᠡᠭᠳᠡᠵᠦ᠂ ᠵᠢᠯ ᠳᠤᠮᠳᠠᠴᠢ ᠶᠢᠨ ᠨᠡᠮᠡᠭᠳᠡᠯ ᠤᠨ ᠬᠤᠷᠳᠤᠴᠠ 9 % ᠠᠴᠠ ᠳᠡᠭᠡᠭᠰᠢ ᠪᠣᠯᠪᠠ᠃ | ︽ᠠᠵᠤ ᠦᠢᠯᠡᠰ ᠪᠠ ᠮᠡᠷᠭᠡᠵᠢᠯ ᠤᠨ ᠲᠦᠷᠭᠡᠨ ᠬᠤᠪᠢᠷᠠᠯᠲᠠ ᠲᠠᠢ ᠬᠠᠷᠢᠴᠠᠭᠤᠯᠪᠠᠯ᠂ ᠬᠥᠮᠥᠨ ᠤ | ᠬᠤᠪᠢᠷᠠᠯᠲᠠ ᠪᠣᠯ ᠨᠢᠭᠡ ᠵᠦᠢᠯ ᠤᠨ ᠠᠭᠠᠵᠢᠮ ᠢᠶᠠᠷ ᠠᠬᠢᠬᠤ ᠬᠡᠯᠪᠡᠷᠢ ᠶᠢᠨ ᠬᠤᠪᠢᠰᠤᠭᠴᠢ ᠮᠥᠨ᠃ ᠭᠡᠪᠡᠴᠦ | ᠢᠳᠠᠪᠬᠢᠵᠢᠭᠦᠯᠪᠡᠯ ᠯᠤᠲᠤ ᠶᠡᠭᠡ ᠬᠦᠴᠦ ᠪᠣᠯᠣᠨ᠎ᠠ︾ ᠬᠡᠵᠤ ᠲᠤᠮᠳᠠᠳᠤ ᠤᠯᠤᠰ ᠤᠨ ᠬᠥᠳᠡᠯᠮᠦᠷᠢ ᠪᠠ ᠨᠡᠶᠢᠭᠡᠮ ᠤᠨ | ᠪᠠᠳᠤᠯᠠᠭ᠎ᠠ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠤᠨ ᠳᠠᠷᠤᠭ᠎ᠠ ᠮᠦᠸᠧ ᠷᠦᠩ ᠬᠡᠯᠡᠪᠡ᠃ | ᠵᠠᠰᠠᠭ ᠤᠨ ᠣᠷᠳᠣᠨ᠂ ᠠᠵᠤ ᠠᠬᠤᠶᠢᠯᠠᠯ ᠪᠣᠯᠤᠨ ᠶᠡᠭᠡ ᠳᠡᠭᠡᠳᠦ ᠰᠤᠷᠭᠠᠭᠤᠯᠢ ᠬᠦᠴᠦ ᠪᠠᠨ ᠬᠠᠮᠲᠤᠳᠬᠠᠨ | ᠬᠥᠳᠡᠯᠮᠦᠷᠢ ᠬᠦᠴᠦᠨ ᠤ ᠬᠡᠯᠪᠡᠷᠢ ᠪᠠᠨ ᠬᠤᠪᠢᠷᠠᠭᠤᠯᠬᠤ ᠦᠢᠯᠡᠴᠢᠯᠡᠭᠡ ᠬᠠᠩᠭᠠᠬᠤ ᠬᠡᠷᠡᠭᠲᠡᠶ | ᠲᠣᠭᠠᠴᠢᠯᠠᠭᠰᠠᠨ ᠬᠡᠯᠪᠡᠷᠢ ᠪᠠᠨ ᠬᠤᠪᠢᠷᠠᠭᠤᠯᠬᠤ ᠤᠷᠤᠰᠬᠠᠯ ᠤᠨ ᠡᠮᠦᠨ᠎ᠡ᠂ ᠣᠳᠣᠬᠠᠨ ᠳᠤ ᠵᠠᠰᠠᠭ ᠤᠨ | ᠣᠷᠳᠣᠨ᠂ ᠠᠵᠤ ᠠᠬᠤᠶᠢᠯᠠᠯ᠂ ᠶᠡᠭᠡ ᠳᠡᠭᠡᠳᠦ ᠰᠤᠷᠭᠠᠭᠤᠯᠢ ᠵᠡᠷᠭᠡ ᠤᠯᠠᠨ ᠲᠠᠯ᠎ᠠ ᠶᠢᠨ ᠬᠢᠨ ᠴᠥᠮ ᠬᠦᠴᠦᠯᠡᠵᠦ᠂ | ᠠᠵᠤ ᠦᠢᠯᠡᠰ ᠤᠨ ᠠᠵᠢᠯᠴᠢᠳ ᠢ ᠬᠠᠪᠰᠤᠷᠤᠨ ᠤᠷ᠎ᠠ ᠴᠢᠳᠠᠪᠤᠷᠢ ᠶᠢᠨ ᠨᠥᠭᠡᠴᠡ ᠶᠢ ᠨᠢ ᠨᠡᠮᠡᠭᠳᠡᠭᠦᠯᠵᠦ᠂ ᠠᠵᠢᠯ | ᠣᠯᠭᠤᠯᠲᠠ ᠶᠢᠨ ᠦᠷᠢᠰᠦᠯᠳᠦᠬᠦ ᠬᠦᠴᠦᠨ ᠢ ᠨᠢ ᠳᠡᠭᠡᠭᠰᠢᠯᠡᠭᠦᠯᠵᠦ ᠪᠠᠶᠢᠨ᠎ᠠ᠃ | ᠣᠯᠠᠨ ᠮᠣᠵᠢ ᠣᠷᠣᠨ ᠨᠢ ᠳᠤᠲᠠᠭᠳᠠᠵᠤ ᠪᠠᠶᠢᠭ᠎ᠠ ᠴᠢᠳᠠᠪᠤᠷᠢᠲᠠᠨ ᠤ ᠭᠠᠷᠴᠠᠭ ᠢ ᠨᠡᠶᠢᠳᠡᠯᠡᠵᠦ᠂ | ᠴᠢᠳᠠᠪᠤᠷᠢᠲᠠᠨ ᠤ ᠬᠠᠩᠭᠠᠯᠭ᠎ᠠ ᠬᠡᠷᠡᠭᠴᠡᠭᠡ ᠬᠤᠶᠠᠷ ᠲᠠᠯ᠎ᠠ ᠶᠢ ᠨᠠᠷᠢᠯᠢᠭ ᠣᠨᠣᠪᠴᠢᠲᠠᠢ ᠵᠣᠯᠭᠠᠭᠤᠯᠬᠤ ᠶᠢ | ᠴᠢᠩᠭᠠᠳᠭᠠᠪᠠ᠃ | ᠱᠠᠩᠬᠠᠢ ᠭᠤᠣᠯᠳᠠᠯᠭ᠎ᠠ ᠲᠠᠢ ᠠᠵᠤ ᠦᠢᠯᠡᠰ᠂ ᠠᠵᠤ ᠠᠬᠤᠶᠢᠯᠠᠯ ᠤᠨ ᠲᠣᠭᠤᠷᠢᠨ ᠳᠤ ᠲᠦᠰᠦᠭᠡᠯᠡᠯ ᠤᠨ | ᠴᠢᠨᠠᠷᠲᠠᠢ ᠵᠠᠳᠠᠯᠤᠯᠲᠠ ᠵᠢᠱᠢᠯᠲᠡ ᠶᠢ ᠥᠷᠨᠢᠭᠦᠯᠵᠦ᠂ ᠣᠳᠣᠬᠠᠨ ᠳᠤ ᠨᠢᠭᠡᠨᠲᠡ 100 ᠵᠦᠢᠯ ᠤᠨ ᠪᠠᠴᠢᠮ | ᠬᠡᠷᠡᠭᠴᠡᠭᠡ ᠲᠠᠢ ᠳᠤᠲᠠᠭᠳᠠᠵᠤ ᠪᠠᠶᠢᠭ᠎ᠠ ᠠᠵᠢᠯ ᠮᠡᠷᠭᠡᠵᠢᠯ ︵ᠠᠵᠢᠯ ᠤᠨ ᠵᠦᠢᠯ︶ ᠤᠨ ᠭᠠᠷᠴᠠᠭ ᠪᠠ 33 | ᠵᠦᠢᠯ ᠤᠨ ᠰᠢᠨ᠎ᠡ ᠤᠷ᠎ᠠ ᠴᠢᠳᠠᠪᠤᠷᠢ ᠶᠢᠨ ᠪᠣᠯᠪᠠᠰᠤᠷᠠᠯ ᠤᠨ ᠲᠦᠷᠦᠯ ᠵᠦᠢᠯ ᠤᠨ ᠭᠠᠷᠴᠠᠭ ᠢ ᠪᠦᠷᠢᠯᠳᠦᠭᠦᠯᠪᠡ᠂ | ᠡᠭᠦᠨ ᠳᠤ ᠣᠶᠤᠨᠴᠢ ᠦᠢᠯᠡᠳᠬᠦ ᠬᠦᠷᠢᠶᠡᠨ ᠳᠤ ᠬᠡᠷᠡᠭᠰᠡᠬᠦ ᠤᠯᠠᠨ ᠵᠦᠢᠯ ᠤᠨ ᠤᠷ᠎ᠠ ᠴᠢᠳᠠᠪᠤᠷᠢ ᠶᠢ ᠪᠠᠭᠲᠠᠭᠠᠵᠤ | ᠪᠠᠶᠢᠨ᠎ᠠ᠃ | ᠶᠠᠩ ᠵᠢᠶᠠ ᠶᠢᠩ᠄ ︽ᠭᠠᠷᠴᠠᠭ ᠪᠣᠯ ᠳᠠᠷᠤᠢ ︿ᠳᠣᠬᠢᠭᠤᠷ﹀ ᠤᠨ ᠦᠢᠯᠡᠳᠦᠯ ᠢ ᠪᠠᠳᠠᠷᠠᠭᠤᠯᠵᠤ᠂ | ᠨᠡᠶᠢᠭᠡᠮ ᠤᠨ ᠡᠯ᠎ᠡ ᠲᠠᠯ᠎ᠠ ᠶᠢᠨ ᠪᠣᠯᠪᠠᠰᠤᠷᠠᠯ ᠤᠨ ᠡᠬᠢ ᠪᠠᠶᠠᠯᠢᠭ ᠪᠣᠯᠣᠨ ᠬᠦᠴᠦᠨ ᠢ ᠲᠠᠲᠠᠵᠤ᠂ ᠪᠠᠴᠢᠮ | ᠳᠤᠲᠠᠭᠳᠠᠵᠤ ᠪᠠᠶᠢᠭ᠎ᠠ ᠴᠢᠭᠯᠡᠯ ᠲᠡᠰᠢ ᠲᠥᠪᠯᠡᠷᠡᠭᠦᠯᠬᠦ ᠶᠢᠨ ᠬᠠᠮᠲᠤ ᠥᠷᠭᠡᠨ ᠣᠯᠠᠨ ᠬᠥᠳᠡᠯᠮᠦᠷᠢᠴᠢᠳ ᠢ ᠬᠥᠲᠥᠯᠥᠨ | ᠵᠢᠯᠣᠭᠤᠳᠴᠤ ᠪᠠᠶᠢᠭᠠᠳ ᠤᠷ᠎ᠠ ᠴᠢᠳᠠᠪᠤᠷᠢ ᠶᠢ ᠨᠢ ᠳᠡᠭᠡᠭᠰᠢᠯᠡᠭᠦᠯᠵᠦ᠂ ᠬᠥᠭᠵᠢᠯᠲᠡ ᠶᠢᠨ ᠬᠡᠷᠡᠭᠴᠡᠭᠡ ᠶᠢ ᠬᠤᠪᠢ | ᠬᠥᠮᠦᠨ ᠤ ᠴᠢᠳᠠᠪᠤᠷᠢ ᠲᠠᠢ ᠬᠠᠷᠢᠯᠴᠠᠨ ᠤᠶᠠᠯᠳᠤᠭᠤᠯᠤᠨ᠎ᠠ︾ ᠭᠡᠵᠦ ᠬᠡᠯᠡᠪᠡ᠃ | ᠵᠠᠷᠢᠮ ᠭᠠᠵᠠᠷ ᠤᠨ ᠵᠠᠰᠠᠭ ᠤᠨ ᠣᠷᠳᠣᠨ ᠪᠡᠯᠡ ᠮᠥᠩᠭᠦ ᠭᠠᠷᠭᠠᠵᠤ ᠠᠵᠢᠯ ᠮᠡᠷᠭᠡᠵᠢᠯ ᠤᠨ ᠴᠢᠳᠠᠪᠤᠷᠢ ᠶᠢᠨ | ᠪᠤᠯᠪᠠᠰᠤᠷᠠᠯ ᠳᠤ ᠨᠥᠬᠦᠪᠥᠷᠢ ᠤᠯᠭᠤᠵᠦ ᠪᠠᠶᠢᠨ᠎ᠠ᠃ | ᠰᠧᠴᠤᠸᠠᠨ ᠤ ᠮᠧᠢ ᠱᠠᠨ ᠬᠤᠲᠠ ᠠᠴᠠ ᠤᠨ ᠤ ᠰᠢᠨ᠎ᠡ ᠪᠠᠷ ᠨᠡᠮᠡᠭᠳᠡᠭᠰᠡᠨ ᠮᠡᠷᠭᠡᠵᠢᠯ ᠤᠨ ᠴᠢᠳᠠᠪᠤᠷᠢᠲᠠᠨ ᠤ | ᠠᠵᠤ ᠠᠬᠤᠶᠢᠯᠠᠯ ᠳᠤ ᠱᠠᠩᠨᠠᠯ ᠣᠯᠭᠤᠵᠤ᠂ ᠲᠡᠷᠢᠭᠦᠨ ᠤ ᠮᠡᠷᠭᠡᠵᠢᠯᠳᠡᠨ ︵ᠣᠨᠴᠠ ᠲᠠᠰ ᠤᠨ ᠮᠡᠷᠭᠡᠵᠢᠯᠳᠡᠨ︶ ᠳᠤ | ᠮᠧᠶ ᠱᠠᠨ ᠰᠢᠯᠢᠳᠡᠭ ᠴᠢᠳᠠᠪᠤᠷᠢᠲᠠᠨ ᠤ ᠺᠠᠷᠲ ᠤᠯᠭᠤᠵᠤ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠲᠠᠰ ᠤᠨ | ᠱᠠᠩᠨᠠᠯ ᠪᠠ ᠠᠮᠢᠳᠤᠷᠠᠯ ᠤᠨ ᠵᠠᠷᠤᠳᠠᠯ ᠤᠨ ᠨᠥᠬᠦᠪᠥᠷᠢ ᠣᠯᠭᠤᠵᠤ᠂ ᠰᠢᠨ᠎ᠡ ᠪᠠᠷ ᠦᠨᠡᠮᠰᠢᠭᠰᠡᠨ ᠠᠵᠢᠯ ᠮᠡᠷᠭᠡᠵᠢᠯ ᠤᠨ | ᠤᠷ᠎ᠠ ᠴᠢᠳᠠᠪᠤᠷᠢ ᠶᠢᠨ ᠦᠨᠡᠯᠡᠯᠲᠡ ᠶᠢᠨ ᠪᠠᠶᠢᠭᠤᠯᠤᠮᠵᠢ ᠳᠤ ᠱᠠᠩᠨᠠᠯ ᠨᠥᠬᠦᠪᠥᠷᠢ ᠤᠯᠭᠤᠪᠠ᠃ | ᠵᠠᠷᠢᠮ ᠭᠠᠵᠠᠷ ᠣᠷᠣᠨ ᠳᠤ ᠮᠡᠷᠭᠡᠵᠢᠯ ᠤᠨ ᠴᠣᠯᠠ ᠶᠢᠨ ᠦᠨᠡᠯᠡᠯᠲᠡ ᠪᠠᠷ ᠳᠠᠮᠵᠢᠭᠤᠯᠤᠨ᠂ ᠲᠣᠭᠠᠴᠢᠯᠠᠭᠰᠠᠨ | ᠴᠢᠳᠠᠪᠤᠷᠢᠲᠠᠨ ᠢ ᠲᠠᠲᠠᠬᠤ ᠪᠠ ᠲᠥᠪᠯᠡᠷᠡᠭᠦᠯᠬᠦ ︽ᠰᠣᠷᠢᠨᠵᠢᠨ ᠣᠷᠣᠨ︾ ᠢ ᠪᠠᠶᠢᠭᠤᠯᠪᠠ᠃ | ᠦᠢᠯᠡᠳᠬᠦ ᠦᠢᠯᠡᠰ ᠤᠨ ᠠᠵᠤ ᠠᠬᠤᠶᠢᠯᠠᠯ ᠴᠤ ᠳᠣᠲᠣᠭᠠᠳᠤ ᠶᠢᠨ ᠤᠷ᠎ᠠ ᠴᠢᠳᠠᠪᠤᠷᠢᠲᠠᠨ ᠢᠶᠠᠨ | ᠪᠣᠯᠪᠠᠰᠤᠷᠠᠭᠤᠯᠬᠤ ᠲᠣᠭᠲᠠᠴᠠ ᠪᠠᠨ ᠲᠠᠰᠤᠷᠠᠯᠲᠠ ᠦᠭᠡᠢ ᠲᠡᠭᠦᠯᠳᠡᠷᠵᠢᠭᠦᠯᠵᠦ ᠪᠠᠶᠢᠨ᠎ᠠ᠃ | ᠵᠠᠷᠢᠮ ᠠᠵᠤ ᠠᠬᠤᠶᠢᠯᠠᠯ ᠨᠢ ᠣᠯᠠᠨ ᠡᠰᠢᠵᠢᠭᠰᠡᠨ ᠪᠣᠳᠠᠲᠤ ᠪᠣᠯᠪᠠᠰᠤᠷᠠᠯ ᠤᠨ ᠰᠠᠭᠤᠷᠢᠨ ᠭᠠᠵᠠᠷ ᠢᠶᠠᠷ ᠳᠠᠮᠵᠢᠨ | ᠂ ᠨᠠᠩ ᠰᠢᠰᠲ᠋ᠧᠮ ᠲᠠᠢ ᠪᠤᠯᠪᠠᠰᠤᠷᠠᠯ᠂ ᠬᠢᠨᠠᠨ ᠰᠢᠯᠭᠠᠬᠤ ᠪᠠ ᠬᠢᠷᠢ ᠭᠡᠮ ᠢ ᠮᠠᠭᠠᠳᠯᠠᠨ ᠲᠣᠭᠲᠠᠭᠠᠵᠤ᠂ ᠨᠢᠭᠡᠳᠦᠭᠡᠷ | ᠹᠷᠣᠨᠲ ᠤᠨ ᠠᠵᠢᠯᠲᠠᠨ ᠳᠤ ︽ᠡᠩ ᠤᠨ ᠠᠵᠢᠯᠲᠠᠨ - ᠵᠠᠩᠭᠢᠯᠠᠭ᠎ᠠ ᠶᠢᠨ ᠠᠵᠢᠯ ᠤᠨ ᠪᠠᠶᠢᠷᠢ - ᠠᠵᠤ ᠦᠢᠯᠡᠰ ᠤᠨ | ᠮᠡᠷᠭᠡᠵᠢᠯ ᠤᠨ ᠠᠵᠢᠯᠴᠢᠨ - ᠢᠨᠵᠧᠨᠧᠷ︾ ᠤᠨ ᠠᠵᠢᠯ ᠮᠡᠷᠭᠡᠵᠢᠯ ᠤᠨ ᠳᠠᠪᠰᠢᠯᠲᠠ ᠶᠢᠨ ᠵᠠᠮ ᠢ ᠵᠢᠷᠤᠭᠯᠠᠵᠤ | ᠦᠭᠭᠦᠪᠡ᠃ | ᠨᠢᠭᠡᠳᠦᠭᠡᠷ ᠹᠷᠠᠨᠲ ᠤᠨ ᠠᠵᠢᠯᠴᠢᠳ ᠤᠯᠠᠮ ᠠᠴᠠ ᠤᠯᠠᠮ ᠮᠡᠷᠭᠡᠵᠢᠯ ᠤᠨ ᠴᠢᠳᠠᠪᠤᠷᠢ ᠪᠠᠨ ᠳᠡᠭᠡᠭᠰᠢᠯᠡᠭᠦᠯᠬᠦ | ᠲᠤᠯᠭᠠᠮ᠎ᠠ ᠴᠢᠨᠠᠷ ᠢ ᠲᠠᠨᠢᠵᠤ ᠣᠯᠤᠭᠰᠠᠨ ᠪᠠᠶᠢᠨ᠎ᠠ᠃ | ︽ᠵᠠᠪᠠᠯ ᠨᠢᠭᠡ ᠵᠦᠢᠯ ᠤᠨ ᠮᠡᠷᠭᠡᠵᠢᠯ ᠲᠠᠢ ᠪᠠᠶᠢᠬᠤ ᠬᠡᠷᠡᠭᠲᠡᠢ︾᠃ ᠮᠧᠢ ᠱᠠᠨ ᠬᠤᠲᠠ ᠶᠢᠨ ᠷᠧᠨ ᠱᠧᠦ | ᠰᠢᠶᠠᠨ ᠤ ᠬᠥᠯᠥᠰᠥᠨ ᠠᠵᠢᠯᠴᠢᠨ ᠵᠧᠩ ᠳ᠋ᠦᠩ ᠲᠦᠷᠦᠭᠦᠬᠡᠨ ᠷᠧᠨ ᠱᠧᠦ ᠰᠢᠶᠠᠨ ᠤ ᠵᠣᠬᠢᠶᠠᠨ ᠪᠠᠢᠭᠤᠯᠤᠭᠰᠠᠨ | ᠠᠵᠢᠯ ᠮᠡᠷᠭᠡᠵᠢᠯ ᠤᠨ ᠴᠢᠳᠠᠪᠤᠷᠢ ᠶᠢᠨ ᠤᠷᠤᠯᠳᠤᠭᠠᠨ ᠳᠤ ᠣᠷᠣᠯᠴᠠᠪᠠ᠂ ᠲᠡᠷᠡ ᠬᠡᠯᠡᠭᠰᠡᠨ ᠨᠢ᠂ ︽ | ᠤᠷᠤᠯᠳᠤᠭᠠᠨ ᠢᠶᠠᠷ ᠳᠠᠮᠵᠢᠨ᠂ ᠮᠢᠨᠦ ᠲᠤᠰᠬᠠᠢ ᠮᠡᠷᠭᠡᠵᠢᠯ ᠤᠨ ᠮᠡᠳᠡᠯᠭᠡ ᠪᠠ ᠤᠷ᠎ᠠ ᠴᠢᠳᠠᠪᠤᠷᠢ ᠤᠯᠠᠮ ᠨᠢᠭᠡ | ᠠᠯᠬᠤᠮ ᠲᠡᠭᠡᠭᠰᠢᠯᠡᠪᠡ︾ ᠭᠡᠵᠡᠢ᠃ | ᠮᠥᠸᠧ ᠷᠦᠩ ᠢᠯᠡᠷᠬᠡᠶᠢᠯᠡᠬᠦ ᠳᠡᠭᠡᠨ᠂ ᠦᠢᠯᠡᠳᠬᠦ ᠦᠢᠯᠡᠰ ᠤᠨ ᠲᠣᠭᠠᠴᠢᠯᠠᠭᠰᠠᠨ ᠬᠡᠯᠪᠡᠷᠢ ᠶᠢᠨ | ᠬᠤᠪᠢᠷᠠᠯᠲᠠ ᠨᠢ ᠬᠥᠳᠡᠯᠮᠦᠷᠢᠴᠢᠳ ᠲᠤ ᠦᠵᠡᠭᠦᠯᠬᠦ ᠨᠥᠯᠥᠭᠡ ᠶᠢᠨ ᠡᠮᠦᠨ᠎ᠡ᠂ ᠵᠠᠰᠠᠭ ᠤᠨ ᠣᠷᠳᠣᠨ᠂ ᠠᠵᠤ | ᠠᠬᠤᠶᠢᠯᠠᠯ ᠪᠣᠯᠤᠨ ᠶᠡᠭᠡ ᠳᠡᠭᠡᠳᠦ ᠰᠤᠷᠭᠠᠭᠤᠯᠢ ᠵᠡᠷᠭᠡ ᠡᠯ᠎ᠡ ᠲᠠᠯ᠎ᠠ ᠶᠢᠨ ᠬᠢᠨ ᠬᠠᠮᠲᠤᠷᠠᠯ ᠤᠨ ᠬᠦᠴᠦᠨ ᠢᠶᠠᠨ | ᠪᠦᠷᠢᠯᠳᠦᠭᠦᠯᠵᠦ᠂ ᠥᠨᠳᠥᠷ ᠬᠡᠪ ᠪᠣᠯᠪᠠᠰᠤᠷᠠᠯ ᠲᠠᠢ ᠠᠵᠤ ᠦᠢᠯᠡᠰ ᠤᠨ ᠠᠵᠢᠯᠴᠢᠨ ᠤ ᠡᠩᠨᠡᠭᠡ ᠶᠢ ᠴᠢᠷᠮᠠᠶᠢᠨ | ᠪᠠᠶᠢᠭᠤᠯᠵᠤ᠂ ᠦᠢᠯᠡᠳᠬᠦ ᠦᠢᠯᠡᠰ ᠤᠨ ᠬᠦᠴᠦᠷᠬᠡᠭ ᠤᠯᠤᠰ ᠤᠨ ᠪᠠᠶᠢᠯᠳᠤᠬᠤ ᠪᠣᠳᠣᠯᠭ᠎ᠠ ᠳᠤ ᠬᠦᠴᠦᠷᠬᠡᠭ ᠶᠡᠭᠡ | ᠬᠥᠮᠦᠨ ᠤ ᠬᠦᠴᠦᠨ ᠤ ᠲᠤᠯᠭᠠᠭᠤᠷᠢᠯᠠᠯ ᠬᠠᠩᠭᠠᠬᠤ ᠪᠤᠯᠤᠨ᠎ᠠ ᠭᠡᠵᠡᠶ᠃ | | ᠢᠷᠡᠯᠲᠡ᠄ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠰᠣᠨᠢᠨ |