ᠲᠣᠭᠲᠠᠬᠤ ᠰᠢᠶᠠᠨ ᠤ ᠠᠷᠠᠳ ᠤᠨ ᠪᠠᠶᠢᠴᠠᠭᠠᠬᠤ ᠬᠤᠷᠢᠶ᠎ᠠ᠄ ︽3 + 3 + 3︾ ᠪᠠᠶᠢᠴᠠᠭᠠᠬᠤ ᠠᠵᠢᠯ ᠤᠨ ︽ᠡᠷᠴᠢᠮ︾ ᠢᠶᠠᠷ ᠠᠷᠠᠳ ᠤᠨ ᠠᠮᠢᠳᠤᠷᠠᠯ ᠤᠨ ︽ᠳᠤᠯᠠᠭᠠᠨ ᠤ ᠬᠡᠮᠵᠢᠶ᠎ᠡ︾ ᠶᠢ ᠳᠡᠭᠡᠭᠰᠢᠯᠡᠭᠦᠯᠪᠡ
ᠨᠡᠶᠢᠲᠡᠯᠡᠭᠰᠡᠨ ᠴᠠᠭ᠄
2024/7/15
      ᠲᠣᠭᠲᠠᠬᠤ ᠰᠢᠶᠠᠨ ᠤ ᠠᠷᠠᠳ ᠤᠨ ᠪᠠᠶᠢᠴᠠᠭᠠᠬᠤ ᠬᠤᠷᠢᠶ᠎ᠠ ᠭᠤᠷᠪᠠᠨ ᠵᠦᠢᠯ ᠤᠨ ᠣᠪᠣᠷ᠂ ᠭᠤᠷᠪᠠᠨ ᠰᠠᠯᠠᠭ᠎ᠠ ᠮᠥᠴᠢᠷ᠂ ᠭᠤᠷᠪᠠᠨ ᠶᠡᠭᠡ ᠠᠷᠭ᠎ᠠ ᠬᠡᠮᠵᠢᠶ᠎ᠡ ᠶᠢ ᠯᠠᠪᠳᠠᠭᠤᠨ ᠪᠠᠲᠤᠲᠠᠢ ᠥᠷᠨᠢᠭᠦᠯᠵᠦ᠂ ᠨᠢᠭᠡ ᠭᠠᠵᠠᠷ ᠣᠷᠣᠨ᠂ ᠤᠯᠠᠨ ᠲᠦᠷᠦᠯ ᠤᠨ ᠬᠥᠮᠦᠰ᠂ ᠤᠯᠠᠨ ᠠᠵᠢᠯ ᠲᠦᠷᠦᠯ ᠵᠡᠷᠭᠡ ᠳᠤᠪᠤᠶᠢᠮ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠯᠡᠵᠦ᠂ ᠠᠷᠠᠳ ᠤᠯᠠᠨ ᠤ ᠡᠯ᠎ᠡ ᠵᠦᠢᠯ ᠤᠨ ︽ᠰᠠᠨᠠᠭ᠎ᠠ ᠵᠣᠪᠠᠭ᠋ᠤ ᠤᠴᠢᠷ︾ ᠢ ᠰᠡᠳᠬᠢᠯ ᠲᠠᠯᠪᠢᠨ ᠰᠢᠢᠳᠪᠦᠷᠢᠯᠡᠵᠦ᠂ ︽ᠪᠠᠶᠢᠴᠠᠭᠠᠬᠤ ᠳᠤᠯᠠᠭᠠᠴᠠ︾ ᠪᠠᠷ ᠤᠯᠠᠨ ᠲᠦᠮᠡᠨ ᠤ ︽ᠬᠠᠨᠤᠮᠵᠢ ᠶᠢᠨ ᠬᠡᠮᠵᠢᠶ᠎ᠡ︾ ᠶᠢ ᠰᠣᠯᠢᠵᠤ ᠠᠪᠴᠢᠷᠠᠪᠠ᠃      ᠭᠤᠷᠪᠠᠨ ᠵᠦᠢᠯ ᠤᠨ ᠣᠪᠣᠷ᠂ ᠦᠵᠡᠯ ᠰᠠᠨᠠᠭ᠎ᠠ ᠪᠠᠨ ᠨᠢᠭᠡᠳᠬᠡᠵᠦ᠂ ︽ᠠᠷᠠᠳ ᠤᠨ ᠠᠮᠢᠳᠤᠷᠠᠯ ᠢ ᠪᠠᠶᠢᠴᠠᠭᠠᠬᠤ︾ ᠶᠢ ᠨᠠᠷᠢᠨ ᠨᠢᠮᠪᠠᠶ ᠬᠢᠪᠡ      ᠨᠢᠭᠡ ᠳᠤ᠂ ᠦᠵᠡᠯ ᠰᠠᠨᠠᠭ᠎ᠠ ᠲᠠᠨᠢᠯᠲᠠ ᠶᠢ ︽ᠪᠠᠳᠤᠳᠬᠠᠪᠠ︾᠃ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠪᠦᠬᠦ ᠲᠠᠯ᠎ᠠ ᠪᠠᠷ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠠᠷᠠᠳ ᠤᠨ ᠳᠡᠭᠡᠳᠦ ᠪᠠᠶᠢᠴᠠᠭᠠᠬᠤ ᠬᠤᠷᠢᠶᠠᠨ ᠤ ︽ᠪᠦᠬᠦ ᠤᠯᠤᠰ ᠤᠨ ᠪᠠᠶᠢᠴᠠᠭᠠᠬᠤ ᠪᠠᠶᠢᠭᠤᠯᠭ᠎ᠠ ᠶᠢᠨ ︿ᠠᠷᠠᠳ ᠤᠨ ᠠᠮᠢᠳᠤᠷᠠᠯ ᠢ ᠬᠠᠮᠠᠭᠠᠯᠠᠬᠤ﹀ ᠲᠤᠰᠬᠠᠢ ᠠᠵᠢᠯᠯᠠᠭ᠎ᠠ ᠶᠢ ᠥᠷᠨᠢᠭᠦᠯᠬᠦ ᠲᠤᠬᠠᠢ ᠬᠡᠷᠡᠭᠵᠢᠭᠦᠯᠬᠦ ᠲᠥᠰᠥᠯ︾ ᠢ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠪᠠᠭᠤᠯᠭᠠᠭᠰᠠᠨ ︽ᠪᠦᠬᠦ ᠣᠷᠣᠨ ᠤ ᠪᠠᠶᠢᠴᠠᠭᠠᠬᠤ ᠪᠠᠶᠢᠭᠤᠯᠭ᠎ᠠ ᠶᠢᠨ ︿ᠠᠷᠠᠳ ᠤᠨ ᠠᠮᠢᠳᠤᠷᠠᠯ ᠢ ᠬᠠᠮᠠᠭᠠᠯᠠᠬᠤ﹀ ᠲᠤᠰᠬᠠᠢ ᠠᠵᠢᠯᠯᠠᠭ᠎ᠠ ᠶᠢ ᠥᠷᠨᠢᠭᠦᠯᠬᠦ ᠲᠤᠬᠠᠢ ᠮᠡᠳᠡᠭᠳᠡᠯ︾ ᠤᠨ ᠱᠠᠭᠠᠷᠳᠠᠯᠭ᠎ᠠ ᠶᠣᠰᠣᠭᠠᠷ᠂ ᠲᠥᠰᠥᠯ ᠳᠤ ᠲᠣᠭᠲᠠᠭᠠᠭᠰᠠᠨ ︿ᠭᠤᠷᠪᠠ ᠶᠢ ᠪᠠᠷᠢᠮᠲᠠᠯᠠᠬᠤ﹀ ᠵᠠᠷᠴᠢᠮ ᠢᠶᠠᠷ ᠪᠠᠶᠢᠴᠠᠭᠠᠬᠤ ᠡᠭᠦᠷᠭᠡ ᠴᠢᠳᠠᠪᠬᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠭᠤᠣᠯᠳᠠᠯᠭ᠎ᠠ ᠲᠠᠢ ᠬᠥᠮᠥᠰ᠂ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ᠂ ᠠᠷᠠᠳ ᠤᠨ ᠠᠮᠢᠳᠤᠷᠠᠯ ᠤᠨ ᠲᠣᠪᠤᠶᠢᠮ᠎ᠠ ᠠᠰᠠᠭᠤᠳᠠᠯ ᠤᠨ ᠠᠵᠢᠯᠯᠠᠭ᠎ᠠ ᠶᠢᠨ ᠭᠤᠣᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ︽ᠬᠡᠷᠡᠭ ᠨᠢᠭᠡᠪᠦᠷᠢ ᠶᠢ ᠴᠢᠨᠠᠷ ᠰᠠᠶᠢᠲᠠᠢ ᠦᠷ᠎ᠡ ᠪᠦᠲᠦᠮᠵᠢ ᠪᠠᠷ ᠬᠥᠲᠥᠯᠦᠮᠵᠢ ᠪᠣᠯᠭᠠᠵᠤ᠂ ᠠᠷᠠᠳ ᠤᠨ ᠲᠥᠯᠥᠭᠡ ᠪᠠᠶᠢᠴᠠᠭᠠᠬᠤ ᠠᠵᠢᠯ ᠢ ᠪᠣᠳᠠᠲᠠᠢ ᠪᠠᠷ ᠰᠠᠶᠢᠲᠤᠷ ᠬᠢᠵᠦ᠂ ᠠᠷᠠᠳ ᠣᠯᠠᠨ ᠤ ᠪᠠᠴᠢᠮ ᠬᠦᠴᠢᠷ ᠵᠣᠪᠠᠭᠤᠷᠢ ᠬᠦᠰᠡᠯ ᠠᠰᠠᠭᠤᠳᠠᠯ ᠢ ᠦᠨᠡᠨᠬᠦ ᠰᠢᠢᠳᠪᠦᠷᠢᠯᠡᠵᠦ᠂ ︽ᠠᠷᠠᠳ ᠤᠨ ᠠᠮᠢᠳᠤᠷᠠᠯ ᠢ ᠪᠠᠶᠢᠴᠠᠭᠠᠬᠤ︾ ᠶᠢᠨ ᠪᠣᠳᠠᠲᠤ ᠪᠦᠲᠦᠮᠵᠢ ᠪᠠᠷ ᠠᠷᠠᠳ ᠤᠨ ᠲᠥᠯᠥᠭᠡ ᠬᠠᠤᠯᠢ ᠪᠠᠷᠢᠬᠤ ᠪᠣᠳᠠᠲᠤ ᠦᠷ᠎ᠡ ᠪᠦᠲᠦᠮᠵᠢ ᠶᠢ ᠢᠯᠡᠷᠡᠭᠦᠯᠬᠦ ᠬᠡᠷᠡᠭᠲᠡᠢ᠃ ᠬᠤᠶᠠᠷ ᠲᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ︽ᠪᠤᠳᠠᠳᠠᠶᠢᠵᠢᠭᠤᠯᠪᠠ︾᠃ ᠭᠠᠷᠠᠭ ᠪᠦᠷᠢ ᠨᠢᠭᠡᠳᠦᠭᠡᠷ ᠭᠠᠷ ᠪᠠᠶᠢᠴᠠᠭᠠᠬᠤ ᠳᠠᠷᠤᠭ᠎ᠠ ᠶᠢᠨ ᠠᠯᠪᠠᠨ ᠠᠵᠢᠯ ᠤᠨ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠡᠯ᠎ᠡ ᠰᠠᠯᠠᠭ᠎ᠠ ᠮᠥᠴᠢᠷ ᠤᠨ ᠥᠷᠨᠢᠭᠦᠯᠦᠭᠰᠡᠨ᠂ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠵᠠᠳᠠᠯᠤᠯᠲᠠ ᠬᠢᠵᠦ᠂ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠭᠠᠷᠳᠠᠬᠤ ᠴᠡᠭ ᠪᠠ ᠬᠦᠴᠦᠯᠡᠬᠦ ᠴᠡᠭ ᠢ ᠣᠨᠣᠪᠴᠢᠲᠠᠶ ᠣᠯᠵᠤ᠂ ︽ᠠᠷᠠᠳ ᠤᠨ ᠠᠮᠢᠳᠤᠷᠠᠯ ᠢ ᠪᠠᠶᠢᠴᠠᠭᠠᠨ ᠬᠠᠮᠠᠭᠠᠯᠠᠬᠤ︾ ᠬᠥᠭᠵᠢᠯᠲᠡ ᠶᠢᠨ ᠰᠢᠨ᠎ᠡ ᠠᠷᠭ᠎ᠠ ᠵᠠᠮ᠂ ᠰᠢᠨ᠎ᠡ ᠠᠷᠭ᠎ᠠ ᠮᠠᠶ᠋ᠢᠭ ᠢ ᠰᠦᠪᠡᠭᠴᠢᠯᠡᠨ ᠲᠡᠭᠦᠯᠳᠡᠷᠵᠢᠭᠦᠯᠦᠨ᠎ᠡ᠃ ᠭᠤᠷᠪᠠ ᠳᠤ᠂ ᠦᠷ᠎ᠡ ᠪᠦᠲᠦᠮᠵᠢ ᠶᠢ ︽  ᠲᠡᠭᠡᠭᠰᠢᠯᠡᠭᠦᠯᠪᠡ︾᠃ ᠭᠠᠷᠠᠭ ᠪᠦᠷᠢ ᠶᠢᠨ ᠪᠠᠶᠢᠴᠠᠭᠠᠬᠤ ᠳᠠᠷᠤᠭ᠎ᠠ ᠶᠢᠨ ᠠᠯᠪᠠᠨ ᠠᠵᠢᠯ ᠤᠨ ᠬᠤᠷᠠᠯ ᠠᠴᠠ ᠲᠣᠭᠲᠠᠭᠠᠭᠰᠠᠨ ᠡᠭᠦᠷᠭᠡ ᠶᠢ ᠦᠨᠳᠦᠰᠦᠯᠡᠨ᠂ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠠᠴᠠ ᠨᠢᠭᠡᠳᠦᠯᠲᠡᠶ ᠲᠥᠯᠥᠪᠯᠡᠨ ᠲᠣᠬᠢᠷᠠᠭᠤᠯᠵᠤ᠂ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠠᠶᠢᠳᠠᠪᠤᠷᠢᠵᠢᠭᠤᠯᠤᠯᠲᠠ ᠶᠢ ᠭᠤᠤᠯᠯᠠᠨ ᠠᠳᠬᠤᠵᠤ᠂ ᠠᠵᠢᠯ ᠤᠨ ᠬᠤᠭᠤᠴᠠᠭ᠎ᠠ ᠶᠢ ᠲᠣᠩᠭᠤᠷᠤᠭᠤᠯᠤᠨ ᠵᠢᠭᠰᠠᠭᠠᠵᠤ᠂ ᠡᠳᠦᠷ ᠪᠦᠷᠢ ᠶᠢᠨ ᠴᠠᠭ ᠤᠨ ᠠᠬᠢᠴᠠ ᠶᠢ ᠨᠠᠷᠢᠨ ᠲᠣᠳᠣᠷᠬᠠᠶ ᠵᠢᠭᠰᠠᠭᠠᠬᠤ ᠶᠢᠨ ᠬᠠᠮᠲᠤ ᠳᠠᠷᠠᠭ᠎ᠠ ᠭᠠᠷᠠᠭ ᠤᠨ ᠪᠠᠶᠢᠴᠠᠭᠠᠬᠤ ᠳᠠᠷᠤᠭ᠎ᠠ ᠶᠢᠨ ᠠᠯᠪᠠᠨ ᠠᠵᠢᠯ ᠤᠨ ᠬᠤᠷᠠᠯ ᠳᠡᠭᠡᠷ᠎ᠡ ᠬᠠᠷᠢᠭᠤ ᠮᠡᠳᠡᠭᠦᠯᠦᠯᠲᠡ ᠬᠢᠵᠦ᠂ ᠪᠡᠶᠡᠯᠡᠭᠦᠯᠦᠭᠰᠡᠨ ᠥᠬᠡᠶ ᠠᠵᠢᠯ ᠳᠤ ᠲᠣᠳᠣᠷᠬᠠᠶᠢᠯᠠᠯᠲᠠ ᠬᠢᠨ᠎ᠠ᠃      ᠭᠤᠷᠪᠠᠨ ᠰᠠᠯᠠᠭ᠎ᠠ ᠮᠥᠴᠢᠷ ᠲᠤᠰ ᠲᠤᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠵᠦ᠂ ︽ᠠᠷᠠᠳ ᠤᠨ ᠠᠮᠢᠳᠤᠷᠠᠯ ᠢ ᠪᠠᠶᠢᠴᠠᠭᠠᠬᠤ︾ ᠶᠢ ᠪᠣᠳᠠᠲᠠᠢ ᠭᠦᠢᠴᠡᠳᠭᠡᠪᠡ      ᠨᠢᠭᠡ ᠳᠤ᠂ ᠡᠷᠡᠭᠦᠦ ᠶᠢᠨ ᠬᠡᠷᠡᠭ ᠤᠨ ᠪᠠᠶᠢᠴᠠᠭᠠᠬᠤ ᠡᠭᠦᠷᠭᠡ ᠴᠢᠳᠠᠪᠤᠷᠢ ᠶᠢ ᠬᠠᠤᠯᠢ ᠶᠣᠰᠣᠭᠠᠷ ᠭᠦᠢᠴᠡᠳᠬᠡᠵᠦ᠂ ᠬᠡᠷᠡᠭ ᠲᠤ ᠬᠤᠯᠪᠣᠭᠳᠠᠭᠰᠠᠨ ᠣᠨᠴᠣᠭᠤᠶ ᠬᠥᠮᠦᠰ ᠤᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠨ᠎ᠠ᠃ ᠡᠷᠡᠭᠦᠦ ᠶᠢᠨ ᠬᠡᠷᠡᠭ ᠤᠨ ᠳᠤᠮᠳᠠ ᠶᠡᠷᠦᠩᠬᠡᠶᠢᠯᠡᠭᠰᠡᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠵᠦ᠂ ᠨᠠᠰᠤᠨ ᠳᠤ ᠦᠯᠦ ᠬᠦᠷᠦᠭᠰᠡᠳ ᠤᠨ ᠵᠠᠭᠠᠯᠳᠤᠯᠭ᠎ᠠ ᠶᠢ ᠳᠡᠮᠵᠢᠬᠦ 1 ᠬᠡᠷᠡᠭ ᠢ ᠰᠢᠢᠳᠪᠦᠷᠢᠯᠡᠵᠦ᠂ ᠲᠡᠭᠦᠨ ᠤ ᠲᠦᠷᠦᠭᠰᠡᠨ ᠠᠪᠤ ᠡᠵᠢ ᠠᠴᠠ ᠠᠰᠠᠷᠠᠨ ᠲᠡᠵᠢᠭᠡᠬᠦ ᠵᠠᠷᠤᠳᠠᠯ ᠠᠪᠬᠤ ᠶᠢ  ᠲᠡᠮᠵᠢᠪᠡ︔ ᠨᠠᠰᠤᠨ ᠳᠤ ᠦᠯᠦ ᠬᠦᠷᠦᠭᠰᠡᠳ ᠤᠨ ᠨᠥᠬᠦᠴᠡᠯ ᠳᠠᠭᠠᠯᠳᠤᠭᠤᠯᠤᠭᠰᠠᠨ 1 ᠬᠡᠷᠡᠭ 3 ᠬᠥᠮᠦᠨ ᠢ ᠰᠢᠢᠳᠪᠦᠷᠢᠯᠡᠵᠦ᠂ ᠨᠠᠰᠤᠨ ᠳᠤ ᠦᠯᠦ ᠬᠦᠷᠦᠭᠰᠡᠳ ᠢ ᠬᠠᠪᠰᠤᠷᠤᠨ ᠦᠷᠭᠦᠯᠵᠢᠯᠡᠨ ᠰᠤᠷᠭᠠᠭᠤᠯᠢ ᠳᠤ ᠪᠢᠴᠢᠭ ᠦᠵᠡᠭᠦᠯᠪᠡ︔ 20 ᠭᠠᠷᠤᠢ ᠵᠡᠮᠳᠡᠭ ᠬᠤᠣᠷᠯᠠᠭᠳᠠᠭᠴᠢ ᠶᠢᠨ ᠮᠡᠬᠡᠯᠡᠯ ᠤᠨ ᠬᠡᠷᠡᠭ ᠢ 1 ᠬᠤᠪᠢ ᠰᠢᠢᠳᠪᠦᠷᠢᠯᠡᠵᠦ᠂ ᠬᠤᠣᠷᠯᠠᠭᠳᠠᠭᠴᠢ ᠶᠢᠨ ᠬᠠᠤᠯᠢ ᠶᠣᠰᠣᠨ ᠤ ᠡᠷᠬᠡ ᠠᠰᠢᠭ ᠢ ᠬᠠᠤᠯᠢ ᠶᠣᠰᠣᠭᠠᠷ ᠪᠠᠲᠤᠯᠠᠪᠠ᠃ ᠬᠤᠶᠠᠷ ᠲᠤ᠂ ᠢᠷᠭᠡᠨ ᠤ ᠬᠡᠷᠡᠭ᠂ ᠵᠠᠰᠠᠭ ᠵᠠᠬᠢᠷᠭᠠᠨ᠂ ᠨᠡᠶᠢᠲᠡ ᠶᠢᠨ ᠠᠰᠠᠷᠠᠮᠵᠢ ᠶᠢᠨ ᠵᠠᠷᠭᠤ ᠶᠢᠨ ᠪᠠᠶᠢᠴᠠᠭᠠᠬᠤ ᠬᠢᠨᠠᠯᠲᠠ ᠲᠠᠯᠪᠢᠬᠤ ᠶᠢ ᠴᠢᠩᠭᠠᠳᠬᠠᠵᠤ᠂ ᠠᠷᠠᠳ ᠤᠯᠠᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠳᠤ ᠬᠦᠴᠦᠨ ᠨᠡᠮᠡᠷᠢᠯᠡᠪᠡ᠃ ᠢᠷᠭᠡᠨ ᠤ ᠬᠡᠷᠡᠭ ᠤᠨ ᠭᠦᠢᠴᠡᠳᠭᠡᠯ ᠳᠤ ᠬᠢᠨᠠᠯᠲᠠ ᠲᠠᠯᠪᠢᠬᠤ ᠬᠡᠷᠡᠭ ᠢ 15 ᠬᠤᠪᠢ ᠰᠢᠢᠳᠪᠦᠷᠢᠯᠡᠵᠦ᠂ ᠲᠤᠬᠠᠶ ᠶᠢᠨ ᠬᠥᠮᠦᠨ ᠤ ᠢᠷᠭᠡᠨ ᠤ ᠬᠡᠷᠡᠭ ᠤᠨ ᠵᠠᠷᠭᠤ ᠳᠠᠬᠢ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠪᠠ︔ 1 ᠬᠤᠪᠢ ᠨᠠᠰᠤᠲᠠᠶᠢᠴᠤᠳ ᠤᠨ ᠢᠷᠭᠡᠨ ᠤ ᠬᠡᠷᠡᠭ ᠤᠨ ᠭᠦᠢᠴᠡᠳᠭᠡᠯ ᠳᠤ ᠬᠢᠨᠠᠯᠲᠠ ᠲᠠᠯᠪᠢᠬᠤ ᠬᠡᠷᠡᠭ ᠢ ᠰᠢᠢᠳᠪᠦᠷᠢᠯᠡᠵᠦ᠂ ᠲᠣᠭᠲᠠᠬᠤ ᠰᠢᠶᠠᠨ ᠤ ᠠᠷᠠᠳ ᠤᠨ ᠰᠢᠭᠦᠬᠦ ᠬᠤᠷᠢᠶ᠎ᠠ ᠳᠤ ᠪᠠᠶᠢᠴᠠᠭᠠᠬᠤ ᠰᠠᠨᠠᠭᠤᠯᠭ᠎ᠠ ᠶᠢ 1 ᠬᠤᠪᠢ ᠵᠣᠬᠢᠶᠠᠨ ᠲᠠᠷᠬᠠᠭᠠᠵᠤ᠂ ᠰᠢᠭᠦᠬᠦ ᠬᠤᠷᠢᠶ᠎ᠠ ᠠᠴᠠ ᠪᠢᠴᠢᠭ ᠢᠶᠠᠷ ᠬᠠᠷᠢᠭᠤ ᠵᠠᠬᠢᠳᠠᠯ ᠢᠯᠡᠭᠡᠵᠦ ᠪᠠᠶᠢᠴᠠᠭᠠᠬᠤ ᠰᠠᠨᠠᠭᠤᠯᠭ᠎ᠠ ᠶᠢ ᠬᠦᠯᠢᠶᠡᠨ ᠠᠪᠴᠤ᠂ ᠨᠠᠰᠤᠲᠠᠶᠢᠴᠤᠳ ᠤᠨ ᠢᠷᠭᠡᠨ ᠤ ᠬᠡᠷᠡᠭ ᠤᠨ ᠵᠠᠷᠭᠤᠯᠳᠤᠭᠠᠨ ᠤ ᠳᠤᠮᠳᠠᠬᠢ ᠬᠠᠤᠯᠢ ᠶᠣᠰᠣᠨ ᠤ ᠡᠷᠬᠡ ᠠᠰᠢᠭ ᠢ ᠪᠠᠲᠤᠯᠠᠪᠠ︔ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠠᠤᠯᠢ ᠶᠢ ᠵᠥᠷᠢᠴᠡᠭᠰᠡᠨ ᠵᠠᠰᠠᠭ ᠵᠠᠬᠢᠷᠭᠠᠨ ᠤ ᠠᠵᠢᠯᠯᠠᠭ᠎ᠠ ᠳᠤ ᠵᠡᠷᠭᠡᠪᠡᠷ ᠬᠢᠨᠠᠯᠲᠠ ᠲᠠᠯᠪᠢᠵᠤ᠂ ᠪᠠᠶᠢᠴᠠᠭᠠᠬᠤ ᠰᠠᠨᠠᠭᠤᠯᠭ᠎ᠠ ᠶᠢ 4 ᠬᠤᠪᠢ ᠲᠣᠭᠲᠠᠭᠠᠨ ᠲᠠᠷᠬᠠᠭᠠᠪᠠ︔ ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠪᠠᠶᠢᠭᠤᠯᠭ᠎ᠠ ᠳᠤ ᠣᠷᠣᠰᠢᠵᠤ ᠪᠠᠶᠢᠭ᠎ᠠ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠵᠠᠰᠠᠯᠲᠠ ᠶᠢᠨ ᠠᠰᠠᠭᠤᠳᠠᠯ ᠢ ᠰᠢᠢᠳᠪᠦᠷᠢᠯᠡᠵᠦ᠂ ᠲᠡᠭᠦᠨ ᠳᠤ ᠨᠡᠶᠢᠭᠡᠮ ᠤᠨ ᠵᠠᠰᠠᠯᠲᠠ ᠶᠢᠨ ᠪᠠᠶᠢᠴᠠᠭᠠᠬᠤ ᠰᠠᠨᠠᠭᠤᠯᠭ᠎ᠠ ᠶᠢ ᠰᠢᠢᠳᠪᠦᠷᠢᠯᠡᠪᠡ︔ ᠢᠳᠡᠭᠡᠨ ᠪᠠ ᠡᠮ ᠤᠨ ᠵᠦᠢᠯᠡᠰ ᠲᠤ ᠬᠤᠯᠪᠣᠭᠳᠠᠭᠰᠠᠨ ᠬᠦᠷᠢᠶᠡᠨ ᠳᠠᠬᠢ ᠨᠡᠶᠢᠲᠡ ᠶᠢᠨ ᠠᠰᠠᠷᠠᠮᠵᠢ ᠶᠢᠨ ᠵᠠᠷᠭᠤ ᠶᠢᠨ ᠬᠡᠷᠡᠭ ᠢ 4 ᠬᠤᠪᠢ ᠰᠢᠢᠳᠪᠦᠷᠢᠯᠡᠵᠦ᠂ ᠬᠤᠳᠠᠯᠳᠤᠭᠠᠨ ᠤ ᠡᠷᠦᠬᠡ ᠶᠢᠨ ᠬᠤᠭᠤᠴᠠᠭ᠎ᠠ ᠥᠩᠭᠡᠷᠡᠭᠰᠡᠨ ᠢᠳᠡᠭᠡᠨ ᠪᠠ ᠡᠮ ᠤᠨ ᠵᠦᠢᠯ ᠢ ᠰᠡᠯᠪᠢᠨ ᠵᠠᠰᠠᠬᠤ ᠠᠵᠢᠯ ᠢ ᠲᠦᠯᠬᠢᠨ ᠠᠬᠢᠭᠤᠯᠵᠤ᠂ ᠵᠡᠮᠳᠡᠭᠴᠦᠳ ᠤᠨ ᠡᠷᠬᠡ ᠠᠰᠢᠭ ᠢ ᠦᠨᠡᠨ ᠬᠦ ᠪᠠᠲᠤᠯᠠᠪᠠ︔ ᠴᠠᠬᠢᠯᠭᠠᠨ ᠱᠠᠲᠤ ᠶᠢᠨ ᠠᠮᠤᠷ ᠲᠦᠪᠰᠢᠨ ᠤ ᠳᠠᠯᠳᠠ ᠭᠡᠮ ᠢ 2 ᠬᠤᠪᠢ ᠰᠢᠢᠳᠪᠦᠷᠢᠯᠡᠵᠦ᠂ 3 ᠭᠠᠵᠠᠷ ᠢ ᠰᠡᠯᠪᠢᠨ ᠵᠠᠰᠠᠪᠠ᠃ ᠭᠤᠷᠪᠠ ᠳᠤ᠂ ᠬᠡᠷᠡᠭ ᠠᠴᠠ ᠪᠣᠯᠵᠣ ᠶᠠᠳᠠᠭᠤᠷᠠᠭᠰᠠᠨ ᠬᠦᠴᠢᠷᠳᠡᠯᠲᠡᠶ ᠣᠯᠠᠨ ᠲᠦᠮᠡᠨ ᠢ ᠠᠪᠤᠷᠠᠨ ᠲᠤᠰᠠᠯᠠᠬᠤ ᠠᠵᠢᠯ ᠢ ᠴᠢᠩᠭᠠᠷᠠᠭᠤᠯᠪᠠ᠃ ᠣᠯᠠᠨ ᠡᠰᠢᠵᠢᠭᠰᠡᠨ ᠠᠪᠤᠷᠠᠨ ᠲᠤᠰᠠᠯᠠᠬᠤ ᠠᠵᠢᠯ ᠢ ᠥᠷᠨᠢᠭᠦᠯᠵᠦ᠂ ᠬᠠᠤᠯᠢ ᠴᠠᠭᠠᠵᠠ ᠶᠢᠨ ᠠᠪᠤᠷᠠᠨ ᠲᠤᠰᠠᠯᠠᠬᠤ ᠬᠡᠷᠡᠭ ᠢ 4 ᠬᠤᠪᠢ ᠰᠢᠢᠳᠪᠦᠷᠢᠯᠡᠵᠦ᠂ ᠠᠪᠤᠷᠠᠨ ᠲᠤᠰᠠᠯᠠᠬᠤ ᠮᠥᠩᠭᠦ ᠶᠢ 5.5 ᠲᠦᠮᠡᠨ ᠲᠥᠭᠦᠷᠢᠭ ᠲᠠᠷᠬᠠᠭᠠᠪᠠ᠃      ᠭᠤᠷᠪᠠᠨ ᠶᠡᠭᠡ ᠠᠷᠭ᠎ᠠ ᠬᠡᠮᠵᠢᠶ᠎ᠡ ᠠᠪᠴᠤ᠂ ᠵᠡᠷᠭᠡ ᠪᠠᠷ ᠬᠦᠴᠦᠯᠡᠵᠦ᠂ ︽ᠠᠷᠠᠳ ᠤᠨ ᠠᠮᠢᠳᠤᠷᠠᠯ ᠢ ᠪᠠᠶᠢᠴᠠᠭᠠᠬᠤ︾ ᠶᠢ  ᠰᠢᠯᠢᠳᠡᠭᠵᠢᠭᠦᠯᠪᠡ      ᠨᠢᠭᠡ ᠳᠤ᠂ ᠲᠣᠭᠲᠠᠴᠠ ᠬᠠᠮᠲᠤᠷᠠᠨ ᠭᠠᠷ ᠤᠨ ᠦᠰᠦᠭ ᠵᠢᠷᠤᠵᠤ᠂ ᠨᠡᠶᠢᠯᠡᠮᠡᠯ ᠬᠦᠴᠦᠨ ᠢ ᠪᠦᠷᠢᠯᠳᠦᠭᠦᠯᠪᠡ᠃ ᠲᠣᠭᠲᠠᠬᠤ ᠰᠢᠶᠠᠨ ᠤ ᠠᠷᠠᠳ ᠤᠨ ᠰᠢᠭᠦᠬᠦ ᠬᠤᠷᠢᠶ᠎ᠠ᠂ ᠲᠣᠭᠲᠠᠬᠤ ᠰᠢᠶᠠᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠲᠠᠢ ᠬᠠᠮᠲᠤᠷᠠᠨ ︽ᠢᠷᠭᠡᠨ ᠤ ᠬᠡᠷᠡᠭ ᠤᠨ ᠵᠠᠭᠠᠯᠳᠤᠯᠭ᠎ᠠ ᠶᠢ ᠳᠡᠮᠵᠢᠬᠦ ᠠᠵᠢᠯ ᠤᠨ ᠬᠠᠮᠵᠢᠯᠴᠠᠬᠤ ᠲᠣᠭᠲᠠᠴᠠ ᠶᠢ ᠪᠠᠶᠢᠭᠤᠯᠬᠤ ᠲᠤᠬᠠᠶ ᠰᠠᠨᠠᠯ︾᠂ ︽ᠡᠮᠡᠭᠲᠡᠶᠢᠴᠦᠳ ᠤᠨ ᠡᠷᠬᠡ ᠠᠰᠢᠭ ᠢ ᠪᠠᠲᠤᠯᠠᠬᠤ ᠨᠡᠶᠢᠲᠡ ᠶᠢᠨ ᠠᠰᠠᠷᠠᠮᠵᠢ ᠶᠢᠨ ᠵᠠᠷᠭᠤ ᠶᠢᠨ ᠠᠵᠢᠯ ᠤᠨ ᠲᠣᠭᠲᠠᠴᠠ ᠶᠢ ᠪᠠᠶᠢᠭᠤᠯᠬᠤ ᠲᠤᠬᠠᠶ ᠰᠠᠨᠠᠯ︾ ᠳᠤ ᠭᠠᠷ ᠤᠨ ᠦᠰᠦᠭ ᠵᠢᠷᠤᠵᠤ᠂ ᠬᠤᠶᠠᠷ ᠲᠠᠯ᠎ᠠ ᠪᠠᠷ ᠢᠶᠠᠨ ᠰᠦᠪᠡᠭᠴᠢ ᠶᠢ ᠰᠢᠯᠵᠢᠭᠦᠯᠦᠨ ᠬᠦᠷᠭᠡᠬᠦ᠂ ᠬᠠᠷᠢᠯᠴᠠᠬᠤ ᠲᠣᠭᠲᠠᠴᠠ ᠶᠢ ᠪᠠᠶᠢᠭᠤᠯᠬᠤ ᠲᠤᠬᠠᠶ ᠰᠠᠨᠠᠯ ᠢᠶᠠᠨ ᠨᠢᠭᠡᠳᠬᠡᠵᠦ᠂ ᠡᠮᠡᠭᠲᠡᠶᠢᠴᠦᠳ ᠤᠨ ᠡᠷᠬᠡ ᠠᠰᠢᠭ ᠢ ᠬᠠᠮᠠᠭᠠᠯᠠᠬᠤ ᠠᠵᠢᠯ ᠤᠨ ᠭᠦᠨᠵᠡᠭᠡᠶᠢᠷᠡᠨ ᠬᠥᠭᠵᠢᠬᠦ ᠶᠢ ᠬᠠᠮᠲᠤ ᠪᠠᠷ ᠠᠬᠢᠭᠤᠯᠪᠠ︔ ᠲᠣᠭᠲᠠᠬᠤ ᠰᠢᠶᠠᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ᠂ ᠲᠣᠭᠲᠠᠬᠤ ᠰᠢᠶᠠᠨ ᠤ ᠴᠡᠷᠢᠭ ᠤᠨ ᠠᠯᠪᠠᠨ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠲᠠᠢ ᠬᠠᠮᠲᠤᠷᠠᠨ ︽ᠤᠯᠤᠰ ᠤᠨ ᠪᠠᠲᠤᠯᠠᠨ ᠬᠠᠮᠠᠭᠠᠯᠠᠯᠲᠠ ᠶᠢᠨ ᠠᠰᠢᠭ ᠲᠤᠰᠠ ᠪᠠ ᠴᠡᠷᠢᠭ ᠬᠥᠮᠦᠨ ᠴᠡᠷᠢᠭ ᠤᠨ ᠭᠡᠷ ᠪᠦᠯᠢ ᠶᠢᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠲᠤᠬᠠᠶ ᠰᠠᠨᠠᠯ ︵ᠲᠤᠷᠰᠢᠨ ᠬᠡᠷᠡᠭᠵᠢᠭᠦᠯᠬᠦ︶︾᠂ ︽ᠴᠡᠷᠢᠭ ᠲᠤ ᠬᠤᠯᠪᠣᠭᠳᠠᠭᠰᠠᠨ ᠨᠡᠶᠢᠲᠡ ᠶᠢᠨ ᠠᠰᠠᠷᠠᠮᠵᠢ ᠶᠢᠨ ᠵᠠᠷᠭᠤ ᠶᠢᠨ ᠬᠡᠷᠡᠭ ᠢ ᠰᠢᠢᠳᠪᠦᠷᠢᠯᠡᠬᠦ ᠬᠠᠮᠵᠢᠯᠴᠠᠬᠤ ᠲᠣᠭᠲᠠᠴᠠ ᠶᠢ ᠪᠠᠶᠢᠭᠤᠯᠬᠤ ᠲᠤᠬᠠᠶ ᠰᠠᠨᠠᠯ ︵ᠲᠤᠷᠰᠢᠨ ᠬᠡᠷᠡᠭᠵᠢᠭᠦᠯᠬᠦ︶︾ ᠳᠤ ᠭᠠᠷ ᠤᠨ ᠦᠰᠦᠭ ᠵᠢᠷᠤᠪᠠ︔ ᠲᠣᠭᠲᠠᠬᠤ ᠰᠢᠶᠠᠨ ᠤ ᠠᠵᠢᠯᠴᠢᠨ ᠤ ᠶᠡᠷᠦᠩᠬᠡᠶ ᠡᠪᠯᠡᠯ ᠯᠦᠭᠡ ︽︿ᠠᠵᠢᠯᠴᠢᠨ ᠤ ᠡᠪᠯᠡᠯ﹀ ᠤᠨ ᠬᠥᠳᠡᠯᠮᠦᠷᠢᠴᠢᠳ ᠤᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠬᠤ ᠲᠤᠬᠠᠶ ᠬᠠᠮᠵᠢᠯᠴᠠᠬᠤ ᠲᠣᠭᠲᠠᠴᠠ︾ ᠶᠢ ᠬᠠᠮᠲᠤᠷᠠᠨ ᠭᠠᠷ ᠤᠨ ᠦᠰᠦᠭ ᠵᠢᠷᠤᠵᠤ᠂ ︽ᠨᠢᠭᠡᠨ ᠵᠠᠬᠢᠳᠠᠯ ᠬᠤᠶᠠᠷ ᠪᠢᠴᠢᠭ︾ ᠤᠨ ᠳᠦᠷᠢᠮ ᠢ ᠬᠡᠷᠡᠭᠯᠡᠬᠦ ᠶᠢ ᠬᠠᠮᠵᠢᠯᠴᠠᠨ ᠠᠬᠢᠭᠤᠯᠵᠤ᠂ ᠪᠠᠶᠢᠴᠠᠭᠠᠬᠤ ᠬᠢᠨᠠᠯᠲᠠ ᠬᠢᠭᠡᠳ ᠠᠵᠢᠯᠴᠢᠨ ᠤ ᠡᠪᠯᠡᠯ ᠤᠨ ᠬᠥᠳᠡᠯᠮᠦᠷᠢ ᠶᠢᠨ ᠬᠠᠤᠯᠢ ᠴᠠᠭᠠᠵᠠ ᠶᠢᠨ ᠬᠢᠨᠠᠯᠲᠠ ᠶᠢᠨ ᠬᠤᠤᠰ ᠴᠢᠭᠯᠡᠯ ᠢᠶᠠᠷ ᠡᠨᠧᠷᠭᠢ ᠣᠯᠭᠤᠬᠤ ᠶᠢ ᠪᠡᠶᠡᠯᠡᠭᠦᠯᠪᠡ᠃ ᠬᠤᠶᠠᠷ ᠲᠤ᠂ ᠤᠯᠠᠨ ᠲᠦᠮᠡᠨ ᠤ ᠳᠤᠮᠳᠠ ᠭᠦᠨᠵᠡᠭᠡᠶᠢᠷᠡᠵᠦ᠂ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠪᠠ᠃ ᠲᠣᠭᠲᠠᠬᠤ ᠰᠢᠶᠠᠨ ᠤ ᠠᠷᠠᠳ ᠤᠨ ᠶᠠᠪᠤᠳᠠᠯ ᠤᠨ ᠲᠣᠪᠴᠢᠶ᠎ᠠ ᠲᠠᠢ ᠨᠡᠪᠲᠡᠷᠡᠯᠴᠡᠨ ᠵᠣᠬᠢᠴᠠᠭᠤᠯᠵᠤ᠂ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢ ᠰᠤᠷᠪᠤᠯᠵᠢᠯᠠᠵᠤ᠂ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠵᠢᠷᠤᠮᠵᠢᠭᠰᠠᠨ ᠬᠠᠮᠢᠶᠠᠷᠤᠯᠲᠠ ᠶᠢ ᠠᠬᠢᠭᠤᠯᠪᠠ︔ ᠪᠦᠦ ᠹᠧᠩ ᠠᠳᠠᠯ ᠠᠬᠤᠢ ᠶᠢᠨ ᠺᠣᠮᠫᠠᠨᠢ ᠳᠤ ᠭᠦᠨᠵᠡᠭᠡᠶᠢᠷᠡᠵᠦ᠂ ︽ᠠᠷᠠᠳ ᠤᠨ ᠠᠮᠢᠳᠤᠷᠠᠯ ᠢ ᠪᠠᠶᠢᠴᠠᠭᠠᠨ ᠬᠠᠮᠠᠭᠠᠯᠠᠬᠤ︾ ᠠᠵᠢᠯᠯᠠᠭ᠎ᠠ ᠥᠷᠨᠢᠭᠦᠯᠵᠦ᠂ ᠠᠵᠤ ᠠᠬᠤᠶᠢᠯᠠᠯ ᠤᠨ ᠡᠷᠡᠭᠦᠯ ᠢᠶᠠᠷ ᠬᠥᠭᠵᠢᠬᠦ ᠶᠢ ᠬᠠᠮᠠᠭᠠᠯᠠᠪᠠ᠃            ᠢᠷᠡᠯᠳᠡ᠄ ᠲᠣᠭᠲᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠶᠦᠨ ᠵᠦᠩ ᠬᠠᠮ ᠵᠠᠭᠤᠴᠢᠯᠠᠭᠤᠷ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1