ᠲᠣᠭᠲᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠵᠢᠭᠦᠯᠵᠦ ᠤᠮᠠᠷᠠᠲᠤ ᠶᠢᠨ ᠰᠣᠶᠣᠯ ᠤᠨ ᠲᠣᠭᠲᠠᠬᠤ ᠲᠦᠷᠦᠯ ᠲᠡᠮᠳᠡᠭ ᠢ ᠴᠤᠤᠷᠢᠶᠠᠲᠤᠭᠤᠯᠪᠠ
ᠨᠡᠶᠢᠲᠡᠯᠡᠭᠰᠡᠨ ᠴᠠᠭ᠄
2024/7/15
      ᠨᠢᠳᠤᠨᠤᠨ ᠠᠴᠠ ᠨᠠᠭᠠᠰᠢ᠂ ᠲᠣᠭᠲᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠤᠨ ᠬᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠵᠤ᠂ ᠲᠣᠭᠲᠠᠬᠤ ᠶᠢᠨ ᠲᠡᠦᠬᠡ ᠥᠨᠢ ᠤᠳᠠᠭᠠᠨ᠂ ᠰᠣᠶᠣᠯ ᠤᠨ ᠰᠠᠭᠤᠷᠢ ᠭᠦᠨ ᠵᠤᠵᠠᠭᠠᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠲᠣᠭᠲᠠᠬᠤ ᠶᠢᠨ ᠭᠠᠵᠠᠷ ᠣᠷᠣᠨ ᠤ ᠰᠣᠶᠣᠯ ᠤᠨ ᠭᠦᠨ ᠭᠦᠨᠵᠡᠭᠡᠢ ᠠᠭᠤᠯᠤᠭᠳᠠᠬᠤᠨ᠂ ᠡᠯᠪᠡᠭ ᠪᠠᠶᠠᠯᠢᠭ ᠬᠡᠯᠪᠡᠷᠢ᠂ ᠴᠠᠭ ᠦᠶ᠎ᠡ ᠶᠢᠨ ᠣᠨᠴᠠᠯᠢᠭ ᠪᠣᠯᠤᠨ ᠲᠡᠦᠬᠡᠲᠦ ᠠᠴᠢ ᠬᠤᠯᠪᠣᠭᠳᠠᠯ ᠢ ᠭᠦᠨᠵᠡᠭᠡᠢ ᠠᠭᠤᠳᠠᠯᠵᠤ᠂ ᠰᠡᠳᠦᠪ ᠰᠣᠩᠭᠤᠨ ᠤᠬᠠᠭᠠᠯᠠᠬᠤ ᠶᠢ ᠴᠢᠩᠭᠠᠳᠬᠠᠵᠤ᠂  ᠤᠬᠠᠭᠤᠯᠭ᠎ᠠ ᠶᠢᠨ ᠠᠷᠭ᠎ᠠ ᠬᠡᠯᠪᠡᠷᠢ ᠶᠢᠨ ᠰᠢᠨ᠎ᠡ ᠶᠢ ᠡᠭᠦᠳᠴᠦ᠂ ᠬᠠᠮ ᠵᠠᠭᠤᠴᠢᠯᠠᠭᠤᠷ ᠤᠨ ᠦᠢᠯᠡᠳᠬᠦᠨ ᠢ ᠢᠳᠡᠪᠬᠢᠲᠡᠢ ᠵᠣᠬᠢᠶᠠᠨ ᠪᠦᠲᠦᠭᠡᠵᠦ᠂ ᠵᠣᠬᠢᠬᠤ ᠤᠬᠠᠭᠤᠯᠭ᠎ᠠ ᠶᠢᠨ ᠰᠦᠷ ᠬᠦᠴᠦᠨ ᠢ ᠪᠦᠷᠢᠯᠳᠦᠭᠦᠯᠵᠦ᠂ ᠤᠮᠠᠷᠠᠲᠤ ᠬᠢᠯᠢ ᠶᠢᠨ ᠰᠣᠶᠣᠯ ᠤᠨ ᠲᠣᠭᠲᠠᠬᠤ ᠶᠢᠨ ᠲᠦᠷᠦᠯ ᠲᠡᠮᠳᠡᠭ ᠢ ᠴᠤᠤᠷᠢᠶᠠᠲᠤᠭᠤᠯᠪᠠ᠃      ᠨᠢᠭᠡ ᠳᠤ᠂ ᠤᠮᠠᠷᠠᠲᠤ ᠬᠢᠯᠢ ᠶᠢᠨ ᠰᠣᠶᠣᠯ ᠤᠨ ᠤᠨᠤᠯ ᠤᠨ ᠰᠤᠷᠤᠯᠴᠠᠯᠭ᠎ᠠ ᠶᠢ ᠰᠠᠶᠢᠲᠤᠷ ᠬᠢᠪᠡ᠃ ︽ᠤᠮᠠᠷᠠᠲᠤ ᠬᠢᠯᠢ ᠶᠢᠨ ᠰᠣᠶᠣᠯ︾ ᠤᠨ ᠲᠤᠰᠬᠠᠶ ᠪᠤᠯᠤᠩ ᠢ ᠨᠡᠭᠡᠭᠡᠵᠦ᠂ ᠤᠮᠠᠷᠠᠲᠤ ᠬᠢᠯᠢ ᠶᠢᠨ ᠰᠣᠶᠣᠯ ᠤᠨ ᠪᠠᠶᠠᠯᠢᠭ ᠠᠭᠤᠯᠤᠭᠳᠠᠬᠤᠨ᠂ ᠦᠨᠳᠦᠰᠦᠨ ᠣᠨᠴᠠᠯᠢᠭ᠂ ᠴᠠᠭ ᠦᠶ᠎ᠡ ᠶᠢᠨ ᠥᠷᠲᠡᠭ ᠢ ᠰᠠᠶᠢᠲᠤᠷ ᠲᠣᠳᠣᠷᠬᠠᠶᠢᠯᠠᠨ ᠥᠭᠦᠯᠡᠵᠦ᠂ ᠤᠮᠠᠷᠠᠲᠤ ᠬᠢᠯᠢ ᠶᠢᠨ ᠰᠣᠶᠣᠯ ᠤᠨ ᠣᠶᠢᠯᠠᠭᠠᠭᠳᠠᠬᠤᠨ ᠤ ᠬᠦᠷᠢᠶ᠎ᠡ ᠬᠡᠪᠴᠢᠶ᠎ᠡ ᠶᠢ ᠪᠠᠶᠢᠭᠤᠯᠪᠠ᠃ ᠪᠦᠬᠦ ᠰᠢᠶᠠᠨ ᠤ ᠡᠯ᠎ᠡ ᠠᠵᠢᠯ ᠲᠦᠷᠦᠯ ᠢᠯᠠᠩᠭᠤᠶ᠎ᠠ ᠤᠬᠠᠭᠤᠯᠭ᠎ᠠ ᠰᠣᠶᠣᠯ ᠤᠨ ᠰᠠᠯᠠᠭ᠎ᠠ ᠮᠥᠴᠢᠷ ᠤᠨ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢᠨ ᠳᠤᠮᠳᠠᠬᠢ ᠪᠣᠳᠠᠲᠠᠶ ᠠᠷᠭ᠎ᠠ ᠬᠡᠮᠵᠢᠶ᠎ᠡ ᠪᠠ ᠠᠮᠢᠳᠤᠯᠢᠭ ᠦᠢᠯᠡᠳᠦᠯᠭᠡ ᠶᠢ ᠶᠡᠬᠡᠪᠡᠷ ᠤᠬᠠᠭᠤᠯᠵᠤ᠂ ᠪᠦᠬᠦ ᠨᠡᠶᠢᠭᠡᠮ ᠤᠨ ᠣᠷᠣᠯᠴᠠᠬᠤ ᠢᠳᠡᠪᠬᠢᠵᠢᠯ ᠢ ᠬᠥᠲᠥᠯᠥᠨ ᠵᠢᠯᠣᠭᠤᠳᠴᠤ᠂ ᠬᠥᠮᠦᠨ ᠪᠦᠬᠦᠨ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠳᠡᠮᠵᠢᠬᠦ ᠰᠠᠶᠢᠨ ᠰᠠᠶᠢᠬᠠᠨ ᠶᠠᠷᠢᠶ᠎ᠠ ᠬᠡᠯᠡᠯᠴᠡᠭᠡᠨ ᠤ ᠠᠭᠤᠷ ᠠᠮᠢᠰᠬᠤᠯ ᠢ ᠪᠤᠢ ᠪᠣᠯᠭᠠᠵᠤ᠂ 2023 ᠣᠨ ᠠᠴᠠ ᠨᠠᠰᠢ ᠬᠤᠯᠪᠣᠭᠳᠠᠯ ᠪᠦᠬᠦᠢ ᠮᠡᠳᠡᠭᠡᠯᠡᠯ ᠪᠠ ᠣᠨᠣᠯ ᠤᠨ ᠵᠣᠬᠢᠶᠠᠯ ᠨᠡᠶᠢᠲᠡ 130 ᠬᠤᠪᠢ ᠨᠡᠶᠢᠲᠡᠯᠡᠪᠡ᠃      ᠬᠤᠶᠠᠷ ᠲᠤ᠂ ︽ᠤᠮᠠᠷᠠᠲᠤ ᠬᠢᠯᠢ ᠶᠢᠨ ᠰᠣᠶᠣᠯ · ᠲᠤᠭᠳᠠᠬᠤ ᠶᠢᠨ ᠲᠡᠮᠳᠡᠭᠯᠡᠯ︾ ᠢ ᠰᠠᠶᠢᠲᠤᠷ ᠡᠷᠬᠢᠯᠡᠬᠦ ᠬᠡᠷᠡᠭᠲᠡᠢ᠃ ᠲᠣᠭᠲᠠᠬᠤ ᠲᠡᠦᠬᠡ ᠶᠢᠨ ᠦᠯᠢᠭᠡᠷ᠂ ᠬᠠᠭᠤᠴᠢ ᠰᠤᠳᠤᠯᠤᠯ ᠤᠨ ᠪᠣᠳᠠᠲᠤ ᠪᠣᠳᠠᠰ᠂ ᠰᠣᠶᠣᠯ ᠤᠨ ᠦᠯᠡᠳᠡᠭᠳᠡᠯ᠂ ᠪᠣᠳᠠᠰ ᠤᠨ ᠪᠤᠰᠤ ᠰᠣᠶᠣᠯ ᠤᠨ ᠥᠪ᠂ ᠠᠷᠠᠳ ᠤᠨ ᠵᠠᠩ ᠦᠢᠯᠡ ᠵᠡᠷᠭᠡ ᠡᠷᠬᠢᠮ ᠨᠠᠨᠳᠢᠨ ᠰᠣᠶᠣᠯ ᠢ ᠭᠦᠢᠴᠡᠳ ᠡᠮᠬᠢᠯᠡᠵᠦ᠂ ᠬᠥᠮᠦᠰ ᠤᠨ ᠤᠮᠠᠷᠠᠲᠤ ᠬᠢᠯᠢ ᠶᠢᠨ ᠰᠣᠶᠣᠯ ᠤᠨ ᠲᠤᠬᠠᠶ ᠮᠡᠳᠡᠷᠡᠮᠵᠢ ᠶᠢ ᠭᠦᠨᠵᠡᠭᠡᠶᠢᠷᠡᠭᠦᠯᠵᠦ᠂ ᠭᠠᠵᠠᠷ ᠣᠷᠣᠨ ᠤ ᠰᠣᠶᠣᠯ ᠤᠨ ᠲᠠᠲᠠᠬᠤ ᠬᠦᠴᠦᠨ ᠢ ᠤᠯᠠᠮ ᠨᠢᠭᠡ ᠠᠯᠬᠤᠮ ᠨᠡᠮᠡᠭᠳᠡᠭᠦᠯᠵᠦ᠂ ᠰᠣᠶᠣᠯ ᠤᠨ ᠢᠲᠡᠭᠡᠯ ᠢ ᠪᠣᠶ ᠪᠣᠯᠭᠠᠵᠤ᠂ ᠣᠳᠣᠬᠠᠨ ᠳᠤ ᠨᠢᠭᠡᠨᠲᠡ 20 ᠬᠤᠭᠤᠴᠠᠭ᠎ᠠ ᠵᠢᠷᠤᠭ ᠪᠢᠴᠢᠭ ᠢ ᠨᠡᠪᠲᠡᠷᠡᠭᠦᠯᠦᠭᠡᠳ 52690 ᠤᠳᠠᠭ᠎ᠠ ᠲᠤᠪᠴᠢᠳᠠᠭᠰᠠᠨ ᠪᠠᠶᠢᠨ᠎ᠠ᠃      ᠭᠤᠷᠪᠠ ᠳᠤ᠂ ︽ᠤᠮᠠᠷᠠᠲᠤ ᠬᠢᠯᠢ ᠶᠢᠨ ᠰᠣᠶᠣᠯ · ᠶᠦᠨ ᠵᠦᠩ ᠰᠢᠷᠢᠰ︾ ᠣᠬᠤᠷ ᠸᠢᠳᠢᠣ᠋ ᠶᠢ ᠵᠣᠬᠢᠶᠠᠪᠠ᠃ ᠶᠦᠨ ᠵᠦᠩ  ᠰᠤᠶᠤᠯ᠂ ᠶᠦᠨ ᠵᠦᠩ ᠤᠨ ᠪᠣᠳᠠᠰ ᠤᠨ ᠪᠤᠰᠤ ᠰᠣᠶᠣᠯ ᠤᠨ ᠥᠪ᠂  ᠶᠦᠨ ᠵᠦᠩ ᠠᠮᠳᠠᠳᠦ ᠢᠳᠡᠭᠡᠨ᠂ ᠶᠦᠨ ᠵᠦᠩ ᠦᠨᠳᠦᠰᠦᠲᠡᠨ ᠤ ᠵᠠᠩ ᠦᠢᠯᠡ ᠵᠡᠷᠭᠡ ᠠᠭᠤᠯᠭ᠎ᠠ ᠶᠢ ᠪᠠᠭᠲᠠᠭᠠᠵᠤ᠂ ᠶᠦᠨ ᠵᠦᠩ ᠵᠢᠶᠦ᠋ᠨ ᠬᠠᠭᠤᠴᠢᠨ ᠬᠤᠳᠠ᠂ ᠳ᠋ᠦᠩ ᠱᠧᠩ  ᠸᠧᠢ ᠬᠠᠭᠤᠴᠢᠨ ᠬᠤᠳᠠ᠂ ᠲᠣᠭᠲᠠᠬᠤ ᠰᠢᠶᠠᠨ ᠤ ᠮᠦᠽᠧᠢ᠂ ᠲᠣᠭᠲᠠᠬᠤ ᠰᠢᠶᠠᠨ ᠤ ᠴᠢᠨᠠᠮᠠᠯ ᠵᠢᠭᠠᠰᠤ᠂ ᠲᠣᠭᠲᠠᠬᠤ ᠦᠨᠳᠦᠰᠦᠳᠡᠨ ᠤ ᠲᠤᠮᠳᠠᠳᠦ ᠰᠤᠷᠭᠠᠭᠤᠯᠢ ᠶᠢᠨ ᠲᠠᠳᠠᠮᠠᠯ ᠭᠤᠯᠢᠷ᠂  ᠲᠤᠭᠳᠠᠬᠤ ᠬᠠᠶᠢᠴᠢᠯᠠᠮᠠᠯ᠂ ᠴᠢᠯᠠᠭᠤᠨ ᠲᠡᠭᠡᠷᠮ᠎ᠡ ᠤᠨ ᠳ᠋ᠧᠦᠹᠦ᠋᠂ ᠰᠢᠷ᠎ᠠ ᠠᠷᠢᠬᠢ᠂ ᠰᠢᠬᠢᠷ ᠢᠶᠠᠷ ᠦᠢᠯᠡᠳᠬᠦ ᠤᠷ᠎ᠠ ᠮᠡᠷᠭᠡᠵᠢᠯ ᠢ ᠬᠠᠮᠤᠷᠴᠤ᠂ ᠣᠳᠣᠬᠠᠨ ᠳᠤ ᠨᠢᠭᠡᠨᠲᠡ 16 ᠬᠤᠭᠤᠴᠠᠭ᠎ᠠ ᠨᠡᠪᠲᠡᠷᠡᠭᠦᠯᠵᠦ᠂ 10 ᠬᠤᠭᠤᠴᠠᠭ᠎ᠠ ᠶᠢ ᠰᠢᠨᠬᠤᠸᠠ ᠲᠣᠣᠷ᠂ ᠠᠷᠠᠳ ᠤᠨ ᠰᠦᠯᠵᠢᠶ᠎ᠡ᠂ ᠰᠤᠷᠤᠯᠴᠠᠯᠭ᠎ᠠ ᠶᠢᠨ ᠬᠦᠴᠦᠷᠬᠡᠭ ᠤᠯᠤᠰ᠂ ᠲᠠᠯ᠎ᠠ ᠨᠤᠲᠤᠭ ᠤᠨ ᠡᠭᠦᠯᠡᠨ ᠲᠠᠪᠴᠠᠩ ᠳᠤ 173 ᠲᠦᠮᠡᠨ ᠤᠳᠠᠭ᠎ᠠ ᠬᠡᠷᠡᠭᠯᠡᠵᠡᠢ᠃      ᠳᠥᠷᠪᠡ ᠳᠤ᠂ ᠥᠪᠡᠷᠲᠡᠭᠡᠨ ᠵᠠᠰᠠᠬᠤ ᠣᠷᠣᠨ ᠤ ᠨᠡᠷᠡᠲᠦ ᠪᠤᠯᠤᠩ ︽ᠶᠦᠨ ᠵᠦᠩ ᠨᠣᠮ ᠤᠨ ᠲᠠᠯᠠᠪᠠᠢ︾ ᠭᠡᠬᠦ  ᠪᠠᠷᠢᠮᠳᠠᠳᠦ ᠲᠡᠤᠬᠡ ᠶᠢᠨ ᠰᠢᠭᠦᠮᠵᠢ ᠶᠢᠨ ︽ᠳ᠋ᠠ ᠱᠧᠩ ᠺᠦᠢ ᠬᠤᠲᠠ ᠶᠢᠨ ᠳᠣᠮᠤᠭ︾ ᠢ ᠵᠣᠬᠢᠶᠠᠭᠰᠠᠨ ᠪᠠᠶᠢᠨ᠎ᠠ᠃ ᠪᠦᠬᠦ ᠨᠣᠮ ᠨᠢ 50 ᠪᠣᠶ᠂ ᠰᠢᠶᠠᠨ ᠤ ᠬᠠᠮ ᠵᠠᠭᠤᠴᠢᠯᠠᠭᠤᠷ ᠤᠨ ᠲᠥᠪ ᠤᠨ ᠬᠥᠮᠦᠰ ᠥᠪᠡᠷ ᠢᠶᠠᠨ ᠨᠠᠶᠢᠷᠠᠭᠤᠯᠤᠨ ᠥᠪᠡᠷ ᠢᠶᠠᠨ ᠲᠣᠭᠯᠠᠵᠤ᠂ ᠣᠳᠣᠬᠠᠨ ᠳᠤ ᠨᠢᠭᠡᠨᠲᠡ 15 ᠤᠳᠠᠭ᠎ᠠ ᠨᠡᠪᠲᠡᠷᠡᠭᠦᠯᠵᠡᠶ᠃ ᠡᠨᠡ ᠬᠦ ᠵᠣᠬᠢᠶᠠᠯ ᠨᠢ ᠳ᠋ᠠ ᠱᠧᠩ ᠺᠦᠢ ᠡᠭᠦᠰᠬᠡᠨ ᠪᠠᠶᠢᠭᠤᠯᠤᠭᠴᠢ ᠸᠠᠩ ᠰᠢᠶᠠᠩ ᠴᠢᠩ ᠤᠨ ᠨᠢᠭᠡ ᠨᠠᠰᠤᠨ ᠤ ᠥᠩᠭᠡᠷᠡᠯᠲᠡ ᠪᠠᠷ ᠰᠦᠪᠡᠭᠴᠢ ᠪᠣᠯᠭᠠᠵᠤ᠂ ᠲᠣᠭᠲᠠᠬᠤ ᠭᠤᠣᠯ ᠤᠨ ᠭᠠᠷᠠᠮ ᠢᠶᠠᠷ ᠬᠦᠢ ᠬᠤᠸᠠ ᠬᠤᠳᠠ ᠳᠤ ᠬᠦᠷᠬᠦ ᠠᠷᠠᠯᠵᠢᠶ᠎ᠠ ᠬᠤᠳᠠᠯᠳᠤᠭᠠᠨ ᠤ ᠵᠠᠮ ᠢᠶᠠᠷ ᠰᠠᠭᠤᠷᠢ ᠪᠣᠯᠭᠠᠵᠤ᠂ ᠳ᠋ᠠ ᠱᠧᠩ ᠺᠦᠢ ᠬᠤᠳᠠᠯᠳᠤᠭᠠᠨ ᠤ ᠳᠡᠯᠭᠡᠭᠦᠷ ᠤᠨ ᠦᠢᠯᠡᠰ ᠪᠤᠰᠬᠠᠬᠤ ᠥᠩᠭᠡᠷᠡᠯᠲᠡ ᠵᠢᠴᠢ ᠰᠦᠷ ᠳᠠᠯᠠᠶᠢᠴᠠᠲᠠᠢ ᠦᠯᠢᠭᠡᠷ ᠳᠣᠮᠣᠭᠲᠤ ᠦᠯᠢᠭᠡᠷ ᠢ ᠶᠠᠷᠢᠵᠠᠶ᠃ ᠳᠤᠮᠳᠠᠳᠤ ᠤᠯᠤᠰ ᠤᠨ ᠬᠤᠳᠠᠯᠳᠤᠭᠠᠴᠢᠳ ᠤᠨ ᠬᠦᠴᠦᠷᠬᠡᠭᠵᠢᠬᠦ ᠪᠠᠷ ᠬᠦᠴᠦᠯᠡᠨ ᠴᠢᠷᠮᠠᠶᠢᠬᠤ᠂ ᠰᠢᠨᠲᠠᠷᠠᠰᠢ ᠦᠭᠡᠢ ᠴᠢᠷᠮᠠᠶᠢᠬᠤ᠂ ᠵᠢᠷᠤᠮ ᠢᠶᠠᠷ ᠠᠰᠢᠭ ᠤᠯᠬᠤ᠂ ᠮᠣᠷᠠᠯ ᠢ ᠲᠡᠷᠢᠭᠦᠨ ᠳᠤ ᠲᠠᠯᠪᠢᠬᠤ ᠬᠤᠳᠠᠯᠳᠤᠭᠠᠴᠢᠨ ᠤ ᠰᠦᠭ ᠰᠦᠨᠡᠰᠦ ᠶᠢ ᠪᠠᠳᠠᠷᠠᠭᠤᠯᠵᠤ᠂ ᠭᠤᠷᠪᠠᠨ ᠵᠠᠭᠤᠨ ᠵᠢᠯ ᠤᠨ ᠰᠢᠷᠭᠠᠭᠤ ᠬᠠᠲᠠᠭᠤᠵᠢᠯᠲᠠᠢ ᠦᠢᠯᠡᠰ ᠴᠣᠭᠴᠠᠯᠠᠭᠰᠠᠨ ᠲᠡᠦᠬᠡ ᠶᠢ ᠪᠢᠴᠢᠭᠯᠡᠬᠦ ᠶᠠᠪᠤᠳᠠᠯ ᠪᠣᠯ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠬᠠᠮᠤᠭ ᠤᠨ ᠲᠡᠷᠢᠭᠦᠨ ᠤ ᠬᠡᠪ ᠳᠠᠭᠤᠷᠢᠶᠠᠯ ᠮᠥᠨ᠂ ᠤᠮᠠᠷᠠᠲᠤ ᠬᠢᠯᠢ ᠶᠢᠨ ᠰᠣᠶᠣᠯ ᠤᠨ ᠴᠢᠬᠤᠯᠠ ᠢᠯᠡᠷᠡᠯ ᠮᠥᠨ᠃      ᠲᠠᠪᠤ ᠳᠤ᠂ ︽ᠶᠦᠨ ᠵᠦᠩ ᠰᠤᠷᠪᠤᠯᠵᠢᠯᠠᠭ᠎ᠠ ᠶᠠᠷᠢᠯᠴᠠᠭ᠎ᠠ︾ ᠪᠤᠯᠤᠩ ᠢ ᠠᠰᠢᠭᠯᠠᠨ ᠤᠮᠠᠷᠠᠲᠤ ᠬᠢᠯᠢ ᠶᠢᠨ ᠰᠣᠶᠣᠯ ᠢ ᠤᠬᠠᠭᠤᠯᠪᠠ᠃ ︽ᠶᠦᠨ ᠵᠦᠩ ᠰᠤᠷᠪᠤᠯᠵᠢᠯᠠᠭ᠎ᠠ ᠶᠠᠷᠢᠯᠴᠠᠭ᠎ᠠ︾ ᠪᠣᠯ ᠲᠣᠭᠲᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠤᠨ ᠥᠪᠡᠰᠦᠪᠡᠨ ᠡᠷᠭᠢᠯᠡᠭᠰᠡᠨ ᠲᠣᠮᠣ ᠬᠡᠯᠪᠡᠷᠢ ᠶᠢᠨ ᠶᠡᠷᠦᠩᠬᠡᠶᠢᠯᠡᠭᠰᠡᠨ ᠴᠢᠨᠠᠷᠲᠠᠶ ᠨᠤᠲᠤᠭ ᠤᠨ ᠠᠶᠠᠯᠭᠤ ᠶᠢᠨ ᠲᠥᠷᠥᠯ ᠤᠨ ᠰᠤᠷᠪᠤᠯᠵᠢᠯᠠᠨ ᠶᠠᠷᠢᠯᠴᠠᠬᠤ ᠫᠷᠤᠭ᠍ᠷᠠᠮ ᠪᠠᠶᠢᠵᠤ᠂ ᠠᠷᠠᠳ ᠣᠯᠠᠨ ᠤ ᠬᠠᠯᠠᠭᠤᠨ ᠴᠡᠭ ᠢ ᠠᠩᠬᠠᠷᠬᠤ᠂ ᠬᠥᠮᠦᠨ ᠰᠣᠶᠣᠯ ᠤᠨ ᠦᠵᠡᠮᠵᠢ ᠶᠢ ᠰᠣᠨᠢᠷᠬᠠᠬᠤ᠂ ᠲᠦᠮᠡᠨ ᠦᠵᠡᠭᠳᠡᠯ ᠤᠨ ᠶᠠᠷᠢᠶᠠᠨ ᠤ ᠰᠡᠳᠦᠪ ᠢ ᠠᠭᠤᠵᠢᠷᠠᠲᠠᠯ᠎ᠠ ᠶᠠᠷᠢᠯᠴᠠᠬᠤ᠂ ᠴᠠᠭ ᠦᠶ᠎ᠡ ᠶᠢᠨ ᠳᠠᠭᠤᠨ ᠢ ᠰᠣᠨᠣᠰᠬᠤ ᠪᠠᠷ ᠫᠷᠤᠭ᠍ᠷᠠᠮ ᠤᠨ ᠵᠣᠷᠢᠯᠲᠠ ᠪᠣᠯᠭᠠᠵᠤ᠂ ᠴᠠᠭ ᠤᠨ ᠪᠠᠶᠢᠳᠠᠯ ᠪᠠ ᠬᠥᠮᠦᠨ ᠰᠣᠶᠣᠯ ᠵᠡᠷᠭᠡ ᠨᠡᠶᠢᠭᠡᠮ ᠤᠨ ᠠᠮᠢᠳᠤᠷᠠᠯ ᠤᠨ ᠡᠯ᠎ᠡ ᠲᠠᠯ᠎ᠠ ᠶᠢᠨ ᠠᠭᠤᠯᠭ᠎ᠠ ᠶᠢ ᠬᠠᠮᠤᠷᠴᠠᠶ᠃ ᠲᠤᠰ ᠪᠤᠯᠤᠩ ᠤᠮᠠᠷᠠᠲᠤ ᠬᠢᠯᠢ ᠶᠢᠨ ᠰᠣᠶᠣᠯ ᠤᠨ ᠭᠤᠤᠯ ᠰᠡᠳᠦᠪ ᠤᠨ ᠲᠣᠭᠤᠷᠢᠨ ᠳᠤ ᠪᠣᠳᠠᠰ ᠤᠨ ᠪᠤᠰᠤ ᠰᠣᠶᠣᠯ ᠤᠨ ᠥᠪ ᠤᠨ ᠰᠢᠷᠢᠰ ᠰᠤᠷᠪᠤᠯᠵᠢᠯᠠᠭ᠎ᠠ 22 ᠬᠤᠭᠤᠴᠠᠭ᠎ᠠ᠂ ᠪᠤᠰᠤᠳ ᠰᠣᠶᠣᠯ ᠤᠨ ᠲᠥᠷᠥᠯ ᠤᠨ ᠰᠤᠷᠪᠤᠯᠵᠢᠯᠠᠭ᠎ᠠ 80 ᠬᠤᠭᠤᠴᠠᠭᠠᠨ ᠤ ᠶᠠᠷᠢᠯᠴᠠᠭ᠎ᠠ ᠶᠢ ᠵᠣᠬᠢᠶᠠᠵᠤ᠂ ᠤᠮᠠᠷᠠᠲᠤ ᠬᠢᠯᠢ ᠶᠢᠨ ᠰᠣᠶᠣᠯ ᠤᠨ ᠲᠣᠭᠲᠠᠬᠤ ᠳᠠᠬᠢ ᠠᠮᠢᠳᠤᠯᠢᠭ ᠢᠯᠡᠷᠡᠯ ᠢ ᠪᠦᠲᠦᠮᠵᠢᠲᠡᠶ ᠤᠬᠠᠭᠤᠯᠪᠠ᠃      ᠵᠢᠷᠭᠤᠭ᠎ᠠ ᠳᠤ᠂ ᠶᠡᠷᠦᠩᠬᠡᠶᠢᠯᠡᠭᠰᠡᠨ ᠷᠠᠳᠢᠣ᠋ ᠪᠠᠷ ︽ᠶᠦᠨ ᠵᠦᠩ ᠤᠷᠠᠯᠢᠭ︾ ᠪᠤᠯᠤᠩ ᠡᠷᠬᠢᠯᠡᠪᠡ᠃ ᠲᠣᠰ ᠲᠣᠭᠯᠠᠯᠲᠠ ᠨᠢ ᠤᠮᠠᠷᠠᠲᠤ ᠬᠢᠯᠢ ᠶᠢᠨ ᠰᠣᠶᠣᠯ ᠢ ᠪᠠᠳᠠᠷᠠᠭᠤᠯᠵᠤ᠂ ᠤᠯᠤᠰ ᠤᠨ ᠬᠡᠪ ᠨᠠᠮᠪᠠ ᠶᠢ ᠠᠮᠲᠠᠯᠠᠵᠤ᠂ ᠰᠢ ᠲᠠᠭᠤᠤᠷᠢᠯᠢᠭ ᠤᠨ ᠲᠠᠭᠤᠤ ᠶᠢᠨ ᠤᠷᠠᠯᠢᠭ ᠢ ᠤᠬᠠᠭᠤᠯᠵᠤ᠂ ᠦᠵᠡᠭᠴᠢᠳ ᠲᠤ ᠨᠢᠭᠡ ᠤᠳᠠᠭᠠᠨ ᠤ ᠰᠣᠶᠣᠯ ᠤᠨ ᠦᠪᠡᠳᠡᠭᠰᠢ ᠨᠠᠶᠢᠷ ᠢ ᠠᠪᠴᠢᠷᠠᠬᠤ ᠶᠢᠨ ᠲᠥᠯᠥᠭᠡ ᠶᠤᠮ᠃ ᠲᠣᠰ ᠪᠤᠯᠤᠩ ᠤᠨ ᠠᠭᠤᠯᠭ᠎ᠠ ᠨᠢ ᠡᠯᠪᠡᠭ ᠪᠠᠶᠠᠯᠢᠭ ᠪᠥᠭᠡᠳ ᠣᠯᠠᠨ ᠶᠠᠩᠵᠤ ᠶᠢᠨ ᠪᠠᠶᠢᠵᠤ᠂ ᠤᠯᠠᠮᠵᠢᠯᠠᠯᠲᠤ ᠰᠢ  ᠲᠠᠭᠤᠤᠷᠢᠯᠢᠭ ᠤᠨ ᠲᠣᠭᠯᠠᠯᠲᠠ ᠪᠠᠶᠢᠬᠤ ᠮᠥᠷᠲᠡᠭᠡᠨ ᠪᠠᠰᠠ ᠰᠢᠨ᠎ᠡ ᠪᠠᠷ ᠨᠠᠶᠢᠷᠠᠭᠤᠯᠤᠨ ᠵᠣᠬᠢᠶᠠᠭᠰᠠᠨ ᠣᠲᠣ ᠦᠶ᠎ᠡ ᠶᠢᠨ ᠪᠦᠲᠦᠭᠡᠯ ᠤᠨ ᠤᠩᠰᠢᠯᠭ᠎ᠠ ᠴᠤ ᠪᠣᠶ᠃ ᠦᠵᠡᠭᠴᠢᠳ ᠡᠯ᠎ᠡ ᠲᠥᠷᠥᠯ ᠤᠨ ᠤᠷᠠᠯᠢᠭ ᠤᠨ ᠬᠡᠯᠪᠡᠷᠢ ᠶᠢᠨ ᠭᠤᠶᠢᠳᠠ ᠰᠠᠶᠢᠬᠠᠨ ᠢᠯᠡᠷᠡᠯ ᠢ ᠣᠯᠵᠤ᠂ ᠳᠤᠮᠳᠠᠳᠤ ᠶᠢᠨ ᠰᠣᠶᠣᠯ ᠤᠨ ᠥᠷᠭᠡᠨ ᠳᠡᠯᠭᠡᠷ ᠭᠦᠨ ᠭᠦᠨᠵᠡᠭᠡᠶ ᠲᠥᠷᠥᠭᠳᠡᠯ ᠢ ᠣᠯᠵᠤ ᠮᠡᠳᠡᠬᠦ ᠪᠣᠯᠤᠨ᠎ᠠ᠃ ︽ᠶᠦᠨ ᠵᠦᠩ ᠤᠷᠠᠯᠢᠭ︾ ᠢ ᠨᠡᠪᠲᠡᠷᠡᠭᠦᠯᠦᠭᠰᠡᠨ ᠨᠢ ᠥᠷᠭᠡᠨ ᠤᠯᠠᠨ ᠦᠵᠡᠭᠴᠢᠳ ᠤᠨ ᠰᠣᠶᠣᠯ ᠤᠨ ᠠᠮᠢᠳᠤᠷᠠᠯ ᠤᠨ ᠬᠡᠷᠡᠭᠴᠡᠭᠡ ᠶᠢ ᠲᠦᠢᠯ ᠤᠨ ᠶᠡᠭᠡ ᠪᠠᠷ ᠬᠠᠩᠭᠠᠵᠤ᠂ ᠤᠮᠠᠷᠠᠲᠤ ᠬᠢᠯᠢ ᠶᠢᠨ ᠤᠷᠠᠯᠢᠭ ᠤᠨ ᠥᠪᠡᠷᠮᠢᠴᠡ ᠷᠢᠳᠢ ᠰᠢᠳᠢ ᠶᠢ ᠣᠶᠢᠯᠠᠭᠠᠪᠠ᠃      ᠳᠠᠷᠠᠭᠠᠴᠢ ᠶᠢᠨ ᠠᠯᠬᠤᠮ ᠳᠤ᠂ ᠲᠣᠭᠲᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠨᠢ ᠤᠮᠠᠷᠠᠲᠤ ᠬᠢᠯᠢ ᠶᠢᠨ ᠰᠣᠶᠣᠯ ᠤᠨ ᠤᠬᠠᠭᠤᠯᠭ᠎ᠠ ᠶᠢᠨ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠲᠣᠭᠲᠠᠬᠤ ᠰᠢᠶᠠᠨ ᠤ ᠲᠡᠦᠬᠡ ᠰᠣᠶᠣᠯ᠂ ᠠᠷᠠᠳ ᠤᠨ ᠵᠠᠩ ᠦᠢᠯᠡ ᠶᠢ ᠭᠦᠨᠵᠡᠭᠡᠢ ᠠᠭᠤᠳᠠᠯᠤᠨ ᠪᠣᠯᠪᠠᠰᠤᠷᠠᠭᠤᠯᠵᠤ᠂ ︽ᠮᠠᠨ ᠤ ᠪᠠᠶᠠᠷ ᠤᠨ ᠡᠳᠦᠷ︾ ᠤᠨ ᠰᠣᠶᠣᠯ ᠤᠨ ᠠᠵᠢᠯᠯᠠᠭ᠎ᠠ ᠪᠣᠯᠣᠨ ᠡᠯ᠎ᠡ ᠲᠦᠷᠦᠯ ᠤᠨ ᠪᠣᠯᠪᠠᠰᠤᠨ᠂ ᠤᠳᠬ᠎ᠠ ᠤᠷᠠᠯᠢᠭ᠂ ᠰᠣᠶᠣᠯ᠂ ᠰᠠᠶᠢᠨ ᠳᠤᠷ᠎ᠠ ᠶᠢᠨ ᠦᠢᠯᠡᠴᠢᠯᠡᠭᠡ ᠵᠡᠷᠭᠡ ᠠᠵᠢᠯᠯᠠᠭ᠎ᠠ ᠶᠢᠨ ᠤᠬᠠᠭᠤᠯᠭ᠎ᠠ ᠶᠢ ᠦᠷᠭᠦᠯᠵᠢᠯᠡᠨ ᠰᠠᠶᠢᠲᠤᠷ ᠬᠢᠵᠦ᠂ ᠲᠣᠭᠲᠠᠬᠤ ᠰᠢᠶᠠᠨ ᠤ ᠰᠣᠶᠣᠯ ᠵᠢᠭᠤᠯᠴᠢᠯᠠᠯ ᠤᠨ ᠠᠭᠤᠰᠤᠯᠴᠠᠨ ᠬᠥᠭᠵᠢᠬᠦ ᠶᠢ ᠠᠬᠢᠭᠤᠯᠵᠤ᠂ ᠪᠦᠬᠦ ᠣᠷᠣᠨ ᠤ ᠬᠠᠲᠤᠨ ᠭᠤᠣᠯ ᠤᠨ ︽几︾ ᠦᠰᠦᠭᠳᠦ ᠰᠣᠶᠣᠯ ᠵᠢᠭᠤᠯᠴᠢᠯᠠᠯ ᠤᠨ ᠪᠦᠰᠡ ᠶᠢᠨ ᠪᠣᠳᠠᠲᠠᠢ ᠦᠢᠯᠡᠳᠦᠯᠭᠡ ᠳᠤ ᠢᠳᠡᠪᠬᠢᠲᠡᠢ ᠰᠠᠨᠠᠭᠠᠴᠢᠯᠠᠭ᠎ᠠ ᠠᠴᠠ ᠪᠠᠨ ᠠᠭᠤᠰᠤᠯᠴᠠᠵᠤ᠂ ᠤᠮᠠᠷᠠᠲᠤ ᠬᠢᠯᠢ ᠶᠢᠨ ᠰᠣᠶᠣᠯ ᠤᠨ ᠲᠣᠭᠲᠠᠬᠤ ᠶᠢᠨ ᠲᠦᠷᠦᠯ ᠲᠡᠮᠳᠡᠭ ᠢ ᠠᠯᠳᠠᠷᠰᠢᠭᠤᠯᠬᠤ ᠳᠤ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠦᠨ᠎ᠡ᠃ᠢᠷᠡᠯᠳᠡ᠄ ᠲᠣᠭᠲᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠶᠦᠨ ᠵᠦᠩ ᠬᠠᠮ ᠵᠠᠭᠤᠴᠢᠯᠠᠭᠤᠷ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1