ᠲᠤᠭᠳᠠᠬᠤ ᠰᠢᠶᠠᠨ ᠤ ᠡᠪᠯᠡᠯ ᠤᠨ ᠬᠤᠷᠢᠶ᠎ᠠ ᠬᠢᠭᠡᠳ ᠥᠪᠥᠷ ᠮᠣᠩᠭᠤᠯ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠶᠢᠨ ᠴᠠᠬᠢᠯᠭᠠᠨ ᠬᠦᠴᠦᠨ ᠤ ᠳᠡᠭᠡᠳᠦ ᠰᠤᠷᠭᠠᠭᠤᠯᠢ 2024 ᠣᠨ ᠤ ᠵᠤᠨ ᠤ ᠠᠮᠠᠷᠠᠯᠲᠠ ᠶᠢᠨ ᠬᠤᠭᠤᠴᠠᠭᠠᠨ ᠤ ︽ᠭᠤᠷᠪᠠ ᠶᠢ ᠬᠥᠳᠡᠭᠡ ᠪᠠᠭᠤᠯᠭᠠᠬᠤ︾ ᠨᠡᠶᠢᠭᠡᠮ ᠤᠨ ᠦᠢᠯᠡᠳᠦᠯᠭᠡ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/7/16
      ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠤᠬᠠᠭᠤᠯᠤᠨ ᠲᠤᠭᠤᠰᠢᠯᠠᠭᠤᠯᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠦ᠂ ᠡᠪ ᠬᠠᠮᠲᠤ ᠵᠠᠯᠠᠭᠤᠴᠤᠳ ᠢ ᠬᠦᠳᠦᠯᠦᠨ ᠵᠢᠯᠣᠭᠤᠳᠴᠤ ᠦᠢᠯᠡᠳᠦᠯᠭᠡ ᠶᠢᠨ ᠳᠤᠮᠳᠠ ᠳᠤᠮᠳᠠᠳᠤ ᠤᠯᠤᠰ ᠤᠨ ᠣᠨᠴᠠᠯᠢᠭ ᠲᠠᠢ ᠨᠡᠢᠭᠡᠮ ᠵᠢᠷᠤᠮ ᠪᠠ ᠡᠪ ᠬᠠᠮᠲᠤ ᠶᠤᠰᠤ ᠶᠢ ᠰᠤᠷᠤᠯᠴᠠᠭᠤᠯᠬᠤ ᠶᠢᠨ ᠲᠥᠯᠥᠭᠡ᠂ ᠤᠢᠢᠷ᠎ᠠ ᠶᠢᠨ ᠡᠳᠦᠷ᠂ ᠥᠪᠥᠷ ᠮᠣᠩᠭᠤᠯ ᠤᠨ ᠠᠵᠤ  ᠦᠢᠯᠡᠳᠪᠦᠷᠢ ᠶᠢᠨ ᠶᠡᠭᠡ ᠰᠤᠷᠭᠠᠭᠤᠯᠢ ᠶᠢᠨ ᠴᠠᠬᠢᠯᠭᠠᠨ ᠬᠦᠴᠦᠨ ᠤ ᠳᠡᠭᠡᠳᠦ ᠰᠤᠷᠭᠠᠭᠤᠯᠢ ᠲᠠᠢ ᠭᠠᠷ ᠬᠤᠯᠪᠣᠯᠴᠠᠨ ᠡᠪ ᠬᠠᠮᠲᠤ ᠵᠠᠯᠠᠭᠤᠴᠤᠳ ᠤᠨ ᠡᠪᠯᠡᠯ ᠤᠨ ᠲᠣᠭᠲᠠᠬᠤ ᠰᠢᠶᠠᠨ ᠤ ᠬᠤᠷᠢᠶ᠎ᠠ᠂ ᠴᠠᠬᠢᠯᠭᠠᠨ  ᠬᠦᠴᠦᠨ ᠤ ᠳᠡᠭᠡᠳᠦ ᠰᠤᠷᠭᠠᠭᠤᠯᠢ ᠶᠢᠨ ᠭᠡᠰᠢᠭᠦᠨ᠂ ᠲᠣᠭᠲᠠᠬᠤ  ᠰᠢᠶᠠᠨ ᠤ ᠬᠠᠮ ᠵᠠᠭᠤᠴᠢᠯᠠᠭᠤᠷ ᠤᠨ ᠲᠥᠪ᠂ ᠲᠣᠭᠲᠠᠬᠤ ᠰᠢᠶᠠᠨ ᠤ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠡᠪᠯᠡᠯ ᠤᠨ ᠡᠭᠦᠷ ᠬᠠᠮᠳᠤᠷᠠᠨ᠂ ᠥᠪᠥᠷ ᠮᠤᠩᠭᠤᠯ ᠤᠨ ᠲᠤᠭᠳᠠᠬᠤ ᠰᠢᠶᠠᠨ ᠤ ᠨᠢᠭᠡᠳᠤᠭᠡᠷ ᠲᠤᠮᠳᠠᠳᠦ ᠰᠤᠷᠭᠠᠭᠤᠯᠢ ᠳᠤ ᠬᠦᠷᠴᠦ ᠨᠡᠶᠢᠭᠡᠮ ᠤᠨ ᠦᠢᠯᠡᠳᠦᠯᠭᠡ ᠶᠢᠨ ᠠᠵᠢᠯᠯᠠᠭ᠎ᠠ ᠦᠷᠨᠢᠭᠦᠯᠪᠡ᠃
     ᠲᠣᠰ ᠤᠳᠠᠭᠠᠨ ᠤ ︽ᠭᠤᠷᠪᠠ ᠶᠢ ᠬᠥᠳᠡᠭᠡ ᠪᠠᠭᠤᠯᠭᠠᠬᠤ︾ ᠠᠵᠢᠯᠯᠠᠭ᠎ᠠ ᠳᠤ᠂ ᠥᠪᠥᠷ ᠮᠣᠩᠭᠤᠯ ᠤᠨ ᠠᠵᠤ  ᠦᠢᠯᠡᠳᠪᠦᠷᠢ ᠶᠢᠨ ᠶᠡᠭᠡ ᠰᠤᠷᠭᠠᠭᠤᠯᠢ ᠶᠢᠨ ᠴᠠᠬᠢᠯᠭᠠᠨ ᠬᠦᠴᠦᠨ ᠤ ᠳᠡᠭᠡᠳᠦ ᠰᠤᠷᠭᠠᠭᠤᠯᠢ ᠬᠢᠭᠡᠳ ᠲᠤᠭᠳᠠᠬᠤ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠪᠠᠭᠰᠢ ᠰᠤᠷᠤᠭᠴᠢᠳ ᠬᠠᠮᠲᠤ ᠪᠠᠷ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠥᠷᠥ ᠶᠢᠨ ᠪᠣᠳᠣᠯᠭ᠎ᠠ ᠶᠢᠨ ᠵᠢᠯᠣᠭᠤᠳᠣᠯᠭ᠎ᠠ ᠶᠢ ᠰᠤᠳᠤᠯᠤᠨ ᠶᠠᠷᠢᠯᠴᠠᠵᠤ᠂ ᠴᠠᠬᠢᠯᠭᠠᠨ ᠬᠦᠴᠦᠨ ᠤ ᠤᠬᠠᠭᠠᠨ ᠤ ᠬᠦᠷᠢᠶᠡᠯᠡᠩ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠪᠠ ᠰᠢᠨᠵᠢᠯᠡᠬᠦ ᠤᠬᠠᠭᠠᠨ ᠤ ᠰᠤᠳᠤᠯᠭᠠᠨ ᠤ ᠵᠢᠵᠢᠭ ᠮᠡᠳᠡᠯᠭᠡ ᠶᠢ ᠲᠦᠭᠡᠮᠡᠯᠵᠢᠭᠦᠯᠵᠦ᠂ ᠪᠠᠰᠠ ᠲᠤᠷᠰᠢᠯᠲᠠ ᠶᠢᠨ ᠲᠥᠬᠦᠭᠡᠷᠦᠮᠵᠢ ᠶᠢᠨ ᠪᠣᠳᠠᠲᠤ ᠪᠣᠳᠠᠰ ᠢ ᠬᠤᠪᠢᠶᠠᠯᠴᠠᠵᠤ᠂ ᠲᠡᠳᠡᠨ ᠤ ᠳᠥᠭᠦᠮ ᠴᠠᠬᠢᠯᠭᠠᠨ ᠲᠣᠨᠣᠭᠯᠠᠯ ᠤᠨ ᠲᠤᠬᠠᠶ ᠲᠠᠨᠢᠯᠲᠠ ᠶᠢᠨ ᠴᠢᠳᠠᠪᠤᠷᠢ ᠶᠢ ᠳᠡᠭᠡᠭᠰᠢᠯᠡᠭᠦᠯᠪᠡ᠃
     ᠡᠨᠡ ᠤᠳᠠᠭᠠᠨ ᠤ ᠠᠵᠢᠯᠯᠠᠭ᠎ᠠ ᠪᠠᠷ ᠳᠠᠮᠵᠢᠨ᠂ ᠥᠪᠥᠷ ᠮᠣᠩᠭᠤᠯ ᠤᠨ ᠠᠵᠤ  ᠦᠢᠯᠡᠳᠪᠦᠷᠢ ᠶᠢᠨ ᠶᠡᠭᠡ ᠰᠤᠷᠭᠠᠭᠤᠯᠢ ᠶᠢᠨ ᠴᠠᠬᠢᠯᠭᠠᠨ ᠬᠦᠴᠦᠨ ᠤ ᠳᠡᠭᠡᠳᠦ ᠰᠤᠷᠭᠠᠭᠤᠯᠢ ᠶᠢᠨ ᠪᠦᠷᠢᠯᠳᠦᠬᠦᠨ ᠨᠡᠷ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠭᠴᠢᠳ ᠤᠨ ᠴᠠᠬᠢᠯᠭᠠᠨ ᠬᠦᠴᠦᠨ ᠤ ᠰᠢᠨᠵᠢᠯᠡᠬᠦ ᠤᠬᠠᠭᠠᠨ ᠤ ᠲᠤᠬᠠᠶ ᠬᠠᠯᠠᠭᠤᠨ ᠰᠡᠳᠬᠢᠯᠭᠡ ᠪᠣᠯᠤᠨ ᠰᠤᠳᠤᠯᠬᠤ ᠤᠷᠮ᠎ᠠ ᠵᠣᠷᠢᠭ ᠢ ᠬᠥᠭᠵᠢᠭᠡᠵᠦ᠂ ᠰᠤᠷᠤᠭᠴᠢᠳ ᠤᠨ ᠨᠡᠶᠢᠭᠡᠮ ᠤᠨ ᠬᠠᠷᠢᠭᠤᠴᠠᠯᠭᠠᠲᠤ ᠰᠡᠳᠬᠢᠯᠭᠡ ᠪᠣᠯᠤᠨ ᠰᠢᠨ᠎ᠡ ᠶᠢ ᠡᠭᠦᠳᠬᠦ ᠤᠬᠠᠮᠰᠠᠷ ᠢ  ᠪᠤᠶᠢᠵᠢᠭᠤᠯᠪᠠ᠃ ᠡᠭᠦᠨ ᠤ ᠬᠠᠮᠲᠤ᠂ ᠠᠵᠢᠯᠯᠠᠭ᠎ᠠ ᠨᠢ ᠪᠠᠰᠠ ᠤᠶᠤᠲᠠᠳ ᠤᠨ ᠨᠡᠶᠢᠭᠡᠮ ᠤᠨ ᠦᠢᠯᠡᠳᠦᠯᠭᠡ ᠶᠢᠨ ᠴᠢᠳᠠᠪᠤᠷᠢ ᠶᠢ ᠴᠢᠩᠭᠠᠳᠬᠠᠵᠤ᠂ ᠲᠡᠭᠦᠨ ᠤ ᠨᠡᠶᠢᠭᠡᠮ ᠳᠤ ᠦᠢᠯᠡᠴᠢᠯᠡᠬᠦ ᠤᠬᠠᠮᠰᠠᠷᠲᠤ ᠴᠢᠨᠠᠷ ᠢ ᠬᠥᠮᠦᠵᠢᠭᠦᠯᠵᠦ᠂ ᠰᠢᠨ᠎ᠡ ᠴᠠᠭ ᠦᠶ᠎ᠡ ᠶᠢᠨ ᠵᠠᠯᠠᠭᠤᠴᠤᠳ ᠤᠨ ᠬᠠᠷᠢᠭᠤᠴᠠᠯᠭ᠎ᠠ ᠪᠠ ᠡᠭᠦᠷᠭᠡᠯᠡᠯ ᠢ ᠭᠦᠢᠴᠡᠳ ᠢᠯᠡᠷᠡᠭᠦᠯᠪᠡ᠃ ᠢᠷᠡᠯᠳᠡ᠄ ᠲᠣᠭᠲᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠶᠦᠨ ᠵᠦᠩ ᠬᠠᠮ ᠵᠠᠭᠤᠴᠢᠯᠠᠭᠤᠷ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1