ᠴᠡᠯᠡᠭᠡᠷ ᠲᠠᠯ᠎ᠠ ᠤᠯᠠᠨ ᠤᠯᠤᠰ ᠤᠨ ᠡᠪᠡᠰᠦᠨ ᠤ ᠦᠢᠯᠡᠰ ᠤᠨ ᠶᠡᠭᠡ ᠬᠤᠷᠠᠯ ᠬᠥᠬᠡᠬᠤᠲᠠ ᠳᠤ ᠡᠬᠢᠯᠡᠪᠡ
ᠨᠡᠶᠢᠲᠡᠯᠡᠭᠰᠡᠨ ᠴᠠᠭ᠄
2024/7/16
      7 ᠳ᠋ᠤᠭᠠᠷ ᠰᠠᠷ᠎ᠠ ᠶᠢᠨ 13 ᠤ ᠡᠳᠦᠷ᠂ ᠴᠡᠯᠡᠭᠡᠷ ᠲᠠᠯ᠎ᠠ ᠤᠯᠠᠨ ᠤᠯᠤᠰ ᠤᠨ ᠡᠪᠡᠰᠦᠨ ᠤ ᠦᠢᠯᠡᠰ ᠤᠨ ᠶᠡᠭᠡ ᠬᠤᠷᠠᠯ ᠬᠥᠬᠡᠬᠤᠲᠠ ᠳᠤ ᠡᠬᠢᠯᠡᠪᠡ᠃ ᠶᠡᠭᠡ ᠬᠤᠷᠠᠯ ᠨᠢ ︽ᠪᠦᠬᠦ ᠪᠥᠮᠪᠥᠷᠴᠡᠭ ᠤᠨ ᠤᠶᠤᠨ ᠤᠬᠠᠭᠠᠨ ᠢ ᠲᠥᠪᠯᠡᠷᠡᠭᠦᠯᠵᠦ᠂ ᠡᠪᠡᠰᠦᠨ ᠤ ᠦᠢᠯᠡᠰ ᠢ ᠬᠠᠮᠲᠤᠪᠠᠷ ᠴᠤᠭᠴᠠᠯᠠᠶ᠎ᠠ︾ ᠪᠠᠷ ᠭᠤᠣᠯ ᠰᠡᠳᠦᠪ ᠪᠣᠯᠭᠠᠵᠤ᠂ ᠠᠺᠠᠳᠧᠮᠢᠴᠢ ᠲᠤᠰᠬᠠᠢ ᠮᠡᠷᠭᠡᠵᠢᠯᠲᠡᠨ᠂ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ᠂ ᠭᠤᠣᠯᠳᠠᠯᠭ᠎ᠠ ᠲᠠᠢ ᠠᠵᠤ ᠠᠬᠤᠶᠢᠯᠠᠯ ᠢ ᠤᠷᠢᠵᠤ ᠴᠡᠯᠡᠭᠡᠷ ᠲᠠᠯ᠎ᠠ ᠶᠢᠨ ᠮᠢᠩᠭᠠᠨ ᠬᠥᠮᠦᠨ ᠤ ᠬᠤᠷᠠᠯ ᠤᠨ ᠲᠥᠪ ᠲᠤ ᠴᠤᠭᠯᠠᠷᠠᠭᠤᠯᠵᠤ᠂ ᠡᠪᠡᠰᠦᠨ ᠤ ᠦᠢᠯᠡᠰ ᠤᠨ ᠬᠥᠭᠵᠢᠯᠲᠡ ᠶᠢᠨ ᠶᠡᠭᠡ ᠪᠤᠳᠤᠯᠭ᠎ᠠ ᠶᠢ ᠬᠠᠮᠲᠤᠪᠠᠷ ᠵᠥᠪᠯᠡᠵᠦ᠂ ᠡᠪᠡᠰᠦᠨ ᠤ ᠠᠵᠤ ᠦᠢᠯᠡᠰ ᠤᠨ ᠬᠠᠮᠲᠤᠷᠠᠯᠴᠠᠭ᠎ᠠ ᠶᠢ ᠬᠠᠮᠲᠤᠪᠠᠷ ᠡᠳ᠋ᠯᠡᠬᠦ ᠪᠣᠯᠤᠨ᠎ᠠ᠃
     ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠤᠨ ᠠᠺᠠᠳᠧᠮᠢᠴᠢ᠂ ᠯᠠᠨᠵᠸᠤ ᠶᠡᠭᠡ ᠰᠤᠷᠭᠠᠭᠤᠯᠢ ᠶᠢᠨ ᠫᠷᠤᠹᠧᠰᠰᠤᠷ ᠨᠠᠨ ᡁᠢ ᠪᠢᠶᠤᠤ᠂ ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠤᠨ ᠠᠺᠠᠳᠧᠮᠢᠴᠢ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠪᠠᠷᠠᠭᠤᠨ ᠬᠤᠶᠢᠲᠤ ᠶᠢᠨ ᠠᠮᠢ ᠠᠬᠤᠢ ᠣᠷᠴᠢᠨ ᠲᠣᠭᠤᠷᠢᠨ ᠤ ᠡᠬᠢ ᠪᠠᠶᠠᠯᠢᠭ ᠤᠨ ᠰᠤᠳᠤᠯᠭᠠᠨ ᠤ ᠬᠦᠷᠢᠶᠡᠯᠡᠩ ᠤᠨ ᠳᠠᠷᠤᠭ᠎ᠠ ᠹᠧᠩ ᠴᠢ᠂ ᠠᠦ᠋ᠰᠳ᠋ᠷᠠᠯᠢᠶ᠎ᠠ ᠶᠢᠨ ᠮᠡᠷᠭᠡᠵᠢᠯ ᠤᠨ ᠰᠢᠨᠵᠢᠯᠡᠬᠦ ᠤᠬᠠᠭᠠᠨ ᠬᠢᠭᠡᠳ ᠢᠨᠵᠧᠨᠧᠷᠢᠩ ᠤᠨ ᠬᠦᠷᠢᠶᠡᠯᠡᠩ ᠤᠨ ᠠᠺᠠᠳᠧᠮᠢᠴᠢ ᠾᠧᠮᠠᠨ᠂ ᠤᠯᠤᠰ ᠤᠨ ᠤᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠨᠤᠲᠤᠭ ᠪᠡᠯᠴᠢᠭᠡᠷ ᠤᠨ ᠬᠠᠮᠢᠶᠠᠷᠤᠯᠲᠠ ᠶᠢᠨ ᠵᠤᠷᠭᠠᠨ ᠤ ᠳᠠᠷᠤᠭ᠎ᠠ ᠯᠢ ᠶᠦᠩ ᠵᠢᠶᠦ᠋ᠨ᠂ ᠤᠯᠤᠰ ᠤᠨ ᠤᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ᠶᠢᠨ ᠲᠥᠪ ᠤᠨ ᠳᠡᠳ᠋ ᠡᠷᠬᠢᠯᠡᠭᠴᠢ ᠭᠦᠩ ᠢᠦᠢ ᠮᠧᠢ᠂ ᠤᠯᠤᠰ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶ᠎ᠠ ᠶᠢᠨ ᠬᠡᠷᠡᠭᠯᠡᠯᠲᠡ ᠶᠢ ᠠᠬᠢᠭᠤᠯᠬᠤ ᠵᠤᠷᠭᠠᠨ ᠤ ᠳᠡᠳ᠋ ᠳᠠᠷᠤᠭ᠎ᠠ ᠴᠧᠨ ᠱᠢ ᠫᠢᠨ᠂ ᠬᠥᠬᠡᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠳᠠ ᠶᠢᠨ ᠳᠠᠷᠤᠭ᠎ᠠ ᠾᠧ ᠬᠠᠢ ᠳ᠋ᠦᠩ ᠵᠢᠴᠢ ᠤᠯᠤᠰ ᠤᠨ ᠶᠠᠮᠤᠨ ᠵᠥᠪᠯᠡᠯ ᠤᠨ ᠬᠤᠯᠪᠣᠭᠳᠠᠯ ᠪᠦᠬᠦᠢ ᠵᠤᠷᠭᠠᠨ ᠲᠣᠪᠴᠢᠶ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠲᠢᠩᠬᠢᠮ ᠲᠣᠪᠴᠢᠶ᠎ᠠ᠂ ᠬᠥᠬᠡᠬᠤᠲᠠ ᠶᠢᠨ ᠬᠤᠯᠪᠣᠭᠳᠠᠯ ᠪᠦᠬᠦᠢ ᠤᠳᠤᠷᠢᠳᠤᠯᠭ᠎ᠠ ᠵᠢᠴᠢ ᠤᠯᠤᠰ ᠤᠨ ᠳᠣᠲᠣᠭᠠᠳᠤ ᠭᠠᠳᠠᠭᠠᠳᠤ ᠶᠢᠨ ᠬᠡᠰᠡᠭ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠪᠠ ᠠᠵᠢᠯ ᠲᠦᠷᠦᠯ ᠤᠨ ᠨᠡᠶᠢᠭᠡᠮᠯᠢᠭ ᠤᠨ ᠲᠤᠰᠬᠠᠢ ᠮᠡᠷᠭᠡᠵᠢᠯᠲᠡᠨ ᠡᠷᠳᠡᠮᠲᠡᠨ᠂ ᠭᠤᠣᠯᠳᠠᠯᠭ᠎ᠠ ᠲᠠᠢ ᠠᠵᠤ ᠠᠬᠤᠶᠢᠯᠠᠯ ᠬᠤᠷᠠᠯ ᠳᠤ ᠣᠷᠣᠯᠴᠠᠵᠠᠢ᠃
     ᠡᠬᠢᠯᠡᠯᠲᠡ ᠶᠢᠨ ᠶᠣᠰᠣᠯᠠᠯ ᠳᠡᠭᠡᠷ᠎ᠡ᠂ ︽ᠰᠠᠯᠬᠢᠨ ᠬᠦᠴᠦᠨ ᠤ ᠴᠠᠬᠢᠯᠭᠠᠨ ᠭᠡᠷᠡᠯ ᠴᠡᠨᠡᠭ ᠢᠶᠠᠷ ᠡᠯᠡᠰᠦ ᠶᠢ ᠵᠠᠰᠠᠬᠤ︾ ᠨᠢᠭᠡ ᠴᠣᠭᠴᠠᠵᠢᠭᠰᠠᠨ ᠮᠡᠷᠭᠡᠵᠢᠯ ᠤᠨ ᠰᠤᠳᠤᠯᠭᠠᠨ ᠬᠢᠭᠡᠳ ᠬᠡᠷᠡᠭᠯᠡᠭᠡᠨ ᠤ ᠬᠠᠮᠲᠤᠷᠠᠯᠴᠠᠭᠠᠨ ᠤ ᠲᠥᠷᠥᠯ ᠵᠦᠢᠯ᠂ ᠤᠯᠤᠰ ᠤᠨ ᠡᠪᠡᠰᠦᠨ ᠤ ᠠᠵᠤ ᠦᠢᠯᠡᠰ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠡᠵᠡᠩᠨᠡᠯᠲᠡ ᠶᠢᠨ ᠲᠤᠮᠤ ᠳ᠋ᠠᠶᠢᠲ᠋ᠠ ᠶᠢᠨ ᠲᠠᠪᠴᠠᠩ᠂ ᠡᠪᠡᠰᠦᠨ ᠤ ᠰᠢᠨ᠎ᠡ ᠶᠢ ᠡᠭᠦᠳᠬᠦ ᠲᠥᠪ ᠤᠨ ︽ᠪᠦᠬᠦ ᠪᠥᠮᠪᠥᠷᠴᠡᠭ ᠬᠠᠮᠲᠤ ᠪᠠᠷ ᠣᠶᠤᠨᠴᠢ ᠡᠪᠡᠰᠦᠨ ᠤ ᠦᠢᠯᠡᠰ ᠢ ᠴᠤᠭᠴᠠᠯᠠᠶ᠎ᠠ︾ ᠶᠢᠨ ᠤᠯᠠᠨ ᠤᠯᠤᠰ ᠤᠨ ᠬᠠᠮᠲᠤᠷᠠᠯᠴᠠᠭ᠎ᠠ ᠶᠢ ᠡᠬᠢᠯᠡᠭᠦᠯᠪᠡ᠃ ᠹᠤᠩ ᠴᠢ᠂ ᠾᠤ᠋ ᠮᠠᠨ ᠵᠢᠴᠢ ᠳᠤᠮᠳᠠᠳᠤ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠨᠤᠲᠤᠭ ᠪᠡᠯᠴᠢᠭᠡᠷ ᠤᠨ ᠰᠤᠳᠤᠯᠭᠠᠨ ᠤ ᠭᠠᠵᠠᠷ ᠤᠨ ᠰᠤᠳᠤᠯᠤᠭᠴᠢ᠂ ᠭᠠᠵᠠᠷ ᠤᠨ ᠳᠠᠷᠤᠭ᠎ᠠ ᠯᠢᠨ ᠺᠧ ᠵᠢᠶᠠᠨ ᠭᠤᠣᠯ  ᠵᠤᠷᠢᠯᠳᠤᠳᠦ ᠮᠡᠳᠡᠭᠦᠯᠦᠯᠲᠡ ᠬᠢᠪᠡ᠃
     ᠶᠡᠭᠡ ᠬᠤᠷᠠᠯ ᠤᠨ ᠬᠤᠭᠤᠴᠠᠭᠠᠨ ᠳᠤ ᠪᠠᠰᠠ 4 ᠤᠳᠠᠭ᠎ᠠ ᠶᠢᠨ ᠰᠣᠯᠢᠯᠴᠠᠭᠠᠨ ᠤ ᠬᠤᠷᠠᠯ ᠵᠢᠴᠢ ᠡᠪᠡᠰᠦᠨ ᠤ ᠦᠢᠯᠡᠰ ᠤᠨ ᠪᠦᠬᠦ ᠠᠵᠤ ᠦᠢᠯᠡᠰ ᠤᠨ ᠬᠡᠯᠬᠢᠶ᠎ᠡ ᠶᠢᠨ ᠦᠷ᠎ᠡ ᠪᠦᠲᠦᠭᠡᠯ ᠤᠨ ᠰᠣᠯᠢᠯᠴᠠᠭᠠᠨ ᠤ ᠦᠵᠡᠭᠦᠯᠦᠯᠭᠡ ᠵᠡᠷᠭᠡ ᠠᠵᠢᠯᠯᠠᠭ᠎ᠠ ᠥᠷᠨᠢᠭᠦᠯᠬᠦ ᠪᠣᠯᠤᠨ᠎ᠠ᠃
     ᠲᠤᠰ ᠤᠳᠠᠭ᠎ᠠ ᠶᠢᠨ ᠶᠡᠭᠡ ᠬᠤᠷᠠᠯ ᠢ ᠶᠠᠭ ᠪᠠᠶᠢᠭᠤᠯᠵᠤ ᠪᠠᠶᠢᠭ᠎ᠠ ᠤᠯᠤᠰ ᠤᠨ ᠡᠪᠡᠰᠦᠨ ᠤ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠪᠣᠯᠤᠨ ᠮᠧᠩ ᠼᠤᠤ ᠠᠮᠢ ᠠᠬᠤᠢ ᠣᠷᠴᠢᠨ ᠲᠣᠭᠤᠷᠢᠨ ︵ᠪᠦᠯᠦᠭᠯᠡᠯ︶ ᠤ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠬᠠᠮᠲᠤᠪᠠᠷ ᠭᠤᠣᠯᠯᠠᠨ ᠡᠷᠬᠢᠯᠡᠵᠦ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠯᠠᠨ ᠤᠯᠤᠰ ᠤᠨ ᠬᠠᠮᠲᠤᠷᠠᠯᠴᠠᠭᠠᠨ ᠤ ᠲᠠᠪᠴᠠᠩ ᠢ ᠪᠠᠶᠢᠭᠤᠯᠬᠤ ᠪᠠᠷ ᠳᠠᠮᠵᠢᠭᠤᠯᠵᠤ᠂ ᠲᠡᠷᠢᠭᠦᠨ ᠤ ᠮᠡᠷᠭᠡᠵᠢᠯ ᠪᠣᠯᠤᠨ ᠦᠷ᠎ᠡ ᠪᠦᠲᠦᠭᠡᠯ ᠢ ᠬᠤᠪᠢᠶᠠᠯᠴᠠᠵᠤ᠂ ᠰᠠᠭᠤᠷᠢ ᠳᠠᠪᠠᠭᠤᠯᠢᠭ᠂ ᠡᠬᠢ ᠪᠠᠶᠠᠯᠢᠭ ᠤᠨ ᠳᠠᠪᠠᠭᠤᠯᠢᠭ ᠢ ᠠᠵᠤ ᠠᠬᠤᠢ ᠶᠢᠨ ᠳᠠᠪᠠᠭᠤᠯᠢᠭ᠂ ᠬᠥᠭᠵᠢᠯᠲᠡ ᠶᠢᠨ ᠳᠠᠪᠠᠭᠤᠯᠢᠭ ᠪᠣᠯᠭᠠᠨ ᠬᠤᠪᠢᠷᠠᠭᠤᠯᠵᠤ᠂ ᠳᠤᠮᠳᠠᠳᠤ ᠤᠯᠤᠰ ᠤᠨ ᠡᠪᠡᠰᠦᠨ ᠤ ᠦᠢᠯᠡᠰ ᠤᠨ ᠪᠦᠬᠦ ᠪᠥᠮᠪᠥᠷᠴᠡᠭ ᠲᠤ ᠨᠥᠯᠥᠭᠡᠯᠡᠬᠦ ᠬᠦᠴᠦᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠥᠪᠥᠷ ᠮᠣᠩᠭᠤᠯ ᠤᠨ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ︽ᠰᠢᠨ᠎ᠡ ᠵᠠᠮ ᠢ ᠨᠡᠭᠡᠭᠡᠵᠦ᠂ ᠲᠤᠮᠳᠠ ᠤᠷᠤᠰᠬᠠᠯ ᠳᠤ ᠣᠷᠣᠬᠤ︾ ᠬᠠᠷᠠᠯᠲᠠ ᠶᠢ ᠪᠡᠶᠡᠯᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠪᠢᠴᠢᠭᠯᠡᠬᠦ ᠪᠠᠷ ᠵᠣᠷᠢᠯᠭ᠎ᠠ ᠪᠠᠨ ᠪᠣᠯᠭᠠᠪᠠ᠃ᠢᠷᠡᠯᠳᠡ᠄ ᠲᠣᠭᠲᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠶᠦᠨ ᠵᠦᠩ ᠬᠠᠮ ᠵᠠᠭᠤᠴᠢᠯᠠᠭᠤᠷ    
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1