ᠲᠣᠭᠲᠠᠬᠤ ᠰᠢᠶᠠᠨ ᠤ ᠠᠷᠠᠳ ᠤᠨ ᠪᠠᠶᠢᠴᠠᠭᠠᠬᠤ ᠬᠤᠷᠢᠶ᠎ᠠ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠵᠢᠭᠦᠯᠵᠦ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠠᠬᠢᠭᠤᠯᠪᠠ
ᠨᠡᠶᠢᠲᠡᠯᠡᠭᠰᠡᠨ ᠴᠠᠭ᠄
2024/7/17
      ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠡᠬᠢᠯᠡᠭᠦᠯᠦᠭᠰᠡᠨ ᠠᠴᠠ ᠨᠠᠰᠢ᠂ ᠬᠥᠬᠡᠬᠤᠲᠠ ᠶᠢᠨ ᠲᠣᠭᠲᠠᠬᠤ ᠰᠢᠶᠠᠨ ᠤ ᠠᠷᠠᠳ ᠤᠨ ᠪᠠᠶᠢᠴᠠᠭᠠᠬᠤ ᠬᠤᠷᠢᠶ᠎ᠠ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠣᠨ ᠤ ᠭᠤᠣᠯᠳᠠᠯᠭ᠎ᠠ ᠲᠠᠢ ᠡᠭᠦᠷᠭᠡ ᠪᠣᠯᠭᠠᠵᠤ᠂ ᠪᠠᠶᠢᠴᠠᠭᠠᠬᠤ ᠠᠵᠢᠯ ᠤᠨ ᠪᠣᠳᠠᠲᠤ ᠪᠠᠶᠢᠳᠠᠯ ᠲᠠᠢ ᠨᠢᠭᠲᠠ ᠤᠶᠠᠯᠳᠤᠭᠤᠯᠤᠨ ᠨᠠᠷᠢᠨ ᠨᠢᠮᠪᠠᠢ ᠲᠥᠯᠥᠪᠵᠢᠭᠦᠯᠵᠦ᠂ ᠨᠠᠷᠢᠨ ᠨᠢᠮᠪᠠᠢ ᠪᠠᠶᠢᠷᠢᠯᠠᠭᠤᠯᠵᠤ᠂ ᠤᠯᠠᠨ ᠵᠦᠢᠯ ᠤᠨ ᠪᠦᠲᠦᠮᠵᠢᠲᠡᠢ ᠠᠷᠭ᠎ᠠ ᠬᠡᠮᠵᠢᠶ᠎ᠡ ᠠᠪᠴᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠲᠠᠰᠤᠷᠠᠯᠲᠠ ᠦᠭᠡᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠪᠠ᠃      ︽ᠲᠦᠷᠭᠡᠨ︾ ᠳᠤ ᠰᠠᠭᠤᠷᠢᠯᠠᠵᠤ ᠦᠢᠯᠡ ᠠᠵᠢᠯᠯᠠᠭ᠎ᠠ ᠶᠢ ᠨᠠᠷᠢᠨ ᠨᠢᠮᠪᠠᠶ ᠵᠣᠬᠢᠶᠠᠨ ᠪᠠᠶᠢᠭᠤᠯᠪᠠ      ᠲᠣᠭᠲᠠᠬᠤ ᠰᠢᠶᠠᠨ ᠤ ᠠᠷᠠᠳ ᠤᠨ ᠪᠠᠶᠢᠴᠠᠭᠠᠬᠤ ᠬᠤᠷᠢᠶ᠎ᠠ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠣᠳᠣᠬᠠᠨ ᠤ ᠴᠢᠬᠤᠯᠠ ᠤᠯᠤᠰ ᠲᠦᠷᠦ ᠶᠢᠨ ᠡᠭᠦᠷᠭᠡ ᠪᠣᠯᠭᠠᠵᠤ᠂ ᠨᠠᠷᠢᠨ ᠨᠢᠮᠪᠠᠢ ᠵᠣᠬᠢᠶᠠᠨ ᠪᠠᠶᠢᠭᠤᠯᠵᠤ᠂ ᠲᠦᠷᠭᠡᠨ  ᠬᠡᠷᠡᠭᠵᠢᠭᠦᠯᠪᠡ᠃ ᠨᠢᠭᠡ ᠳᠤ᠂ ᠠᠷᠭ᠎ᠠ ᠤᠬᠠᠭᠠᠨ ᠰᠦᠪᠡᠭᠴᠢᠯᠡᠪᠡ᠃ ᠳᠡᠭᠡᠳᠦ ᠱᠠᠲᠤᠨ ᠤ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠣᠰᠣᠭᠠᠷ᠂ ᠲᠤᠰ ᠬᠤᠷᠢᠶ᠎ᠠ ᠲᠡᠷᠡ ᠳᠠᠷᠤᠢ ᠳᠤᠨᠢ ᠲᠤᠰᠬᠠᠢ ᠰᠡᠳᠦᠪᠲᠦ ᠬᠤᠷᠠᠯ ᠬᠤᠷᠠᠯᠳᠤᠭᠤᠯᠵᠤ᠂ ᠬᠤᠷᠠᠯ ᠤᠨ ᠵᠣᠷᠢᠭ ᠰᠠᠨᠠᠭ᠎ᠠ ᠶᠢ ᠴᠠᠭ ᠲᠤᠬᠠᠢ ᠳᠤᠨᠢ ᠤᠯᠠᠮᠵᠢᠯᠠᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠬᠠᠷᠠᠯᠲᠠ ᠱᠠᠭᠠᠷᠳᠠᠯᠭ᠎ᠠ᠂ ᠠᠵᠢᠯ ᠤᠨ ᠲᠤᠬᠢᠷᠠᠭᠤᠯᠤᠯᠲᠠ᠂ ᠠᠷᠭ᠎ᠠ ᠬᠡᠮᠵᠢᠶ᠎ᠡ ᠠᠯᠬᠤᠮ ᠳᠠᠷᠠᠭ᠎ᠠ ᠪᠣᠯᠤᠨ ᠪᠠᠲᠤᠯᠠᠭ᠎ᠠ ᠶᠢᠨ ᠱᠠᠭᠠᠷᠳᠠᠯᠭ᠎ᠠ ᠶᠢ ᠲᠣᠳᠣᠷᠬᠠᠶᠢᠯᠠᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠶᠢ ᠨᠠᠮ ᠤᠨ ᠲᠥᠪ ᠬᠤᠷᠢᠶᠠᠨ ᠤ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠬᠤ ᠲᠠᠢ ᠤᠶᠠᠯᠳᠤᠭᠤᠯᠵᠤ᠂ ᠣᠳᠣᠬᠠᠨ ᠤ ᠪᠠᠶᠢᠴᠠᠭᠠᠬᠤ ᠠᠵᠢᠯ ᠲᠠᠢ ᠤᠶᠠᠯᠳᠤᠭᠤᠯᠵᠤ᠂ ᠬᠤᠶᠠᠷ ᠢ ᠠᠳᠬᠤᠵᠤ᠂ ᠬᠤᠶᠠᠷ ᠢ ᠰᠠᠭᠠᠲᠠᠭᠠᠬᠤ ᠦᠭᠡᠢ ᠪᠠᠶᠢᠬᠤ ᠶᠢ ᠪᠡᠶᠡᠯᠡᠭᠦᠯᠪᠡ᠃ ᠬᠤᠶᠠᠷ ᠲᠤ᠂ ᠨᠠᠶᠢᠳᠠᠪᠤᠷᠢᠵᠢᠭᠤᠯᠤᠯᠲᠠ ᠶᠢ ᠲᠦᠷᠭᠡᠳᠬᠡᠪᠡ᠃ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠴᠢᠨᠠᠷ ᠰᠠᠶᠢᠲᠠᠢ ᠡᠬᠢᠯᠡᠯᠲᠡ᠂ ᠥᠨᠳᠥᠷ ᠪᠠᠷᠢᠮᠵᠢᠶ᠎ᠠ ᠪᠠᠷ ᠠᠬᠢᠭᠤᠯᠬᠤ ᠶᠢ ᠪᠠᠲᠤᠯᠠᠬᠤ ᠶᠢᠨ ᠲᠥᠯᠥᠭᠡ᠂ ᠲᠤᠰ ᠬᠤᠷᠢᠶ᠎ᠠ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠪᠡᠶ᠎ᠡ ᠪᠠᠷ ᠢᠶᠠᠨ ᠠᠳᠬᠤᠬᠤ᠂ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠲᠤᠰᠬᠠᠢ ᠠᠳᠬᠤᠬᠤ᠂ ᠲᠤᠬᠠᠶᠢᠯᠠᠭᠰᠠᠨ ᠠᠵᠢᠯ ᠤᠨ ᠭᠤᠣᠯᠯᠠᠭᠴᠢ ᠬᠦᠴᠦᠨ ᠪᠣᠳᠠᠲᠠᠢ ᠠᠳᠬᠤᠬᠤ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠵᠤ᠂ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠬᠡᠷᠡᠭᠵᠢᠭᠦᠯᠬᠦ ᠲᠥᠰᠦᠯ ᠪᠣᠯᠤᠨ ᠡᠭᠦᠷᠭᠡ ᠶᠢᠨ ᠨᠠᠷᠢᠨ ᠲᠠᠩᠰᠠ ᠶᠢ ᠲᠣᠭᠲᠠᠭᠠᠵᠤ᠂ 9 ᠵᠦᠢᠯ ᠤᠨ ᠭᠤᠣᠯᠳᠠᠯᠭ᠎ᠠ ᠲᠠᠢ ᠠᠵᠢᠯ ᠤᠨ ᠡᠭᠦᠷᠭᠡ ᠵᠢᠴᠢ ᠭᠤᠣᠯᠳᠠᠯᠭ᠎ᠠ ᠲᠠᠢ ᠰᠤᠷᠤᠯᠴᠠᠬᠤ ᠠᠭᠤᠯᠭ᠎ᠠ ᠶᠢ ᠲᠣᠳᠣᠷᠬᠠᠶᠢᠯᠠᠪᠠ᠃ ᠭᠤᠷᠪᠠ ᠳᠤ᠂ ᠠᠵᠢᠯᠯᠠᠭ᠎ᠠ ᠶᠢ ᠲᠦᠷᠭᠡᠳᠭᠡᠪᠡ᠃ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠰᠠᠨ ᠤ ᠳᠠᠷᠠᠭ᠎ᠠ᠂ ᠲᠣᠰ ᠬᠤᠷᠢᠶ᠎ᠠ ᠲᠡᠷᠡ ᠳᠠᠷᠤᠶ ᠳᠤᠨᠢ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠢᠳᠭᠡᠯ ᠥᠭᠬᠦ ᠲᠦᠷᠢᠮ︾ ︵ᠳᠣᠷᠣᠭᠰᠢ ︽ᠲᠦᠷᠢᠮ︾ ᠭᠡᠵᠦ ᠲᠣᠪᠴᠢᠯᠠᠨ᠎ᠠ︶ ᠤᠨ ᠲᠤᠰᠬᠠᠶ ᠳᠡᠪᠲᠡᠷ ᠢ ᠲᠠᠷᠬᠠᠭᠠᠵᠤ᠂ ᠰᠤᠷᠤᠯᠴᠠᠯᠭ᠎ᠠ ᠶᠢᠨ ᠬᠥᠮᠦᠰ ᠤᠨ ᠭᠠᠷ ᠳᠡᠪᠲᠡᠷ ᠢ ᠦᠨᠡᠨ ᠬᠦ ᠪᠠᠲᠤᠯᠠᠬᠤ ᠶᠢᠨ ᠬᠠᠮᠲᠤ ᠨᠠᠮ ᠤᠨ ᠭᠡᠰᠢᠭᠦᠨ ᠺᠠᠳ᠋ᠷᠴᠤᠳ ᠲᠤ ︽ᠲᠦᠷᠢᠮ︾ ᠤᠨ ᠡᠯᠧᠺᠲᠷᠣᠨ ᠬᠡᠪᠯᠡᠯ ᠤᠨ ᠪᠥᠬᠦ ᠵᠣᠬᠢᠶᠠᠯ᠂ ᠸᠢᠳᠢᠤ᠋ ᠲᠠᠶᠢᠯᠤᠮᠵᠢ᠂ ᠡᠷᠬᠡ ᠰᠦᠷᠲᠦ ᠲᠠᠶᠢᠯᠤᠮᠵᠢ ᠵᠡᠷᠭᠡ ᠬᠠᠮᠢᠶ᠎ᠠ ᠪᠥᠬᠦᠶ ᠰᠤᠷᠤᠯᠴᠠᠬᠤ ᠠᠭᠤᠯᠭ᠎ᠠ ᠶᠢ ᠴᠠᠭ ᠲᠤᠬᠠᠶ ᠳᠤᠨᠢ ᠬᠦᠷᠭᠡᠪᠡ᠃      ︽ᠰᠤᠷᠤᠯᠴᠠᠬᠤ︾ ᠳᠤ ᠠᠩᠬᠠᠷᠤᠯ ᠢᠶᠠᠨ ᠲᠥᠪᠯᠡᠷᠡᠭᠦᠯᠦᠨ ᠰᠤᠷᠤᠯᠴᠠᠬᠤ ᠰᠡᠳᠬᠢᠬᠦ ᠦᠢᠯᠡᠳᠦᠯᠭᠡᠵᠢᠭᠦᠯᠬᠦ ᠤᠬᠠᠮᠰᠠᠷᠠᠬᠤ ᠶᠢ ᠤᠶᠠᠯᠳᠤᠭᠤᠯᠤᠨ ᠦᠷ᠎ᠡ ᠪᠦᠲᠦᠮᠵᠢ ᠢᠯᠡᠳᠳᠡ      ︽ᠨᠠᠮ ᠤᠨ ᠰᠠᠬᠢᠯᠭ᠎ᠠ ᠪᠠᠲᠤ ᠶᠢ ᠰᠤᠷᠤᠯᠴᠠᠬᠤ︾ ᠡᠨᠡ ᠬᠦ ᠭᠤᠣᠯ ᠰᠢᠵᠢᠮ ᠳᠤ ᠠᠩᠬᠠᠷᠤᠯ ᠢᠶᠠᠨ ᠲᠥᠪᠯᠡᠷᠡᠭᠦᠯᠵᠦ᠂ ᠲᠣᠭᠲᠠᠬᠤ ᠰᠢᠶᠠᠨ ᠤ ᠠᠷᠠᠳ ᠤᠨ ᠪᠠᠶᠢᠴᠠᠭᠠᠬᠤ ᠬᠤᠷᠢᠶ᠎ᠠ ᠰᠤᠷᠤᠯᠴᠠᠨ ᠰᠡᠳᠬᠢᠵᠦ ᠦᠢᠯᠡᠳᠦᠯᠭᠡᠵᠢᠭᠦᠯᠦᠨ ᠣᠶᠢᠯᠠᠭᠠᠬᠤ ᠳᠡᠭᠡᠷ᠎ᠡ ᠭᠦᠢᠴᠡᠳ ᠬᠦᠴᠦ ᠣᠷᠣᠭᠤᠯᠬᠤ ᠶᠢ ᠪᠠᠷᠢᠮᠲᠠᠯᠠᠪᠠ᠃ ᠨᠢᠭᠡ ᠳᠤ᠂ ᠰᠤᠷᠤᠯᠴᠠᠯᠭ᠎ᠠ ᠶᠢᠨ ᠭᠤᠣᠯᠳᠠᠯᠭ᠎ᠠ ᠶᠢ ᠲᠤᠪᠤᠶᠢᠯᠭᠠᠨ᠂ ︽ᠲᠦᠷᠢᠮ︾ ᠤᠨ ᠱᠠᠭᠠᠷᠳᠠᠯᠭ᠎ᠠ ᠶᠢ ᠪᠦᠬᠦ ᠶᠠᠪᠤᠴᠠ ᠳᠤ ᠲᠤᠭᠤᠰᠢᠯᠠᠭᠤᠯᠬᠤ ᠶᠢ ᠪᠠᠷᠢᠮᠳᠠᠯᠠᠪᠠ᠃ ᠲᠤᠰ ᠬᠤᠷᠢᠶ᠎ᠠ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠭᠤᠣᠯ ᠰᠡᠳᠦᠪᠲᠦ ᠨᠠᠮ ᠤᠨ ᠡᠳᠦᠷ᠂ ︽ᠭᠤᠷᠪᠠᠨ ᠬᠤᠷᠠᠯ ᠨᠢᠭᠡ ᠬᠢᠴᠢᠶᠡᠯ︾ ᠵᠡᠷᠭᠡ ᠲᠠᠢ ᠨᠢᠭᠲᠠ ᠤᠶᠠᠯᠳᠤᠭᠤᠯᠬᠤ ᠶᠢ ᠪᠠᠷᠢᠮᠲᠠᠯᠠᠵᠤ᠂ ᠤᠷᠢᠳ ᠬᠤᠵᠢᠳ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠰᠣᠯᠢᠯᠴᠠᠭ᠎ᠠ ᠰᠤᠷᠤᠯᠴᠠᠯᠭ᠎ᠠ᠂ ᠨᠣᠮ ᠤᠩᠰᠢᠬᠤ ᠠᠩᠬᠢ ᠡᠷᠬᠢᠯᠡᠬᠦ᠂ ᠨᠠᠮ ᠤᠨ ᠡᠭᠦᠷ ᠤᠨ ᠲᠥᠪᠯᠡᠷᠡᠩᠭᠦᠢ ᠰᠤᠷᠤᠯᠴᠠᠯᠭ᠎ᠠ᠂ ᠲᠤᠰᠬᠠᠢ ᠮᠡᠷᠭᠡᠵᠢᠯᠲᠡᠨ ᠢ ᠤᠷᠢᠵᠤ ᠬᠢᠴᠢᠶᠡᠯ ᠣᠷᠣᠬᠤ᠂ ᠬᠤᠪᠢ ᠬᠥᠮᠦᠨ ᠥᠪᠡᠷ ᠢᠶᠠᠨ ᠰᠤᠷᠤᠯᠴᠠᠬᠤ᠂ ᠸᠢᠴᠠᠲ ᠢᠶᠠᠷ ᠰᠤᠷᠤᠯᠴᠠᠭᠤᠯᠬᠤ ᠵᠡᠷᠭᠡ ᠬᠡᠯᠪᠡᠷᠢ ᠶᠢ ᠠᠪᠴᠤ᠂ ᠨᠠᠮ ᠤᠨ ᠭᠡᠰᠢᠭᠦᠨ ᠺᠠᠳ᠋ᠷᠴᠤᠳ ᠢ ᠨᠡᠩ ᠭᠦᠨᠵᠡᠭᠡᠢ᠂ ᠨᠡᠩ ᠨᠠᠷᠢᠯᠢᠭ᠂ ᠨᠡᠩ ᠣᠨᠣᠪᠴᠢᠲᠠᠢ ᠡᠵᠡᠮᠰᠢᠭᠦᠯᠵᠦ᠂ ᠰᠤᠷᠤᠯᠴᠠᠬᠤ ᠰᠡᠳᠬᠢᠬᠦ ᠦᠢᠯᠡᠳᠦᠯᠭᠡᠵᠢᠭᠦᠯᠬᠦ ᠣᠶᠢᠯᠠᠭᠠᠬᠤ ᠳᠤᠮᠳᠠ ᠤᠯᠤᠰ ᠲᠦᠷᠦ ᠶᠢᠨ ᠲᠣᠭᠲᠠᠯ ᠬᠦᠴᠦᠨ ᠢ ᠴᠢᠩᠭᠠᠳᠬᠠᠵᠤ᠂ ᠲᠦᠷᠢᠮ ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ ᠶᠢ ᠰᠠᠬᠢᠬᠤ ᠦᠵᠡᠯ ᠰᠠᠨᠠᠭᠠᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠭᠤᠯᠪᠠ᠃ ᠬᠤᠶᠠᠷ ᠲᠤ᠂ ᠰᠤᠷᠤᠯᠴᠠᠬᠤ ᠬᠠᠷᠠᠯᠲᠠ ᠪᠠᠨ ᠲᠣᠳᠣᠷᠬᠠᠶᠢᠯᠠᠵᠤ᠂ ᠰᠡᠷᠡᠮᠵᠢᠯᠡᠭᠦᠯᠬᠦ ᠬᠥᠮᠦᠵᠢᠯ ᠢ ᠪᠦᠬᠦ ᠶᠠᠪᠤᠴᠠ ᠳᠤ ᠲᠤᠭᠤᠰᠢᠯᠠᠭᠤᠯᠬᠤ ᠶᠢ ᠪᠠᠷᠢᠮᠳᠠᠯᠠᠪᠠ᠃ ᠲᠤᠰ ᠬᠤᠷᠢᠶ᠎ᠠ ︽ᠰᠠᠬᠢᠯᠭ᠎ᠠ ᠪᠠᠲᠤ ᠶᠢ ᠰᠤᠷᠤᠯᠴᠠᠬᠤ᠂ ᠰᠠᠬᠢᠯᠭ᠎ᠠ ᠪᠠᠲᠤ ᠶᠢ ᠮᠡᠳᠡᠬᠦ᠂ ᠰᠠᠬᠢᠯᠭ᠎ᠠ ᠪᠠᠲᠤ ᠶᠢ ᠰᠠᠬᠢᠬᠤ︾ ᠬᠠᠷᠠᠯᠲᠠ ᠶᠢᠨ ᠱᠠᠭᠠᠷᠳᠠᠯᠭ᠎ᠠ ᠲᠠᠢ ᠨᠢᠭᠲᠠ ᠤᠶᠠᠯᠳᠤᠭᠤᠯᠤᠨ᠂ ᠳᠡᠭᠡᠳᠦ ᠱᠠᠲᠤᠨ ᠤ ᠬᠤᠷᠢᠶᠠᠨ ᠤ ᠰᠡᠷᠡᠮᠵᠢᠯᠡᠭᠦᠯᠬᠦ ᠬᠥᠮᠦᠵᠢᠯ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢᠨ᠎ᠡ ᠴᠠᠭ ᠦᠶ᠎ᠡ ᠶᠢᠨ ᠠᠷᠢᠭᠤᠨ ᠴᠢᠬᠡᠴᠢ ᠰᠣᠶᠣᠯ ᠤᠨ ᠪᠠᠶᠢᠭᠤᠯᠤᠯᠲᠠ᠂ ︽ᠨᠠᠮ ᠢ ᠪᠥᠬᠦ ᠲᠠᠯ᠎ᠠ ᠪᠠᠷ ᠴᠢᠩᠭ᠎ᠠ ᠬᠠᠮᠢᠶᠠᠷᠴᠤ ᠴᠠᠭᠳᠠᠭ᠎ᠠ ᠶᠢ ᠴᠢᠩᠭ᠎ᠠ ᠵᠠᠰᠠᠬᠤ︾ ᠪᠠ ︽ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ︾ ᠲᠤᠰᠬᠠᠶ ᠰᠤᠷᠭᠠᠨ ᠬᠥᠮᠦᠵᠢᠭᠦᠯᠵᠦ ᠴᠡᠭᠴᠡᠯᠡᠨ ᠵᠠᠰᠠᠬᠤ ᠠᠵᠢᠯᠯᠠᠭ᠎ᠠ ᠲᠠᠢ ᠤᠶᠠᠯᠳᠤᠭᠤᠯᠤᠨ᠂ ᠪᠥᠬᠦ ᠬᠤᠷᠢᠶᠠᠨ ᠤ ᠺᠠᠳ᠋ᠷ ᠴᠠᠭᠳᠠᠭ᠎ᠠ ᠶᠢ ᠵᠣᠬᠢᠶᠠᠨ ᠪᠠᠶᠢᠭᠤᠯᠤᠨ ᠰᠠᠬᠢᠯᠭ᠎ᠠ ᠪᠠᠲᠤ ᠬᠠᠤᠯᠢ ᠴᠠᠭᠠᠵᠠ ᠶᠢᠨ ᠬᠢᠴᠢᠶᠡᠯ ᠤᠨ ᠲᠠᠩᠬᠢᠮ ᠢ ᠲᠣᠭᠤᠷᠢᠨ ᠦᠵᠡᠭᠦᠯᠵᠦ᠂ ᠰᠡᠷᠡᠮᠵᠢᠯᠡᠭᠦᠯᠬᠦ ᠹᠢᠯᠢᠮ ᠢ ᠦᠵᠡᠵᠦ᠂ ᠬᠡᠷᠡᠭ ᠤᠨ ᠵᠢᠱᠢᠶ᠎ᠡ ᠶᠢᠨ ᠵᠠᠳᠠᠯᠤᠯᠲᠠ ᠶᠢ ᠥᠷᠨᠢᠭᠦᠯᠵᠦ᠂ ᠪᠥᠬᠦ ᠺᠠᠳ᠋ᠷ ᠴᠠᠭᠳᠠᠭ᠎ᠠ ᠶᠢ ᠬᠥᠮᠦᠵᠢᠭᠦᠯᠦᠨ ᠵᠢᠯᠣᠭᠤᠳᠴᠤ ᠪᠠᠶᠢᠭᠠᠳ ᠪᠢᠰᠢᠷᠡᠨ ᠵᠢᠷᠦᠬᠡᠰᠢᠶᠡᠬᠦ᠂ ᠰᠡᠷᠡᠮᠵᠢᠯᠡᠨ ᠡᠮᠢᠶᠡᠬᠦ᠂ ᠬᠤᠷᠢᠭ᠎ᠠ ᠱᠤᠭᠤᠮ ᠢ ᠰᠠᠬᠢᠪᠠ᠃      ︽ᠪᠣᠳᠠᠲᠠᠢ︾ ᠶᠢ ᠡᠷᠬᠢᠮᠯᠡᠵᠦ ᠮᠡᠳᠡᠬᠦᠢ ᠬᠢᠬᠦᠢ ᠶᠢ ᠨᠢᠭᠡᠳᠬᠡᠨ ᠵᠣᠷᠢᠭᠲᠠᠢ ᠪᠠᠷ  ᠡᠭᠦᠷᠭᠡ ᠡᠭᠦᠷᠭᠡᠯᠡᠪᠡ      ᠲᠣᠭᠲᠠᠬᠤ ᠰᠢᠶᠠᠨ ᠤ ᠠᠷᠠᠳ ᠤᠨ ᠪᠠᠶᠢᠴᠠᠭᠠᠬᠤ ᠬᠤᠷᠢᠶ᠎ᠠ ᠭᠤᠣᠯ ᠬᠠᠷᠢᠭᠤᠴᠠᠯᠭ᠎ᠠ ᠶᠢ ᠪᠣᠳᠣᠯᠬᠢᠯᠠᠬᠤ ᠶᠢ ᠪᠠᠷᠢᠮᠲᠠᠯᠠᠵᠤ᠂ ᠭᠤᠣᠯ ᠠᠵᠢᠯ ᠲᠠᠢ ᠨᠢᠭᠲᠠ ᠤᠶᠠᠯᠳᠤᠭᠤᠯᠤᠨ᠂ ᠰᠤᠷᠤᠯᠴᠠᠯᠭ᠎ᠠ ᠪᠠ ᠠᠵᠢᠯ᠂ ᠰᠤᠷᠭᠠᠨ ᠬᠥᠮᠦᠵᠢᠯ ᠪᠠ ᠦᠢᠯᠡᠳᠦᠯᠭᠡ ᠶᠢ ᠨᠢᠭᠡᠳᠬᠡᠵᠦ᠂ ᠰᠤᠷᠤᠯᠴᠠᠬᠤ᠂ ᠰᠡᠳᠬᠢᠵᠦ᠂ ᠣᠶᠢᠯᠠᠭᠠᠬᠤ ᠶᠢ ᠪᠦᠬᠦ ᠬᠦᠴᠦᠨ ᠢᠶᠠᠷ ᠢᠶᠠᠨ ᠠᠵᠢᠯ ᠬᠢᠵᠦ ᠦᠢᠯᠡᠰ ᠪᠤᠰᠬᠠᠬᠤ᠂ ᠲᠡᠷᠢᠭᠦᠨ ᠤ ᠬᠢ ᠶᠢ ᠲᠡᠮᠡᠴᠡᠨ ᠰᠢᠯᠢᠳᠡᠭ ᠢ ᠡᠭᠦᠳᠬᠦ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠪᠠ᠃ ᠨᠢᠭᠡ ᠳᠤ᠂ ᠶᠣᠰᠣ ᠳᠦᠷᠢᠮ ᠤᠨ ᠤᠬᠠᠮᠰᠠᠷ ᠨᠡᠩ ᠴᠢᠩᠭ᠎ᠠ᠃ ᠰᠤᠷᠤᠯᠴᠠᠯᠭ᠎ᠠ ᠪᠠᠷ ᠲᠠᠮᠵᠢᠨ᠂ ᠲᠤᠰ ᠬᠤᠷᠢᠶᠠᠨ ᠤ ᠨᠠᠮ ᠤᠨ ᠭᠡᠰᠢᠭᠦᠨ ᠺᠠᠳ᠋ᠷᠴᠤᠳ ᠤᠨ ᠤᠯᠤᠰ ᠲᠦᠷᠦ ᠶᠢᠨ ᠶᠣᠰᠣ ᠲᠦᠷᠢᠮ᠂ ᠰᠠᠬᠢᠯᠭ᠎ᠠ ᠪᠠᠲᠤ ᠶᠢᠨ ᠦᠵᠡᠯᠲᠡ ᠶᠢ ᠴᠢᠨᠠᠭᠰᠢᠳᠠ ᠴᠢᠩᠭᠠᠳᠬᠠᠵᠤ᠂ ᠤᠯᠤᠰ ᠲᠦᠷᠦ ᠶᠢᠨ ᠲᠣᠭᠲᠠᠯ ᠬᠦᠴᠦᠨ᠂ ᠰᠠᠬᠢᠯᠭ᠎ᠠ ᠪᠠᠲᠤ ᠶᠢᠨ ᠲᠣᠭᠲᠠᠯ ᠬᠦᠴᠦᠨ᠂ ᠶᠣᠰᠣ ᠰᠤᠷᠲᠠᠬᠤᠨ ᠤ ᠲᠣᠭᠲᠠᠯ ᠬᠦᠴᠦᠨ᠂ ᠢᠯᠵᠢᠷᠡᠯ ᠢ ᠡᠰᠡᠷᠭᠦᠴᠡᠬᠦ ᠲᠣᠭᠲᠠᠯ ᠬᠦᠴᠦᠨ ᠢ ᠴᠢᠩᠭᠠᠳᠬᠠᠪᠠ᠃ ᠬᠤᠶᠠᠷ ᠲᠤ᠂ ᠰᠤᠷᠲᠠᠯ ᠤᠨ ᠪᠠᠶᠢᠭᠤᠯᠤᠯᠲᠠ ᠶᠢ ᠨᠡᠩ ᠪᠤᠳᠠᠳᠠᠶᠢᠵᠢᠭᠤᠯᠪᠠ᠃ ᠰᠤᠷᠤᠯᠴᠠᠯᠭ᠎ᠠ ᠪᠠᠷ ᠳᠠᠮᠵᠢᠭᠤᠯᠤᠨ᠂ ᠪᠥᠬᠦ ᠨᠠᠮ ᠤᠨ ᠭᠡᠰᠢᠭᠦᠨ ᠺᠠᠳ᠋ᠷᠴᠤᠳ ︽ᠵᠢᠷᠭᠤᠭᠠᠨ ᠶᠡᠭᠡ ᠰᠠᠬᠢᠯᠭ᠎ᠠ ᠪᠠᠲᠤ︾ ᠲᠠᠢ ᠪᠥᠬᠦ ᠲᠠᠯ᠎ᠠ ᠪᠠᠷ ᠬᠠᠷᠢᠴᠠᠭᠤᠯᠤᠨ ᠲᠣᠰ ᠪᠡᠶ᠎ᠡ ᠳᠤ ᠣᠷᠣᠰᠢᠵᠤ ᠪᠠᠶᠢᠭ᠎ᠠ ᠠᠰᠠᠭᠤᠳᠠᠯ ᠪᠠ ᠬᠦᠷᠦᠯᠴᠡᠬᠦ ᠥᠬᠡᠶ ᠲᠠᠯ᠎ᠠ ᠪᠠᠨ ᠭᠦᠨᠵᠡᠭᠡᠶ ᠵᠠᠳᠠᠯᠵᠤ᠂ ᠴᠡᠭᠴᠡᠯᠡᠨ ᠰᠠᠶᠢᠵᠢᠷᠠᠭᠤᠯᠬᠤ ᠬᠠᠷᠠᠯᠲᠠ ᠪᠠᠨ ᠲᠣᠳᠣᠷᠬᠠᠶᠢᠯᠠᠨ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠪᠠᠨ ᠨᠠᠷᠢᠯᠢᠬᠵᠢᠭᠤᠯᠵᠤ᠂ ᠠᠮᠢᠳᠤᠷᠠᠯ ᠤᠨ ᠰᠤᠷᠲᠠᠯ ᠪᠠ ᠠᠵᠢᠯ ᠤᠨ ᠰᠤᠷᠲᠠᠯ ᠢᠶᠠᠨ ᠴᠥᠮ ᠢᠯᠡᠳᠲᠡ ᠰᠠᠶᠢᠵᠢᠷᠠᠭᠤᠯᠪᠠ᠃ ᠭᠤᠷᠪᠠ ᠳᠤ᠂ ᠦᠨᠡᠨ ᠪᠣᠳᠠᠲᠠᠢ ᠠᠵᠢᠯᠯᠠᠬᠤ ᠵᠣᠷᠢᠭ ᠰᠠᠨᠠᠭ᠎ᠠ ᠨᠡᠩ ᠭᠦᠢᠴᠡᠳ ᠪᠣᠯᠪᠠ᠃ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠲᠦᠷᠢᠮ︾ ᠳᠤ ᠴᠢᠩᠭ᠎ᠠ ᠬᠠᠮᠢᠶᠠᠷᠬᠤ ᠪᠠ ᠬᠠᠶᠢᠷᠠᠯᠠᠨ ᠬᠠᠯᠠᠮᠵᠢᠯᠠᠬᠤ ᠶᠢ ᠤᠶᠠᠯᠳᠤᠭᠤᠯᠬᠤ᠂ ᠤᠷᠮᠠᠰᠢᠭᠤᠯᠬᠤ ᠪᠠ ᠬᠢᠵᠠᠭᠠᠷᠯᠠᠬᠤ ᠶᠢ ᠵᠡᠷᠭᠡ ᠪᠠᠷ ᠴᠢᠬᠤᠯᠠᠴᠢᠯᠠᠬᠤ ᠶᠢ ᠪᠠᠷᠢᠮᠲᠠᠯᠠᠵᠤ᠂ ᠪᠦᠬᠦ ᠺᠠᠳ᠋ᠷ ᠴᠠᠭᠳᠠᠭ᠎ᠠ ᠶᠢᠨ ᠪᠣᠳᠠᠲᠠᠢ ᠠᠵᠢᠯᠯᠠᠵᠤ ᠬᠠᠷᠢᠭᠤᠴᠠᠯᠭ᠎ᠠ ᠡᠭᠦᠷᠭᠡᠯᠡᠬᠦ ᠵᠣᠷᠢᠭ ᠰᠠᠨᠠᠭ᠎ᠠ ᠶᠢ ᠤᠯᠠᠮ ᠴᠢᠨᠠᠭᠰᠢᠳᠠ ᠬᠥᠭᠵᠢᠭᠡᠵᠦ᠂ ᠪᠦᠬᠦ ᠬᠤᠷᠢᠶᠠᠨ ᠤ ᠲᠡᠷᠢᠭᠦᠨ ᠳᠤ ᠣᠷᠣᠬᠤ ᠪᠠᠷ ᠡᠷᠡᠯᠬᠡᠭᠯᠡᠨ ᠲᠡᠮᠡᠴᠡᠵᠦ᠂ ᠴᠢᠳᠠᠮᠠᠭᠠᠢ ᠪᠠᠷ ᠠᠵᠢᠯᠯᠠᠬᠤ ᠤᠬᠠᠮᠰᠠᠷ ᠢ ᠢᠯᠡᠳᠲᠡ ᠳᠡᠭᠡᠭᠰᠢᠯᠡᠭᠦᠯᠪᠡ᠃ ᠣᠳᠣᠬᠠᠨ ᠳᠤ᠂ ᠲᠤᠰ ᠬᠤᠷᠢᠶᠠᠨ ᠤ ᠲᠦᠯᠬᠢᠨ ᠠᠬᠢᠭᠤᠯᠤᠭᠰᠠᠨ ︽ᠪᠠᠶᠢᠴᠠᠭᠠᠬᠤ ᠠᠵᠤ ᠠᠬᠤᠶᠢᠯᠠᠯ ᠢ ᠬᠠᠮᠠᠭᠠᠯᠠᠬᠤ︾᠂ ︽ᠠᠷᠠᠳ ᠤᠨ ᠠᠮᠢᠳᠤᠷᠠᠯ ᠢ ᠪᠠᠶᠢᠴᠠᠭᠠᠬᠤ︾ ᠲᠤᠰᠬᠠᠢ ᠠᠵᠢᠯᠯᠠᠭ᠎ᠠ ᠪᠠ ᠲᠣᠭᠲᠠᠭᠠᠭᠰᠠᠨ ᠠᠷᠪᠠᠨ ᠭᠤᠣᠯᠳᠠᠯᠭ᠎ᠠ ᠲᠠᠢ ᠲᠦᠷᠦᠯ ᠵᠦᠢᠯ᠂ ᠭᠤᠣᠯᠳᠠᠯᠭ᠎ᠠ ᠲᠠᠢ ᠠᠵᠢᠯ ᠴᠥᠮ ᠢᠯᠡᠳᠲᠡ ᠦᠷ᠎ᠡ ᠪᠦᠲᠦᠮᠵᠢ ᠣᠯᠵᠠᠢ᠃    ᠢᠷᠡᠯᠳᠡ᠄ ᠲᠣᠭᠲᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠶᠦᠨ ᠵᠦᠩ ᠬᠠᠮ ᠵᠠᠭᠤᠴᠢᠯᠠᠭᠤᠷ  
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1