ᠲᠣᠭᠲᠠᠬᠤ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠭᠤᠷᠪᠠᠳᠤᠭᠠᠷ ᠤᠳᠠᠭᠠᠨ ᠤ ᠵᠤᠨ ᠤ ᠰᠥᠨᠢ ᠶᠢᠨ ᠤᠯᠠᠷᠢᠯ ᠤᠨ ᠠᠮᠤᠷ ᠢ ᠬᠠᠮᠠᠭᠠᠯᠠᠬᠤ ᠲᠣᠭᠤᠷᠢᠨ ᠪᠠᠶᠢᠴᠠᠭᠠᠯᠲᠠ ᠶᠢᠨ ᠲᠥᠪᠯᠡᠷᠡᠩᠭᠦᠶ ᠨᠢᠭᠡᠳᠦᠯᠲᠡᠶ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/7/17
      7 ᠳ᠋ᠤᠭᠠᠷ ᠰᠠᠷ᠎ᠠ ᠶᠢᠨ 14 ᠤ ᠡᠳᠦᠷ᠂ ᠲᠣᠭᠲᠠᠬᠤ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠭᠤᠷᠪᠠᠳᠤᠭᠠᠷ ᠤᠳᠠᠭᠠᠨ ᠤ ᠵᠣᠨ ᠤ ᠤᠯᠠᠷᠢᠯ ᠤᠨ ᠰᠥᠨᠢ ᠶᠢᠨ ᠠᠮᠤᠷ ᠢ ᠬᠠᠮᠠᠭᠠᠯᠠᠬᠤ ᠲᠣᠭᠤᠷᠢᠨ ᠪᠠᠶᠢᠴᠠᠭᠠᠯᠲᠠ ᠶᠢᠨ ᠲᠥᠪᠯᠡᠷᠡᠩᠭᠦᠢ ᠨᠢᠭᠡᠳᠦᠯᠲᠡᠢ ᠠᠵᠢᠯᠯᠠᠭ᠎ᠠ ᠥᠷᠨᠢᠭᠦᠯᠵᠦ᠂ ᠰᠥᠨᠢ ᠶᠢᠨ ᠴᠠᠭᠳᠠᠭᠠᠨ ᠤ ᠪᠠᠶᠢᠳᠠᠯ ᠠᠮᠠᠷᠬᠠᠨ ᠡᠭᠦᠰᠬᠦ ᠤᠯᠠᠨ ᠡᠭᠦᠰᠬᠦ ᠬᠡᠰᠡᠭ ᠢ ᠲᠣᠭᠤᠷᠢᠨ ᠴᠠᠭᠳᠠᠵᠤ ᠰᠡᠷᠭᠡᠶᠢᠯᠡᠬᠦ᠂ ᠵᠡᠭᠡᠯᠢ ᠳᠡᠭᠡᠷᠡᠬᠢ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠣᠬᠢᠯᠲᠠ ᠥᠭᠴᠦ ᠪᠠᠶᠢᠴᠠᠭᠠᠨ ᠰᠢᠢᠳᠪᠦᠷᠢᠯᠡᠬᠦ᠂ ᠠᠮᠤᠷ ᠲᠦᠪᠰᠢᠨ ᠤ ᠭᠡᠮ ᠰᠣᠭᠤᠭ ᠢ ᠪᠠᠶᠢᠴᠠᠭᠠᠨ ᠴᠡᠭᠴᠡᠯᠡᠨ ᠵᠠᠰᠠᠬᠤ ᠶᠢ ᠴᠢᠩᠭᠠᠳᠬᠠᠬᠤ ᠶᠢᠨ ᠲᠥᠯᠥᠭᠡ᠂ ᠥᠷᠭᠡᠨ ᠤᠯᠠᠨ ᠲᠦᠮᠡᠨ ᠤ ᠠᠮᠤᠷ ᠲᠦᠪᠰᠢᠨ ᠤ ᠬᠠᠮᠠᠭᠠᠯᠠᠯᠲᠠ ᠶᠢᠨ ᠤᠬᠠᠮᠰᠠᠷ ᠢ ᠳᠡᠭᠡᠭᠰᠢᠯᠡᠭᠦᠯᠵᠦ᠂ ᠲᠣᠭᠲᠠᠬᠤ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ︽ᠪᠣᠰᠤᠭ᠎ᠠ ᠴᠣᠭᠴᠠᠲᠤ ᠪᠠᠷ ᠲᠣᠭᠤᠷᠢᠨ ᠪᠠᠶᠢᠴᠠᠭᠠᠬᠤ︾ ᠶᠢ ᠬᠡᠷᠡᠭᠵᠢᠭᠦᠯᠵᠦ᠂ ︽ᠤᠨᠢᠨ ᠳᠡᠭᠡᠷ᠎ᠡ ᠨᠢ ᠪᠠᠶᠢᠴᠠᠭᠠᠬᠤ︾ ᠶᠢ ᠲᠤᠪᠤᠶᠢᠯᠭᠠᠵᠦ᠂ ︽ᠥᠨᠳᠥᠷ ᠪᠦᠲᠦᠮᠵᠢᠲᠡᠢ ᠴᠣᠬᠢᠯᠲᠠ ᠥᠭᠬᠦ︾ ᠶᠢ ᠴᠢᠩᠭᠠᠳᠬᠠᠵᠤ᠂ ︽ᠲᠥᠪᠯᠡᠷᠡᠭᠦᠯᠦᠨ ᠤᠬᠠᠭᠤᠯᠬᠤ︾ ᠶᠢ ᠥᠷᠨᠢᠭᠦᠯᠵᠦ᠂ ᠵᠣᠨ ᠤ ᠤᠯᠠᠷᠢᠯ ᠤᠨ ᠰᠥᠨᠢ ᠶᠢᠨ ᠠᠮᠤᠷ ᠢ ᠬᠠᠮᠠᠭᠠᠯᠠᠬᠤ ᠲᠣᠭᠤᠷᠢᠨ ᠪᠠᠶᠢᠴᠠᠭᠠᠯᠲᠠ ᠶᠢᠨ ᠲᠥᠪᠯᠡᠷᠡᠩᠭᠦᠢ ᠨᠢᠭᠡᠳᠦᠯᠲᠡᠢ ᠠᠵᠢᠯᠯᠠᠭ᠎ᠠ ᠶᠢ ᠪᠦᠬᠦ ᠲᠠᠯ᠎ᠠ ᠪᠠᠷ ᠥᠷᠨᠢᠭᠦᠯᠪᠡ᠃
     ᠰᠡᠷᠡᠮᠵᠢ ᠶᠢᠨ ᠳ᠋ᠧᠩ ᠭᠢᠯᠠᠯᠵᠠᠵᠤ᠂ ᠲᠣᠭᠲᠠᠬᠤ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠠᠷᠠᠳ ᠤᠨ ᠲᠤᠰᠠᠯᠠᠬᠤ ᠴᠠᠭᠳᠠᠭ᠎ᠠ ᠬᠠᠷᠢᠶᠠᠲᠤ ᠣᠷᠣᠨ ᠤ ᠭᠤᠣᠯ ᠵᠠᠮ ᠤᠨ ᠬᠡᠰᠡᠭ᠂ ᠭᠤᠣᠯᠳᠠᠯᠭ᠎ᠠ ᠲᠠᠢ ᠣᠷᠣᠨ ᠪᠦᠰᠡ ᠵᠡᠷᠭᠡ ᠬᠥᠮᠥᠨ ᠬᠠᠷ᠎ᠠ ᠬᠤᠷᠠᠨ ᠴᠤᠭᠯᠠᠷᠠᠭᠰᠠᠨ ᠲᠠᠯᠠᠪᠤᠷ ᠲᠤ ᠲᠡᠷᠭᠡ ᠪᠠᠷ ᠲᠣᠭᠤᠷᠢᠨ ᠪᠠᠶᠢᠴᠠᠭᠠᠬᠤ᠂ ᠶᠠᠪᠠᠭᠠᠨ ᠢᠶᠠᠷ ᠲᠣᠭᠤᠷᠢᠨ ᠪᠠᠶᠢᠴᠠᠭᠠᠬᠤ ᠵᠡᠷᠭᠡ ᠤᠯᠠᠨ ᠵᠦᠢᠯ ᠤᠨ ᠠᠷᠭ᠎ᠠ ᠬᠡᠯᠪᠡᠷᠢ ᠶᠢ ᠠᠪᠴᠤ᠂ ᠲᠣᠭᠤᠷᠢᠨ ᠴᠠᠭᠳᠠᠵᠤ ᠰᠡᠷᠭᠡᠶᠢᠯᠡᠨ ᠡᠵᠡᠮᠳᠡᠬᠦ ᠠᠵᠢᠯ ᠢ ᠦᠷᠭᠦᠯᠵᠢᠯᠡᠨ ᠥᠷᠨᠢᠭᠦᠯᠵᠦ᠂ ᠨᠡᠶᠢᠭᠡᠮ ᠤᠨ ᠲᠠᠯ᠎ᠠ ᠶᠢᠨ ᠲᠣᠭᠤᠷᠢᠨ ᠴᠠᠭᠳᠠᠵᠤ ᠰᠡᠷᠭᠡᠶᠢᠯᠡᠨ ᠡᠵᠡᠮᠳᠡᠬᠦ ᠤᠳᠠᠭ᠎ᠠ ᠪᠠ ᠡᠷᠴᠢᠮ ᠢᠶᠠᠨ ᠴᠢᠩᠭᠠᠷᠠᠭᠤᠯᠵᠤ᠂ ︽ᠰᠡᠷᠭᠡᠶᠢᠯᠡᠯᠲᠡ ᠶᠢᠨ ᠱᠤᠭᠤᠮ ᠢ ᠲᠣᠭᠤᠷᠢᠨ ᠪᠠᠶᠢᠴᠠᠭᠠᠬᠤ︾ ᠶᠢ ᠥᠷᠭᠡᠳᠬᠡᠵᠦ᠂ ︽ᠬᠠᠮᠠᠭᠠᠯᠠᠯᠲᠠ ᠶᠢᠨ ᠬᠦᠷᠢᠶ᠎ᠡ︾ ᠶᠢ ᠥᠷᠭᠡᠳᠬᠡᠵᠦ᠂ ︽ᠰᠠᠬᠢᠨ ᠬᠠᠮᠠᠭᠠᠯᠠᠬᠤ ᠬᠦᠷᠢᠶ᠎ᠡ︾ ᠶᠢ ᠥᠷᠭᠡᠳᠬᠡᠵᠦ᠂ ︽1᠂ 3᠂ 5 ᠮᠢᠨᠦ᠋ᠲ︾ ᠤᠨ ᠲᠦᠷᠭᠡᠨ ᠴᠤᠤᠷᠢᠶᠠᠲᠤᠨ ᠳᠠᠭᠠᠬᠤ ᠲᠣᠭᠲᠠᠴᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠡᠷᠡᠭ ᠥᠳᠥᠭᠡᠬᠦ ᠨᠤᠷᠮ᠎ᠠ᠂ ᠬᠡᠷᠡᠭ ᠬᠠᠮᠢᠶᠠᠷᠬᠤ ᠨᠤᠷᠮ᠎ᠠ ᠪᠠ ᠰᠦᠷᠳᠡᠭᠦᠯᠬᠦ ᠬᠦᠴᠦᠨ ᠢ ᠦᠨᠡᠨᠬᠦ ᠳᠡᠭᠡᠭᠰᠢᠯᠡᠭᠦᠯᠵᠦ᠂ ᠤᠯᠠᠨ ᠲᠦᠮᠡᠨ ᠢ ᠴᠠᠭ ᠢᠮᠠᠭᠲᠠ ︽ᠴᠠᠭᠳᠠᠭ᠎ᠠ ᠶᠢ ᠣᠯᠵᠤ ᠦᠵᠡᠬᠦ᠂ ᠴᠠᠭᠳᠠᠭᠠᠨ ᠤ ᠲᠡᠷᠭᠡ ᠶᠢ ᠣᠯᠵᠤ ᠦᠵᠡᠬᠦ᠂ ᠴᠠᠭᠳᠠᠭᠠᠨ ᠤ ᠳ᠋ᠧᠩ ᠢ ᠣᠯᠵᠤ ᠦᠵᠡᠬᠦ︾ ᠶᠢ ᠪᠡᠶᠡᠯᠡᠭᠦᠯᠪᠡ᠃
     ᠭᠤᠤᠯᠳᠠᠯᠭ᠎ᠠ ᠲᠠᠢ ᠣᠷᠣᠨ ᠪᠠᠶᠢᠷᠢ ᠶᠢ ᠴᠢᠩᠭᠠᠷᠠᠭᠤᠯᠵᠤ ᠵᠤᠨ ᠤ ᠤᠯᠠᠷᠢᠯ ᠤᠨ ︽ᠠᠮᠤᠷ ᠲᠦᠪᠰᠢᠨ ᠤ ᠨᠡᠭᠡᠯᠡᠬᠡᠶ︾ ᠶᠢ ᠢᠯᠭᠠᠷᠠᠭᠤᠯᠤᠨ ᠪᠠᠶᠢᠴᠠᠭᠠᠵᠤ ᠴᠢᠩᠳᠠᠯᠠᠨ᠎ᠠ      ᠰᠦᠯᠵᠢᠶᠡᠨ ᠤ ᠪᠠᠭᠠᠷ᠂ KTV᠂ ᠤᠬᠢᠶᠠᠯᠭ᠎ᠠ᠂ ᠪᠠᠭᠤᠳᠠᠯ ᠵᠡᠷᠭᠡ ᠠᠵᠢᠯ ᠲᠥᠷᠥᠯ ᠤᠨ ᠲᠠᠯᠠᠪᠤᠷ ᠲᠤ ︽ᠭᠡᠨᠡᠳᠲᠡ ᠶᠢᠨ ᠮᠠᠶ᠋ᠢᠭ︾᠂ ︽ᠬᠡᠪᠢᠰ ᠮᠠᠶ᠋ᠢᠭ︾᠂ ︽ᠲᠣᠤᠷ ᠲᠠᠲᠠᠬᠤ ᠮᠠᠶ᠋ᠢᠭ︾ ᠢ ᠢᠯᠭᠠᠷᠠᠭᠤᠯᠤᠨ ᠪᠠᠶᠢᠴᠠᠭᠠᠵᠤ᠂ ᠠᠮᠤᠷ ᠲᠦᠪᠰᠢᠨ ᠤ ᠡᠮᠬᠢ ᠵᠠᠮᠪᠠᠷᠠᠭ᠎ᠠ ᠥᠬᠡᠶ ᠴᠡᠭ᠂ ᠪᠠᠯᠠᠶ ᠴᠡᠭ ᠢ ᠪᠥᠬᠦ ᠲᠠᠯ᠎ᠠ ᠪᠠᠷ ᠠᠷᠢᠯᠭᠠᠵᠤ᠂ ᠠᠮᠤᠷ ᠲᠦᠪᠰᠢᠨ ᠤ ᠳᠠᠯᠳᠠ ᠬᠡᠮ ᠢ ᠵᠢᠭᠰᠠᠭᠠᠨ ᠪᠠᠶᠢᠴᠠᠭᠠᠵᠤ ᠠᠷᠢᠯᠭᠠᠪᠠ᠃ ᠬᠠᠷᠢᠶᠠᠲᠤ ᠣᠷᠣᠨ ᠤ ᠭᠤᠤᠯᠳᠠᠯᠭ᠎ᠠ ᠲᠠᠢ ᠠᠵᠤ ᠠᠬᠤᠶᠢᠯᠠᠯ᠂ ᠪᠠᠷᠢᠯᠭ᠎ᠠ ᠶᠢᠨ ᠭᠠᠵᠠᠷ᠂ ᠲᠦᠷᠢᠶᠡᠰᠦᠨ ᠭᠡᠷ ᠵᠡᠷᠭᠡ ᠳᠤ ᠢᠯᠭᠠᠷᠠᠭᠤᠯᠤᠨ ᠪᠠᠶᠢᠴᠠᠭᠠᠯᠲᠠ ᠬᠢᠵᠦ᠂ ᠡᠯ᠎ᠡ ᠲᠥᠷᠥᠯ ᠤᠨ ᠠᠶᠤᠯ ᠲᠦᠭᠰᠢᠭᠦᠷᠢ ᠶᠢᠨ ᠳᠠᠯᠳᠠ ᠭᠡᠮ ᠢ ᠴᠢᠩᠭ᠎ᠠ  ᠰᠡᠷᠭᠡᠶᠢᠯᠡᠪᠡ᠃ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ᠂ ᠬᠡᠷᠡᠭᠦᠯ ᠵᠣᠳᠣᠭᠠᠨ ᠬᠢᠬᠦ᠂ ᠬᠡᠷᠡᠭ ᠥᠳᠥᠭᠡᠬᠦ ᠵᠡᠷᠭᠡ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠬᠦᠴᠦᠲᠡᠶ ᠴᠣᠬᠢᠯᠲᠠ ᠥᠭᠴᠦ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠡᠷᠡᠰ ᠬᠠᠮᠠᠭᠠᠯᠠᠨ᠎ᠠ᠃
   ᠠᠮᠤᠷ ᠲᠦᠪᠰᠢᠨ ᠤ ᠰᠡᠷᠭᠡᠶᠢᠯᠡᠯᠲᠡ ᠶᠢᠨ ᠤᠬᠠᠭᠤᠯᠭ᠎ᠠ ᠶᠢ ᠴᠢᠩᠭᠠᠳᠬᠠᠵᠤ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠤᠢ ᠪᠣᠯᠭᠠᠨ᠎ᠠ      ᠠᠵᠢᠯᠯᠠᠭ᠎ᠠ ᠶᠢᠨ ᠬᠤᠭᠤᠴᠠᠭᠠᠨ ᠳᠤ᠂ ᠥᠷᠭᠡᠨ ᠣᠯᠠᠨ ᠠᠷᠠᠳ ᠤᠨ ᠴᠠᠭᠳᠠᠭ᠎ᠠ ᠲᠤᠰᠠᠯᠠᠬᠤ ᠴᠠᠭᠳᠠᠭ᠎ᠠ ᠰᠠᠭᠤᠭᠠᠯᠢ ᠠᠷᠠᠳ ᠤᠨ ᠲᠣᠭᠤᠷᠢᠭ᠂ ᠬᠥᠮᠦᠨ ᠬᠠᠷ᠎ᠠ ᠲᠥᠪᠯᠡᠷᠡᠭᠰᠡᠨ ᠲᠠᠯᠠᠪᠤᠷ ᠭᠠᠵᠠᠷ ᠲᠤ ᠭᠦᠨᠵᠡᠭᠡᠶᠢᠷᠡᠨ ᠠᠮᠤᠷ ᠲᠦᠪᠰᠢᠨ ᠤ ᠰᠡᠷᠭᠡᠶᠢᠯᠡᠯᠲᠡ ᠶᠢᠨ ᠤᠬᠠᠭᠤᠯᠭ᠎ᠠ ᠶᠢ ᠥᠷᠨᠢᠭᠦᠯᠵᠦ᠂ ᠣᠯᠠᠨ ᠲᠦᠮᠡᠨ ᠤ ︽ᠣᠯᠵᠤ ᠬᠠᠷᠠᠬᠤ᠂ ᠠᠮᠠᠷᠬᠠᠨ ᠣᠶᠢᠯᠠᠭᠠᠬᠤ᠂ ᠴᠡᠭᠡᠵᠢᠯᠡᠵᠦ ᠴᠢᠳᠠᠬᠤ︾ ᠠᠷᠭ᠎ᠠ ᠮᠠᠶ᠋ᠢᠭ ᠢᠶᠠᠷ ᠠᠳᠠᠯᠢ ᠪᠤᠰᠤ ᠬᠠᠮᠲᠤᠯᠢᠭ ᠲᠤ ᠴᠢᠭᠯᠡᠭᠦᠯᠦᠨ ᠴᠠᠬᠢᠯᠭᠠᠨ ᠮᠡᠬᠡᠯᠡᠯ ᠢ ᠡᠰᠡᠷᠭᠦᠴᠡᠬᠦ᠂ ᠤᠰᠤᠨ ᠳᠤ ᠵᠢᠪᠬᠦ ᠶᠢ ᠰᠡᠷᠭᠡᠶᠢᠯᠡᠬᠦ᠂ ᠵᠣᠭᠤᠰ ᠨᠠᠭᠠᠳᠬᠤ ᠬᠤᠤᠷᠲᠤ ᠡᠳ᠋ ᠢ ᠨᠠᠭᠠᠳᠬᠤ ᠵᠡᠷᠭᠡ ᠰᠡᠷᠡᠮᠵᠢᠯᠡᠭᠦᠯᠬᠦ ᠬᠥᠮᠦᠵᠢᠯ ᠢ ᠨᠠᠷᠢᠯᠢᠭ ᠣᠨᠣᠴᠠᠲᠠᠶ ᠪᠠᠷ ᠥᠷᠨᠢᠭᠦᠯᠵᠦ᠂ ᠣᠯᠠᠨ ᠲᠦᠮᠡᠨ ᠤ ᠰᠠᠬᠢᠯᠭ᠎ᠠ ᠪᠠᠲᠤ ᠬᠠᠤᠯᠢ ᠴᠠᠭᠠᠵᠠ ᠶᠢ ᠰᠠᠬᠢᠬᠤ ᠤᠬᠠᠮᠰᠠᠷ ᠪᠠ ᠥᠪᠡᠷ ᠢ ᠪᠠᠨ ᠬᠠᠮᠠᠭᠠᠯᠠᠬᠤ ᠤᠬᠠᠮᠰᠠᠷ ᠢ ᠳᠡᠭᠡᠭᠰᠢᠯᠡᠭᠦᠯᠦᠨ᠂ ᠪᠥᠬᠦ ᠨᠡᠶᠢᠭᠡᠮ ᠢᠶᠠᠷ ᠢᠶᠠᠨ ᠠᠮᠤᠷ ᠢ ᠬᠠᠮᠠᠭᠠᠯᠠᠵᠤ ᠰᠡᠷᠭᠡᠶᠢᠯᠡᠨ ᠡᠵᠡᠮᠳᠡᠬᠦ ᠳᠤ ᠬᠠᠮᠲᠤ ᠪᠠᠷ ᠣᠷᠣᠯᠴᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠪᠠ᠃
     ᠵᠠᠯᠭᠠᠭᠠᠳ᠂ ᠲᠣᠭᠲᠠᠬᠤ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠦᠷᠭᠦᠯᠵᠢᠯᠡᠨ ᠪᠣᠭᠤᠮᠲᠠ ᠰᠢᠪᠲᠤᠯᠵᠤ᠂ ᠥᠨᠳᠥᠷ ᠳᠠᠷᠤᠯᠲᠠ ᠪᠠᠷ ᠴᠢᠩᠭ᠎ᠠ ᠴᠣᠬᠢᠯᠲᠠ ᠥᠭᠴᠦ᠂ ᠪᠥᠬᠦ ᠬᠦᠴᠦᠨ ᠢᠶᠠᠷ ᠢᠶᠠᠨ ᠴᠢᠷᠮᠠᠶᠢᠵᠤ᠂ ︽ᠵᠣᠨ ᠤ ᠤᠯᠠᠷᠢᠯ ᠤᠨ ᠠᠵᠢᠯᠯᠠᠭ᠎ᠠ︾ ᠳᠤ ᠴᠣᠬᠢᠯᠲᠠ ᠥᠭᠴᠦ ᠴᠡᠭᠴᠡᠯᠡᠨ ᠵᠠᠰᠠᠬᠤ ᠬᠠᠯᠠᠭᠤᠨ ᠥᠷᠨᠢᠯᠲᠡ ᠶᠢ ᠲᠠᠰᠤᠷᠠᠯᠲᠠ ᠥᠬᠡᠶ ᠪᠣᠶ ᠪᠣᠯᠭᠠᠵᠤ᠂ ᠪᠣᠳᠠᠲᠠᠶ ᠠᠮᠵᠢᠯᠲᠠ ᠪᠠᠷ ᠢᠶᠠᠨ ᠲᠣᠭᠲᠠᠬᠤ ᠰᠢᠶᠠᠨ ᠤ ᠳᠣᠲᠣᠭᠠᠳᠤ ᠶᠢ ᠬᠠᠮᠠᠭᠠᠯᠠᠬᠤ ᠲᠠᠭᠤᠨ ᠢ ᠪᠣᠶ ᠪᠣᠯᠭᠠᠵᠤ᠂ ᠪᠠᠶᠢᠯᠳᠤᠭᠠᠨ ᠤ ᠦᠷ᠎ᠡ ᠪᠦᠲᠦᠭᠡᠯ ᠭᠠᠷᠭᠠᠵᠤ᠂ ᠠᠮᠤᠷ ᠲᠦᠪᠰᠢᠨ ᠢ ᠪᠣᠶ ᠪᠣᠯᠭᠠᠨ᠎ᠠ᠃ ᠢᠷᠡᠯᠳᠡ᠄ ᠲᠣᠭᠲᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠶᠦᠨ ᠵᠦᠩ ᠬᠠᠮ ᠵᠠᠭᠤᠴᠢᠯᠠᠭᠤᠷ  
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1